《ᠪᠤᠭᠤᠷᠤᠯᠴᠤᠳ ᠤᠷᠠᠨ ᠪᠢᠴᠢᠯᠭᠡ ᠪᠡᠷ ᠴᠠᠭᠠᠨ ᠰᠠᠷ᠎ᠠ᠎ᠶ᠋ᠢᠨ ᠵᠦᠩᠨᠡᠯ ᠲᠡᠪᠰᠢᠬᠦᠯᠵᠦ ᠬᠠᠢᠷ᠎ᠠ ᠰᠡᠳᠬᠢᠯᠬᠡ᠎ᠶᠢ ᠳᠠᠮᠵᠢᠭᠤᠯᠬᠤ 》 ᠠᠵᠢᠯᠯᠠᠭ᠎ᠠ ᠶᠠᠪᠤᠬᠳᠠᠪᠠ
2026-02-12 11:48:25
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

 ᠣᠢᠷ᠎ᠠ᠎ᠳᠤ᠂ ᠥᠪᠥᠷ ᠮᠣᠩᠭᠣᠯ᠎ᠤᠨ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ ᠲᠥᠪ 《ᠪᠤᠭᠤᠷᠤᠯᠴᠤᠳ ᠤᠷᠠᠨ ᠪᠢᠴᠢᠯᠭᠡ ᠪᠡᠷ  ᠴᠠᠭᠠᠨ ᠰᠠᠷ᠎ᠠ᠎ᠶ᠋ᠢᠨ ᠮᠡᠨᠳᠦᠴᠢᠯᠡᠯ  ᠲᠡᠪᠰᠢᠬᠦᠯᠵᠦ ᠬᠠᠢᠷ᠎ᠠ ᠰᠡᠳᠬᠢᠯᠬᠡ᠎ᠶᠢ ᠳᠠᠮᠵᠢᠭᠤᠯᠬᠤ》 ᠠᠵᠢᠯᠯᠠᠭ᠎ᠠ᠎ᠡᠷᠭᠢᠯᠡᠵᠦ᠍ ᠂ 30 ᠭᠠᠷᠤᠶ ᠠᠬᠠᠮᠠᠳ ᠤᠷᠠᠨ ᠪᠢᠴᠢᠯᠭᠡᠲᠡᠨ᠎ᠢ ᠤᠷᠢᠵᠤ ᠲᠤᠬᠠᠶ᠎ᠶ᠋ᠢᠨ ᠲᠠᠯᠠᠪᠠᠶ᠎ᠵᠢᠨ ᠵᠣᠬᠢᠶᠠᠨ ᠪᠦᠲᠦᠭᠡᠯᠭᠡ᠎ᠳᠤ ᠤᠷᠤᠯᠴᠠᠭᠤᠯᠪᠠ᠃ ᠣᠯᠠᠨ᠎ᠢᠶᠠᠷ᠎ᠢᠶᠠᠨ ᠤᠷᠠᠨ ᠪᠢᠴᠢᠯᠭᠡ᠎ᠵᠢᠨ ᠳᠤᠮᠳᠠ᠎ᠠᠴᠠ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠬᠠᠮᠲᠤ᠎ᠪᠠᠷ ᠮᠡᠳᠡᠷᠡᠵᠦ᠍᠂ ᠴᠠᠭᠠᠨ ᠰᠠᠷ᠎ᠠ ᠪᠠᠨ ᠪᠠᠶᠠᠷᠯᠠᠨ ᠤᠭ᠍ᠲᠤᠬᠤ ᠥᠳᠭᠡᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠤᠷᠠᠨ ᠪᠢᠴᠢᠯᠭᠡᠲᠡᠳ ᠥᠯᠵᠡᠶ ᠪᠡᠯᠭᠡ᠎ᠶ᠋ᠢ ᠪᠡᠯᠭᠡᠳᠡᠭ᠌ᠰᠡᠨ ᠬᠤᠤᠰ ᠤᠶᠠᠩᠭ᠎ᠠ ᠪᠠ 《ᠪᠤᠶᠠᠨ 》 ᠥᠰᠥᠭ᠎ᠢ ᠤᠯᠠᠭᠠᠨ ᠴᠠᠭᠠᠰᠤᠨ ᠳᠡᠭᠡᠷ᠎ᠠ ᠳᠤᠳᠤᠷᠠᠭᠤᠯᠤᠨ ᠪᠢᠴᠢᠵᠦ᠂ ᠠᠵᠢᠯᠯᠠᠭ᠎ᠠ᠎ᠳᠤ ᠣᠷᠣᠯᠴᠠᠬᠤ᠎ᠪᠠᠷ ᠢᠷᠡᠭ᠌ᠰᠡᠨ ᠠᠬᠠᠮᠠᠳ ᠨᠥᠬᠥᠳ ᠤᠷᠠᠨ ᠪᠢᠴᠢᠯᠭᠡ᠎ᠶ᠋ᠢᠨ ᠵᠣᠬᠢᠶᠠᠨ ᠪᠦᠲᠦᠭᠡᠯᠭᠡ᠎ᠶ᠋ᠢ ᠪᠠᠬᠠᠷᠬᠠᠨ ᠰᠣᠨᠢᠷᠬᠠᠬᠤ ᠪᠤᠶᠤ ᠬᠣᠣᠰ ᠤᠶᠠᠩᠭ᠎ᠠ᠎ᠵᠢ ᠳᠡᠯᠭᠡᠨ ᠬᠠᠲᠠᠭᠠᠵᠦ᠂ ᠤᠷᠠᠨ ᠪᠢᠴᠢᠯᠭᠡ᠎ᠵᠢᠨ ᠳᠤᠮᠳᠠ ᠤᠯᠠᠨ ᠵᠢᠡᠷ ᠵᠢᠡᠨ ᠤᠷ᠎ᠠ ᠮᠡᠷᠭᠡᠵᠢᠯ᠎ᠢᠶᠡᠨ ᠰᠣᠯᠢᠯᠴᠠᠵᠤ᠂ ᠬᠠᠢᠷ᠎ᠠ ᠰᠡᠳᠬᠢᠯᠭᠡ᠎ᠵᠢ ᠳᠠᠮᠵᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠭᠦᠨ ᠵᠤᠵᠠᠭᠠᠨ ᠨᠥᠬᠥᠷᠯᠡᠯ ᠎ᠢ ᠠᠮᠢᠳᠤᠯᠢᠭ᠎ᠢᠶᠠᠷ ᠢᠯᠡᠷᠡᠭᠦᠯᠪᠡ᠃ ᠡᠨᠡ᠎ᠬᠦ ᠠᠵᠢᠯᠯᠠᠭ᠎ᠠ ᠨᠢ ᠴᠠᠭᠠᠨ ᠰᠠᠷ᠎ᠠ᠎ᠶ᠋ᠢᠨ ᠬᠣᠣᠰ ᠤᠶᠠᠩᠭ᠎ᠠ᠎ᠪᠠᠷ ᠬᠣᠯᠪᠣᠭᠠᠰᠤ ᠪᠣᠯᠭᠠᠵᠤ᠂ ᠠᠬᠠᠮᠠᠳ ᠨᠥᠬᠥᠳ᠎ᠲᠤ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠬᠦ᠌᠎ᠶ᠋ᠢᠨ ᠬᠠᠮᠲᠤ 《ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠢᠴᠢᠵᠦ᠍ ᠮᠡᠨᠳᠦᠴᠢᠯᠡᠯ ᠳᠡᠪᠱᠢᠭᠦᠯᠬᠦ᠌ 》 ᠬᠡᠯᠪᠡᠷᠢ᠎ᠪᠡᠷ ᠳᠠᠮᠵᠢᠨ ᠰᠣᠯᠢᠯᠴᠠᠨ ᠬᠤᠷᠱᠢᠯᠴᠠᠬᠤ ᠲᠠᠪᠴᠠᠩ᠎ᠢ ᠪᠠᠢᠭᠤᠯᠵᠤ᠂ ᠠᠬᠠᠮᠠᠳ ᠨᠥᠬᠥᠳ᠎ᠦᠨ ᠵᠢᠷᠭᠠᠯᠲᠤ ᠲᠦᠷᠦᠭ᠌ᠳᠡᠯ᠎ᠢ ᠤᠯᠠᠮ ᠴᠢᠨᠠᠭ᠍ᠰᠢᠳᠠ ᠨᠡᠮᠡᠭ᠌ᠳᠡᠭᠦᠯᠪᠡ᠃

ᠬᠤᠢᠰᠢᠳᠠ ᠠᠬᠠᠮᠠᠳ ᠺᠠᠳ᠋ᠷᠴᠤᠳ᠎ᠤᠨ ᠠᠵᠢᠯᠯᠠᠭᠠᠨ᠎ᠤ ᠲᠥᠪ᠎ᠤᠨ ᠬᠢᠨ ᠦᠶ᠋ᠯᠡᠴᠢᠯᠡᠭᠡᠨ᠎ᠦ ᠬᠡᠯᠪᠡᠷᠢ᠎ᠪᠡᠨ ᠦᠷᠭᠦᠯᠵᠢᠯᠡᠨ ᠱᠢᠨᠡᠴᠢᠯᠡᠵᠦ᠍᠂ 《ᠰᠣᠶᠣᠯ᠎ᠢᠶᠠᠷ ᠨᠠᠰᠤᠲᠠᠨ᠎ᠢ ᠠᠰᠠᠷᠠᠬᠤ》 ᠠᠭᠤᠯᠤᠭ᠍ᠳᠠᠬᠤᠨ᠎ᠢᠶᠠᠨ ᠭᠦᠨᠵᠡᠭᠡᠢᠷᠡᠭᠦᠯᠵᠦ᠍᠂ ᠨᠠᠩ ᠣᠯᠠᠨ ᠠᠬᠠᠮᠠᠳ ᠨᠥᠬᠥᠳ᠎ᠤᠨ ᠠᠪᠢᠶᠠᠰ ᠴᠢᠳᠠᠪᠤᠷᠢ᠎ᠪᠠᠨ ᠪᠠᠳᠠᠷᠠᠭᠤᠯᠵᠤ᠂ ᠨᠡᠢᠭᠡᠮ ᠨᠡᠢᠲᠡ᠎ᠳᠦ ᠦᠶ᠋ᠯᠡᠴᠢᠯᠡᠨ᠂ 《ᠪᠤᠭᠤᠷᠤᠯᠴᠤᠳ᠎ᠤᠨ ᠬᠦᠴᠦᠨ ᠴᠢᠳᠠᠯ᠎ᠢᠶᠠᠨ ᠡᠷᠭᠦᠬᠦ᠌ 》 ᠵᠢ ᠬᠦᠲᠦᠯᠦᠨ ᠵᠢᠯᠤᠭᠤᠳᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号