ᠲᠥᠪ᠎ᠦᠨ ᠤᠬᠠᠭᠤᠯᠬᠤ ᠬᠡᠯᠲᠡᠰ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠬᠠᠮᠲᠤᠷᠠᠨ 《ᠬᠠᠮᠤᠭ᠎ᠤᠨ ᠭᠣᠶᠣ᠌ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠢ᠋ ᠨᠡᠢᠲᠡᠯᠡᠪᠡ
2026-02-12 10:08:53
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠎ᠦᠨ ᠵᠠᠯᠠᠭᠤᠴᠤᠳ᠎ᠤᠨ ᠠᠵᠢᠯ᠎ᠤᠨ ᠲᠤᠬᠠᠢ ᠴᠢᠬᠤᠯᠠ ᠦᠵᠡᠯ ᠰᠠᠨᠠᠭ᠎ᠠ᠎ᠶᠢ ᠬᠦᠠᠵᠠᠭᠡᠢ ᠰᠣᠷᠣᠯᠴᠠᠨ ᠲᠤᠭᠤᠱᠢᠯᠠᠭᠤᠯᠵᠤ᠂ ᠦᠷᠭᠡᠨ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠎ᠤᠨ ᠰᠢᠨ᠎ᠡ ᠴᠠᠭ ᠦᠶ᠎ᠡ᠎ᠶᠢᠨ ᠰᠠᠢᠨ ᠵᠠᠯᠠᠭᠤ ᠪᠣᠯᠬᠤ᠎ᠪᠠᠷ ᠵᠣᠷᠢᠭ᠋ ᠰᠢᠭᠤᠳᠴᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠲᠥᠯᠥᠭᠡ ᠡᠭᠦᠷᠭᠡ ᠬᠠᠷᠢᠭᠤᠴᠠᠯᠭ᠎ᠠ᠎ᠡᠭᠦᠷᠭᠡᠯᠡᠵᠦ ᠪᠠᠢᠭ᠎ᠠ ᠵᠠᠯᠠᠭᠤ ᠨᠠᠰᠤᠨ᠎ᠤ ᠴᠣᠭ ᠵᠢᠪᠬᠤᠭ᠎ᠠ᠎ᠶᠢ ᠢᠯᠡᠷᠡᠭᠦᠯᠬᠦ᠎ᠶᠢᠨ ᠲᠥᠯᠥᠭᠡ᠂ ᠲᠥᠪ᠎ᠦᠨ ᠤᠬᠠᠭᠤᠯᠬᠤ ᠬᠡᠯᠲᠡᠰ᠂ ᠬᠦᠮᠦᠨ᠎ᠤ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠡᠴᠡ 《ᠬᠠᠮᠤᠭ᠎ᠤᠨ ᠭᠣᠶᠣ᠌ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠢ᠋ ᠨᠡᠢᠭᠡᠮ ᠳᠠᠶᠠᠭᠠᠷ᠎ᠲᠤ ᠨᠡᠢᠲᠡᠯᠡᠪᠡ᠃

ᠸᠠᠩ ᠸᠧᠢ ᠰᠢᠶᠣᠣ᠂ ᠰᠢᠩ ᠰᠧ ᠷᠦᠢ᠂ ᠯᠢᠦ ᠬᠥᠩ ᠯᠢ᠂ ᠯᠢ ᠫᠢᠩ᠂ ᠴᠢᠦ ᠬᠦᠶ ᠮᠢᠨ᠂ ᠵᠢᠨ ᠭᠤᠸᠠᠨ ᠬᠤᠸᠠ᠂ ᠵᠢᠨ ᠷᠦᠢ ᠷᠦᠢ᠂ ᠼᠤᠤ ᠯᠢ ᠰᠢᠨ᠂ ᠽᠧᠩ ᠵᠧᠩ ᠴᠤᠤ ᠵᠡᠷᠭᠡ 9 ᠨᠥᠬᠥᠷ ᠢᠷᠠᠭᠤ ᠠᠯᠳᠠᠷᠲᠠᠢ᠎ᠪᠠᠷ ᠰᠣᠩᠭᠣᠭᠳᠠᠪᠠ᠃ ᠲᠡᠳᠡ ᠠᠯᠤᠰ ᠬᠡᠲᠦ᠎ᠶᠢᠨ ᠵᠣᠷᠢᠯᠲᠠ᠎ᠲᠠᠢ᠂ ᠯᠠᠪᠳᠠᠭᠤᠨ ᠲᠣᠭᠲᠠᠭᠤᠨ ᠪᠠᠢᠵᠤ᠂ ᠶᠡᠬᠡ ᠳᠡᠭᠡᠳᠦ ᠰᠤᠷᠭᠠᠭᠤᠯᠢ᠎ᠡᠴᠡ ᠲᠡᠭᠦᠰᠦᠭᠰᠡᠨ᠎ᠦ ᠳᠠᠷᠠᠭ᠎ᠠ᠂ ᠦᠨᠳᠦᠰᠦᠨ ᠱᠠᠲᠤᠨ᠎ᠳᠤ ᠭᠦᠨᠵᠡᠭᠡᠢᠷᠡᠬᠦ᠎ᠶᠢ ᠰᠣᠩᠭᠣᠵᠤ᠂ ᠡᠷᠳᠡᠮ ᠮᠡᠳᠡᠯᠭᠡ ᠪᠠ ᠬᠠᠢᠷ᠎ᠠ ᠬᠠᠯᠠᠮᠵᠢ ᠬᠠᠯᠠᠭᠤᠨ ᠰᠡᠳᠬᠢᠯᠭᠡ᠎ᠪᠡᠷ᠎ᠵᠢᠡᠨ ᠣᠯᠠᠨ ᠲᠦᠮᠡᠨ᠎ᠳᠦ ᠦᠢᠯᠡᠴᠢᠯᠡᠵᠦ᠂ ᠵᠠᠷᠢᠮ ᠨᠢ ᠨᠡᠢᠭᠡᠮ ᠲᠣᠭᠣᠷᠢᠭ᠋᠎ᠲᠤ ᠦᠨᠳᠦᠰᠦᠯᠡᠵᠦ ᠰᠠᠭᠤᠭᠠᠯᠢ ᠠᠷᠠᠳ᠎ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠵᠦ᠂ ᠵᠠᠷᠢᠮ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠮᠦᠨ᠎ᠡ ᠹᠷᠣᠨᠲ᠎ᠲᠤ ᠬᠦᠷᠴᠦ ᠣᠯᠠᠨ ᠲᠦᠮᠡᠨ᠎ᠢ ᠳᠠᠭᠠᠭᠤᠯᠤᠨ ᠬᠠᠮᠲᠤ᠎ᠪᠠᠷ ᠪᠠᠶᠠᠵᠢᠵᠦ᠂ ᠵᠠᠷᠢᠮ ᠨᠢ 《ᠬᠠᠳᠬᠤᠮᠠᠯ ᠬᠠᠳᠬᠤᠬᠤ》 ᠡᠷᠳᠡᠮ᠎ᠢᠶᠡᠷ ᠦᠨᠳᠦᠰᠦᠲᠡᠨ᠎ᠦ ᠰᠣᠶᠣᠯ᠎ᠢ ᠤᠯᠠᠮᠵᠢᠯᠠᠵᠤ᠂ ᠵᠠᠷᠢᠮ ᠨᠢ ᠨᠠᠷᠢᠯᠢᠭ ᠰᠠᠢᠬᠠᠨ ᠭᠠᠩᠨᠠᠬᠤ ᠮᠡᠷᠭᠡᠵᠢᠯ᠎ᠢ ᠪᠣᠯᠪᠠᠰᠤᠷᠠᠭᠤᠯᠵᠤ᠂ ᠵᠠᠷᠢᠮ ᠨᠢ ᠪᠠᠭᠰᠢ᠎ᠵᠢᠨ ᠠᠵᠢᠯ᠎ᠤᠨ ᠪᠠᠢᠷᠢ ᠵᠢ ᠪᠠᠲᠤ ᠰᠠᠬᠢᠵᠤ᠂ ᠳᠠᠭᠤᠤ ᠬᠥᠭᠵᠢᠮ᠎ᠢᠶᠡᠷ ᠬᠥᠳᠡᠭᠡ ᠲᠣᠰᠬᠣᠨ᠎ᠤ ᠰᠤᠷᠤᠭ᠍ᠴᠢᠳ᠎ᠤᠨ ᠦᠰᠦᠨ ᠪᠣᠢᠵᠢᠬᠤ ᠬᠦᠰᠡᠯ ᠵᠡᠭᠦᠳᠦ᠎ᠶᠢ ᠭᠡᠷᠡᠯᠲᠦᠭᠦᠯᠵᠦ᠂ ᠵᠠᠷᠢᠮ ᠨᠢ 《ᠡᠬᠡ ᠤᠯᠤᠰ᠎ᠤᠨ ᠬᠠᠮᠤᠭ᠎ᠤᠨ ᠬᠡᠷᠡᠭᠴᠡᠭᠡ᠎ᠲᠠᠢ ᠭᠠᠵᠠᠷ᠎ᠲᠤ ᠣᠴᠢᠬᠤ》 ᠤᠷᠢᠶᠠᠯᠠᠭ᠎ᠠ᠎ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠪᠠᠷᠠᠭᠤᠨ ᠣᠷᠣᠨ᠎ᠳᠤ ᠭᠠᠪᠢᠶ᠎ᠠ ᠪᠠᠶ᠋ᠢᠭᠤᠯᠵᠤ᠂ ᠡᠬᠡ ᠤᠯᠤᠰ᠎ᠤᠨ᠎ᠢᠶᠠᠨ ᠲᠥᠯᠥᠭᠡ ᠵᠢᠳᠭᠦᠵᠦ ᠪᠠᠢᠨ᠎ᠠ ᠁ ᠲᠡᠳᠡᠨ᠎ᠦ ᠲᠡᠷᠢᠭᠦᠨ᠎ᠦ ᠦᠶ᠋ᠯᠡ ᠠᠵᠢᠯᠯᠠᠭ᠎ᠠ ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠵᠠᠯᠠᠭᠤᠴᠤᠳ᠎ᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠳᠦᠷᠰᠦ ᠪᠠᠢᠳᠠᠯ ᠪᠠ ᠤᠯᠤᠰ᠎ᠢᠶᠠᠨ ᠬᠦᠴᠦᠷᠬᠡᠭᠵᠢᠭᠦᠯᠬᠦ᠎ᠳᠦ ᠪᠢ ᠬᠠᠷᠢᠭᠤᠴᠠᠯᠭ᠎ᠠ᠎ᠲᠠᠢ ᠪᠠᠢᠬᠤ᠎ᠡᠭᠦᠷᠭᠡᠯᠡᠯ᠎ᠢ ᠲᠥᠪᠯᠡᠷᠡᠩᠭᠦᠢ ᠢᠯᠡᠷᠡᠭᠦᠯᠪᠡ᠃

ᠥᠷᠭᠡᠨ ᠣᠯᠠᠨ ᠵᠠᠯᠠᠭᠤᠴᠤᠳ᠂ 《ᠬᠠᠮᠤᠭ᠎ᠤᠨ ᠭᠣᠶᠣ᠌ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠤ᠋ᠨ ᠦᠰᠦᠨ ᠪᠣᠢᠵᠢᠭ᠍ᠰᠠᠨ ᠥᠩᠭᠡᠷᠡᠯᠲᠡ ᠨᠢ ᠬᠦᠰᠡᠯ ᠵᠣᠷᠢᠯᠲᠠ᠎ᠲᠠᠢ ᠯᠠ ᠶᠤᠮ ᠪᠣᠯ ᠠᠵᠢᠯ ᠦᠢᠯᠡᠰ᠎ᠲᠠᠢ ᠪᠣᠯᠵᠤ᠂ ᠡᠷᠳᠡᠮ ᠴᠢᠳᠠᠪᠤᠷᠢ᠎ᠲᠠᠢ ᠯᠠ ᠶᠤᠮ ᠪᠣᠯ ᠲᠠᠪᠴᠠᠩ᠎ᠲᠠᠢ ᠪᠣᠯᠵᠤ ᠴᠢᠳᠠᠨ᠎ᠠ ᠭᠡᠳᠡᠭ᠎ᠢ ᠬᠠᠷᠠᠭᠤᠯᠪᠠ᠃ 《ᠬᠠᠮᠤᠭ᠎ᠤᠨ ᠭᠤᠶᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠵᠢᠡᠷ ᠳᠠᠭᠤᠷᠢᠶᠠᠯ ᠪᠣᠯᠭᠠᠵᠤ᠂ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠪᠠᠢᠷᠢ ᠲᠣᠭᠲᠠᠭᠠᠯᠲᠠ᠎ᠪᠠᠨ ᠣᠨᠣᠪᠴᠢᠲᠠᠢ ᠣᠯᠵᠤ᠂ ᠯᠠᠪᠳᠠᠭᠤᠨ ᠪᠠᠲᠤᠲᠠᠢ ᠲᠡᠮᠡᠴᠡᠵᠦ᠂ ᠬᠤᠪᠢ ᠬᠥᠮᠥᠨ᠎ᠦ ᠬᠦᠰᠡᠯᠡᠩ ᠬᠥᠭᠡᠭᠡᠴᠡᠯᠳᠦᠯ᠎ᠢᠶᠡᠨ ᠨᠠᠮ ᠪᠣᠯᠣᠨ ᠤᠯᠤᠰ᠎ᠤᠨ ᠠᠵᠢᠯ ᠦᠢᠯᠡᠰ᠎ᠲᠦ ᠠᠭᠤᠰᠤᠯᠴᠠᠭᠤᠯᠵᠤ᠂ ᠨᠠᠮ᠂ ᠡᠬᠡ ᠤᠯᠤᠰ᠂ ᠠᠷᠠᠳ ᠲᠦᠮᠡᠨ᠎ᠳᠡᠭᠡᠨ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠢᠯᠡᠳᠭᠡᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠪᠠ ᠠᠵᠤ ᠠᠬᠤᠢᠯᠠᠯᠲᠠᠨ᠎ᠤ ᠲᠥᠯᠥᠭᠡᠯᠡᠭᠴᠢ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠠᠵᠢᠯ᠎ᠢ ᠦᠨᠡᠨ ᠬᠦ᠌ ᠰᠠᠢᠲᠤᠷ ᠬᠢᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠷᠭ᠎ᠠ ᠪᠦᠬᠦᠨ᠎ᠢ ᠰᠦᠪᠡᠭᠴᠢᠯᠡᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠢ ᠬᠠᠪᠰᠤᠷᠤᠨ ᠠᠵᠢᠯ ᠣᠯᠭᠣᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠨᠠᠮ ᠪᠠ ᠠᠷᠠᠳ ᠲᠦᠮᠡᠨ᠎ᠤ ᠲᠦᠯᠦᠭᠡ ᠭᠠᠪᠢᠶ᠎ᠠ ᠪᠠᠢᠭᠤᠯᠤᠨ ᠦᠢᠯᠡᠰ ᠪᠤᠰᠬᠠᠬᠤ᠎ᠶᠢ ᠬᠠᠯᠠᠭᠤᠨ᠎ᠢᠶᠠᠷ ᠳᠡᠮᠵᠢᠨ᠎ᠡ ᠭᠡᠵᠦ ᠢᠯᠡᠳᠭᠡᠪᠡ᠃

ᠨᠡᠢᠲᠡᠯᠡᠬᠦ ᠶᠣᠰᠣᠯᠠᠯ᠎ᠤᠨ ᠠᠬᠤᠢ ᠲᠠᠯᠠᠪᠠᠶ᠎ᠳᠤ 《ᠬᠠᠮᠤᠭ᠎ᠤᠨ ᠭᠣᠶᠣ᠌ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠤ᠋ᠨ ᠲᠡᠷᠢᠭᠦᠨ᠎ᠦ ᠦᠶ᠋ᠯᠡ ᠠᠵᠢᠯᠯᠠᠭ᠎ᠠ᠎ᠶᠢᠨ ᠸᠢᠳᠢᠤ᠋ ᠹᠢᠯᠢᠮ᠎ᠢ ᠨᠠᠪᠲᠠᠷᠡᠭᠦᠯᠵᠦ᠂ ᠲᠡᠳᠡᠨ᠎ᠦ ᠰᠤᠷᠤᠯᠴᠠᠬᠤ᠂ ᠠᠵᠢᠯᠯᠠᠬᠤ ᠠᠷᠭ᠎ᠠ ᠵᠢᠴᠢ ᠠᠮᠢᠳᠤᠷᠠᠯ᠎ᠤᠨ ᠲᠥᠷᠥᠭᠳᠡᠯ᠎ᠢ ᠣᠯᠠᠨ ᠲᠠᠯ᠎ᠠ᠎ᠡᠴᠡ ᠶᠠᠷᠢᠵᠠᠢ᠃ ᠲᠥᠪ᠎ᠦᠨ ᠤᠬᠠᠭᠤᠯᠬᠤ ᠬᠡᠯᠲᠡᠰ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠬᠠᠷᠢᠭᠤᠴᠠᠯᠭᠠᠲᠠᠨ ᠨᠥᠬᠥᠳ ᠲᠡᠳᠡᠨ᠎ᠳᠦ 《ᠬᠠᠮᠤᠭ᠎ᠤᠨ ᠭᠣᠶᠣ᠌ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ》 ᠤ᠋ᠨ ᠦᠨᠡᠮᠯᠡᠯ ᠣᠯᠭᠣᠪᠠ᠃

(ᠰᠢᠠᠬᠣᠸᠠ ᠬᠤᠷᠢᠶ᠎ᠠ᠎ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号