ᠡᠪᠦᠯ᠎ᠦᠨ ᠠᠮᠠᠷᠠᠯᠲᠠ ᠨᠠᠰᠤᠨ᠎ᠳᠤ ᠥᠯᠥ ᠭᠦᠷᠦᠭᠰᠡᠳ᠎ᠦᠨ ᠠᠮᠠᠷᠠᠯᠲᠠ᠎ᠶᠢᠨ ᠬᠤᠭᠤᠴᠠᠭᠠᠨ᠎ᠤ ᠠᠮᠢᠳᠤᠷᠠᠯ᠎ᠢ ᠪᠠᠶᠠᠯᠢᠭ᠍ᠵᠢᠭᠤᠯᠬᠤ᠎ᠶᠢᠨ ᠲᠥᠯᠥᠭᠡ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ ᠡᠯ᠎ᠡ ᠵᠦᠪᠯᠡᠯ ᠠᠯᠪᠠᠨ ᠭᠡᠷ ᠲᠣᠪᠴᠢᠶ᠎ᠠ᠂ ᠪᠣᠯᠪᠠᠰᠤᠨ ᠦᠢᠯᠡᠳᠦᠯᠭᠡ᠎ᠶᠢᠨ ᠲᠥᠪ ᠵᠢᠴᠢ ᠰᠣᠶᠣᠯ᠎ᠤᠨ ᠦᠵᠡᠰᠬᠦᠯᠡᠩ᠎ᠦᠨ ᠣᠷᠳᠣᠨ᠎ᠲᠠᠢ ᠬᠠᠮᠲᠤᠷᠠᠨ᠂ ᠪᠥᠬᠥ ᠬᠣᠲᠠ᠎ᠶᠢᠨ ᠨᠠᠰᠤᠨ᠎ᠳᠤ ᠥᠯᠥ ᠭᠦᠷᠦᠭᠰᠡᠳ᠎ᠦᠨ ᠡᠪᠦᠯ᠎ᠦᠨ ᠠᠮᠠᠷᠠᠯᠲᠠ᠎ᠶᠢᠨ ᠦᠢᠯᠡᠳᠦᠯᠭᠡ᠎ᠶᠢᠨ ᠠᠵᠢᠯᠯᠠᠭ᠎ᠠ᠎ᠶᠢᠨ ᠨᠠᠷᠢᠨ ᠲᠠᠩᠰᠠ᠎ᠶᠢ ᠨᠡᠢᠲᠡᠯᠡᠵᠦ᠂ ᠬᠡᠦᠬᠡᠳ᠎ᠦᠳ᠎ᠲᠦ ᠪᠥᠬᠥ ᠣᠷᠣᠨ ᠪᠦᠰᠡ᠎ᠶᠢ ᠬᠠᠮᠤᠷᠤᠭᠰᠠᠨ᠂ ᠠᠭᠤᠯᠭ᠎ᠠ᠎ᠪᠠᠷ ᠪᠦᠷᠢᠨ ᠲᠡᠭᠦᠯᠳᠡᠷ 《ᠠᠮᠠᠷᠠᠯᠲᠠ᠎ᠶᠢᠨ ᠬᠤᠭᠤᠴᠠᠭᠠᠨ᠎ᠤ ᠲᠣᠮᠣ᠌ ᠪᠡᠯᠡᠭ》 ᠪᠡᠯᠡᠳᠬᠡᠭᠰᠡᠨ ᠪᠠᠢᠨ᠎ᠠ᠃
ᠡᠨᠡ ᠤᠳᠠᠭ᠎ᠠ ᠶ᠋ᠢᠨ ᠨᠡᠢᠲᠡᠯᠡᠭᠰᠡᠨ ᠦᠢᠯᠡᠳᠦᠯᠭᠡ ᠶ᠋ᠢᠨ ᠠᠵᠢᠯᠯᠠᠭ᠎ᠠ ᠨᠢ 80 ᠭᠠᠷᠤᠢ ᠵᠦᠢᠯ᠎ᠳᠦ ᠬᠦᠷᠴᠦ᠂ ᠪᠦᠬᠦᠶ᠋ᠢᠯᠡ ᠡᠪᠦᠯ᠎ᠦᠨ ᠠᠮᠠᠷᠠᠯᠲᠠ ᠶ᠋ᠢᠨ ᠬᠤᠭᠤᠴᠠᠭᠠᠨ᠎ᠳᠤ ᠶᠠᠪᠤᠭᠳᠠᠬᠤ ᠪᠤᠯᠤᠨ᠎ᠠ᠃ ᠠᠵᠢᠯᠯᠠᠭ᠎ᠠ᠎ᠶᠢᠨ ᠲᠦᠷᠦᠯ ᠵᠦᠢᠯ ᠡᠯᠪᠡᠭ ᠪᠠᠶᠠᠯᠢᠭ᠋ ᠤᠯᠠᠨ ᠶᠠᠩᠵᠤ ᠵᠢᠨ ᠪᠠᠢᠵᠤ᠂ ᠰᠢᠯᠢᠳᠡᠭ ᠰᠣᠶᠣᠯ᠎ᠤᠨ ᠤᠯᠠᠮᠵᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠦᠪᠡᠭᠴᠢᠯᠡᠯ᠂ ᠤᠷᠠᠯᠢᠭ᠋᠎ᠤᠨ ᠭᠤᠸ᠎ᠠ ᠰᠠᠢᠬᠠᠨ᠎ᠤ ᠬᠥᠮᠦᠵᠢᠯ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠤᠯᠠᠨ ᠬᠦᠷᠢᠶ᠎ᠡ᠎ᠶᠢ ᠬᠠᠮᠤᠷᠴᠠᠢ᠃ ᠬᠡᠦᠬᠡᠳ᠎ᠦᠳ ᠭᠦᠩᠵᠦ᠎ᠶᠢᠨ ᠣᠷᠳᠣᠨ᠎ᠤ ᠮᠦᠽᠧᠢ᠎ᠳᠦ ᠵᠢᠯ ᠴᠠᠭᠠᠨ ᠰᠠᠷ᠎ᠠ ᠵᠢᠨ ᠵᠠᠩ ᠵᠠᠩᠰᠢᠯ ᠡᠴᠡ ᠪᠡᠶᠡᠴᠢᠯᠡᠨ ᠣᠢᠯᠠᠭᠠᠵᠤ᠂ ᠵᠠᠩᠵᠤᠨ᠎ᠤ ᠶᠠᠮᠤᠨ᠎ᠤ ᠮᠦᠽᠧᠢ᠎ᠳᠦ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠳᠣᠲᠣᠷᠠᠬᠢ ᠴᠠᠭᠠᠨ ᠰᠠᠷ᠎ᠠ᠎ᠶᠢᠨ ᠦᠯᠢᠭᠡᠷ᠎ᠢ ᠰᠣᠨᠣᠰᠴᠤ ᠪᠣᠯᠣᠨ᠎ᠠ᠃ ᠪᠠᠰᠠ ᠬᠣᠲᠠ ᠶ᠋ᠢᠨ ᠰᠣᠶᠣᠯ᠎ᠤᠨ ᠣᠷᠳᠣᠨᠳ᠋ᠤ ᠳᠠᠭᠤᠤ ᠬᠥᠭᠵᠢᠮ᠎ᠦᠨ ᠤᠷᠠᠯᠢᠭ᠋᠎ᠤᠨ ᠳᠤᠬᠠᠢ ᠤᠢᠯᠠᠭᠠᠵᠤ᠂ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠲᠥᠪ᠎ᠡᠴᠡ ᠣᠳᠣᠨ ᠣᠷᠣᠨ᠎ᠤ ᠰᠢᠨᠵᠢᠯᠡᠬᠦ ᠤᠬᠠᠭᠠᠨ᠎ᠤ ᠬᠠᠢᠯᠲᠠ᠎ᠳᠤ ᠣᠷᠣᠯᠴᠠᠵᠤ ᠪᠣᠯᠣᠨ᠎ᠠ᠃ ᠪᠠᠰᠠ ᠡᠯ᠎ᠡ ᠨᠡᠢᠭᠡᠮ ᠲᠣᠭᠣᠷᠢᠭ᠋᠎ᠤᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠦᠷᠳᠡᠬᠡ᠎ᠳᠦ ᠬᠦᠷᠴᠦ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠤᠬᠠᠭᠤᠯᠭ᠎ᠠ᠂ ᠬᠠᠯᠠᠮᠵᠢᠯᠠᠨ ᠬᠠᠢᠷᠠᠯᠠᠬᠤ ᠦᠢᠯᠡᠴᠢᠯᠡᠭᠡ ᠵᠡᠷᠭᠡ ᠰᠠᠢᠨ ᠳᠤᠷᠠᠴᠤᠳ᠎ᠤᠨ ᠦᠢᠯᠡᠴᠢᠯᠡᠭᠡ᠎ᠳᠦ ᠣᠷᠣᠯᠴᠠᠵᠤ᠂ ᠦᠢᠯᠡᠳᠦᠯᠭᠡ᠎ᠶᠢᠨ ᠳᠤᠮᠳᠠ ᠰᠤᠷᠤᠯᠴᠠᠨ ᠦᠰᠦᠨ ᠪᠤᠢᠵᠢᠬᠤ ᠬᠦᠮᠦᠵᠢᠯ ᠬᠦᠷᠳᠡᠵᠦ ᠪᠤᠯᠤᠨ᠎ᠠ᠃
ᠨᠣᠮ᠎ᠤᠨ ᠰᠠᠩ᠂ ᠮᠦᠽᠧᠢ᠂ ᠵᠠᠯᠠᠭᠤᠴᠤᠳ ᠪᠠᠭᠠᠴᠤᠳ᠎ᠤᠨ ᠣᠷᠳᠣᠨ ᠵᠢᠴᠢ ᠤᠯᠠᠨ ᠨᠡᠢᠭᠡᠮ ᠲᠣᠭᠣᠷᠢᠭ᠋᠎ᠤᠨ ᠦᠢᠯᠡᠳᠦᠯᠭᠡ᠎ᠶᠢᠨ ᠦᠷᠳᠡᠭᠡ᠎ᠶᠢ ᠪᠠᠭᠲᠠᠭᠠᠭᠰᠠᠨ ᠠᠵᠢᠯᠯᠠᠭ᠎ᠠ᠎ᠶᠢᠨ ᠭᠠᠵᠠᠷ ᠨᠢ ᠪᠦᠬᠦ ᠬᠤᠳᠠ᠎ᠳᠤ ᠲᠦᠭᠡᠵᠦ᠂ ᠰᠤᠷᠤᠭ᠍ᠴᠢᠳ᠎ᠤᠨ ᠣᠢᠷ᠎ᠠ ᠬᠠᠪᠢ᠎ᠳᠠᠭᠠᠨ ᠰᠣᠩᠭᠣᠨ ᠣᠷᠣᠯᠴᠠᠬᠤ᠎ᠳᠤ ᠲᠦᠭᠦᠮ ᠦᠵᠡᠭᠦᠯᠪᠡ᠃
ᠬᠦᠬᠡᠬᠤᠳᠠ ᠵᠢᠨ ᠰᠤᠷᠭᠠᠨ ᠬᠥᠮᠦᠵᠢᠯ᠎ᠦᠨ ᠲᠣᠪᠴᠢᠶ᠎ᠠ ᠵᠢᠨ ᠬᠢᠨ ᠡᠨᠡ ᠬᠦ ᠨᠡᠢᠭᠡᠮ᠎ᠦᠨ ᠦᠢᠯᠡᠳᠦᠯᠭᠡ ᠶ᠋ᠢᠨ ᠲᠠᠪᠴᠠᠩ ᠢ᠋ ᠪᠤᠶ ᠪᠣᠯᠭᠠᠬᠤ ᠪᠡᠷ ᠲᠠᠮᠵᠢᠨ ᠵᠠᠯᠠᠭᠤᠴᠤᠳ ᠪᠠᠭᠠᠴᠤᠳ᠎ᠤᠨ ᠪᠡᠶᠡᠴᠢᠯᠡᠨ ᠣᠢᠯᠠᠭᠠᠬᠤ ᠳᠤᠮᠳᠠ ᠤᠯᠠᠮᠵᠢᠯᠠᠯᠲᠤ ᠰᠣᠶᠣᠯ ᠢ᠋ ᠣᠢᠯᠠᠭᠠᠵᠤ᠂ ᠦᠢᠯᠡᠴᠢᠯᠡᠬᠦ ᠳᠤᠮᠳᠠ ᠬᠠᠷᠢᠭᠤᠴᠠᠯᠭᠠᠲᠤ ᠤᠬᠠᠮᠰᠠᠷ ᠢ᠋ ᠪᠤᠶ ᠪᠣᠯᠭᠠᠵᠤ᠂ ᠤᠳᠬ᠎ᠠ ᠠᠭᠤᠯᠭ᠎ᠠ᠎ᠲᠠᠢ ᠡᠪᠦᠯ᠎ᠦᠨ ᠠᠮᠠᠷᠠᠯᠲᠠ ᠶ᠋ᠢ ᠥᠩᠭᠡᠷᠡᠬᠦᠯᠬᠦ ᠶ᠋ᠢ ᠬᠦᠳᠦᠯᠦᠨ ᠵᠢᠯᠤᠭᠤᠳᠴᠤ ᠪᠠᠢᠭ᠎ᠠ ᠶᠤᠮ᠃