2 ᠰᠠᠷ᠎ᠠ᠎ᠶᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨᠤ
ᠨᠡᠢᠭᠡᠮᠯᠢᠭ᠎ᠡᠴᠡ ᠣᠢᠯᠠᠭᠠᠭᠰᠠᠨ᠎ᠢᠶᠠᠷ᠂ ᠣᠲᠣ᠌ ᠪᠣᠯᠲᠠᠯ᠎ᠠ ᠪᠥᠬᠥ ᠣᠷᠣᠨ᠎ᠳᠤ ᠤᠯᠠᠭᠠᠨ ᠵᠠᠭᠠᠯᠮᠠᠶ᠋ᠢᠲᠠᠨᠤ
ᠡᠳ᠋ ᠪᠣᠳᠠᠰ ᠨᠦᠭᠡᠴᠡᠯᠡᠭᠦ ᠬᠦᠮᠦᠷᠭᠡ ᠶ᠋ᠢ 34 ᠪᠠᠢᠭᠤᠯᠪᠡ᠂ ᠡᠭᠦᠨ᠎ᠳᠦ ᠨᠢᠭᠡᠳᠦᠭᠡᠷ ᠳᠡᠰ᠎ᠤᠨ ᠬᠥᠮᠥᠷᠭᠡ
1᠂ ᠬᠣᠶᠠᠳᠤᠭᠠᠷ ᠳᠡᠰ᠎ᠤᠨ ᠬᠥᠮᠥᠷᠭᠡ 4᠂ ᠭᠤᠷᠪᠠᠳᠤᠭᠠᠷ᠂ ᠳᠥᠷᠪᠡᠳᠦᠭᠡᠷ ᠳᠡᠰ᠎ᠤᠨ ᠬᠥᠮᠥᠷᠭᠡ 29 ᠪᠠᠢᠵᠤ᠂ ᠪᠥᠬᠥ
ᠣᠷᠣᠨ᠎ᠤ 12 ᠠᠢᠮᠠᠭ ᠬᠣᠲᠠ᠎ᠶᠢ ᠬᠠᠮᠤᠷᠤᠭᠰᠠᠨ ᠤᠯᠠᠭᠠᠨ ᠵᠠᠭᠠᠯᠮᠠᠶ᠋ᠢᠲᠠᠨᠤ ᠡᠳ᠋ ᠪᠣᠳᠠᠰ ᠨᠦᠭᠡᠴᠡᠯᠡᠭᠦ
ᠬᠦᠮᠦᠷᠭᠡ᠎ᠶᠢᠨ ᠲᠦᠷᠪᠡᠨ ᠳᠡᠰ᠎ᠤᠨ ᠰᠦᠯᠵᠢᠶ᠎ᠡ᠎ᠶᠢ ᠪᠠᠢᠭᠤᠯᠵᠤ᠂ ᠪᠠᠢᠭᠠᠯᠢ᠎ᠶᠢᠨ ᠭᠠᠮᠰᠢᠭ᠋᠂ ᠣᠯᠠᠨ ᠨᠡᠶ᠋ᠢᠲᠡ᠎ᠶᠢᠨ
ᠡᠷᠡᠭᠦᠯ ᠬᠠᠮᠠᠭᠠᠯᠠᠯ᠎ᠤᠨ ᠭᠡᠨᠡᠳᠲᠡ᠎ᠶᠢᠨ ᠬᠡᠷᠡᠭ᠎ᠢ ᠠᠷᠭᠠᠴᠠᠭᠠᠬᠤ᠎ᠳᠤ ᠤᠯᠠᠭᠠᠨ ᠵᠠᠭᠠᠯᠮᠠᠶ᠋ᠢᠲᠠᠨᠤ ᠡᠳ᠋
ᠪᠣᠳᠠᠰ᠎ᠤᠨ ᠪᠠᠲᠤᠯᠠᠭ᠎ᠠ ᠬᠠᠩᠭᠠᠵᠤ ᠪᠠᠢᠨ᠎ᠠ᠃
ᠲᠠᠨᠢᠯᠴᠠᠭᠤᠯᠤᠭᠰᠠᠨ᠎ᠢᠶᠠᠷ᠂
《ᠠᠷᠪᠠᠨ ᠳᠥᠷᠪᠡᠳᠦᠭᠡᠷ ᠲᠠᠪᠤᠨ ᠵᠢᠯ》᠎ᠦᠨ ᠬᠤᠭᠤᠴᠠᠭᠠᠨ᠎ᠳᠤ᠂
ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨᠤ ᠨᠡᠢᠭᠡᠮᠯᠢᠭ 《ᠳᠤᠮᠳᠠᠳᠤ ᠤᠯᠤᠰ᠎ᠤᠨ ᠣᠨᠴᠠᠯᠢᠭ᠋ ᠪᠦᠬᠦᠢ ᠤᠯᠠᠭᠠᠨ ᠵᠠᠭᠠᠯᠮᠠᠶ᠋ᠢᠲᠠᠨᠤ ᠦᠢᠯᠡᠰ᠎ᠦᠨ
ᠴᠢᠨᠠᠷ ᠰᠠᠢᠲᠠᠢ ᠬᠥᠭᠵᠢᠯᠲᠡ᠎ᠶᠢᠨ ᠭᠤᠷᠪᠠᠨ ᠵᠢᠯ᠎ᠦᠨ ᠠᠵᠢᠯᠯᠠᠭᠠᠨ᠎ᠤ ᠲᠥᠯᠥᠪᠯᠡᠭᠡ (2022 — 2024 ᠣᠨ)》 《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠶ᠋ᠢᠲᠠᠨᠤ ᠦᠢᠯᠡᠰ᠎ᠦᠨ ᠬᠥᠭᠵᠢᠯᠲᠡ᠎ᠶᠢᠨ 〈ᠠᠷᠪᠠᠨ ᠳᠥᠷᠪᠡᠳᠦᠭᠡᠷ
ᠲᠠᠪᠤᠨ ᠵᠢᠯ〉᠎ᠦᠨ ᠲᠥᠯᠦᠪᠵᠢᠭᠦᠯᠭᠡ (2021— 2025 ᠣᠨ)》᠎ᠶᠢ ᠯᠠᠪᠳᠠᠭᠤᠨ ᠪᠠᠲᠤᠲᠠᠢ ᠬᠡᠷᠡᠭᠵᠢᠭᠦᠯᠵᠦ᠂ ᠪᠠᠴᠢᠮ ᠪᠠᠢᠳᠠᠯ᠎ᠢ ᠠᠷᠭᠠᠴᠠᠭᠠᠬᠤ ᠡᠳ᠋
ᠪᠣᠳᠠᠰ᠎ᠤᠨ ᠪᠠᠲᠤᠯᠠᠭ᠎ᠠ᠎ᠶᠢᠨ ᠴᠢᠳᠠᠪᠤᠷᠢ᠎ᠶᠢᠨ ᠪᠠᠢᠭᠤᠯᠤᠯᠲᠠ᠎ᠶᠢ ᠴᠢᠬᠤᠯᠠ ᠶᠡᠬᠡ ᠤᠯᠤᠰ ᠲᠥᠷᠥ᠎ᠶᠢᠨ ᠡᠭᠦᠷᠭᠡ
ᠪᠠ ᠤᠯᠤᠰ ᠲᠥᠷᠥ᠎ᠶᠢᠨ ᠬᠠᠷᠢᠭᠤᠴᠠᠯᠭ᠎ᠠ ᠪᠣᠯᠭᠠᠵᠤ᠂ 《ᠰᠢᠨ᠎ᠡ ᠴᠠᠭ ᠦᠶ᠎ᠡ᠎ᠶᠢᠨ
ᠤᠯᠠᠭᠠᠨ ᠵᠠᠭᠠᠯᠮᠠᠶ᠋ᠢᠲᠠᠨᠤ ᠨᠡᠢᠭᠡᠮᠯᠢᠭ᠎ᠦᠨ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠣᠳᠠᠰᠨᠥᠭᠡᠴᠡᠯᠡᠬᠦ
ᠬᠥᠮᠥᠷᠭᠡ᠎ᠶᠢᠨ ᠰᠢᠰᠲᠧᠮ᠎ᠤᠨ ᠪᠠᠢᠭᠤᠯᠤᠯᠲᠠ᠎ᠶᠢ ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠤᠯᠠᠭᠠᠨ
ᠵᠠᠭᠠᠯᠮᠠᠶ᠋ᠢᠲᠠᠨᠤ ᠨᠡᠢᠭᠡᠮᠯᠢᠭ᠎ᠦᠨ ᠬᠡᠷᠡᠭᠵᠢᠭᠦᠯᠬᠦ ᠲᠥᠰᠥᠯ (ᠲᠤᠷᠰᠢᠨ
ᠬᠡᠷᠡᠭᠵᠢᠭᠦᠯᠬᠦ)》᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠪᠥᠬᠥ
ᠰᠢᠰᠲᠧᠮ᠎ᠦᠨ ᠬᠦᠴᠦᠨ᠎ᠢ ᠵᠣᠬᠢᠶᠠᠨ ᠪᠠᠢᠭᠤᠯᠤᠨ ᠬᠠᠮᠢᠶ᠎ᠠ ᠪᠦᠬᠦᠢ ᠳᠦᠷᠢᠮ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠵᠦ᠂
ᠡᠬᠢ ᠪᠠᠶᠠᠯᠢᠭ᠋᠎ᠢ ᠡᠮᠬᠢᠯᠡᠨ ᠨᠡᠢᠳᠭᠡᠵᠦ᠂ 《ᠠᠷᠪᠠᠨ ᠳᠥᠷᠪᠡᠳᠦᠭᠡᠷ
ᠲᠠᠪᠤᠨ ᠵᠢᠯ》᠎ᠤᠨ ᠬᠤᠭᠤᠴᠠᠭᠠᠨ᠎ᠳᠠᠬᠢ ᠤᠯᠠᠭᠠᠨ ᠵᠠᠭᠠᠯᠮᠠᠶ᠋ᠢᠲᠠᠨᠤ
ᠡᠳ᠋ ᠪᠣᠳᠠᠰ ᠨᠥᠭᠡᠴᠡᠯᠡᠬᠦ ᠬᠥᠮᠥᠷᠭᠡ᠎ᠶᠢᠨ ᠪᠠᠷᠢᠮᠵᠢᠶᠠᠵᠢᠭᠤᠯᠬᠤ ᠪᠠᠢᠭᠤᠯᠤᠯᠲᠠ᠎ᠶᠢᠨ ᠬᠠᠷᠠᠯᠲᠠ ᠡᠭᠦᠷᠭᠡ᠎ᠶᠢ
ᠳᠠᠪᠠᠭᠤᠯᠤᠨ ᠪᠡᠶᠡᠯᠡᠭᠦᠯᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号