ᠰᠤᠷᠪᠤᠯᠵᠢᠯᠠᠭ᠍ᠴᠢ ᠲᠦᠷᠦᠬᠦᠬᠡᠨ ᠤᠯᠠᠭᠠᠨᠬᠠᠳᠠ ᠬᠤᠲᠠ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠣᠪᠴᠢᠶ᠎ᠠ᠎ᠠᠴᠠ ᠣᠢᠯᠠᠭᠠᠭ᠍ᠰᠠᠨ᠎ᠵᠢᠡᠷ᠂ ᠪᠡᠭᠡᠵᠢᠩ᠎ᠤᠨ ᠣᠶ ᠱᠢᠭᠤᠶ᠎ᠶ᠋ᠢᠨ ᠶᠡᠭᠡ ᠰᠤᠷᠭᠠᠭᠤᠯᠢ᠂ ᠯᠢᠶᠣᠤᠨᠢᠩ᠎ᠤᠨ ᠢᠨᠵᠧᠨᠧᠷᠢᠩ ᠤᠨ ᠮᠡᠷᠭᠡᠵᠢᠯ ᠤᠨ ᠶᠡᠭᠡ ᠰᠤᠷᠭᠠᠭᠤᠯᠢ ᠵᠡᠷᠭᠡ ᠶᠡᠬᠡ ᠲᠡᠭᠡᠳᠦ ᠰᠤᠷᠭᠠᠭᠤᠯᠢ ᠵᠢᠨ ᠲᠤᠰᠭᠠᠶ ᠮᠡᠷᠭᠡᠵᠢᠯᠲᠡᠨ ᠵᠢᠡᠷ ᠪᠦᠷᠢᠯᠳᠦᠭᠰᠡᠨ ᠳᠤᠭᠤᠢᠯᠠᠩ᠎ᠤᠨ ᠱᠢᠯᠭᠠᠨ ᠲᠣᠭ᠍ᠲᠠᠭᠠᠬᠤ᠎ᠪᠠᠷ ᠳᠡᠮᠵᠢᠨ᠂ 《ᠬᠤᠷᠴᠢᠨ᠎ᠤ ᠡᠯᠡᠰᠦᠷᠬᠡᠭ ᠭᠠᠵᠠᠷ ᠤᠨ 〈ᠵᠠᠮ᠎ᠢᠶᠠᠷ ᠡᠯᠡᠰᠦ᠎ᠶ᠋ᠢ ᠵᠠᠰᠠᠬᠤ〉 ᠵᠠᠭ᠍ᠪᠤᠷ᠎ᠤᠨ ᠮᠡᠷᠭᠡᠵᠢᠯ᠎ᠤᠨ ᠱᠢᠰᠲ᠋ᠧᠮ᠎ᠢ ᠰᠤᠳᠤᠯᠤᠨ ᠨᠡᠭᠡᠭᠡᠬᠦ᠌ ᠪᠠ ᠬᠡᠷᠡᠭ᠌ᠯᠡᠬᠦ᠌》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ ᠪᠦᠬᠦᠯᠢ ᠴᠣᠭ᠍ᠴᠠ᠎ᠪᠠᠷ᠎ᠢᠶᠠᠨ ᠤᠯᠤᠰ ᠤᠨ ᠳᠣᠲᠣᠭᠠᠳᠤ᠎ᠶ᠋ᠢᠨ ᠲᠡᠷᠢᠭᠦᠨ᠎ᠤ ᠲᠦᠪᠱᠢᠨ᠎ᠳᠤ ᠬᠦᠷᠦᠭ᠌ᠰᠡᠨ ᠢ ᠨᠤᠲᠠᠯᠠᠪᠠ᠃ ᠡᠨᠡ ᠬᠦ᠌ ᠦᠷ᠎ᠡ ᠪᠦᠲᠦᠭᠡᠯᠬᠤᠷᠴᠢᠨᠤ ᠡᠯᠡᠰᠦᠷᠬᠡᠭ ᠭᠠᠵᠠᠷ᠂ ᠬᠤᠯᠠᠨ ᠱᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠰᠦᠨᠦᠭᠡᠬᠦ ᠳᠠᠢᠯᠠᠯᠳᠤᠭᠠᠨ᠎ᠢ ᠰᠠᠢᠲᠤᠷ ᠬᠢᠬᠦ᠌᠎ᠳᠤ ᠵᠠᠩᠭᠢᠯᠠᠭ᠎ᠠ᠎ᠶ᠋ᠢᠨ ᠮᠡᠷᠭᠡᠵᠢᠯ᠎ᠤᠨ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃
ᠡᠨᠡ ᠬᠦ᠌ ᠦᠷ᠎ᠡ ᠪᠦᠲᠦᠭᠡᠯ᠎ᠢ ᠣᠩᠨᠢᠭᠤᠳ ᠬᠤᠱᠢᠭᠤᠨ᠎ᠤ ᠣᠢ ᠱᠢᠭᠤᠢ ᠨᠤᠲᠤᠭ ᠪᠡᠯᠴᠢᠭᠡᠷ᠎ᠤᠨ ᠮᠡᠷᠭᠡᠵᠢᠯ ᠳᠡᠯᠭᠡᠷᠡᠭᠦᠯᠬᠦ᠌ ᠲᠥᠪ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠤᠨ ᠮᠦᠭ᠌ᠳᠡᠨ᠎ᠤ ᠬᠡᠷᠡᠭ᠌ᠯᠡᠭᠡᠨ ᠤ ᠠᠮᠢ ᠠᠬᠤᠢ᠎ᠶ᠋ᠢᠨ ᠰᠤᠳᠤᠯᠭᠠᠨ᠎ᠤ ᠭᠠᠵᠠᠷ᠂ ᠤᠯᠠᠭᠠᠨᠬᠠᠳᠠ ᠬᠤᠲᠠ᠎ᠶ᠋ᠢᠨ ᠣᠢ ᠱᠢᠭᠤᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ ᠬᠠᠮᠲᠤ ᠪᠠᠷ ᠪᠡᠶᠡᠯᠡᠭᠦᠯᠵᠦ᠍᠂ ᠶᠡᠭᠡ ᠬᠡᠪᠴᠢᠶᠡᠨ᠎ᠤ ᠨᠡᠭᠦᠳᠡᠯ ᠡᠯᠡᠰᠦ᠎ᠶ᠋ᠢ ᠵᠠᠰᠠᠬᠤ ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠣᠢᠯᠠᠭᠠᠭ᠍ᠳᠠᠬᠤᠨ ᠪᠣᠯᠣᠨ ᠮᠡᠷᠭᠡᠵᠢᠯ᠎ᠤᠨ ᠬᠤᠤᠰ ᠡᠭᠦᠳᠦᠯᠲᠡ᠎ᠶ᠋ᠢ ᠪᠡᠶᠡᠯᠡᠭᠦᠯᠪᠡ᠃ ᠡᠭᠦᠨ᠎ᠤ ᠭᠤᠤᠯᠳᠠᠯᠭ᠎ᠠ᠎ᠨᠢ ᠲᠥᠯᠥᠪᠵᠢᠭᠦᠯᠦᠨ ᠪᠥᠲᠥᠭᠡᠨ ᠪᠠᠢᠭᠤᠯᠤᠭ᠍ᠰᠠᠨ ᠡᠯᠡᠰᠦ ᠲᠤᠭᠤᠯᠬᠤ ᠵᠠᠰᠠᠮᠠᠯ ᠵᠠᠮ ᠵᠢᠡᠷ ᠠᠮᠢ ᠠᠬᠤᠶ᠎ᠶ᠋ᠢᠨ ᠲᠤᠯᠭᠠᠭᠤᠷᠢᠯᠠᠯ ᠪᠣᠯᠭᠠᠵᠤ᠂ ᠦᠷᠭᠦᠯᠵᠢᠯᠡᠭ᠌ᠰᠡᠨ ᠡᠯᠡᠰᠦᠷᠬᠡᠭ ᠭᠠᠵᠠᠷ᠎ᠢ ᠱᠢᠨᠵᠢᠯᠡᠬᠦ᠌ ᠤᠬᠠᠭᠠᠨᠴᠢ᠎ᠪᠠᠷ ᠣᠯᠠᠨ ᠵᠠᠰᠠᠯᠲᠠ᠎ᠶ᠋ᠢᠨ ᠲᠣᠤᠷ ᠪᠣᠯᠭᠠᠨ ᠰᠠᠯᠭᠠᠵᠤ᠂ ᠡᠯᠡᠰᠦᠨ ᠲᠣᠪᠤ᠎ᠶ᠋ᠢᠨ ᠪᠦᠬᠦᠯᠢ ᠴᠣᠭ᠍ᠴᠠ᠎ᠶ᠋ᠢᠨ ᠱᠢᠯᠵᠢᠯᠲᠡ᠎ᠶ᠋ᠢ ᠪᠦᠲᠦᠮᠵᠢᠲᠡᠶ ᠬᠤᠷᠢᠭ᠍ᠯᠠᠨ᠎ᠠ᠃ ᠡᠨᠡ ᠬᠦ᠌ ᠰᠠᠭᠤᠷᠢᠨ ᠳᠡᠭᠡᠷ᠎ᠡ᠂ ᠵᠠᠮ ᠳᠠᠭᠠᠤ 《ᠡᠯᠡᠰᠦ᠎ᠶ᠋ᠢ ᠲᠣᠭ᠍ᠲᠠᠪᠤᠷᠢᠵᠢᠭᠤᠯᠤᠨ ᠣᠢᠵᠢᠭᠤᠯᠬᠤ ᠪᠦᠰᠡ᠂ ᠡᠯᠡᠰᠦ᠎ᠶ᠋ᠢ ᠪᠢᠲᠡᠭᠦᠮᠵᠢᠯᠡᠨ ᠡᠪᠡᠰᠦ ᠲᠠᠷᠢᠬᠤ ᠪᠦᠰᠡ᠂ ᠨᠢᠰᠭᠡᠯ᠎ᠢᠶᠠᠷ ᠲᠠᠷᠢᠵᠤ ᠡᠯᠡᠰᠦ᠎ᠶ᠋ᠢ ᠵᠠᠰᠠᠬᠤ ᠪᠦᠰᠡ 》 ᠵᠡᠷᠭᠡ 3 ᠪᠣᠰᠤᠭ᠎ᠠ ᠴᠣᠭ᠍ᠴᠠᠲᠤ ᠬᠠᠮᠠᠭᠠᠯᠠᠬᠤ ᠱᠢᠰᠲ᠋ᠧᠮᠪᠠᠢᠭᠤᠯᠵᠤ᠂ ᠴᠡᠭ ᠠᠴᠠ ᠱᠤᠭᠤᠮ ᠬᠦᠷᠲᠡᠯ᠎ᠡ᠂ ᠱᠤᠭᠤᠮ᠎ᠠᠴᠠ ᠪᠦᠬᠦ᠌ ᠲᠠᠯ᠎ᠠ᠎ᠶ᠋ᠢᠨ ᠬᠡᠪᠴᠢᠶᠡᠵᠢᠭ᠌ᠰᠡᠨ ᠡᠯᠡᠰᠦ᠎ᠶ᠋ᠢ ᠲᠣᠭ᠍ᠲᠠᠪᠤᠷᠢᠵᠢᠭᠤᠯᠬᠤ᠎ᠶ᠋ᠢ ᠪᠡᠶᠡᠯᠡᠭᠦᠯᠪᠡ᠃ ᠲᠥᠷᠥᠯ ᠵᠦᠶ᠋ᠯ᠎ᠳᠤ ᠱᠢᠨᠵᠢᠯᠡᠬᠦ᠌ ᠤᠬᠠᠭᠠᠨᠴᠢ ᠦᠷ᠎ᠡ ᠪᠦᠲᠦᠭᠡᠯ᠎ᠢ ᠦᠨᠡᠯᠡᠨ ᠵᠢᠱ᠌ᠢᠬᠦ᠌ ᠱᠢᠰᠲ᠋ᠧᠮ᠎ᠢ ᠵᠡᠷᠭᠡ ᠪᠡᠷ ᠪᠠᠢᠭᠤᠯᠵᠤ᠂ ᠠᠮᠢ ᠠᠬᠤᠶ᠎ᠶ᠋ᠢᠨ ᠵᠠᠰᠠᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠣᠯᠤᠨ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃
ᠲᠤᠰ 《ᠵᠠᠮ᠎ᠢᠶᠠᠷ ᠡᠯᠡᠰᠦ᠎ᠶ᠋ᠢ ᠵᠠᠰᠠᠬᠤ 》 ᠵᠠᠭ᠍ᠪᠤᠷ ᠨᠢᠮᠡᠷᠭᠡᠵᠢᠯᠤᠨ ᠪᠣᠭᠤᠮᠢ᠎ᠶ᠋ᠢ ᠱᠢᠢᠳᠪᠦᠷᠢᠯᠡᠭ᠌ᠰᠡᠨ᠎ᠢᠶᠠᠷ ᠪᠠᠷᠠᠬᠤ ᠥᠬᠡᠶ᠂ ᠨᠠᠩ ᠴᠤ᠌ ᠠᠮᠢ ᠠᠬᠤᠶ ᠪᠠ ᠠᠵᠤ ᠠᠬᠤᠶ᠎ᠶ᠋ᠢᠨ ᠬᠤᠤᠰ ᠦᠷ᠎ᠡ ᠠᠱᠢᠭ᠎ᠢ ᠡᠭᠦᠳᠴᠡᠢ᠃ ᠠᠮᠢ ᠠᠬᠤᠢ᠎ᠶ᠋ᠢᠨ ᠬᠠᠯᠬᠠᠪᠴᠢ᠎ᠶ᠋ᠢ ᠪᠠᠬᠢᠵᠢᠭᠦᠯᠬᠦ᠌᠎ᠶ᠋ᠢᠨ ᠬᠠᠮᠲᠤ᠌᠂ ᠵᠠᠮ᠎ᠤᠨ ᠲᠣᠣᠷ᠎ᠨᠢ ᠡᠯᠡᠰᠦᠷᠬᠡᠭ ᠣᠷᠣᠨ᠎ᠤ ᠬᠥᠭ᠌ᠵᠢᠯᠲᠡ᠎ᠶ᠋ᠢᠨ ᠰᠤᠳᠠᠰᠤ᠎ᠶ᠋ᠢ ᠨᠡᠪᠲᠡᠷᠡᠭᠦᠯᠵᠦ᠍᠂ ᠤᠨᠴᠠᠯᠢᠬ᠍ᠳᠤ ᠤᠢ ᠵᠢᠮᠢᠰ᠂ ᠠᠮᠢ ᠠᠬᠤᠢ᠎ᠶ᠋ᠢᠨ ᠵᠢᠭᠤᠯᠴᠢᠯᠠᠯ ᠵᠡᠷᠭᠡ ᠠᠵᠤ ᠦᠢᠯᠡᠰ᠎ᠤᠨ ᠬᠥᠭ᠌ᠵᠢᠯᠲᠡ᠎ᠳᠤ ᠨᠥᠬᠦᠴᠡᠯ ᠪᠦᠷᠢᠯᠳᠦᠭᠦᠯᠦᠨ ᠥᠭ᠌ᠴᠦ᠂ ᠠᠮᠢ ᠠᠬᠤᠢ᠎ᠶ᠋ᠢ ᠠᠵᠤ ᠦᠢᠯᠡᠰᠵᠢᠭᠦᠯᠬᠦ᠂ ᠠᠵᠤ ᠦᠢᠯᠡᠰ᠎ᠢ ᠠᠮᠢ ᠠᠬᠤᠢᠵᠢᠭᠤᠯᠬᠤ ᠠᠮᠵᠢᠯᠲᠠ᠎ᠲᠠᠢ ᠦᠢᠯᠡᠳᠦᠯᠭᠡ ᠪᠣᠯᠤᠭ᠍ᠰᠠᠨ ᠪᠠᠢᠨ᠎ᠠ᠃