2 ᠰᠠᠷ᠎ᠠ᠎ᠶᠢᠨ 11᠎ᠤ᠋ ᠡᠳᠦᠷ᠂ ᠥᠪᠡᠷᠲᠡᠭᠡᠨ
ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠤᠨ 《〈1571〉ᠠᠵᠢᠯ᠎ᠤᠨ
ᠪᠠᠢᠷᠢᠯᠠᠭᠤᠯᠤᠯᠲᠠ᠎ᠶᠢ ᠲᠤᠭᠤᠰᠢᠯᠠᠭᠤᠯᠤᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ ᠴᠠᠭᠠᠨ ᠰᠠᠷ᠎ᠠ ᠣᠢᠷᠠᠳᠬᠤ᠎ᠪᠠᠷ ᠥᠪᠡᠷᠲᠡᠭᠡᠨ ᠵᠠᠰᠠᠬᠤ ᠣᠷᠣᠨ᠎ᠤ
ᠵᠠᠰᠠᠭ᠎ᠤᠨ ᠣᠷᠳᠣᠨ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂
ᠵᠠᠬ᠎ᠠ ᠳᠡᠯᠭᠡᠭᠦᠷ᠎ᠦᠨ ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ᠎ᠦᠨ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠪᠥᠬᠥ ᠣᠷᠣᠨ᠎ᠤ
ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠠᠶᠠᠷ ᠵᠢᠷᠭᠠᠯ᠎ᠲᠠᠢ ᠠᠮᠤᠷ ᠠᠮᠤᠭᠤᠯᠠᠩ ᠪᠠᠶᠠᠷ᠎ᠤᠨ ᠡᠳᠦᠷ ᠢ᠋ ᠥᠩᠭᠡᠷᠡᠭᠦᠯᠬᠦ᠎ᠶᠢ ᠦᠨᠡᠨ ᠬᠦ᠌ ᠪᠠᠲᠤᠯᠠᠵᠤ ᠪᠠᠢᠨ᠎ᠠ᠃
ᠦᠨᠳᠦᠰᠦᠨ ᠵᠦᠢᠯ᠎ᠢ ᠪᠠᠲᠤᠯᠠᠬᠤ ᠳᠠᠯ᠎ᠠ
ᠪᠡᠷ᠂ ᠴᠠᠭᠠᠨ ᠰᠠᠷ᠎ᠠ ᠠ᠋ᠴᠠ ᠡᠮᠦᠨ᠎ᠡ ᠪᠥᠬᠥ ᠣᠷᠣᠨ᠎ᠤ 172.6 ᠲᠦᠮᠡᠨ ᠬᠦᠴᠢᠷᠳᠡᠯᠲᠡᠢ ᠣᠯᠠᠨ ᠲᠦᠮᠡᠨ᠎ᠳᠦ ᠬᠤᠶᠠᠳᠤᠭᠠᠷ
ᠰᠠᠷ᠎ᠠ᠎ᠶᠢᠨ ᠠᠪᠤᠷᠠᠨ ᠲᠤᠰᠠᠯᠠᠬᠤ ᠮᠥᠩᠭᠥ ᠶᠢ ᠴᠠᠭ ᠲᠤᠬᠠᠢ ᠳ᠋ᠤᠨᠢ 8.19 ᠳ᠋ᠦᠩᠰᠢᠭᠤᠷ ᠲᠦᠬᠦᠷᠢᠭ ᠭᠦᠢᠴᠡᠳ
ᠲᠠᠷᠬᠠᠭᠠᠪᠠ᠃ ᠠᠪᠤᠷᠠᠨ ᠲᠤᠰᠠᠯᠠᠬᠤ ᠬᠠᠯᠠᠮᠰᠢᠯ ᠤᠲᠠᠰᠤ ᠶᠢ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂
ᠬᠦᠴᠢᠷᠳᠡᠯᠲᠡᠢ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠴᠠᠭ ᠲᠤᠬᠠᠢ ᠳ᠋ᠤᠨᠢ ᠭᠥᠯᠢᠶᠡᠨ ᠠᠪᠴᠤ ᠰᠢᠢᠳᠪᠦᠷᠢᠯᠡᠨ᠎ᠡ᠃
ᠠᠵᠢᠯ ᠠ᠋ᠴᠠ ᠪᠠᠨ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ ᠢ᠋ ᠤᠷᠢᠳᠴᠢᠯᠠᠨ ᠣᠯᠭᠣᠵᠤ᠂
ᠴᠠᠭᠠᠨ ᠰᠠᠷ᠎ᠠ ᠠ᠋ᠴᠠ ᠡᠮᠦᠨ᠎ᠡ ᠪᠦᠬᠦᠨ᠎ᠢ ᠦᠭᠬᠦᠨ᠎ᠡ᠃ ᠴᠠᠯᠢᠩ ᠥᠷᠢᠲᠦᠬᠦ᠎ᠶᠢ ᠴᠡᠭᠴᠡᠯᠡᠨ ᠵᠠᠰᠠᠬᠤ ᠡᠪᠦᠯ᠎ᠦᠨ ᠤᠯᠠᠷᠢᠯ᠎ᠤᠨ ᠲᠤᠰᠬᠠᠢ ᠠᠵᠢᠯᠯᠠᠭ᠎ᠠ᠎ᠶᠢ ᠦᠷᠭᠦᠯᠵᠢᠯᠡᠨ
ᠠᠬᠢᠭᠤᠯᠵᠤ᠂ ᠬᠥᠯᠥᠰᠦᠨ ᠠᠵᠢᠯᠴᠢᠳ᠎ᠤᠨ ᠴᠠᠭ ᠲᠤᠬᠠᠢ ᠳ᠋ᠤᠨᠢ ᠴᠠᠯᠢᠩ᠎ᠢᠶᠠᠨ ᠣᠯᠵᠤ᠂ ᠰᠠᠨᠠᠭ᠎ᠠ ᠠᠮᠤᠷ ᠭᠡᠷ᠎ᠲᠡᠬᠡᠨ
ᠬᠠᠷᠢᠵᠤ ᠰᠢᠨᠡᠯᠡᠬᠦ᠎ᠶᠢ ᠪᠠᠳᠤᠯᠠᠨ᠎ᠠ᠃
ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ
ᠪᠠᠳᠤᠯᠠᠬᠤ ᠳᠠᠯ᠎ᠠ ᠪᠡᠷ᠂ ᠨᠡᠭᠦᠷᠡᠰᠦ ᠴᠠᠬᠢᠯᠭᠠᠨ ᠲᠣᠰᠣ᠌ ᠬᠡᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ
ᠰᠠᠢᠲᠤᠷ ᠬᠢᠵᠦ᠂ ᠤᠰᠤ ᠴᠠᠬᠢᠯᠭᠠᠨ ᠬᠡᠢ ᠬᠠᠩᠭᠠᠬᠤ ᠲᠥᠬᠦᠭᠡᠷᠦᠮᠵᠢ ᠶᠢᠨ ᠲᠣᠭᠲᠠᠭᠤᠨ᠎ᠢᠶᠠᠷ ᠠᠵᠢᠯᠯᠠᠬᠤ᠎ᠶᠢ
ᠪᠠᠲᠤᠯᠠᠵᠤ᠂ ᠤᠯᠠᠨ ᠲᠦᠮᠡᠨ᠎ᠦ ᠳᠤᠯᠠᠭᠠᠨ ᠪᠦᠯᠢᠶᠡᠨ ᠡᠪᠦᠯᠵᠢᠬᠦ᠎ᠶᠢ ᠪᠠᠲᠤᠯᠠᠨ᠎ᠠ᠃ ᠴᠠᠭᠠᠨ ᠰᠠᠷ᠎ᠠ᠎ᠶᠢᠨ ᠴᠢᠬᠤᠯᠠ
ᠠᠷᠠᠳ᠎ᠤᠨ ᠠᠮᠢᠳᠤᠷᠠᠯ᠎ᠤᠨ ᠪᠠᠷᠠᠭ᠎ᠠ ᠲᠠᠸᠠᠷ᠎ᠤᠨ ᠬᠠᠩᠭᠠᠯᠭ᠎ᠠ ᠲᠣᠭᠲᠠᠭᠤᠨ᠂ ᠦᠨ᠎ᠡ ᠬᠠᠩᠰᠢ ᠲᠣᠭᠲᠠᠭᠤᠨ ᠪᠠᠢᠬᠤ᠎ᠶᠢ
ᠪᠠᠲᠤᠯᠠᠵᠤ᠂ ᠠᠮᠤ ᠪᠤᠳᠠᠭ᠎ᠠ ᠲᠣᠰᠣ᠌ ᠮᠢᠬ᠎ᠠ ᠥᠨᠳᠡᠭᠡ ᠨᠣᠭᠣᠭ᠎ᠠ ᠰᠦ ᠵᠡᠷᠭᠡ ᠵᠢᠷᠭᠤᠭᠠᠨ ᠶᠡᠬᠡ ᠲᠥᠷᠥᠯ᠎ᠦᠨ
32 ᠲᠥᠷᠥᠯ ᠵᠦᠢᠯ᠎ᠳᠦ ᠭᠣᠣᠯᠳᠠᠯᠭ᠎ᠠ᠎ᠲᠠᠢ ᠰᠢᠯᠭᠠᠨ ᠪᠠᠢᠴᠠᠭᠠᠯᠳᠠ ᠬᠢᠵᠦ᠂ ᠦᠨ᠎ᠡ ᠬᠠᠩᠰᠢ᠎ᠶᠢᠨ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠣᠬᠢᠯᠲᠠ ᠥᠭᠴᠦ᠂
ᠪᠠᠶᠠᠷ᠎ᠤᠨ ᠡᠳᠦᠷ᠎ᠦᠨ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶᠢᠨ ᠡᠮᠬᠢ ᠳᠢᠭ᠌ᠯᠢᠮ᠎ᠢ ᠦᠨᠡᠨᠬᠦ ᠬᠠᠮᠠᠭᠠᠯᠠᠨ᠎ᠠ; ᠢᠳᠡᠭᠡᠨ᠎ᠦ
ᠠᠮᠤᠷ ᠲᠦᠪᠰᠢᠨ᠎ᠦ ᠪᠥᠬᠥ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠬᠤᠳᠠᠯ ᠬᠠᠭᠤᠷᠮᠠᠭ ᠴᠢᠨᠠᠷ
ᠮᠠᠭᠤ ᠦᠢᠯᠡᠳᠬᠦᠨ ᠪᠣᠷᠣᠯᠠᠭᠤᠯᠬᠤ ᠵᠡᠷᠭᠡ ᠬᠠᠤᠯᠢ ᠠ᠋ᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠴᠢᠩᠭ᠎ᠠ
ᠴᠣᠬᠢᠯᠲᠠ ᠦᠭᠬᠦᠨ᠎ᠡ᠃
ᠤᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠬᠤ
ᠳᠠᠯ᠎ᠠ ᠪᠡᠷ᠂ 《ᠴᠠᠭᠠᠨ ᠰᠠᠷ᠎ᠠ᠎ᠪᠠᠨ ᠪᠠᠶᠠᠷ ᠬᠥᠷᠲᠠᠢᠥᠩᠭᠡᠷᠡᠭᠦᠯᠬᠦ》᠂ 《ᠪᠣᠳᠠᠰ᠎ᠤᠨ ᠪᠤᠰᠤ ᠰᠣᠶᠣᠯ᠎ᠤᠨ ᠥᠪ᠎ᠦᠨ
ᠪᠠᠷᠠᠭ᠎ᠠ ᠵᠢᠨ ᠴᠤᠭᠯᠠᠭᠠᠨ》᠂ 《ᠮᠦᠽᠧᠢ᠎ᠳᠦ ᠴᠠᠭᠠᠨ ᠰᠠᠷ᠎ᠠ᠎ᠪᠠᠨ ᠥᠩᠭᠡᠷᠡᠭᠦᠯᠬᠦ》 ᠵᠡᠷᠭᠡ ᠡᠯ᠎ᠡ ᠲᠦᠷᠦᠯ᠎ᠦᠨ
ᠠᠵᠢᠯᠯᠠᠭ᠎ᠠ᠎ᠶᠢ 110 ᠭᠠᠷᠤᠢ ᠵᠦᠢᠯ ᠵᠣᠬᠢᠶᠠᠨ ᠪᠠᠢᠭᠤᠯᠤᠨ ᠥᠷᠨᠢᠭᠦᠯᠦᠨ᠎ᠠ᠃ ᠪᠡᠶ᠎ᠡ᠎ᠶᠢᠨ ᠲᠠᠮᠢᠷ᠎ᠤᠨ ᠲᠠᠯᠠᠪᠤᠷ
ᠣᠷᠳᠣᠨ᠎ᠢ ᠰᠦᠢᠳᠬᠡᠯ ᠬᠤᠷᠢᠶᠠᠬᠤ ᠦᠭᠡᠢᠪᠤᠶᠤ ᠳᠣᠣᠷ᠎ᠠ ᠰᠦᠢᠳᠬᠡᠯ᠎ᠢᠶᠡᠷ ᠨᠡᠢᠭᠡᠮ ᠨᠡᠢᠳᠡ᠎ᠳᠦ ᠴᠢᠯᠦᠭᠡᠲᠡᠢ
ᠨᠡᠭᠡᠭᠡᠬᠦ᠎ᠶᠢ ᠵᠣᠷᠢᠭ᠍ᠵᠢᠭᠤᠯᠵᠤ᠂ ᠪᠥᠬᠥ ᠠᠷᠠᠳᠵᠢᠨᠷ ᠵᠢᠨᠨ ᠪᠡᠶ᠎ᠡ ᠴᠢᠭᠢᠷᠠᠭᠵᠢᠭᠤᠯᠤᠨᠰᠢᠨᠡ ᠵᠢᠯ ᠵᠢᠨᠨ
ᠤᠬᠲᠤᠬᠤ᠂ ᠴᠠᠰᠤ ᠮᠥᠰᠥᠨ᠎ᠤ ᠨᠠᠢᠷ ᠵᠡᠷᠭᠡ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ ᠥᠷᠨᠢᠭᠦᠯᠦᠨ᠎ᠡ᠃
ᠵᠠᠮ ᠬᠠᠷᠢᠯᠴᠠᠭᠠᠨ᠎ᠤ ᠦᠢᠯᠡᠴᠢᠯᠡᠭᠡ᠎ᠶᠢ
ᠰᠢᠯᠢᠳᠡᠭᠵᠢᠭᠦᠯᠬᠦ ᠳᠠᠯ᠎ᠠ ᠪᠡᠷ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳ᠋ᠤ ᠵᠢᠵᠢᠭ ᠬᠡᠯᠪᠡᠷᠢ᠎ᠶᠢᠨ
ᠠᠶᠠᠨᠴᠢᠨ᠎ᠤ ᠮᠠᠰᠢᠨ ᠲᠡᠷᠭᠡ᠎ᠡᠴᠡ ᠰᠦᠢᠳᠬᠡᠯ ᠬᠤᠷᠢᠶᠠᠬᠤ ᠦᠬᠡᠢ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠵᠤ᠂
ᠲᠦᠷᠬᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ ᠴᠠᠬᠢᠯᠭᠠᠨ ᠴᠡᠨᠡᠭᠯᠡᠬᠦ ᠵᠡᠷᠭᠡ ᠦᠢᠯᠡᠴᠢᠯᠡᠭᠡᠨ᠎ᠦ
ᠲᠦᠬᠦᠬᠡᠷᠦᠮᠵᠢ᠎ᠶᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠬᠠᠯᠠᠮᠰᠢᠯ ᠵᠠᠮ ᠱᠤᠭᠤᠮ
ᠵᠢᠴᠢ ᠪᠣᠶ᠋ᠢᠳᠠ ᠪᠥᠭᠯᠡᠭᠦᠦ ᠭᠠᠵᠠᠷ ᠣᠷᠣᠨ᠎ᠤ ᠲᠡᠭᠡᠭᠡᠪᠦᠷᠢ᠎ᠶᠢᠨ ᠬᠦᠴᠦᠨ᠎ᠦ ᠲᠣᠬᠢᠷᠠᠭᠤᠯᠤᠯᠲᠠ᠎ᠶᠢ ᠬᠥᠳᠡᠯᠦᠩᠭᠦᠢ᠎ᠪᠡᠷ
ᠰᠢᠯᠢᠳᠡᠭᠵᠢᠭᠦᠯᠦᠨ᠂ ᠰᠢᠭᠤᠳ ᠬᠦᠷᠬᠦ ᠲᠦᠷ ᠴᠠᠭ᠎ᠤᠨ ᠠᠶᠠᠨᠴᠢᠳ᠎ᠤᠨ ᠴᠤᠪᠤᠭ᠎ᠠ ᠲᠡᠷᠭᠡ ᠵᠢ 21 ᠬᠣᠣᠰ᠂ ᠠᠶᠠᠨᠴᠢᠳ
ᠤᠯᠠᠨᠳᠠᠢ ᠵᠠᠮ ᠱᠤᠭᠤᠮ᠎ᠤᠨ ᠴᠤᠪᠤᠭ᠎ᠠ ᠲᠡᠷᠭᠡ ᠵᠢ 11 ᠬᠣᠣᠰ ᠲᠣᠬᠢᠷᠠᠭᠤᠯᠵᠤ᠂ ᠠᠭᠠᠷ᠎ᠤᠨ ᠠᠶᠠᠯᠠᠯ᠂ ᠲᠡᠮᠦᠷ
ᠵᠠᠮ᠂ ᠵᠠᠰᠠᠮᠠᠯ ᠵᠠᠮ᠂ ᠬᠣᠲᠠ ᠬᠥᠳᠡᠭᠡ᠎ᠶᠢᠨ ᠣᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠣᠯᠠᠨ ᠬᠡᠯᠪᠡᠷᠢ᠎ᠶᠢᠨ
ᠬᠣᠯᠪᠤᠭᠠᠯᠠᠨ ᠲᠡᠭᠡᠭᠡᠪᠦᠷᠢᠯᠡᠬᠦ᠎ᠶᠢ ᠵᠣᠯᠭᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠣᠯᠠᠨ ᠲᠦᠮᠡᠨ᠎ᠦ ᠶᠠᠪᠤᠵᠤ
ᠰᠠᠭᠤᠬᠤ᠎ᠳᠦ ᠠᠮᠤᠷ ᠲᠦᠪᠰᠢᠨ ᠲᠦᠷᠭᠡᠨ ᠤᠷᠤᠭᠰᠢᠳᠠᠢ ᠪᠠᠢᠬᠤ ᠵᠢ ᠪᠠᠲᠤᠯᠠᠨ᠎ᠠ᠃
ᠠᠮᠤᠷ ᠲᠦᠪᠰᠢᠨ᠎ᠦ ᠬᠣᠷᠢᠭ᠎ᠠ ᠱᠤᠭᠤᠮ᠎ᠢ
ᠴᠢᠩᠭ᠎ᠠ ᠰᠠᠬᠢᠬᠤ ᠳᠠᠯ᠎ᠠ ᠪᠡᠷ᠂ ᠪᠦᠬᠦ ᠣᠷᠣᠨ᠎ᠤ ᠬᠡᠪᠴᠢᠶᠡᠨ᠎ᠳᠡᠬᠢ ᠠᠶᠤᠯᠭᠦᠢ ᠦᠢᠯᠡᠳᠪᠦᠷᠢᠯᠡᠯ᠎ᠦᠨ ᠶᠡᠬᠡ
ᠪᠠᠢᠴᠠᠭᠠᠯᠲᠠ ᠱᠠᠯᠠᠪᠳᠠᠭᠤᠯᠤᠨ ᠪᠠᠢᠴᠠᠭᠠᠯᠲᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠭᠤᠷᠬᠠᠢ᠂ ᠡᠨᠧᠷᠭᠢ᠂
ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ
ᠪᠠ 《ᠶᠢᠰᠦᠨ ᠪᠠᠭ᠎ᠠ ᠲᠠᠯᠠᠪᠤᠷ ᠭᠠᠵᠠᠷ》 ᠵᠡᠷᠭᠡ ᠭᠣᠣᠯᠳᠠᠯᠭ᠎ᠠ᠎ᠲᠠᠢ ᠬᠦᠷᠢᠶᠡᠨ ᠤ ᠠᠶᠤᠯᠭᠦᠢ᠎ᠶᠢᠨ ᠬᠢᠨᠠᠯᠲᠠ
ᠬᠠᠮᠢᠶᠠᠷᠤᠯᠲᠠ᠎ᠶᠢ ᠴᠢᠩᠭᠠᠳᠬᠠᠨ᠂ ᠬᠤᠸᠠᠷ ᠫᠤᠤᠵᠢᠩ᠎ᠤᠨ
ᠠᠶᠤᠯᠭᠦᠢ ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠤᠨ᠂ ᠴᠠᠭ ᠠᠭᠤᠷ᠎ᠤᠨ
ᠬᠤᠪᠢᠷᠠᠯᠳᠠ᠂ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠠᠶᠤᠯ ᠵᠡᠷᠭᠡ᠎ᠶᠢ ᠬᠢᠨᠠᠨ ᠬᠡᠮᠵᠢᠵᠦ ᠰᠡᠷᠡᠮᠵᠢᠯᠡᠭᠦᠯᠬᠦ
ᠪᠠ ᠪᠠᠴᠢᠮ ᠪᠠᠢᠳᠠᠯ ᠢ ᠠᠷᠭᠠᠴᠠᠭᠠᠨ ᠰᠢᠢᠳᠪᠦᠷᠢᠯᠡᠬᠦ᠎ᠶᠢ ᠨᠢᠭᠡᠳᠦᠯᠲᠡᠢ ᠲᠥᠯᠥᠪᠵᠢᠭᠦᠯᠵᠦ ᠰᠠᠢᠲᠤᠷ ᠬᠢᠨ᠎ᠡ᠃