ᠸᠠᠩ ᠸᠧᠶ ᠵᠥᠩ ᠬᠤᠷᠠᠯ ᠢ᠋ ᠡᠷᠭᠢᠯᠡᠵᠠᠢ
2 ᠰᠠᠷ᠎ᠠ ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠪᠠᠢᠩᠭᠤ ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠦᠨ ᠬᠣᠯᠪᠣᠭ᠍ᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠤ ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠠᠢ᠃
ᠬᠤᠷᠠᠯ᠎ᠡᠴᠡ 1 ᠰᠠᠷ᠎ᠠ᠎ᠶ᠋ᠢᠨ 30 ᠤ᠋ ᠡᠳᠦᠷ᠎ᠦᠨ ᠲᠥᠪ᠎ᠦᠨ ᠤᠯᠤᠰ ᠲᠥᠷᠥ᠎ᠶ᠋ᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶ᠋ᠢᠨ ᠵᠥᠪᠯᠡᠯᠭᠡᠨ᠂ ᠠᠷᠠᠳ᠎ᠤᠨ ᠥᠨᠳᠥᠷ ᠵᠡᠷᠭᠡ᠎ᠶ᠋ᠢᠨ ᠱᠢᠭᠦᠬᠦ᠌ ᠬᠣᠷᠢᠶ᠎ᠠ ᠪᠣᠯᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠴᠢᠭ᠌ᠯᠡᠯ᠎ᠢ ᠡᠵᠡᠮᠳᠡᠬᠦ᠌᠂ ᠶᠡᠬᠡ ᠲᠠᠯ᠎ᠠ᠎ᠶ᠋ᠢ ᠬᠠᠮᠢᠶᠠᠷᠬᠤ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠦᠶ᠋ᠯᠡᠳᠦᠯ ᠢᠶᠡᠨ ᠭᠦᠶ᠋ᠴᠡᠳ ᠪᠠᠳᠠᠷᠠᠭᠤᠯᠵᠤ᠂ ᠰᠤᠷᠤᠯᠴᠠᠯᠭ᠎ᠠ ᠵᠢ ᠶᠡᠬᠡ ᠪᠡᠷ ᠡᠷᠬᠢᠮᠯᠡᠵᠤ᠂ ᠭᠦᠨᠵᠡᠭᠡᠶ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠢᠯᠡᠰ ᠤ᠋ᠨ ᠲᠡᠬᠢᠨ ᠰᠢᠨ᠎ᠠ ᠲᠡᠭᠳᠡᠷ ᠲᠤ᠌ ᠭᠠᠷᠬᠤ ᠵᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠲᠥᠪ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠳᠥᠷᠪᠡᠳᠦᠭᠡᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠦᠨ ᠲᠦᠷᠭᠡᠨ ᠬᠥᠭ᠌ᠵᠢᠨ ᠮᠠᠨᠳᠤᠵᠦ ᠪᠠᠢᠭ᠎ᠠ ᠲᠡᠦᠬᠡᠲᠦ ᠴᠢᠨᠠᠷᠲᠠᠢ ᠠᠵᠠ ᠲᠣᠬᠢᠶᠠᠯ᠎ᠢ ᠠᠮᠵᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠠᠵᠤ ᠦᠢᠯᠡᠰ᠎ᠦᠨ ᠬᠥᠭ᠌ᠵᠢᠯᠲᠡ ᠪᠣᠯᠤᠨ ᠠᠬᠤᠢ ᠪᠠᠢᠳᠠᠯ᠎ᠤᠨ ᠬᠡᠷᠡᠭ᠌ᠯᠡᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠷᠡᠭᠡᠳᠦᠢ᠎ᠶ᠋ᠢᠨ ᠠᠵᠤ ᠦᠢᠯᠡᠰ᠎ᠦᠨ ᠱᠢᠨ᠎ᠡ ᠲᠠᠢ᠌ᠯᠠᠯᠳᠤᠭᠠᠨᠦ ᠲᠠᠯᠠᠪᠤᠷ᠎ᠲᠤ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠪᠤᠰᠤᠳ ᠤ᠋ᠨ ᠤᠬᠠᠭ᠍ᠳᠠᠬᠤᠨ᠎ᠢ ᠲᠤᠬᠤᠵᠤ ᠠᠪᠴᠢᠷᠠᠬᠤ ᠡᠴᠡ ᠰᠡᠷᠭᠡᠢᠯᠡᠵᠦ᠍᠂ ᠰᠣᠬᠣᠷ ᠪᠠᠯᠠᠢ᠎ᠪᠠᠷ ᠲᠠᠭᠠᠬᠤ᠎ᠡᠴᠡ ᠰᠡᠷᠭᠡᠢᠯᠡᠵᠦ᠍᠂ ᠠᠮᠢᠳᠤ ᠪᠣᠳᠠᠰ᠎ᠤᠨ ᠦᠢᠯᠡᠳᠭᠡᠯ᠂ ᠤᠰᠤᠲᠥ᠋ᠷᠥᠭ᠌ᠴᠢ ᠡᠨᠧᠷᠭᠢ᠂ ᠪᠠᠶ᠎ᠠ᠎ᠳᠤ ᠤᠶᠤᠨ ᠵᠡᠷᠭᠡ ᠢᠷᠡᠭᠡᠳᠦᠢ᠎ᠶ᠋ᠢᠨ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ ᠠᠵᠤ ᠦᠢᠯᠡᠰ᠎ᠦᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠭᠠᠵᠠᠷ ᠣᠷᠣᠨ᠎ᠤ ᠪᠠᠢᠳᠠᠯᠳ᠋ᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠪᠣᠢᠵᠢᠭᠤᠯᠬᠤ ᠬᠡᠷᠡᠭ᠌ᠲᠡᠢ᠃ ᠳᠠᠪᠠᠭᠤᠯᠢᠭ ᠬᠦᠷᠢᠶ᠎ᠡ ᠪᠣᠯᠤᠨ ᠠᠵᠤ ᠦᠢᠯᠡᠰ᠎ᠦᠨ ᠪᠠᠴᠢᠮ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠦᠴᠦᠨ᠎ᠢᠶᠡᠨ ᠲᠥᠪᠯᠡᠷᠡᠭᠦᠯᠵᠦ᠍ ᠪᠠᠢᠭᠠᠳ《ᠪᠣᠭᠣᠮᠢ ᠪᠤᠯᠵᠤ ᠪᠠᠢᠭ᠎ᠠ》 ᠬᠦᠴᠢᠷ ᠠᠰᠠᠭᠤᠳᠠᠯ ᠢ ᠱᠢᠢᠳᠪᠦᠷᠢᠯᠡᠵᠦ᠍᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠡᠷᠡᠭ᠌ᠯᠡᠭᠡ᠎ᠶ᠋ᠢ ᠨᠡᠪᠲᠡᠷᠡᠭᠦᠯᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶᠢ ᠡᠭᠦᠳᠭᠦ ᠪᠣᠯᠤᠨ ᠠᠵᠤ ᠦᠢᠯᠡᠰ᠎ᠦᠨ ᠱᠢᠨ᠎ᠡ᠎ᠶᠢ ᠡᠭᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ᠃ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠬᠦᠳᠦᠯᠦᠨ ᠵᠢᠯᠣᠭᠣᠳᠴᠤ᠌᠂ ᠱᠠᠳᠤ ᠳᠠᠷᠠᠭᠠᠯᠠᠨ ᠪᠣᠢᠵᠢᠭᠤᠯᠬᠤ ᠱᠢᠰᠲ᠋ᠧᠮ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠨᠡᠩ ᠤᠯᠠᠨ ᠠᠵᠤ ᠠᠬᠤᠢᠯᠠᠯ᠎ᠤᠨ 《ᠥᠨᠳᠥᠷ》 ᠲᠡᠢᠰᠢ 《ᠱᠢᠨ᠎ᠡ》 ᠲᠡᠢᠰᠢ ᠦᠰᠦᠨ ᠪᠣᠢᠵᠢᠬᠤ᠎ᠶ᠋ᠢ ᠠᠬᠢᠭᠤᠯᠬᠤ ᠬᠡᠷᠡᠭ᠌ᠲᠡᠢ᠃ ᠲᠦᠷᠦ᠍᠎ᠶ᠋ᠢᠨ ᠪᠤᠳᠤᠯᠭ᠎ᠠ ᠵᠢᠨ ᠲᠡᠮᠵᠢᠯᠭᠡ ᠵᠢᠨ ᠡᠷᠴᠢᠮ᠎ᠢᠶᠡᠨ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠮᠥᠩᠭᠥᠨ ᠭᠦᠢᠯᠭᠡᠭᠡ᠎ᠶ᠋ᠢ ᠶᠡᠬᠡᠪᠡᠷ ᠬᠥᠭ᠌ᠵᠢᠭᠦᠯᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠌᠂ ᠦᠯᠡᠳᠡᠭᠡᠬᠦ᠌᠂ ᠬᠡᠷᠡᠭ᠌ᠯᠡᠬᠦ᠌ ᠠᠵᠢᠯ᠎ᠢ ᠪᠦᠬᠦ᠌ ᠲᠠᠯ᠎ᠠ᠎ᠪᠠᠷ ᠰᠠᠢᠲᠤᠷ ᠬᠢᠵᠦ᠍᠂ ᠰᠠᠢ᠌ᠨ ᠰᠠᠢᠬᠠᠨ ᠲᠦᠷᠦ᠍᠎ᠶ᠋ᠢᠨ ᠪᠤᠳᠤᠯᠭ᠎ᠠ᠎ᠶ᠋ᠢᠨ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠦᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠎ᠢ ᠬᠦᠴᠦᠯᠡᠨ ᠪᠤᠢ ᠪᠣᠯᠭᠠᠬᠤ ᠬᠡᠷᠡᠭ᠌ᠲᠡᠢ᠃ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠬᠢᠨᠠᠯᠲᠠ ᠲᠠᠯᠪᠢᠬᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠬᠠᠮᠢᠶᠠᠷᠤᠯᠲᠠ᠎ᠶ᠋ᠢᠨ ᠲᠦᠷᠢᠮ᠎ᠢ ᠪᠦᠷᠢᠨᠱᠢᠬᠦᠯᠵᠤ᠂ 《ᠠᠮᠢᠳᠤᠯᠢᠭ ᠪᠤᠯᠭᠠᠬᠤ》 ᠪᠦᠭᠡᠳ 《ᠰᠠᠢᠲᠤᠷ ᠬᠠᠮᠢᠶᠠᠷᠬᠤ》 ᠵᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠠᠭᠠᠨ ᠰᠠᠷ᠎ᠠ᠎ᠡᠴᠡ ᠡᠮᠦᠨᠡᠬᠡᠨ ᠪᠡᠭᠡᠵᠢᠩ᠎ᠳᠦ ᠱᠢᠨᠵᠢᠯᠡᠨ ᠪᠠᠢᠴᠠᠭᠠᠭ᠍ᠰᠠᠨ ᠪᠥᠭᠡᠳ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ᠍ ᠲᠣᠬᠣᠨᠢᠭᠤᠯᠬᠤ ᠦᠶ᠎ᠡ᠎ᠶ᠋ᠢᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠢ᠃ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠠᠵᠤ ᠠᠬᠤᠢ᠎ᠶ᠋ᠢᠨ ᠶᠠᠰᠤ ᠴᠢᠨᠠᠷ᠎ᠤᠨ ᠪᠦᠲᠦᠮᠵᠢᠲᠡᠢ ᠳᠡᠭᠡᠭ᠌ᠰᠢᠯᠡᠯᠲᠡ ᠪᠠ ᠬᠡᠮᠵᠢᠶᠡᠨ᠎ᠦ ᠵᠣᠬᠢᠰᠲᠠᠢ ᠨᠡᠮᠡᠭ᠌ᠳᠡᠯ᠎ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠬᠤᠳᠠ᠎ᠶ᠋ᠢᠨ ᠠᠭᠤᠯᠤᠭ᠍ᠳᠠᠬᠤᠨ ᠮᠠᠶᠢᠭ᠎ᠤᠨ ᠬᠥᠭ᠌ᠵᠢᠯᠲᠡ᠎ᠶ᠋ᠢ ᠨᠡᠩ ᠴᠢᠬᠤᠯᠠᠴᠢᠯᠠᠵᠤ᠂ ᠬᠤᠳᠠ᠎ᠶ᠋ᠢᠨ ᠴᠢᠳᠠᠮᠵᠢ᠎ᠶ᠋ᠢ ᠬᠦᠴᠦᠯᠡᠨ ᠱᠢᠯᠢᠳᠡᠭ᠌ᠵᠢᠭᠦᠯᠵᠦ᠍᠂ ᠬᠤᠳᠠ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠤᠳᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ ᠪᠣᠯᠤᠨ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠲᠤᠪᠤᠢ᠌ᠮ᠎ᠠ ᠰᠠᠢᠲᠤᠷ ᠠᠳᠭᠤᠵᠤ᠂ ᠰᠦᠨ ᠱᠤᠤ ᠴᠸᠩ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠥᠷᠢᠴᠡᠭ᠌ᠰᠡᠨ ᠠᠰᠠᠭᠤᠳᠠᠯ᠎ᠡᠴᠡ ᠭᠦᠨᠵᠡᠭᠡᠢ ᠰᠤᠷᠭᠠᠮᠵᠢ ᠠᠪᠴᠤ᠌᠂ ᠦᠷᠭᠦᠯᠵᠢᠯᠡᠨ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠵᠦ᠍᠂ ᠡᠯ᠎ᠡ ᠱᠠᠲᠤᠨ᠎ᠤ ᠤᠳᠤᠷᠢᠳᠭᠤ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠪᠠᠢᠭᠠᠳ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ᠃ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠬᠦ᠌᠂ ᠬᠠᠩᠭᠠᠯᠭ᠎ᠠ᠎ᠶ᠋ᠢ ᠪᠠᠲᠤᠯᠠᠨ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ᠂ ᠡᠪᠦᠯ᠎ᠦᠨ ᠤᠯᠠᠷᠢᠯ᠎ᠤᠨ ᠳᠤᠯᠠᠭᠠᠯᠠᠭ᠎ᠠ ᠬᠠᠩᠭᠠᠬᠤ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠠᠶᠤᠯᠭᠦᠢ ᠦᠢᠯᠡᠳᠪᠦᠷᠢᠯᠡᠯ᠎ᠦᠨ ᠡᠷᠴᠢᠮ᠎ᠢᠶᠡᠨ ᠴᠢᠩᠭᠠᠷᠠᠭᠤᠯᠤᠨ᠂ ᠠᠮᠤᠷ ᠲᠦᠪᠱᠢᠨ᠎ᠦ ᠭᠡᠮ ᠰᠣᠭᠣᠭ᠎ᠢ ᠶᠡᠬᠡᠪᠡᠷ ᠵᠢᠭ᠍ᠰᠠᠭᠠᠨ ᠪᠠᠢᠴᠠᠭᠠᠵᠤ ᠶᠡᠬᠡᠪᠡᠷ ᠴᠡᠭ᠌ᠴᠡᠯᠡᠨ ᠵᠠᠰᠠᠬᠤ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠡᠩ᠎ᠦᠨ ᠴᠢᠨᠠᠷᠲᠠᠢ ᠡᠨᠳᠡᠯ᠎ᠢ ᠪᠠᠭᠠᠰᠭᠠᠬᠤ ᠬᠡᠷᠡᠭ᠌ᠲᠡᠢ ᠭᠡᠵᠤ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠭᠠᠳᠠᠨᠠᠬᠢ ᠬᠥᠮᠦᠰ᠎ᠲᠡᠶ ᠬᠠᠮᠲᠤ᠎ᠪᠠᠷ ᠴᠠᠭᠠᠨ ᠰᠠᠷᠠᠶ᠋ᠢ ᠤᠭ᠍ᠲᠤᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠨᠠᠮ᠎ᠤᠨ ᠭᠠᠳᠠᠨᠠᠬᠢ ᠬᠥᠮᠦᠰ᠎ᠲᠡᠶ ᠬᠠᠮᠲᠤᠷᠠᠨ ᠠᠵᠢᠯᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠥᠪᠥᠷ ᠮᠣᠩᠭᠣᠯ᠎ᠤᠨ ᠥᠭᠡᠷᠡᠴᠢᠯᠡᠯᠲᠡ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠬᠠᠮᠲᠤ᠎ᠪᠠᠷ ᠴᠢᠷᠮᠠᠢᠨ ᠰᠠᠢᠲᠤᠷ ᠬᠢᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠨᠠᠮ ᠪᠦᠯᠦᠭ᠎ᠦᠨ ᠪᠤᠰᠤ ᠬᠥᠮᠦᠰ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠵᠢ ᠱᠤᠭᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠠ《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠶ᠋ᠢᠨ ᠲᠣᠭᠣᠷᠢᠨ᠎ᠳᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠤ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠬᠤ᠂ ᠶᠡᠬᠡ ᠲᠠᠯ᠎ᠠ᠎ᠳᠤ ᠦᠢᠯᠡᠴᠢᠯᠡᠬᠦ᠌ ᠲᠠᠯ᠎ᠠ᠎ᠪᠠᠷ ᠨᠡᠩ ᠶᠡᠬᠡ ᠦᠢᠯᠡᠳᠦᠯ ᠪᠠᠳᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠪᠦᠬᠦ᠌ ᠤᠯᠤᠰ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠣᠷᠢᠶᠠᠨ᠎ᠤ 2025 ᠣᠨ᠎ᠤ ᠠᠵᠢᠯ᠎ᠤᠨ ᠪᠠᠢᠳᠠᠯ᠎ᠤᠨ ᠬᠠᠷᠢᠭᠤ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢ ᠨᠢᠭᠡᠳᠦᠯᠲᠡᠶ ᠲᠥᠯᠥᠪᠵᠢᠭᠦᠯᠦᠨ ᠵᠢᠷᠤᠮᠵᠢᠭᠤᠯᠵᠤ ᠠᠬᠢᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ 《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠣᠷᠢᠶᠠᠨ᠎ᠤ 2026 ᠣᠨ᠎ᠤ ᠠᠵᠢᠯ᠎ᠤᠨ ᠭᠤᠤᠯᠳᠠᠯᠭ᠎ᠠ》 ᠵᠡᠷᠭᠡ ᠪᠢᠴᠢᠭ ᠮᠠᠲ᠋ᠧᠷᠢᠶᠠᠯ᠎ᠢ ᠬᠢᠨᠠᠨ ᠵᠥᠪᠯᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠨᠧᠷᠭᠢ᠂ ᠬᠣᠪᠣᠷ ᠱᠢᠷᠣᠶ᠂ ᠡᠪᠡᠰᠦᠨ᠎ᠦ ᠦᠶ᠋ᠯᠡᠰ᠂ ᠰᠦ᠎ᠶᠢᠨ ᠦᠶ᠋ᠯᠡᠰ ᠵᠡᠷᠭᠡ ᠳᠠᠪᠠᠭᠤᠯᠢᠭ ᠤᠨᠴᠠᠯᠢᠬᠳᠤ ᠬᠦᠷᠢᠶᠡᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠡᠷᠬᠡ ᠰᠡᠳᠦᠪ ᠢ ᠰᠢᠢᠳᠪᠦᠷᠢᠯᠡᠬᠦ᠎ᠵᠢ ᠴᠢᠨᠭᠭᠠᠳᠭᠠᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠎ᠵᠢ ᠴᠢᠨᠭᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ 《ᠨᠢᠭᠡ ᠬᠦᠯᠭᠡ ᠰᠢᠲᠠᠷ᠎ᠠ》 ᠮᠡᠲᠦ ᠠᠳᠬᠤᠬᠤ ᠪᠠᠢᠷᠢᠰᠢᠯ᠎ᠢ ᠪᠠᠢᠭᠤᠯᠬᠤ ᠬᠡᠷᠡᠭᠲᠡᠢ᠃ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠱᠢᠯᠢᠳᠡᠭ᠌ᠵᠢᠭᠦᠯᠬᠦ᠌ ᠲᠠᠪᠴᠠᠩ᠎ᠤᠨ ᠪᠠᠢᠷᠢᠱᠢᠭᠤᠯᠤᠯᠲᠠ᠎ᠶ᠋ᠢᠨ ᠲᠣᠭᠣᠷᠢᠨ᠎ᠳᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ 《ᠴᠠᠭᠠᠨ ᠳᠠᠨᠭᠰᠠ》 ᠢ᠋ᠢᠨ ᠲᠦᠷᠢᠮ ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠯ᠎ᠡ ᠲᠥᠷᠥᠯ᠎ᠦᠨ ᠲᠠᠪᠴᠠᠩ᠎ᠤᠨ ᠡᠷᠲᠡᠬᠡᠨ ᠦᠷ᠎ᠡ ᠪᠦᠲᠦᠭᠡᠯ ᠭᠠᠷᠭᠠᠬᠤ ᠶ᠋ᠢ ᠠᠬᠢᠭᠤᠯᠬᠤ ᠬᠡᠷᠡᠭ᠌ᠲᠡᠶ᠃ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶ᠋ᠢᠨ ᠨᠡᠮᠡᠭ᠌ᠳᠡᠯ᠎ᠦᠨ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠶ᠋ᠢᠨ ᠬᠠᠤᠯᠢ ᠲᠣᠭ᠍ᠲᠠᠭᠠᠯᠲᠠ᠎ᠶ᠋ᠢ ᠰᠠᠢᠲᠤᠷ ᠥᠷᠨᠢᠭᠦᠯᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠯᠡ ᠮᠥᠩᠭᠥ᠎ᠶ᠋ᠢ ᠣᠨᠣᠪᠴᠢᠲᠠᠢ ᠥᠨᠳᠥᠷ ᠪᠦᠲᠦᠮᠵᠢᠲᠡᠢ ᠬᠡᠷᠡᠭ᠌ᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠣᠷᠢᠶᠠᠨ᠎ᠤ 2025 ᠣᠨ᠎ᠤ ᠠᠵᠢᠯ᠎ᠤᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠬᠣᠷᠢᠶᠠᠨ᠎ᠤ 2026 ᠣᠨ᠎ᠤ ᠠᠵᠢᠯ᠎ᠤᠨ ᠭᠣᠣᠯᠳᠠᠯᠭ᠎ᠠ》 ᠵᠡᠷᠭᠡ ᠪᠢᠴᠢᠭ ᠮᠠᠲᠧᠷᠢᠶᠠᠯ ᠢ ᠬᠢᠨᠠᠨ ᠵᠥᠪᠯᠡᠵᠦ᠍᠂ ᠨᠠᠮ᠎ᠤᠨ ᠲᠥᠪ ᠬᠣᠷᠢᠶ᠎ᠠ᠎ᠶᠢᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠪᠠᠷ ᠭᠣᠣᠯᠳᠠᠭᠤᠯᠵᠤ ᠡᠯ᠎ᠡ ᠬᠦᠷᠢᠶᠡᠨ᠎ᠦ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠦ ᠪᠠᠢᠭ᠎ᠠ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠬᠦ᠌᠎ᠪᠡᠨ ᠴᠢᠩᠭᠠᠳᠭᠠᠵᠤ᠂ ᠬᠠᠢᠨ ᠰᠦᠪᠡᠭ᠌ᠴᠢᠯᠡᠵᠦ᠍ ᠱᠢᠨ᠎ᠡ᠎ᠶ᠋ᠢ ᠡᠭᠦᠳᠬᠦ᠌᠎ᠶ᠋ᠢ ᠵᠣᠷᠢᠭ᠍ᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃