ᠬᠦᠬᠡᠬᠤᠳᠠ ᠵᠢᠨ ᠴᠠᠭ ᠠᠭᠤᠷ ᠤ᠋ᠨ ᠪᠠᠲᠤᠯᠠᠭ᠎ᠠ ᠪᠡᠷ ᠠᠮᠤ ᠪᠤᠳᠠᠭᠠᠨ ᠤ᠋ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠨᠢᠭᠡᠨ ᠵᠢᠱ᠌ᠢᠶ᠎ᠡ ᠪᠦᠬᠦ ᠤᠯᠤᠰ ᠤ᠋ᠨ 20 ᠨᠡᠢᠲᠡᠯᠢᠭ ᠵᠢᠱ᠌ᠢᠶ᠎ᠡ ᠳ᠋ᠦ ᠰᠤᠡᠭᠭᠤᠭᠳᠠᠨ ᠤᠷᠤᠪᠠ
2026-02-12 11:34:04
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

 ᠬᠦᠬᠡᠬᠤᠲᠠ ᠶ᠋ᠢᠨ ᠲᠠᠷᠢᠶᠠᠯᠠᠡᠭ ᠮᠠᠯ ᠠᠵᠤ ᠠᠬᠤᠢ ᠶ᠋ᠢᠨ ᠮᠡᠷᠭᠡᠵᠢᠯ ᠢ᠋ ᠳᠡᠯᠭᠡᠷᠡᠭᠦᠯᠬᠦ ᠲᠦᠪ ᠡᠴᠡ ᠤᠢᠯᠠᠭᠠᠭᠰᠠᠨ ᠶ᠋ᠢᠡᠷ᠂ ᠲᠤᠰ ᠲᠦᠪ ᠤ᠋ᠨ ᠳᠡᠪᠰᠢᠭᠦᠯᠦᠭᠰᠡᠨ《ᠤᠶᠤᠨᠴᠢ ᠴᠠᠭ ᠠᠭᠤᠷ ᠶ᠋ᠢᠡᠷ ᠡᠷᠳᠡᠨᠢ ᠰᠢᠰᠢ ᠵᠢ ᠨᠢᠭᠲᠠ ᠲᠠᠷᠢᠵᠤ ᠤᠨᠠᠯᠲᠠ ᠵᠢ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠵᠢ ᠠᠬᠢᠭᠤᠯᠤᠭᠰᠠᠨ ᠦᠢᠯᠡᠳᠦᠯᠭᠡ 》 ᠨᠢ ᠳᠤᠮᠳᠠᠳᠤ ᠤᠯᠤᠰ ᠤ᠋ᠨ ᠴᠠᠭ ᠠᠭᠤᠷ ᠤ᠋ᠨ ᠲᠤᠪᠴᠢᠶ᠎ᠡ ᠶ᠋ᠢᠨ ᠲᠦᠷᠦᠭᠦᠬᠡᠨ ᠨᠡᠢᠲᠡᠯᠡᠭᠰᠡᠨ ᠴᠠᠭ ᠠᠭᠤᠷ ᠤ᠋ᠨ ᠪᠠᠲᠤᠯᠠᠭ᠎ᠠ ᠪᠡᠷ ᠠᠮᠤ ᠪᠤᠳᠠᠭᠠᠨ ᠤ᠋ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠶ᠋ᠢᠨ 20 ᠨᠡᠢᠲᠡᠯᠢᠭ ᠵᠢᠱ᠌ᠢᠶ᠎ᠡ ᠳ᠋ᠤ ᠰᠤᠡᠭᠭᠤᠭᠳᠠᠨ ᠤᠷᠤᠪᠠ᠃ ᠡᠨᠡ ᠨᠢ ᠬᠦᠬᠡᠬᠤᠲᠠ ᠶ᠋ᠢᠨ ᠴᠠᠭ ᠠᠭᠤᠷ ᠪᠠ ᠲᠠᠷᠢᠶᠠᠯᠠᠡᠭ ᠤ᠋ᠨ ᠮᠡᠷᠭᠡᠵᠢᠯ ᠤ᠋ᠨ ᠠᠭᠤᠰᠤᠯᠴᠠᠯ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠬᠦᠷᠢᠶᠡᠨ ᠳ᠋ᠡᠬᠢ ᠰᠢᠨ᠎ᠡ ᠵᠢ ᠡᠭᠦᠳᠦᠭᠰᠡᠨ ᠦᠷ᠎ᠡ ᠪᠦᠲᠦᠮᠵᠢ ᠬᠢᠭᠡᠳ ᠵᠢᠱ᠌ᠢᠶ᠎ᠠ ᠦᠵᠡᠭᠦᠯᠵᠦ ᠬᠦᠲᠦᠯᠦᠨ ᠳᠠᠭᠠᠭᠤᠯᠬᠤ ᠦᠢᠯᠡᠳᠦᠯ ᠢ᠋ ᠭᠦᠢᠴᠡᠳ ᠢᠯᠡᠷᠡᠭᠦᠯᠵᠠᠢ᠃

ᠬᠥᠬᠡᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ᠎ᠤᠨ ᠬᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠭᠤᠤᠯ ᠬᠠᠷᠠᠯᠲᠠ ᠶ᠋ᠢᠨ ᠲᠤᠭᠤᠷᠢᠨ ᠳ᠋ᠦ 《ᠴᠠᠭ ᠠᠭᠤᠷ ᠵᠢᠡᠷ ᠤᠳᠤᠷᠢᠳᠤᠮᠵᠢ ᠪᠣᠯᠭᠠᠬᠤ᠂ ᠲᠠᠷᠢᠶᠠᠯᠠᠩ ᠤ᠋ᠨ ᠮᠡᠷᠭᠡᠵᠢᠯ ᠵᠢᠡᠷ ᠭᠤᠤᠯ ᠴᠣᠭ᠍ᠴᠠ ᠪᠣᠯᠭᠠᠬᠤ᠂ ᠲᠤᠰᠭᠠᠶ ᠮᠡᠷᠭᠡᠵᠢᠯᠲᠡᠨ ᠵᠢᠡᠷ ᠲᠤᠯᠭᠠᠭᠤᠷᠢᠯᠠᠯ ᠪᠣᠯᠭᠠᠬᠤ》 ᠮᠡᠷᠭᠡᠵᠢᠯ ᠢ᠋ ᠳᠡᠯᠭᠡᠷᠡᠭᠦᠯᠬᠦ᠌ ᠱᠢᠰᠲ᠋ᠧᠮ ᠢ᠋ ᠱᠢᠨ᠎ᠡ ᠪᠡᠷ ᠡᠭᠦᠳᠦᠨ ᠪᠠᠢᠭᠤᠯᠵᠤ᠂ ᠪᠥᠬᠥ᠌ ᠦᠶᠡᠯᠡᠯ ᠤ᠋ᠨ ᠬᠤᠭᠤᠴᠠᠭᠠᠨ ᠳ᠋ᠠᠬᠢ ᠣᠶᠤᠨᠴᠢ ᠴᠠᠭ ᠠᠭᠤᠷ ᠤ᠋ᠨ ᠦᠶ᠋ᠯᠡᠴᠢᠯᠡᠭᠡ ᠵᠢ ᠡᠭᠦᠯᠳᠡᠷ ᠰᠣᠩᠭᠣᠯᠳᠡ᠂ ᠤᠰᠤ ᠪᠣᠷᠲᠣᠭᠣᠷ ᠤ᠋ᠨ ᠲᠣᠬᠢᠷᠠᠭᠤᠯᠤᠯᠳᠠ᠂ ᠣᠶᠤᠨᠴᠢ ᠤᠰᠤᠯᠠᠯᠲᠠ ᠶ᠋ᠢᠨ ᠬᠠᠮᠢᠶᠠᠷᠤᠯᠲᠠ ᠵᠡᠷᠭᠡ ᠵᠠᠩᠭᠢᠯᠠᠭ᠎ᠠ ᠶ᠋ᠢᠨ ᠦᠶ᠋ᠯᠡᠳᠪᠦᠷᠢᠯᠡᠯ ᠤ᠋ᠨ ᠭᠣᠭ᠍ᠴᠣᠭ᠎ᠠ ᠳ᠋ᠤ ᠠᠭᠤᠰᠤᠯᠴᠠᠭᠤᠯᠤᠨ᠂ 4000 ᠮᠥ᠍ ᠭᠤᠤᠯ ᠵᠢᠱ᠌ᠢᠶ᠎ᠡ ᠦᠵᠡᠭᠦᠯᠬᠦ᠌ ᠣᠷᠣᠨ ᠢ᠋ ᠪᠦᠲᠦᠭᠡᠨ ᠪᠠᠢᠭᠤᠯᠵᠤ᠂ 《ᠬᠢᠨᠠᠨ ᠬᠡᠮᠵᠢᠬᠦ᠌ — ᠵᠠᠳᠠᠯᠤᠨ ᠰᠢᠨᠵᠢᠬᠦ — ᠱᠢᠶ᠋ᠳᠪᠦᠷᠢᠲᠦ ᠪᠣᠳᠣᠯᠭ᠎ᠠ ᠲᠤᠭᠲᠠᠭᠠᠬᠤ — ᠬᠡᠷᠡᠭᠯᠡᠬᠦ》ᠪᠥᠬᠥ᠌ ᠬᠡᠯᠬᠢᠶ᠎ᠠ ᠵᠢᠨ ᠦᠶ᠋ᠯᠡᠴᠢᠯᠡᠭᠡᠨ ᠤ᠋ ᠱᠢᠰᠲ᠋ᠧᠮ ᠢ᠋ ᠪᠠᠢᠭᠤᠯᠪᠠ᠃ ᠲᠤᠰ ᠲᠥᠪ ᠤ᠋ᠨ ᠬᠢᠨ ᠪᠠᠰᠠ ᠣᠯᠠᠨ ᠲᠠᠯ᠎ᠠ ᠶ᠋ᠢᠨ ᠬᠦᠴᠦᠨ ᠲᠡᠶ ᠬᠠᠮᠲᠤᠷᠠᠨ ᠡᠷᠳᠡᠨᠢ ᠱᠢᠰᠢ ᠶ᠋ᠢᠨ ᠤᠷᠭᠤᠯᠲᠠ ᠶ᠋ᠢᠨ ᠬᠤᠭᠤᠴᠠᠭᠠᠨ ᠳ᠋ᠡᠬᠢ ᠲᠥᠰᠦᠭᠡᠯᠡᠡ ᠵᠢᠱ᠌ᠢᠬᠦ ᠵᠠᠭ᠍ᠪᠤᠷ ᠢ᠋ ᠰᠤᠳᠤᠯᠤᠨ ᠨᠡᠭᠡᠭᠡᠵᠦ᠍᠂ ᠲᠥᠰᠦᠭᠡᠯᠡᠨ ᠵᠢᠱ᠌ᠢᠬᠦ ᠣᠨᠣᠪᠴᠢ ᠶ᠋ᠢᠨ ᠨᠣᠷᠮ᠎ᠠ ᠨᠢ 92%᠎ᠢ ᠳᠠᠪᠠᠨ᠂ ᠣᠯᠠᠨ ᠡᠱᠢᠵᠢᠭ᠌ᠰᠡᠨ ᠴᠠᠭ ᠠᠭᠤᠷ ᠪᠠ ᠲᠠᠷᠢᠶᠠᠯᠠᠩ ᠤ᠋ᠨ ᠮᠡᠷᠭᠡᠵᠢᠯ ᠤ᠋ᠨ ᠠᠭᠤᠰᠤᠯᠴᠠᠯ ᠤ᠋ᠨ ᠦᠶ᠋ᠯᠡᠴᠢᠯᠡᠭᠡᠨ ᠤ᠋ ᠦᠶ᠋ᠯᠡᠳᠬᠦᠨ ᠢ᠋ ᠨᠡᠭᠡᠭᠡᠨ ᠬᠥᠭ᠌ᠵᠢᠭᠦᠯᠵᠦ᠍᠂ ᠡᠷᠳᠡᠨᠢ ᠱᠢᠰᠢ ᠶ᠋ᠢᠨ ᠦᠶ᠋ᠯᠡᠳᠪᠦᠷᠢᠯᠡᠯ ᠢ᠋ ᠨᠠᠷᠢᠯᠢᠭ ᠣᠨᠣᠴᠠᠲᠠᠶ ᠪᠡᠷ ᠳᠣᠭᠢᠷᠠᠭᠤᠯᠤᠨ ᠡᠵᠡᠮᠳᠡᠬᠦ᠌ ᠳ᠋ᠦ ᠪᠠᠲᠤ ᠪᠠᠬᠢ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠪᠠ᠃

2025 ᠣᠨ ᠳ᠋ᠤ᠂ ᠭᠤᠤᠯ ᠵᠢᠱ᠌ᠢᠶ᠎ᠡ ᠦᠵᠡᠭᠦᠯᠬᠦ᠌ ᠣᠷᠣᠨ ᠤ᠋ ᠶᠡᠬᠡ ᠬᠡᠪᠴᠢᠶ᠎ᠡ ᠪᠡᠷ ᠲᠠᠷᠢᠭᠰᠨᠨ ᠡᠷᠳᠡᠨᠢ ᠰᠢᠰᠢ ᠵᠢᠨ ᠮᠦ᠍ ᠨᠢᠬᠡᠴᠢ ᠵᠢᠨ ᠤᠨᠠᠯᠳᠠ ᠨᠢ 1120.87 ᠺᠢᠯᠣᠭ᠌ᠷᠠᠮ ᠳ᠋ᠤ ᠬᠦᠷᠴᠦ 22.7% ᠪᠡᠷ ᠨᠡᠮᠡᠭ᠌ᠳᠡᠵᠤ᠂ ᠤᠰᠤᠯᠠᠯᠳᠠ᠎ᠳᠦ ᠬᠡᠷᠡᠭᠯᠡᠬᠦ ᠤᠰᠤ ᠵᠢ 40.5% ᠪᠡᠷ ᠠᠷᠪᠢᠯᠠᠨ᠂ ᠪᠣᠷᠲᠣᠭᠣᠷ ᠢ᠋ 12.3% ᠪᠡᠷ ᠠᠷᠪᠢᠯᠠᠪᠡ᠃ ᠤᠳᠤ ᠲᠤᠰ ᠮᠡᠷᠭᠡᠵᠢᠯ ᠤ᠋ᠨ ᠵᠠᠭᠪᠤᠷ ᠢ᠋ ᠳᠡᠯᠭᠡᠷᠡᠭᠦᠯᠦᠨ ᠬᠡᠷᠡᠭᠯᠡᠭᠰᠡᠨ ᠲᠠᠯᠠᠪᠠᠢ ᠨᠢ ᠨᠢᠭᠡᠨᠲᠡ 90 ᠲᠦᠮᠡᠨ ᠮᠦ᠍ ᠳ᠋ᠦ ᠬᠦᠷᠴᠠᠢ᠃ ᠪᠦᠬᠦ ᠤᠯᠤᠰ ᠤ᠋ᠨ ᠨᠡᠢᠲᠡᠯᠢᠭ ᠵᠢᠱ᠌ᠢᠶ᠎ᠡ ᠳ᠋ᠤ ᠰᠣᠩᠭᠣᠭ᠍ᠳᠠᠠ ᠤᠷᠤᠭᠰᠠᠨ ᠨᠢ ᠬᠦᠬᠡᠬᠤᠳᠠ ᠴᠠᠭ ᠠᠭᠤᠷ ᠤ᠋ᠨ ᠪᠠᠲᠤᠯᠠᠭ᠎ᠠ ᠪᠡᠷ ᠠᠮᠤ ᠪᠤᠳᠠᠭᠠᠨ ᠤ᠋ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠮᠡᠷᠭᠡᠵᠢᠯ ᠤ᠋ᠨ ᠱᠢᠰᠲ᠋ᠧᠮ ᠢ᠋ ᠨᠢᠬᠡᠨᠳᠡ ᠪᠦᠷᠢᠯᠳᠦᠭᠦᠯᠦᠭ᠌ᠰᠡᠨ ᠢ᠋ ᠬᠠᠷᠠᠭᠤᠯᠵᠤ᠂ ᠲᠡᠷᠡ ᠨᠢ ᠣᠷᠣᠨ ᠪᠦᠰᠡ ᠶ᠋ᠢᠨ ᠡᠷᠳᠡᠨᠢ ᠱᠢᠰᠢ ᠶ᠋ᠢᠨ ᠠᠵᠤ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌᠂ ᠭᠠᠮᠱᠢᠭ ᠢ᠋ ᠰᠡᠷᠭᠡᠢᠯᠡᠨ ᠬᠣᠬᠢᠷᠠᠯ ᠢ᠋ ᠪᠠᠭᠠᠰᠭᠠᠬᠤ ᠵᠢᠴᠢ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠳ᠋ᠤ ᠪᠠᠲᠤ ᠴᠢᠩᠭ᠎ᠠ ᠦᠶ᠋ᠯᠡᠳᠦᠯᠭᠡ ᠶ᠋ᠢᠨ ᠲᠤᠯᠭᠠᠭᠤᠷᠢᠯᠠᠯ  ᠬᠠᠩᠭᠠᠭ᠍ᠰᠠᠨ  ᠢ᠋  ᠨᠢ  ᠨᠤᠳᠠᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号