《ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷᠴᠢᠯᠡᠭᠰᠡᠨ
ᠬᠠᠤᠯᠢᠵᠢᠭ᠍ᠰᠠᠨ ᠳᠡᠯᠡᠬᠡᠢᠵᠢᠭᠰᠡᠨ
ᠲᠡᠷᠢᠭᠦᠨ ᠵᠡᠷᠭᠡ ᠵᠢᠨ ᠬᠤᠳᠠᠯᠳᠤᠭ᠎ᠠ ᠡᠷᠬᠢᠯᠡᠬᠦ
ᠣᠷᠴᠢᠨ ᠨᠥᠬᠥᠴᠡᠯ᠎ᠢ
ᠲᠦᠷᠭᠡᠳᠬᠡᠨ ᠪᠠᠢᠭᠤᠯᠬᠤ ᠬᠡᠷᠡᠭᠵᠢᠭᠦᠯᠬᠦ ᠲᠥᠰᠥᠯ》᠎ᠢ
ᠳᠠᠷᠤᠮᠠᠯᠯᠠᠨ
ᠲᠠᠷᠬᠠᠭᠠᠬᠤ ᠲᠤᠬᠠᠢ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ
ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠪᠥᠷ ᠮᠤᠩᠭᠤᠯ᠎ᠤᠨ ᠦᠪᠡᠷᠳᠡᠭᠡᠨ
ᠵᠠᠰᠠᠬᠤ ᠤᠷᠤᠨ᠎ᠤ ᠠᠷᠠᠳ᠎ᠤᠨ ᠵᠠᠰᠠᠬ᠎ᠤᠨ
ᠤᠷᠳᠤᠨ᠎ᠤ ᠲᠠᠷᠬᠠᠭᠠᠭᠰᠠᠨ [2026] 4 ᠳ᠋ᠤᠭᠡᠷ ᠲᠣᠭᠠᠲᠤ
ᠡᠯ᠎ᠡ
ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ
ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂
ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠎ᠳᠦ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠵᠠᠬ᠎ᠠ ᠳᠡᠯᠭᠡᠭᠦᠷᠴᠢᠯᠡᠭᠰᠡᠨ ᠬᠠᠤᠯᠢᠵᠢᠭ᠍ᠰᠠᠨ ᠳᠡᠯᠡᠬᠡᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ ᠢ ᠲᠦᠷᠭᠡᠳᠬᠡᠨ ᠪᠠᠢᠭᠤᠯᠬᠤ ᠬᠡᠷᠡᠭᠵᠢᠭᠦᠯᠬᠦ ᠲᠥᠰᠥᠯ》᠎ᠢ ᠡᠳᠦᠭᠡ ᠲᠠᠨᠠᠷ᠎ᠲᠤ
ᠳᠠᠷᠤᠮᠠᠯᠯᠠᠨ ᠲᠠᠷᠬᠠᠭᠠᠬᠤ᠎ᠶᠢᠨ ᠬᠠᠮᠲᠤ ᠳᠣᠣᠷᠠᠬᠢ ᠱᠠᠭᠠᠷᠳᠠᠯᠭ᠎ᠠ᠎ᠶᠢ ᠳᠤᠷᠠᠳᠪᠠ᠂ ᠬᠠᠮᠲᠤ ᠳ᠋ᠤᠨᠢ ᠲᠤᠭᠤᠰᠢᠯᠠᠭᠤᠯᠤᠨ
ᠨᠠᠢᠳᠠᠪᠤᠷᠢᠵᠢᠭᠤᠯᠲᠤᠭᠠᠢ᠃
ᠨᠢᠭᠡ᠂ ᠬᠤᠳᠠᠯᠳᠤᠭ᠎ᠠ ᠡᠷᠬᠢᠯᠡᠬᠦ ᠣᠷᠴᠢᠨ
ᠨᠥᠬᠥᠴᠡᠯ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ
ᠮᠥᠴᠢᠷ ᠨᠢᠭᠡᠴᠢ᠎ᠶᠢᠨ ᠬᠢᠨ ᠲᠤᠰ ᠭᠠᠵᠠᠷ ᠣᠷᠣᠨ ᠲᠤᠰ ᠬᠦᠷᠢᠶᠡᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ
ᠢ ᠰᠢᠯᠢᠳᠡᠭᠵᠢᠭᠦᠯᠬᠦ ᠠᠵᠢᠯ᠎ᠤᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠡᠯ᠎ᠡ ᠵᠦᠢᠯ᠎ᠦᠨ ᠡᠭᠦᠷᠭᠡ
ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ᠃ ᠵᠠᠬ᠎ᠠ ᠳᠡᠯᠭᠡᠭᠦᠷ᠎ᠦᠨ
ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠲᠣᠭᠣᠷᠢᠨ᠂ ᠪᠠᠢᠭᠠᠯᠢ᠎ᠶᠢᠨ ᠡᠬᠢ ᠪᠠᠶᠠᠯᠢᠭ᠋᠂ ᠬᠥᠮᠥᠨ᠎ᠦ ᠬᠦᠴᠦᠨ᠎ᠦ
ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠂ ᠠᠷᠠᠳ᠎ᠤᠨ ᠠᠭᠠᠷ᠎ᠤᠨ ᠰᠡᠷᠭᠡᠢᠯᠡᠯᠲᠡ᠂ ᠪᠠᠷᠢᠯᠭ᠎ᠠ᠎ᠶᠢᠨ ᠪᠦᠲᠦᠭᠡᠨ
ᠪᠠᠢᠭᠤᠯᠤᠯᠲᠠ᠂ ᠲᠡᠦᠬᠡ᠎ᠶᠢᠨ ᠳᠤᠷᠠᠰᠬᠠᠯᠲᠤ ᠵᠦᠢᠯᠡᠰ᠂ ᠡᠨᠧᠷᠭᠢ᠂ ᠣᠶ ᠰᠢᠭᠤᠢ ᠨᠤᠲᠤᠭ ᠪᠡᠯᠴᠢᠭᠡᠷ ᠵᠡᠷᠭᠡ ᠬᠦᠷᠢᠶ᠎ᠡ
ᠴᠠᠷᠠᠭ᠎ᠠ᠎ᠶᠢᠨ ᠠᠵᠢᠯ ᠲᠥᠷᠥᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠬᠦᠷᠢᠶᠡᠨ᠎ᠳᠡᠬᠢ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ᠎ᠦᠨ ᠥᠭᠡᠷᠡᠴᠢᠯᠡᠯᠲᠡ᠎ᠶᠢᠨ ᠲᠥᠰᠥᠯ᠎ᠢ ᠲᠦᠷᠦᠭᠦᠯᠡᠨ ᠲᠣᠭᠲᠠᠭᠠᠵᠤ᠂ ᠡᠷᠬᠡ᠎ᠶᠢᠨ
ᠬᠢᠵᠠᠭᠠᠷ᠎ᠢ ᠰᠠᠨᠠᠭᠠᠴᠢᠯᠠᠭ᠎ᠠ᠎ᠠᠴᠠ᠎ᠪᠠᠨ ᠳᠣᠷᠣᠭ᠍ᠰᠢ ᠪᠠᠭᠤᠯᠭᠠᠨ᠂ ᠬᠢᠨᠠᠨ ᠵᠥᠪᠰᠢᠶᠡᠷᠡᠬᠦ ᠳᠠᠷᠠᠭᠠᠯᠠᠯ᠎ᠢ
ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠠᠵᠤ ᠠᠬᠤᠢᠯᠠᠯ᠎ᠳᠤ
ᠬᠣᠯᠪᠣᠭᠳᠠᠭᠰᠠᠨ ᠦᠢᠯᠡᠴᠢᠯᠡᠭᠡ᠎ᠶᠢ ᠴᠢᠩᠭᠠᠷᠠᠭᠤᠯᠬᠤ ᠬᠡᠷᠡᠭᠳᠡᠢ᠃ ᠡᠯ᠎ᠡ ᠭᠣᠣᠯᠳᠠᠯᠭ᠎ᠠ᠎ᠲᠠᠢ ᠠᠵᠤ ᠦᠢᠯᠡᠰ᠎ᠦᠨ
ᠬᠡᠯᠬᠢᠶ᠎ᠡ᠎ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠢᠵᠢ ᠪᠦᠷᠢᠳᠦᠭᠦᠯᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ
ᠬᠡᠯᠬᠢᠶ᠎ᠡ ᠳᠠᠷᠠᠭᠠᠯᠠᠨ ᠡᠮᠬᠢᠯᠡᠨ ᠳᠢᠭᠯᠡᠵᠦ ᠲᠡᠭᠦᠯᠳᠡᠷᠵᠢᠭᠦᠯᠦᠨ᠂ 《ᠨᠢᠭᠡ ᠬᠡᠯᠬᠢᠶ᠎ᠡ᠎ᠳᠦ ᠨᠢᠭᠡ ᠠᠷᠭ᠎ᠠ
ᠪᠣᠳᠣᠯᠭ᠎ᠠ》᠎ᠶᠢ ᠨᠠᠷᠢᠯᠢᠭ᠍ᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ
ᠬᠢᠭᠡᠳ ᠠᠵᠤ ᠦᠢᠯᠡᠰ᠎ᠦᠨ ᠲᠠᠰ ᠳᠡᠪᠰᠢᠬᠦ᠎ᠶᠢᠨ ᠬᠠᠮᠵᠢᠯᠴᠠᠵᠦ ᠬᠣᠯᠪᠤᠭᠠᠯᠠᠨ ᠬᠥᠳᠡᠯᠦᠯᠴᠡᠬᠦ᠎ᠶᠢ ᠠᠬᠢᠭᠤᠯᠬᠤ
ᠬᠡᠷᠡᠭᠲᠡᠢ᠃ ᠡᠯ᠎ᠡ ᠠᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ᠋) ᠨᠤᠭᠤᠳ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ
ᠦᠨᠡᠨ ᠬᠦ᠌ ᠭᠦᠢᠴᠡᠳᠬᠡᠵᠦ᠂ ᠲᠡᠷᠢᠭᠦᠨ᠎ᠦ ᠭᠠᠵᠠᠷ ᠣᠷᠣᠨ᠎ᠤ ᠲᠤᠷᠰᠢᠯᠭ᠎ᠠ ᠠᠷᠭ᠎ᠠ ᠬᠢᠳᠡᠯ᠎ᠲᠠᠢ ᠬᠠᠷᠢᠴᠠᠭᠤᠯᠤᠨ᠂
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠥᠭᠡᠷᠡᠴᠢᠯᠡᠯᠲᠡ᠎ᠶᠢᠨ ᠡᠭᠦᠷᠭᠡ᠎ᠶᠢ ᠰᠠᠨᠠᠭᠠᠴᠢᠯᠠᠭ᠎ᠠ᠎ᠠᠴᠠ ᠪᠠᠨ
ᠳᠠᠭᠠᠭᠠᠨ ᠠᠪᠬᠤ᠎ᠶᠢᠨ ᠬᠠᠮᠲᠤ ᠨᠠᠢᠳᠠᠪᠤᠷᠢᠵᠢᠭᠤᠯᠵᠤ᠂ ᠲᠣᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ
ᠥᠪᠡᠷᠮᠢᠴᠡ ᠣᠨᠴᠠᠯᠢᠭ᠋᠎ᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠠᠢᠭᠤᠯᠬᠤ ᠬᠡᠷᠡᠭᠲᠡᠢ᠃
ᠬᠣᠶᠠᠷ᠂ ᠨᠢᠭᠡᠳᠦᠯᠲᠡᠢ ᠲᠥᠯᠥᠪᠵᠢᠭᠦᠯᠦᠨ
ᠵᠣᠬᠢᠴᠠᠭᠤᠯᠬᠤ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ
ᠪᠠ ᠥᠭᠡᠷᠡᠴᠢᠯᠡᠯᠲᠡ᠎ᠶᠢᠨ ᠵᠥᠪᠯᠡᠯ ᠲᠦᠷᠦᠭᠦᠯᠡᠨ ᠶᠡᠷᠦᠩᠬᠡᠢᠯᠡᠨ ᠠᠳᠬᠤᠵᠤ᠂ ᠪᠠᠢᠩᠭᠤᠵᠢᠬᠰᠠᠨ ᠵᠤᠬᠢᠴᠠᠭᠤᠯᠵᠤ
ᠱᠠᠯᠠᠪᠳᠠᠭᠤᠯᠤᠨ ᠭᠦᠢᠴᠡᠳᠬᠡᠬᠦ ᠲᠣᠭᠲᠠᠴᠠ᠎ᠶᠢ ᠪᠠᠢᠭᠤᠯᠤᠨ᠂ ᠨᠠᠷᠢᠨ ᠳᠠᠩᠰᠠᠴᠢᠯᠠᠬᠰᠠᠨ ᠬᠠᠮᠢᠶᠠᠷᠤᠯᠲᠠ᠎ᠶᠢ
ᠬᠡᠷᠡᠭᠵᠢᠭᠦᠯᠦᠨ᠎ᠡ᠃ ᠡᠯ᠎ᠡ ᠲᠥᠷᠥᠯ᠎ᠦᠨ ᠡᠵᠡᠩᠨᠡᠯᠲᠡ᠎ᠶᠢᠨ ᠭᠣᠣᠯ ᠴᠣᠭᠴᠠ᠎ᠶᠢᠨ ᠦᠢᠯᠡᠳᠪᠦᠷᠢᠯᠡᠯ ᠡᠵᠡᠩᠨᠡᠯᠲᠡ᠎ᠳᠦ
ᠲᠤᠯᠭᠠᠷᠠᠭᠰᠠᠨ ᠬᠦᠴᠢᠷᠳᠡᠯ᠂ ᠲᠥᠷᠥ᠎ᠶᠢᠨ ᠪᠣᠳᠣᠯᠭ᠎ᠠ᠎ᠶᠢᠨ ᠬᠦᠰᠡᠯ ᠱᠠᠭᠠᠷᠳᠠᠯᠭ᠎ᠠ᠂ ᠪᠠᠭ᠎ᠠ ᠰᠠᠭ᠎ᠠ ᠡᠪᠡᠷᠰᠢᠶᠡᠯ᠎ᠳᠦ
ᠠᠩᠬᠠᠷᠤᠯ᠎ᠢᠶᠠᠨ ᠲᠥᠪᠯᠡᠷᠡᠭᠦᠯᠵᠦ᠂ ᠠᠰᠠᠭᠤᠳᠠᠯ᠎ᠢ ᠰᠢᠢᠳᠪᠦᠷᠢᠯᠡᠬᠦ ᠪᠥᠬᠥ ᠶᠠᠪᠤᠴᠠ᠎ᠶᠢᠨ ᠦᠢᠯᠡᠴᠢᠯᠡᠭᠡ᠎ᠶᠢ
ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠠᠰᠠᠭᠤᠳᠠᠯ᠎ᠢ ᠵᠣᠬᠢᠴᠠᠭᠤᠯᠬᠤ
ᠲᠣᠭᠲᠠᠴᠠ᠎ᠶᠢ ᠲᠡᠭᠦᠯᠳᠡᠷᠵᠢᠭᠦᠯᠵᠦ᠂ ᠡᠵᠡᠩᠨᠡᠯᠲᠡ ᠵᠢᠨ ᠭᠣᠣᠯ ᠴᠣᠭᠴᠠ᠎ᠶᠢᠨ ᠬᠦᠷᠲᠡᠮᠵᠢ᠎ᠶᠢᠨ ᠲᠥᠷᠥᠭᠳᠡᠯ ᠪᠠ
ᠬᠠᠨᠤᠮᠵᠢ᠎ᠶᠢᠨ ᠬᠡᠮᠵᠢᠶ᠎ᠡ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃
ᠭᠤᠷᠪᠠ᠂ ᠰᠠᠢᠨ ᠰᠠᠢᠬᠠᠨ ᠠᠭᠤᠷ ᠠᠮᠢᠰᠬᠤᠯ᠎ᠢ
ᠪᠣᠶ ᠪᠣᠯᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ᠎ᠶᠢᠨ ᠬᠢᠨ ᠬᠤᠳᠠᠯᠳᠤᠭ᠎ᠠ ᠡᠷᠬᠢᠯᠡᠬᠦ
ᠣᠷᠴᠢᠨ ᠨᠥᠬᠥᠴᠡᠯ᠎ᠦᠨ ᠨᠡᠢᠲᠡᠯᠢᠭ ᠲᠤᠷᠰᠢᠯᠭ᠎ᠠ᠎ᠶᠢ ᠤᠬᠠᠭᠤᠯᠤᠨ ᠲᠠᠨᠢᠯᠴᠠᠭᠤᠯᠬᠤ᠎ᠪᠠᠨ ᠴᠢᠩᠭᠠᠳᠬᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ ᠬᠣᠯᠪᠣᠭᠳᠠᠯ ᠪᠦᠬᠦᠢ
ᠰᠠᠯᠠᠭ᠎ᠠ ᠮᠥᠴᠢᠷ᠎ᠲᠠᠢ ᠬᠠᠮᠲᠤᠷᠠᠨ᠂ ᠵᠥᠪ ᠲᠠᠯ᠎ᠠ᠎ᠶᠢᠨ ᠤᠬᠠᠭᠤᠯᠭ᠎ᠠ ᠬᠢᠭᠡᠳ ᠨᠡᠢᠲᠡᠯᠢᠭ ᠵᠢᠱ᠌ᠢᠶ᠎ᠡ᠎ᠶᠢ ᠮᠡᠳᠡᠭᠡᠯᠡᠬᠦ᠎ᠶᠢ
ᠴᠢᠩᠭᠠᠳᠬᠠᠬᠤ᠎ᠶᠢᠨ ᠬᠠᠮᠲᠤ᠂ ᠬᠠᠮᠢᠶ᠎ᠠ ᠪᠦᠬᠦᠢ ᠠᠵᠢᠯ᠎ᠤᠨ ᠨᠠᠢᠳᠠᠪᠤᠷᠢᠵᠢᠭᠤᠯᠤᠭᠰᠠᠨ ᠪᠠᠢᠳᠠᠯ᠎ᠢ ᠬᠤᠳᠠᠯᠳᠤᠭ᠎ᠠ
ᠡᠷᠬᠢᠯᠡᠬᠦ ᠣᠷᠴᠢᠨ ᠨᠥᠬᠥᠴᠡᠯ᠎ᠢ ᠬᠢᠨᠠᠨ ᠬᠡᠮᠵᠢᠬᠦ᠎ᠳᠦ ᠣᠷᠣᠭᠤᠯᠵᠤ᠂ ᠨᠡᠢᠭᠡᠮ ᠳᠠᠶᠠᠭᠠᠷ᠎ᠢᠶᠠᠨ ᠲᠡᠷᠢᠭᠦᠨ
ᠵᠡᠷᠭᠡ ᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠠᠮᠲᠤ᠎ᠪᠠᠷ ᠪᠠᠶ᠋ᠢᠭᠤᠯᠬᠤ ᠰᠠᠢᠨ ᠰᠠᠢᠬᠠᠨ ᠠᠭᠤᠷ
ᠠᠮᠢᠰᠬᠤᠯ᠎ᠢ ᠪᠣᠶ ᠪᠣᠯᠭᠠᠬᠤ᠎ᠶᠢ ᠠᠬᠢᠭᠤᠯᠬᠤ ᠬᠡᠷᠡᠭᠲᠡᠢ᠃
2026 ᠣᠨ᠎ᠤ 2 ᠰᠠᠷ᠎ᠠ᠎ᠶᠢᠨ 4᠎ᠦ ᠡᠳᠦᠷ
ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠬ᠎ᠤᠨ ᠤᠷᠳᠤᠨ᠎ᠤ ᠨᠡᠢᠲᠡᠯᠡᠯ