ᠰᠤᠷᠪᠤᠯᠵᠢᠯᠠᠭ᠍ᠴᠢ 2 ᠰᠠᠷ᠎ᠠ ᠵᠢᠨ
11᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠢᠩᠬᠢᠮ᠎ᠡᠴᠡ
ᠣᠢᠯᠠᠭᠠᠭᠰᠠᠨ ᠵᠢᠡᠷ᠂ ᠮᠠᠨ᠎ᠤ ᠤᠯᠤᠰ᠎ᠤᠨ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ
ᠰᠠᠭᠤᠷᠢᠨ ᠪᠣᠯᠤᠭᠰᠠᠨ ᠥᠪᠥᠷ ᠮᠣᠩᠭᠣᠯ ᠨᠢ ᠣᠢᠷ᠎ᠠ᠎ᠶᠢᠨ ᠬᠤᠭᠤᠴᠠᠭᠠᠨ᠎ᠳᠤ ᠲᠠᠷᠢᠶᠠᠯᠠᠩ ᠮᠠᠯ ᠠᠵᠤ ᠠᠬᠤᠢ᠎ᠶᠢᠨ 《ᠠᠷᠪᠠᠨ
ᠶᠡᠬᠡ ᠢᠨᠵᠧᠨᠧᠷᠢᠩ》᠎ᠢ ᠡᠬᠢᠯᠡᠨ ᠬᠡᠷᠡᠭᠵᠢᠭᠦᠯᠵᠦ᠂ ᠡᠭᠦᠨ᠎ᠦ ᠤᠯᠠᠮ᠎ᠠᠴᠠ ᠴᠢᠨᠠᠷ ᠰᠠᠢᠲᠠᠢ ᠪᠣᠬᠢᠷᠲᠤᠯ ᠦᠭᠡᠢ
ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ
ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠦᠨ ᠳᠠᠷᠤᠭ᠎ᠠ
ᠭᠦᠸᠧ ᠵᠠᠨ ᠵᠢᠶᠠᠩ᠎ᠤᠨ ᠲᠠᠨᠢᠯᠴᠠᠭᠤᠯᠤᠭᠰᠠᠨ᠎ᠢᠶᠠᠷ᠂ 《ᠠᠷᠪᠠᠨ ᠶᠡᠬᠡ ᠢᠨᠵᠧᠨᠧᠷᠢᠩ》 ᠨᠢ ᠲᠣᠰ ᠲᠤᠰ 《ᠦᠷ᠎ᠡ᠎ᠶᠢᠨ ᠢᠯᠳᠠᠰᠤ》᠂ ᠰᠢᠨ᠎ᠡ᠎ᠶᠢ
ᠡᠭᠦᠳᠬᠦ ᠬᠡᠯᠬᠢᠶ᠎ᠡ᠎ᠶᠢᠨ ᠪᠦᠲᠦᠭᠡᠨ ᠪᠠᠢᠭᠤᠯᠤᠯᠲᠠ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠴᠢᠳᠠᠪᠤᠷᠢ᠎ᠶᠢ
ᠳᠡᠭᠡᠭᠰᠢᠯᠡᠭᠦᠯᠬᠦ᠂ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ
ᠦᠢᠯᠡᠳᠬᠦ ᠠᠵᠤ ᠦᠢᠯᠡᠰ᠎ᠢ ᠰᠢᠯᠢᠳᠡᠭᠵᠢᠭᠦᠯᠬᠦ᠂ ᠮᠢᠬᠠᠨ᠎ᠤ ᠦᠬᠡᠷ ᠮᠢᠬᠠᠨ᠎ᠤ ᠬᠣᠨᠢᠨ᠎ᠤ ᠭᠠᠷᠤᠯᠲᠠ ᠦᠷ᠎ᠡ ᠠᠰᠢᠭ᠋᠎ᠢ
ᠨᠡᠮᠡᠭᠳᠡᠭᠦᠯᠬᠦ᠂ ᠲᠡᠵᠢᠭᠡᠯ ᠡᠪᠡᠰᠦᠨ᠎ᠦ ᠬᠠᠩᠭᠠᠯᠭ᠎ᠠ᠎ᠶᠢ ᠳᠡᠭᠡᠭᠰᠢᠯᠡᠭᠦᠯᠬᠦ᠂ ᠬᠦᠢᠲᠡᠨ ᠰᠡᠷᠢᠭᠦᠨ
ᠪᠦᠰᠡᠨ᠎ᠤ ᠢᠳᠡᠰᠢᠨ ᠨᠣᠭᠣᠭ᠎ᠠ ᠵᠢᠨ ᠦᠢᠯᠡᠳᠪᠦᠷᠢᠯᠡᠯ᠎ᠤᠨ ᠰᠠᠭᠤᠷᠢ᠎ᠶᠢ ᠪᠡᠬᠢᠵᠢᠭᠦᠯᠬᠦ᠂ ᠮᠠᠯ᠎ᠤᠨ ᠠᠰᠢᠭ᠋
ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠂ ᠲᠦᠷᠦᠯ ᠲᠡᠮᠳᠡᠭ᠎ᠢ ᠪᠣᠢᠵᠢᠭᠤᠯᠬᠤ
ᠪᠠ ᠠᠷᠠᠯᠵᠢᠶᠠᠯᠠᠬᠤ ᠲᠠᠪᠴᠠᠩ᠎ᠤᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ ᠪᠣᠯᠣᠨ᠎ᠠ᠂ ᠵᠣᠷᠢᠯᠭ᠎ᠠ
ᠨᠢ ᠲᠠᠷᠢᠶᠠᠯᠠᠩ ᠮᠠᠯ ᠠᠵᠤ ᠠᠬᠤᠢ᠎ᠶᠢᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠪᠠ ᠶᠠᠰᠤ ᠴᠢᠨᠠᠷ
ᠦᠷ᠎ᠡ ᠠᠰᠢᠭ᠋᠎ᠢ ᠳᠡᠭᠡᠭᠰᠢᠯᠡᠭᠦᠯᠵᠦ᠂ ᠠᠮᠤ ᠪᠤᠳᠠᠭ᠎ᠠ ᠮᠢᠬ᠎ᠠ ᠰᠦ ᠵᠡᠷᠭᠡ ᠭᠣᠣᠯ ᠪᠣᠯᠬᠤ ᠮᠠᠯ᠎ᠤᠨ ᠠᠰᠢᠭ᠋
ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠷᠤᠯᠲᠠ᠎ᠶᠢ ᠲᠣᠭᠲᠠᠭᠤᠨ᠎ᠢᠶᠠᠷ ᠨᠡᠮᠡᠭᠳᠡᠭᠦᠯᠬᠦ᠎ᠶᠢᠨ ᠲᠥᠯᠥᠭᠡ
ᠶᠤᠮ᠃
ᠥᠪᠥᠷ ᠮᠣᠩᠭᠣᠯ ᠮᠠᠯ᠎ᠤᠨ ᠠᠰᠢᠭ᠋ ᠰᠢᠮ᠎ᠡ
ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠪᠠ ᠪᠣᠬᠢᠷᠲᠤᠯ ᠦᠭᠡᠢ ᠣᠷᠭᠠᠨᠢᠭ᠋ ᠲᠥᠷᠥᠯ
ᠲᠡᠮᠳᠡᠭ᠎ᠢ ᠰᠢᠯᠢᠳᠡᠭᠵᠢᠭᠦᠯᠦᠨ᠂ ᠡᠷᠳᠡᠨᠢ ᠰᠢᠰᠢ᠎ᠶᠢᠨ ᠠᠮᠢᠳᠤ ᠪᠣᠳᠠᠰ᠎ᠤᠨ ᠦᠢᠯᠡᠳᠬᠦ ᠠᠵᠤ ᠦᠢᠯᠡᠰ᠂ ᠬᠠᠲᠠᠭᠤ
ᠲᠥᠯᠥᠪᠲᠦ ᠴᠠᠭᠠᠨ ᠢᠳᠡᠭᠡᠨ᠂ ᠰᠢᠯᠢᠳᠡᠭ ᠦᠬᠡᠷ ᠬᠣᠨᠢᠨ ᠮᠢᠬ᠎ᠠ᠂ ᠠᠮᠢᠲᠠᠨ᠎ᠤ ᠸᠠᠺᠼᠢᠨ᠂ ᠠᠰᠢᠭ᠍ᠲᠤ ᠪᠠᠺᠲᠧᠷᠢ᠂
ᠬᠤᠪᠤᠷ ᠬᠡᠷᠡᠭᠯᠡᠭᠡᠨ᠎ᠤ ᠰᠢᠪᠳᠤᠷᠳᠤ ᠬᠦ᠋ᠴᠢᠯ ᠵᠡᠷᠭᠡ ᠥᠨᠳᠥᠷ ᠨᠡᠮᠡᠯᠲᠡ ᠥᠷᠲᠡᠭ ᠪᠦᠬᠦᠢ ᠠᠵᠤ ᠦᠢᠯᠡᠰ᠎ᠢ ᠶᠡᠬᠡᠪᠡᠷ
ᠬᠥᠭᠵᠢᠭᠦᠯᠵᠦ᠂ ᠬᠦᠴᠦᠨ᠎ᠢᠶᠡᠨ ᠲᠥᠪᠯᠡᠷᠡᠭᠦᠯᠦᠨ ᠦᠬᠡᠷ ᠬᠣᠨᠢᠨ᠎ᠤ ᠮᠢᠬ᠎ᠠ᠂ ᠪᠢᠰᠢᠯᠠᠭ᠂ ᠡᠯᠳᠡᠪ ᠠᠮᠤ᠂ ᠬᠦᠢᠲᠡᠨ
ᠰᠡᠷᠢᠭᠦᠨ ᠪᠦᠰᠡᠨ᠎ᠤ ᠢᠳᠡᠰᠢᠨ ᠨᠣᠭᠣᠭ᠎ᠠ᠂ ᠨᠡᠷᠡᠨ ᠬᠤᠸᠠᠷ᠎ᠤᠨ ᠦᠷ᠎ᠡ᠂ ᠰᠤᠷᠭᠤᠭ ᠡᠷᠳᠡᠨᠢ ᠰᠢᠰᠢ ᠵᠡᠷᠭᠡ ᠪᠣᠬᠢᠷᠲᠤᠯ
ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠥᠷᠥᠯ ᠲᠡᠮᠳᠡᠭ᠎ᠢ ᠪᠣᠶ ᠪᠣᠯᠭᠠᠵᠤ᠂
ᠨᠠᠩ ᠣᠯᠠᠨ ᠴᠢᠨᠠᠷ ᠰᠠᠢᠲᠠᠢ ᠰᠢᠯᠢᠳᠡᠭ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠥᠬᠥ
ᠤᠯᠤᠰ᠎ᠤᠨ ᠠᠷᠠᠳ ᠲᠦᠮᠡᠨ᠎ᠦ ᠬᠣᠭᠣᠯᠠᠨ ᠰᠢᠷᠡᠭᠡᠨ᠎ᠳᠦ ᠣᠷᠣᠭᠤᠯᠬᠤᠪᠤᠯᠤᠨᠠ᠃
ᠣᠢᠯᠠᠭᠠᠭᠰᠠᠨ᠎ᠢᠶᠠᠷ᠂ ᠥᠪᠥᠷ ᠮᠣᠩᠭᠣᠯ
ᠣᠯᠠᠨ ᠠᠷᠭ᠎ᠠ ᠵᠠᠮ᠎ᠢᠶᠠᠷ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠨᠡᠮᠡᠭᠳᠡᠭᠦᠯᠬᠦ᠎ᠶᠢ ᠠᠬᠢᠭᠤᠯᠵᠤ᠂ ᠰᠢᠶᠠᠨ᠎ᠤ
ᠬᠡᠪᠴᠢᠶᠡᠨ᠎ᠦ ᠠᠵᠤ ᠠᠬᠤᠢ ᠪᠠ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠶᠡᠬᠡᠪᠡᠷ ᠬᠥᠭᠵᠢᠭᠦᠯᠵᠦ᠂ ᠰᠢᠶᠠᠨ᠎ᠤ
ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ᠎ᠶᠢᠨ ᠬᠣᠲᠠ ᠪᠠᠯᠭᠠᠰᠤᠵᠢᠯᠲᠠ᠎ᠶᠢ ᠨᠢᠭᠡᠳᠦᠯᠲᠡᠢ
ᠲᠥᠯᠥᠪᠵᠢᠭᠦᠯᠦᠨ ᠠᠬᠢᠭᠤᠯᠵᠤ᠂ ᠲᠠᠷᠢᠶᠠᠯᠠᠬᠤ ᠡᠷᠦᠭᠡ ᠲᠠᠢ ᠬᠤᠯᠪᠤᠭᠠᠯᠠᠨ ᠲᠠᠷᠢᠶᠠᠯᠠᠬᠤ ᠡᠷᠦᠭᠡ ᠵᠢ ᠳᠠᠢᠴᠢᠯᠠᠬᠤ
ᠲᠣᠭᠲᠠᠴᠠ᠎ᠶᠢ ᠲᠡᠭᠦᠯᠳᠡᠷᠵᠢᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ᠋ ᠬᠦᠷᠲᠡᠭᠡᠨ
ᠲᠠᠷᠢᠶᠠᠴᠢᠳ᠎ᠢ ᠪᠠᠶᠠᠵᠢᠭᠤᠯᠬᠤ ᠲᠥᠷᠥ᠎ᠶᠢᠨ ᠪᠣᠳᠣᠯᠭ᠎ᠠ᠎ᠶᠢᠨ ᠦᠷ᠎ᠡ ᠪᠦᠲᠦᠮᠵᠢ᠎ᠶᠢ ᠦᠷᠭᠦᠯᠵᠢᠯᠡᠨ ᠳᠡᠭᠡᠭᠰᠢᠯᠡᠭᠦᠯᠬᠦ
ᠪᠣᠯᠣᠨ᠎ᠠ᠃
ᠣᠳᠣᠬᠠᠨ᠎ᠳᠤ᠂ ᠥᠪᠥᠷ ᠮᠣᠩᠭᠣᠯ᠎ᠤᠨ ᠠᠮᠤ
ᠪᠤᠳᠠᠭᠠᠨ᠎ᠤ ᠭᠠᠷᠤᠯᠲᠠ ᠪᠥᠬᠥ ᠤᠯᠤᠰ᠎ᠤᠨ ᠲᠠᠪᠤᠳᠤᠭᠠᠷ᠎ᠲᠤ ᠵᠢᠭ᠍ᠰᠠᠭᠠᠭᠳᠠᠵᠤ᠂ ᠦᠬᠡᠷ᠂ ᠬᠣᠨᠢᠨ᠎ᠤ ᠮᠢᠬᠠᠨ᠎ᠤ
ᠵᠢᠯ᠎ᠦᠨ ᠭᠠᠷᠤᠯᠲᠠ ᠴᠥᠮ 100 ᠲᠦᠮᠡᠨ ᠲᠣᠨ᠎ᠢ ᠳᠠᠪᠠᠵᠤ᠂ ᠦᠨᠢᠶᠡᠨ ᠰᠦ᠂ ᠢᠮᠠᠭᠠᠨ ᠨᠣᠤᠯᠤᠭᠤᠷ᠂ ᠡᠪᠡᠰᠦ ᠪᠣᠷᠳᠣᠭ᠎ᠠ᠎ᠶᠢᠨ
ᠵᠢᠯ᠎ᠦᠨ ᠭᠠᠷᠤᠯᠲᠠ ᠪᠠ 《ᠨᠠᠷᠠᠲᠤ ᠣᠨᠴᠠ ᠰᠢᠯᠢᠳᠡᠭ ᠰᠢᠨ᠎ᠡ》 ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭ᠎ᠠ ᠪᠥᠬᠥ
ᠤᠯᠤᠰ᠎ᠤᠨ ᠡᠮᠦᠨ᠎ᠡ ᠡᠩᠨᠡᠭᠡᠨ᠎ᠳᠦ ᠲᠣᠭᠲᠠᠭᠤᠨ ᠪᠠᠢᠨ᠎ᠠ᠃