2025 ᠤᠨ ᠳ᠋ᠤ ᠦᠪᠦᠷ ᠮᠤᠩᠭᠤᠯ ᠤ᠋ᠨ 12 ᠠᠢᠮᠠᠭ ᠬᠤᠲᠠ ᠵᠢᠨ ᠠᠭᠠᠷ ᠤ᠋ᠨ ᠶᠠᠰᠤ ᠴᠢᠨᠠᠷ ᠪᠦᠬᠦᠨ ᠵᠢᠡᠷ ᠵᠢᠡᠨ ᠬᠢᠷᠢ ᠲᠡᠩᠴᠡᠪᠡ
2026-02-12 11:23:23
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

2020 ᠣᠨ᠎ᠳᠤ᠂ ᠥᠪᠥᠷ ᠮᠣᠩᠭᠣᠯ ᠤ᠋ᠨ ᠠᠭᠠᠷ ᠤ᠋ᠨ ᠶᠠᠰᠤ ᠴᠢᠨᠠᠷ ᠬᠢᠷᠢ ᠲᠡᠩᠴᠡᠭᠰᠡᠨ ᠬᠣᠲᠠ ᠵᠥᠪᠬᠡᠨ 9 ᠪᠠᠢᠪᠠ᠃ 5 ᠵᠢᠯ᠎ᠦᠨ ᠴᠥᠬᠥᠷᠡᠰᠢ ᠥᠬᠡᠶ ᠵᠠᠰᠠᠯᠲᠠ᠎ᠪᠠᠷ ᠳᠡᠮᠵᠢᠨ᠂ 2025 ᠤᠨ ᠳ᠋ᠤ ᠥᠪᠥᠷ ᠮᠣᠩᠭᠣᠯ ᠤ᠋ᠨ ᠠᠭᠠᠷ ᠤ᠋ᠨ ᠶᠠᠰᠤ ᠴᠢᠨᠠᠷ ᠲᠡᠦᠬᠡᠲᠦ ᠴᠢᠨᠠᠷᠲᠠᠶ ᠱᠢᠪᠲᠤᠯᠤᠯᠲᠠ᠎ᠲᠠᠶ ᠪᠣᠯᠵᠣ᠂ 12 ᠠᠢᠮᠠᠭ ᠬᠣᠲᠠ ᠵᠢᠨ ᠠᠭᠠᠷ ᠤ᠋ᠨ ᠶᠠᠰᠤ ᠴᠢᠨᠠᠷ ᠪᠦᠬᠦᠨ ᠵᠢᠡᠷ ᠵᠢᠡᠨ ᠬᠢᠷᠢ ᠲᠡᠩᠴᠡᠪᠡ᠃

2025 ᠣᠨ᠎ᠳᠤ᠂ ᠥᠪᠥᠷ ᠮᠣᠩᠭᠣᠯ ᠤ᠋ᠨ PM2.5  ᠵᠢᠨ ᠳᠤᠮᠳᠠᠴᠢ ᠥᠳᠭᠡᠴᠡ 22 ᠮᠢᠺᠷᠥᠭ᠌ᠷᠠᠮ / ᠪᠤᠰᠤᠭ᠎ᠠ ᠲᠦᠷᠪᠡᠯᠵᠢᠨ ᠮᠸᠲ᠋ᠷ ᠲᠤ᠌ ᠬᠦᠷᠴᠦ᠍᠂ 2020 ᠣᠨ ᠤ᠋᠎ᠬᠢ ᠡᠴᠡ 21.4%᠎ᠪᠠᠷ ᠪᠠᠭᠤᠷᠠᠨ᠂ 10 ᠵᠢᠯ ᠳᠠᠷᠠᠭᠠᠯᠠᠨ ᠲᠣᠭ᠍ᠲᠠᠭᠤᠨ ᠵᠢᠡᠷ ᠬᠢᠷᠢ ᠲᠡᠩᠴᠡᠵᠤ᠂ 5 ᠵᠢᠯ ᠳᠠᠷᠠᠭᠠᠯᠠᠨ ᠳᠡᠯᠡᠬᠡᠶ ᠵᠢᠨ ᠡᠷᠡᠭᠦᠯ ᠬᠠᠮᠠᠭᠠᠯᠠᠯ ᠤ᠋ᠨ ᠵᠣᠬᠢᠶᠠᠨ ᠪᠠᠢᠭᠤᠯᠤᠯᠲᠠ ᠵᠢᠨ ᠠᠭᠠᠷ ᠤ᠋ᠨ ᠶᠠᠰᠤ ᠴᠢᠨᠠᠷ ᠤ᠋ᠨ ᠱᠢᠯᠵᠢᠯᠲᠡ ᠵᠢᠨ ᠬᠤᠭᠤᠴᠠᠭᠠᠨ ᠤ᠋ ᠬᠣᠶᠠᠳᠤᠭᠠᠷ ᠱᠠᠲᠤᠨ ᠤ᠋ ᠬᠠᠷᠠᠯᠲᠠᠲᠤ ᠬᠡᠮᠵᠢᠭ᠌ᠳᠡᠯ (25 ᠮᠢᠺᠷᠥᠭ᠌ᠷᠠᠮ / ᠺᠦᠪ ᠮᠧᠲ᠋ᠷ)ᠡᠴᠡ ᠳᠤᠤᠷ᠎ᠠ ᠪᠠᠢᠵᠤ᠂ ᠬᠢᠨᠠᠨ ᠬᠡᠮᠵᠢᠭ᠌ᠰᠡᠨ ᠲᠡᠮᠳᠡᠭ᠌ᠯᠡᠯ ᠢ᠋ ᠡᠭᠦᠳᠦᠭ᠌ᠰᠡᠨ ᠡᠴᠡ ᠨᠠᠭᠠᠱᠢᠬᠢ ᠬᠠᠮᠤᠭ ᠤ᠋ᠨ ᠰᠠᠢᠨ ᠬᠢᠷᠢ ᠲᠦᠪᠱᠢᠨ ᠢ᠋ ᠡᠭᠦᠳᠪᠡ; ᠱᠢᠯᠢᠳᠡᠭ ᠰᠠᠢ᠌ᠨ ᠡᠳᠦᠷ ᠎ᠦᠨ ᠬᠠᠷᠢᠴᠠᠯ 92.1%᠎ᠳᠤ ᠬᠦᠷᠴᠦ᠍᠂ 2020 ᠣᠨ ᠤ᠋ ᠬᠢ ᠡᠴᠡ ᠵᠠᠭᠤᠨ ᠤ᠋ ᠬᠠᠷᠢᠴᠠᠯ ᠵᠢᠡᠷ 1.4 ᠬᠤᠪᠢ ᠳᠡᠭᠡᠭ᠌ᠰᠢᠯᠡᠨ᠂ ᠭᠢᠯᠠᠯᠵᠠᠮ᠎ᠠ ᠠᠮᠢ ᠠᠬᠤᠢ ᠵᠢᠨ ᠬᠠᠷᠢᠭᠤᠯᠲᠠ ᠵᠢᠨ ᠬᠠᠭᠤᠳᠠᠰᠤ ᠶ᠋ᠢ ᠲᠤᠱᠢᠶᠠᠭᠰᠠᠨ ᠪᠠᠢᠨ᠎ᠠ᠃

ᠥᠪᠥᠷ ᠮᠣᠩᠭᠣᠯ ᠤᠮᠠᠷᠠᠲᠤ ᠣᠷᠣᠨ ᠤ᠋ ᠴᠡᠪᠡᠷ ᠳᠤᠯᠠᠭᠠᠯᠠᠭ᠎ᠠ ᠵᠢᠨ ᠥᠭᠡᠷᠡᠴᠢᠯᠡᠯᠲᠡ ᠶ᠋ᠢ ᠲᠦᠷᠭᠡᠳᠭᠡᠨ ᠬᠡᠷᠡᠭ᠌ᠵᠢᠭᠦᠯᠵᠦ᠍᠂ ᠪᠤᠭᠤᠲᠤ᠂ ᠬᠥᠬᠡᠬᠣᠲᠠ᠂ ᠤᠯᠠᠭᠠᠨᠴᠠᠪ᠂ ᠪᠠᠶᠠᠨᠨᠠᠭᠤᠷ ᠵᠡᠷᠭᠡ ᠠᠢᠮᠠᠬ ᠬᠣᠲᠠ ᠵᠢᠨ 59.5 ᠲᠦᠮᠡᠨ ᠡᠷᠦᠬᠡ ᠵᠢᠨ ᠴᠡᠪᠡᠷ ᠳᠤᠯᠠᠭᠠᠯᠠᠭ᠎ᠠ ᠵᠢᠨ ᠥᠭᠡᠷᠡᠴᠢᠯᠡᠯᠲᠡ ᠶ᠋ᠢ ᠪᠡᠶᠡᠯᠡᠭᠦᠯᠤᠨ᠂ 4 ᠬᠣᠲᠠ ᠵᠢᠨ 2025 ᠣᠨ ᠤ᠋ ᠳᠤᠯᠠᠭᠠᠯᠠᠭ᠎ᠠ ᠵᠢᠨ ᠤᠯᠠᠷᠢᠯ ᠤ᠋ᠨ PM2.5 ᠵᠢᠨ ᠳᠤᠮᠳᠠᠴᠢ ᠥᠳᠭᠡᠴᠡ 2020 ᠣᠨ ᠤ᠋᠎ᠬᠢ ᠡᠴᠡ 42.5% ᠪᠡᠷ ᠪᠠᠭᠤᠷᠠᠵᠤ᠂ 63457 ᠰᠠᠭᠤᠷᠢ ᠴᠠᠢᠶᠢᠦ ᠲᠣᠰᠣ ᠱᠢᠲᠠᠭᠠᠬᠤ ᠪᠡᠷᠠᠭᠠᠨ ᠤ᠋ ᠮᠠᠰᠢᠨ ᠳ᠋ᠤ ᠵᠠᠮ ᠤ᠋ᠨ ᠪᠠᠢᠴᠠᠭᠠᠯᠲᠠ ᠬᠢᠪᠡ᠃ 2025 ᠣᠨ᠎ᠳᠤ᠂ ᠱᠢᠨ᠎ᠡ ᠡᠨᠧᠷᠭᠢ ᠵᠢᠨ ᠮᠠᠱᠢᠨ ᠲᠡᠷᠭᠡ ᠶ᠋ᠢ 22.74 ᠲᠦᠮᠡ ᠳᠡᠯᠭᠡᠷᠡᠭᠦᠯᠵᠦ᠍᠂ ᠠᠳᠠᠯᠢ ᠬᠤᠭᠤᠴᠠᠭᠠᠨ ᠤ᠋᠎ᠬᠢ ᠡᠴᠡ 100.52% ᠵᠢᠡᠷ ᠨᠡᠮᠡᠭ᠌ᠳᠡᠪᠡ᠃ ᠬᠥᠬᠡᠬᠣᠲᠠ ᠪᠤᠭᠤᠲᠤ ᠣᠷᠳᠣᠰ᠂ ᠦᠬᠠᠶ ᠵᠢᠴᠢ ᠡᠷᠭᠢᠨ ᠲᠣᠭᠣᠷᠢᠨ ᠤ᠋ ᠭᠠᠵᠠᠷ ᠣᠷᠣᠨ ᠢ᠋ ᠥᠪᠥᠷ ᠮᠣᠩᠭᠣᠯ ᠤ᠋ᠨ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠭᠣᠣᠯᠳᠠᠯᠭ᠎ᠠ᠎ᠲᠠᠶ ᠣᠷᠣᠨ ᠪᠦᠰᠡ᠎ᠪᠡᠷ ᠲᠤᠭᠲᠠᠭᠠᠵᠤ᠂ ᠬᠥᠬᠡᠬᠣᠲᠠ ᠪᠤᠭᠤᠲᠤ ᠣᠷᠳᠣᠰ ᠤ᠋ᠨ ᠠᠭᠠᠷ ᠮᠠᠨᠳᠠᠯ ᠤ᠋ᠨ ᠪᠣᠬᠢᠷᠲᠤᠯ ᠢ᠋ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠲᠣᠭ᠍ᠲᠠᠴᠠ ᠶ᠋ᠢ ᠲᠡᠭᠦᠯᠳᠡᠷᠵᠢᠭᠦᠯᠤᠨ᠂ 《ᠲᠠᠪᠤ ᠶ᠋ᠢ ᠨᠢᠭᠡᠳᠭᠡᠬᠦ᠌ 》 ᠣᠷᠣᠨ ᠪᠦᠰᠡ ᠵᠢᠨ ᠬᠠᠮᠲᠤᠷᠠᠨ ᠰᠡᠷᠭᠡᠢᠯᠡᠵᠦ᠍ ᠬᠠᠮᠲᠤᠷᠠᠨ ᠡᠵᠡᠮᠳᠡᠬᠦ᠌ ᠱᠠᠭᠠᠷᠳᠠᠯᠭ᠎ᠠ ᠶ᠋ᠢ 3 ᠠᠢᠮᠠᠭ ᠬᠣᠲᠠ ᠵᠢᠨ ᠣᠷᠣᠨ ᠨᠤᠲᠤᠭ ᠤ᠋ᠨ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠲᠦᠷᠢᠮ᠎ᠳᠦ ᠣᠷᠣᠭᠤᠯᠪᠠ᠃ 2025 ᠣᠨ᠎ᠳᠤ᠂ ᠬᠥᠬᠡᠬᠣᠲᠠ ᠪᠤᠭᠤᠲᠤ ᠤᠷᠳᠤᠰ᠂ ᠦᠬᠠᠢ ᠵᠢᠴᠢ ᠡᠷᠬᠢᠨ ᠲᠣᠭᠣᠷᠢᠨ ᠤ᠋ ᠭᠠᠵᠠᠷ ᠣᠷᠣᠨ ᠤ᠋ PM2.5᠂ PM10 ᠵᠢᠨ ᠳᠤᠮᠳᠠᠴᠢ ᠥᠳᠭᠡᠴᠡ ᠲᠡᠦᠬᠡ ᠵᠢᠨ ᠬᠠᠮᠤᠭ ᠤ᠋ᠨ ᠰᠠᠢ᠌ᠨ ᠲᠦᠪᠱᠢᠨ᠎ᠳ᠋ᠤ ᠬᠦᠷᠴᠤ᠂ ᠦᠬᠠᠢ ᠬᠤᠳᠠ ᠵᠢᠨ ᠠᠭᠠᠷ ᠤ᠋ᠨ ᠶᠠᠰᠤ ᠴᠢᠨᠠᠷ ᠠᠩᠬ᠎ᠠ ᠤᠳᠠᠭ᠎ᠠ ᠪᠦᠬᠦ᠌ ᠲᠠᠯ᠎ᠠ᠎ᠪᠠᠷ ᠪᠡᠷᠢᠮᠵᠢᠶᠠᠨ᠎ᠳᠤ ᠬᠦᠷᠴᠦ᠍᠂ ᠭᠣᠣᠯᠳᠠᠯᠭ᠎ᠠ᠎ᠲᠠᠶ ᠣᠷᠣᠨ ᠪᠦᠰᠡ ᠵᠢᠨ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠠᠵᠢᠯ ᠱᠢᠪᠲᠤᠯᠤᠯᠲᠠ ᠵᠢᠨ ᠴᠢᠨᠠᠷᠲᠠᠢ ᠠᠬᠢᠴᠠ᠎ᠲᠠᠶ ᠪᠣᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号