ᠲᠥᠪ᠎ᠦᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠡᠷᠬᠢᠨ ᠦᠵᠡᠵᠦ᠍ ᠲᠣᠬᠣᠨᠢᠭᠤᠯᠪᠠ
2026-02-12 09:59:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠮᠤᠷᠢᠨ ᠵᠢᠯ᠎ᠦᠨ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠲᠥᠪ᠎ᠦᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠭᠡᠷ ᠡᠴᠡ ᠲᠣᠬᠣᠨᠢᠭᠤᠯᠬᠤ ᠳᠤᠭᠤᠢᠯᠠᠩ᠎ᠤᠳ᠎ᠢ ᠵᠣᠬᠢᠶᠠᠨ ᠪᠠᠢᠭᠤᠯᠵᠤ᠂ 26 ᠮᠤᠵᠢ (ᠥᠪᠡᠷᠲᠡᠭᠡᠨ ᠵᠠᠰᠠᠬᠤ ᠣᠷᠣᠨ᠂ ᠬᠣᠲᠠ) ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠳᠤ ᠲᠤᠰ ᠲᠤᠰ ᠬᠦᠷᠴᠦ᠍᠂ ᠪᠦᠬᠦ᠌ ᠤᠯᠤᠰ᠎ᠤᠨ 47 ᠶᠣᠰᠣ ᠰᠤᠷᠲᠠᠬᠤᠨ᠎ᠤ ᠵᠢᠱ᠌ᠢᠶᠡᠴᠢ ᠪᠤᠶᠤ ᠲᠡᠳᠡᠨ᠎ᠦ ᠭᠡᠷ ᠪᠦᠯᠢ᠎ᠶ᠋ᠢᠨ ᠬᠢᠨ᠎ᠢ ᠡᠷᠬᠢᠨ ᠦᠵᠡᠵᠦ᠍ ᠲᠣᠬᠣᠨᠢᠭᠤᠯᠤᠨ᠂ ᠪᠠᠭᠠᠲᠤᠷᠴᠤᠳ᠎ᠢ ᠳᠡᠭᠡᠳᠦᠯᠡᠵᠦ᠍᠂ ᠲᠡᠷᠢᠭᠦᠨ᠎ᠦ ᠬᠢ᠎ᠡᠴᠡ ᠰᠤᠷᠤᠯᠴᠠᠬᠤ ᠨᠡᠢᠭᠡᠮ᠎ᠦᠨ ᠬᠡᠪ ᠰᠤᠷᠲᠠᠯ᠎ᠢ ᠪᠠᠳᠠᠷᠠᠭᠤᠯᠪᠠ᠃

《ᠠᠷᠠᠳ᠎ᠤᠨ ᠵᠢᠱ᠌ᠢᠶᠡᠴᠢ》᠂ ᠱᠢᠨᠵᠢᠶᠠᠩ᠎ᠤᠨ ᠺᠢᠽᠢᠯᠰᠦ᠋ ᠬᠢᠷᠭᠢᠰ ᠥᠪᠡᠷᠲᠡᠭᠡᠨ ᠵᠠᠰᠠᠬᠤ ᠵᠧᠣ᠎ᠶ᠋ᠢᠨ ᠪᠦᠷᠦᠮᠠᠬᠠᠨ·ᠮᠠᠦ᠋ᠯᠧᠳᠤ᠋ ᠬᠡᠳᠦᠨ ᠠᠷᠪᠠᠨ ᠵᠢᠯ ᠬᠢᠯᠢ᠎ᠶ᠋ᠢ ᠴᠠᠭ᠍ᠳᠠᠨ ᠬᠢᠯᠢ ᠵᠢ ᠬᠠᠮᠠᠭᠠᠯᠠᠵᠠᠢ᠂ ᠰᠸᠴᠤᠸᠠᠨ᠎ᠤ ᠰᠦᠢᠨᠢᠩ ᠬᠤᠳᠠ᠎ᠶ᠋ᠢᠨ ᠠᠷᠠᠳ ᠷᠠᠨ ᠲᠢ ᠯᠠᠨ ᠨᠢᠭᠡ ᠭᠠᠷ᠎ᠢᠶᠠᠷ᠎ᠢᠶᠠᠨ ᠨᠢᠭᠡ ᠠᠮᠢ ᠨᠠᠰᠤ᠎ᠶ᠋ᠢ ᠠᠪᠤᠷᠠᠵᠠᠢ᠂ ᠬᠤᠨᠠᠨ᠎ᠤ ᠯᠢᠶᠠᠨ ᠶᠤᠸᠠᠨ᠎ᠤ ᠠᠵᠢᠯ᠎ᠡᠴᠡ᠎ᠪᠠᠨ ᠠᠮᠠᠷᠠᠭ᠍ᠰᠠᠨ ᠺᠠᠳ᠋ᠷ ᠱᠢᠶᠤᠤ ᠭᠤᠸᠠᠩ ᠱᠧᠩ ᠨᠢᠭᠦᠯᠡᠰᠦᠩᠭᠦᠢ ᠵᠢᠨ ᠦᠢᠯᠡᠰ ᠲᠤ᠌ ᠬᠡᠷᠡᠭᠯᠡᠬᠦ ᠵᠤᠭᠤᠰ ᠴᠤᠭᠯᠠᠭᠤᠯᠵᠤ ᠮᠢᠩᠭ᠎ᠠ ᠭᠠᠷᠤᠶ ᠰᠤᠷᠤᠭ᠍ᠴᠢ᠎ᠶ᠋ᠢ ᠲᠤᠰᠠᠯᠠᠨ ᠰᠤᠷᠤᠯᠭ᠎ᠠ᠎ᠶ᠋ᠢ ᠨᠢ ᠲᠡᠭᠦᠰᠭᠡᠵᠡᠶ᠂ ᠾᠧᠪᠧᠶ᠎ᠶ᠋ᠢᠨ ᠯᠤᠸᠠᠨᠫᠢᠩ᠎ᠤᠨ ᠵᠧᠣ᠎ᠲᠡᠶ ᠽᠢ ᠲᠣᠰᠭᠣᠨ᠎ᠤ ᠨᠠᠮ᠎ᠤᠨ ᠬᠤᠷᠢᠶ᠎ᠠ ᠵᠢᠨ ᠱᠦᠵᠢ ᠹᠠᠨ ᠵᠧᠨ ᠰᠢ ᠴᠢᠰᠤᠨ ᠥᠮᠡᠨ᠎ᠲᠡᠶ ᠲᠡᠮᠡᠴᠡᠬᠦ᠌᠎ᠶ᠋ᠢᠨ ᠳᠠᠭᠠᠤ ᠣᠯᠠᠨ ᠲᠦᠮᠡᠨ᠎ᠢ ᠳᠠᠭᠠᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠂ ᠶᠦᠨᠨᠠᠨ᠎ᠤ ᠺᠦᠨᠮᠢᠩ᠎ᠦᠨ ᠵᠡᠮᠳᠡᠭ ᠡᠷ᠎ᠡ ᠡᠮ᠎ᠡ ᠵᠠᠩ ᠱᠦᠨ ᠳ᠋ᠦᠩ᠂ ᠯᠢ ᠭᠦᠸᠧ ᠱᠢᠤ ᠬᠠᠷᠢᠯᠴᠠᠨ ᠳᠡᠮᠵᠢᠯᠴᠡᠵᠦ᠂ ᠬᠦᠴᠦᠷᠬᠡᠭᠵᠢᠭᠦ ᠪᠡᠷ ᠬᠦᠴᠦᠯᠡᠨ ᠴᠢᠷᠮᠠᠢᠪᠠ ᠁ ᠶᠣᠰᠣ ᠰᠤᠷᠲᠠᠬᠤᠨ᠎ᠤ ᠵᠢᠱ᠌ᠢᠶᠡᠴᠢᠳ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠵᠤ᠂ ᠦᠨᠡᠨ ᠶᠣᠰᠣᠨ᠎ᠤ ᠲᠥᠯᠥᠭᠡ ᠡᠷᠡᠯᠬᠡᠭ᠌ᠯᠡᠨ ᠲᠡᠮᠡᠴᠡᠵᠦ᠂ ᠦᠨᠡᠨᠴᠢ ᠢᠲᠡᠭᠡᠮᠵᠢᠲᠡᠶ᠂ ᠦᠢᠯᠡᠰ᠎ᠢᠶᠡᠨ ᠳᠡᠭᠡᠳᠦᠯᠡᠵᠦ᠍ ᠬᠤᠪᠢ ᠨᠡᠮᠡᠷᠢ ᠦᠵᠡᠭᠦᠯᠵᠦ᠂ ᠨᠠᠰᠤᠲᠠᠨ᠎ᠢᠶᠠᠨ ᠠᠴᠢᠯᠠᠨ ᠲᠦᠷᠦᠯ ᠰᠠᠲᠤᠨ᠎ᠢᠶᠡᠨ ᠬᠠᠢᠷᠠᠯᠠᠵᠤ᠂ ᠬᠥᠮᠦᠨ᠎ᠦ ᠰᠡᠳᠭᠢᠯ᠎ᠢ ᠳᠤᠯᠠᠭᠠᠴᠠᠭᠤᠯᠵᠤ᠂ ᠳᠤᠮᠳᠠᠳᠤ ᠤᠯᠤᠰ᠎ᠢ ᠳᠣᠭ᠍ᠳᠣᠯᠤᠭᠤᠯᠪᠠ᠃ ᠲᠡᠳᠡ ᠪᠣᠯ ᠤᠯᠠᠨ ᠲᠦᠮᠡᠨ᠎ᠦ ᠲᠤᠮᠳᠠᠬᠢ ᠡᠭᠡᠯ ᠵᠢᠷ᠎ᠦᠨ ᠪᠠᠭᠠᠲᠤᠷ᠂ ᠳᠡᠷᠭᠡᠳᠡᠬᠢ ᠰᠠᠢ᠌ᠨ ᠬᠥᠮᠦᠨ ᠪᠠᠢᠵᠤ᠂ ᠪᠦᠬᠦ᠌ ᠨᠡᠢᠭᠡᠮ᠎ᠦᠨ ᠮᠠᠭ᠍ᠲᠠᠭᠠᠯ ᠰᠠᠢᠱᠢᠶᠠᠯ᠎ᠢ ᠬᠦᠷᠳᠡᠪᠡ᠂ ᠭᠡᠪᠡᠴᠦ᠍ ᠲᠡᠳᠡᠨ᠎ᠦ ᠳᠣᠲᠣᠷ᠎ᠠ ᠴᠥᠭᠡᠨ ᠪᠤᠰᠤ ᠬᠥᠮᠦᠰ ᠪᠠᠰᠠ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠠ ᠭᠡᠷ ᠪᠦᠯᠢ᠎ᠶ᠋ᠢᠨ ᠠᠮᠢᠳᠤᠷᠠᠯ ᠨᠢ ᠬᠦᠴᠢᠷᠳᠡᠯᠲᠡᠢ ᠠᠰᠠᠭᠤᠳᠠᠯ᠎ᠳᠤ ᠣᠷᠣᠱᠢᠵᠤ ᠪᠠᠢᠨ᠎ᠠ᠃

ᠴᠠᠭᠠᠨ ᠰᠠᠷ᠎ᠠ᠎ᠡᠴᠡ ᠡᠮᠦᠨᠡᠬᠡᠨ᠂ ᠲᠥᠪ᠎ᠦᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ᠎ᠦᠨ ᠲᠣᠬᠣᠨᠢᠭᠤᠯᠬᠤ ᠳᠤᠭᠤᠢᠯᠠᠩ ᠡᠯ᠎ᠡ ᠭᠠᠵᠠᠷ᠎ᠤᠨ ᠬᠣᠲᠠ ᠬᠥᠳᠡᠭᠡ᠎ᠳᠦ ᠬᠦᠷᠴᠦ᠍᠂ ᠡᠲᠡᠭᠡᠷ ᠶᠣᠰᠣ ᠰᠤᠷᠲᠠᠬᠤᠨ᠎ᠤ ᠵᠢᠱ᠌ᠢᠶᠡᠴᠢ ᠵᠢᠴᠢ ᠲᠡᠳᠡᠨ᠎ᠦ ᠬᠡᠷ ᠪᠦᠯᠢ᠎ᠶ᠋ᠢᠨ᠎ᠬᠢᠨ᠎ᠢ ᠪᠣᠯᠭᠣᠭᠠᠨ ᠲᠣᠬᠣᠨᠢᠭᠤᠯᠵᠤ᠂ ᠰᠢᠨ᠎ᠡ ᠵᠢᠯ᠎ᠤᠨ ᠵᠥᠩᠨᠡᠯ ᠳᠡᠪᠱᠢᠭᠦᠯᠵᠦ᠍᠂ ᠲᠡᠳᠡᠨ᠎ᠦ ᠨᠡᠢᠭᠡᠮ᠎ᠦᠨ ᠶᠣᠰᠣ ᠰᠤᠷᠲᠠᠬᠤᠨ᠎ᠤ ᠪᠠᠢᠭᠤᠯᠤᠯᠲᠠ᠎ᠳᠤ ᠦᠵᠡᠭᠦᠯᠦᠭ᠌ᠰᠡᠨ ᠲᠣᠪᠣᠢᠮ᠎ᠠ ᠬᠤᠪᠢ ᠨᠡᠮᠡᠷᠢ ᠵᠢ ᠳᠡᠭᠡᠳᠦ ᠬᠡᠮᠵᠢᠶ᠎ᠡ᠎ᠪᠡᠷ ᠮᠠᠭ᠍ᠲᠠᠨ ᠰᠠᠢᠱᠢᠶᠠᠵᠤ᠂ ᠲᠡᠳᠡᠨ᠎ᠢ ᠪᠡᠶ᠎ᠡ᠎ᠪᠡᠨ ᠰᠠᠢᠲᠤᠷ ᠬᠢᠴᠢᠶᠡᠵᠦ᠍᠂ ᠦᠷᠭᠦᠯᠵᠢᠯᠡᠨ ᠬᠡᠷᠡᠯ ᠭᠢᠯᠪᠠᠭ᠎ᠠ᠎ᠪᠠᠨ ᠰᠠᠴᠤᠷᠠᠭᠤᠯᠤᠭᠠᠷᠠᠢ ᠭᠡᠵᠦ᠍ ᠵᠠᠬᠢᠪᠠ᠃ ᠶᠣᠰᠣ ᠰᠤᠷᠲᠠᠬᠤᠨ᠎ᠤ ᠵᠢᠱ᠌ᠢᠶᠡᠴᠢᠳ ᠨᠠᠮ ᠪᠣᠯᠤᠨ ᠠᠷᠠᠳ ᠲᠦᠮᠡᠨ᠎ᠦ ᠬᠠᠢᠷ᠎ᠠ ᠬᠠᠯᠠᠮᠵᠢ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ᠂ ᠢᠷᠠᠭᠤ ᠠᠯᠳᠠᠷ᠎ᠢᠶᠠᠨ ᠨᠠᠨᠳᠢᠩᠨᠠᠵᠤ᠂ ᠴᠦᠬᠦᠷᠡᠰᠢ ᠦᠭᠡᠢ ᠪᠠᠲᠤ ᠦᠢᠯᠡᠳᠦᠯᠭᠡᠵᠢᠭᠦᠯᠦᠨ᠂ ᠢᠳᠡᠪᠬᠢ ᠬᠦᠴᠦᠨ᠎ᠢ ᠦᠷᠭᠦᠯᠵᠢᠯᠡᠨ ᠳᠠᠮᠵᠢᠭᠤᠯᠵᠤ᠂ ᠰᠠᠢᠨ ᠬᠡᠪ ᠰᠤᠷᠲᠠᠯ᠎ᠢ ᠬᠥᠲᠥᠯᠥᠨ ᠳᠠᠭᠠᠭᠤᠯᠤᠨ᠎ᠠ ᠭᠡᠵᠦ᠍ ᠢᠯᠡᠳᠭᠡᠵᠡᠭᠡᠪᠡ᠃

ᠣᠢᠯᠠᠭᠠᠭ᠍ᠰᠠᠨ᠎ᠢᠶᠠᠷ᠂ ᠪᠥᠬᠥ᠌ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠎ᠶ᠋ᠢ ᠱᠢᠯᠭᠠᠷᠠᠭᠤᠯᠤᠨ ᠬᠥᠬᠢᠭᠦᠯᠬᠦ᠌ ᠠᠵᠢᠯᠯᠠᠭ᠎ᠠ᠎ᠶ᠋ᠢ ᠨᠢᠭᠡᠨᠲᠡ ᠶᠢᠰᠦᠨ ᠬᠤᠭᠤᠴᠠᠭ᠎ᠠ ᠡᠷᠭᠢᠯᠡᠵᠦ᠍᠂ ᠲᠥᠪ᠎ᠦᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠠᠯᠪᠠᠨ ᠬᠡᠷ ᠡᠴᠡ ᠬᠠᠪᠰᠤᠷᠤᠨ ᠲᠡᠳᠬᠦᠵᠦ ᠬᠦᠨᠳᠦᠳᠭᠡᠯ ᠲᠡᠪᠰᠢᠭᠦᠯᠬᠦ ᠲᠣᠭ᠍ᠲᠠᠴᠠ᠎ᠶ᠋ᠢ ᠪᠠᠢᠭᠤᠯᠵᠤ᠂ ᠠᠮᠢᠳᠤᠷᠠᠯ᠎ᠤᠨ ᠬᠦᠴᠢᠷᠳᠡᠯ᠎ᠢ ᠨᠢ ᠬᠠᠪᠰᠤᠷᠤᠨ ᠱᠢᠶ᠋ᠳᠪᠦᠷᠢᠯᠡᠬᠦ᠌᠂ ᠴᠢᠬᠤᠯᠠ ᠶᠡᠬᠡ ᠠᠵᠢᠯᠯᠠᠭ᠎ᠠ᠎ᠳᠤ ᠤᠷᠢᠨ ᠣᠷᠣᠯᠴᠠᠭᠤᠯᠬᠤ ᠵᠡᠷᠭᠡ᠎ᠪᠡᠷ ᠳᠠᠮᠵᠢᠭᠤᠯᠤᠨ  ᠬᠦᠨᠳᠦᠳᠭᠡᠯ᠎ᠢᠶᠡᠨ ᠢᠯᠡᠳᠭᠡᠪᠡ᠃ ᠡᠯ᠎ᠡ ᠭᠠᠵᠠᠷ᠎ᠤᠨ᠎ᠬᠢᠨ ᠲᠤᠬᠠᠶ᠎ᠶ᠋ᠢᠨ ᠭᠠᠵᠠᠷ᠎ᠤᠨ ᠪᠠᠢᠳᠠᠯ᠎ᠳᠠᠭᠠᠨ ᠲᠣᠬᠢᠷᠠᠭᠤᠯᠤᠨ ᠲᠥᠷᠥ᠎ᠶ᠋ᠢᠨ ᠪᠣᠳᠣᠯᠭ᠎ᠠ ᠲᠦᠷᠢᠮ᠎ᠢ ᠪᠦᠷᠢᠨᠱᠢᠭᠦᠯᠵᠦ᠍᠂ ᠪᠠᠯᠠ ᠮᠥᠩᠭᠥ᠎ᠶ᠋ᠢᠨ ᠳᠡᠮᠵᠢᠯᠭᠡ᠂ ᠡᠮ ᠡᠮᠨᠡᠯᠭᠡ ᠡᠷᠡᠭᠦᠯ ᠮᠡᠨᠳᠦ ᠰᠤᠪᠢᠯᠠᠯᠲᠠ ᠵᠡᠷᠭᠡ ᠦᠶ᠋ᠯᠡᠴᠢᠯᠡᠭᠡ᠎ᠶ᠋ᠢ ᠥᠷᠨᠢᠭᠦᠯᠵᠦ᠍᠂ 《ᠮᠣᠷᠠᠯ᠎ᠲᠠᠶ ᠬᠥᠮᠦᠨ ᠣᠯᠤᠯᠲᠠ᠎ᠲᠠᠶ᠂ ᠰᠠᠢᠨ ᠬᠥᠮᠦᠨ ᠰᠠᠢᠨ ᠬᠠᠷᠢᠭᠤ᠎ᠲᠠᠶ》 ᠪᠠᠢᠬᠤ ᠢᠯᠡ ᠲᠣᠳᠣ ᠥᠷᠲᠡᠭ᠎ᠦᠨ ᠤᠳᠤᠷᠢᠳᠤᠮᠵᠢ᠎ᠶ᠋ᠢ ᠪᠣᠶ ᠪᠣᠯᠭᠠᠪᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号