ᠬᠥᠬᠡᠬᠣᠲᠠ ᠴᠡᠷᠢᠭ ᠎ᠢᠶᠡᠨ ᠬᠦᠷᠢᠶᠡᠯᠡᠬᠦ᠌ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠢ ᠴᠢᠷᠮᠠᠢᠨ ᠪᠦᠷᠢᠯᠳᠦᠭᠦᠯᠵᠤ ᠪᠤᠢ
2026-02-12 11:39:00
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

 2026 ᠣᠨ᠎ᠤ ᠬᠥᠬᠡᠬᠣᠲᠠ᠎ᠶ᠋ᠢᠨ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠳᠠᠢᠴᠢᠯᠠᠯᠲᠠ᠎ᠶ᠋ᠢᠨ ᠬᠤᠷᠠᠯ ᠵᠢᠴᠢ ᠬᠥᠬᠡᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ᠎ᠤᠨ ᠠᠩᠬᠠᠳᠤᠭᠠᠷ ᠬᠤᠭᠤᠴᠠᠭᠠᠨ᠎ᠤ ᠳᠥᠷᠪᠡᠳᠦᠭᠡᠷ ᠤᠳᠠᠭ᠎ᠠ ᠎ᠶ᠋ᠢᠨ ᠭᠡᠱᠢᠭᠦᠳ᠎ᠦᠨ ᠬᠤᠷᠠᠯ ᠡᠮᠦᠨᠡᠬᠡᠨ ᠬᠥᠬᠡᠬᠣᠲᠠ᠎ᠶ᠋ᠢᠨ ᠨᠡᠢᠭᠡᠮᠴᠢᠯᠡᠭ᠌ᠰᠡᠨ ᠴᠡᠷᠢᠭ ᠎ᠢᠶᠡᠨ ᠬᠦᠷᠢᠶᠡᠯᠡᠬᠦ᠌ ᠦᠶ᠋ᠯᠡᠴᠢᠯᠡᠭᠡᠨ ᠎ᠦ ᠵᠢᠱ᠌ᠢᠶ᠎ᠡ ᠦᠵᠡᠭᠦᠯᠬᠦ᠌ ᠬᠦᠷᠢᠶᠡᠯᠡᠩ᠎ᠳᠦ ᠬᠤᠷᠠᠯᠳᠤᠪᠠ᠃ ᠬᠥᠬᠡᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ᠎ᠤᠨ ᠭᠡᠱᠢᠭᠦᠨ ᠨᠢᠭᠡᠴᠢ᠎ᠶ᠋ᠢᠨ ᠬᠠᠷᠢᠭᠤᠴᠠᠯᠭᠠᠲᠠᠨ ᠵᠢᠴᠢ ᠡᠯ᠎ᠡ ᠬᠤᠳᠠᠯᠳᠤᠭᠠᠴᠢᠳ᠎ᠤᠨ ᠨᠡᠢᠭᠡᠮᠯᠢᠭ᠂ ᠴᠡᠷᠢᠭ᠎ᠢᠶᠡᠨ ᠬᠦᠷᠢᠶᠡᠯᠡᠬᠦ᠌ ᠠᠵᠤ ᠠᠬᠤᠢᠯᠠᠯ᠎ᠤᠨ ᠲᠥᠯᠥᠭᠡᠯᠡᠭ᠌ᠴᠢ ᠵᠡᠷᠭᠡ 100 ᠭᠠᠷᠤᠢ ᠬᠥᠮᠦᠨ ᠬᠤᠷᠠᠯ᠎ᠳᠤ ᠣᠷᠣᠯᠴᠠᠵᠠᠢ᠃

ᠥᠩᠭᠡᠷᠡᠭ᠌ᠰᠡᠨ ᠨᠢᠭᠡ ᠵᠢᠯ᠎ᠳᠦ᠂ ᠬᠥᠬᠡᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠬᠡᠮᠯᠢᠭ᠎ᠤᠨ ᠬᠢᠨ ᠪᠥᠬᠥ᠌ ᠤᠯᠤᠰ᠎ᠤᠨ ᠬᠣᠶᠠᠷ᠎ᠢ ᠬᠦᠷᠢᠶᠡᠯᠡᠬᠦ᠌ ᠵᠢᠱ᠌ᠢᠶᠡᠴᠢ ᠬᠣᠲᠠ᠎ᠶ᠋ᠢ ᠡᠭᠦᠳᠦᠨ ᠪᠠᠢᠭᠤᠯᠬᠤ᠎ᠪᠠᠷ ᠬᠥᠲᠥᠯᠦᠮᠵᠢ ᠪᠣᠯᠭᠠᠵᠤ᠂ ᠣᠷᠣᠨ᠎ᠤ ᠲᠥᠪ ᠤ᠋ᠨ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠠᠵᠢᠯ ᠤ᠋ᠨ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠵᠤ᠂ ᠪᠥᠬᠥ᠌ ᠲᠠᠯ᠎ᠠ᠎ᠶ᠋ᠢᠨ᠂ ᠣᠯᠠᠨ ᠲᠠᠰ ᠳᠠᠪᠬᠤᠷᠭ᠎ᠠ᠎ᠶ᠋ᠢᠨ᠂ ᠣᠯᠠᠨ ᠬᠦᠷᠢᠶ᠎ᠠ ᠴᠠᠷᠠᠭᠠᠨ᠎ᠦ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠯᠳᠦᠭᠦᠯᠵᠡᠶ᠃ ᠬᠤᠷᠠᠯ ᠲᠡᠭᠡᠷ᠎ᠠ᠂ ᠬᠣᠲᠠ᠂ ᠲᠣᠭᠣᠷᠢᠭ ᠬᠣᠶᠠᠷ ᠱᠠᠲᠤᠨ᠎ᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ ᠎ᠤᠨ ᠶᠠᠪᠤᠳᠠᠯ᠎ᠤᠨ ᠲᠣᠪᠴᠢᠶ᠎ᠠ᠂ ᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ ᠡᠴᠨ 7 ᠬᠤᠳᠠᠯᠳᠤᠭᠠᠴᠢᠳ ᠎ᠤᠨ ᠨᠡᠢᠭᠡᠮᠯᠢᠭ᠂ 8 ᠴᠡᠷᠢᠭ᠎ᠢᠶᠡᠨ ᠬᠦᠷᠢᠶᠡᠯᠡᠬᠦ᠌ ᠠᠵᠤ ᠠᠬᠤᠢᠯᠠᠯ᠎ᠲᠠᠢ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠦᠶ᠋ᠯᠡᠴᠢᠯᠡᠭᠡᠨ᠎ᠦ ᠰᠠᠨᠠᠮᠵᠢ᠎ᠶ᠋ᠢᠨ ᠪᠢᠴᠢᠭ᠎ᠲᠦ ᠭᠠᠷ᠎ᠤᠨ ᠥᠰᠥᠭ ᠵᠢᠷᠤᠪᠠ᠃

2026 ᠣᠨ᠎ᠳᠤ᠂ ᠬᠥᠬᠡᠬᠣᠲᠠ᠎ᠶ᠋ᠢᠨ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠷᠢᠶᠡᠯᠡᠬᠦ᠌᠎ᠶ᠋ᠢ ᠠᠬᠢᠭᠤᠯᠬᠤ ᠨᠡᠢᠭᠡᠮᠯᠢᠭ᠎ᠤᠨ ᠬᠢᠨ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢᠨ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠵᠢᠭ᠍ᠰᠠᠭᠠᠯ ᠎ᠤᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠨᠥᠯᠥᠭᠡᠯᠡᠬᠦ᠌ ᠬᠦᠴᠦᠨ᠎ᠢ ᠥᠷᠭᠡᠳᠭᠡᠵᠦ᠍᠂ ᠨᠡᠢᠭᠡᠮᠴᠢᠯᠡᠭ᠌ᠰᠡᠨ ᠴᠡᠷᠢᠭ᠎ᠢᠶᠡᠨ ᠬᠦᠷᠢᠶᠡᠯᠡᠬᠦ᠌ ᠠᠵᠢᠯ᠎ᠢ ᠳᠠᠬᠢᠨ ᠱᠢᠨ᠎ᠡ ᠳᠡᠭ᠌ᠲᠡᠷ᠎ᠲᠦ ᠭᠠᠷᠭᠠᠬᠤ᠎ᠪᠠᠷ ᠴᠢᠷᠮᠠᠢᠵᠤ᠂ ᠱᠢᠨ᠎ᠡ ᠴᠠᠭ ᠦᠶ᠎ᠡ᠎ᠶ᠋ᠢᠨ ᠤᠷᠤᠨ ᠤ᠋ ᠲᠥᠪ ᠤ᠋ᠨ ᠬᠣᠶᠠᠷ᠎ᠢ ᠬᠦᠷᠢᠶᠡᠯᠡᠬᠦ᠌ ᠠᠵᠢᠯ᠎ᠳᠤ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ᠃ 


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号