ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠪᠠ
2026-02-13 10:38:11
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠨᠠᠮ᠎ᠤᠨ ᠲᠥᠪ ᠬᠣᠷᠢᠶ᠎ᠠ ᠡᠴᠡ ᠸᠠᠩ ᠯᠢ ᠱᠢᠶᠠ᠎ᠳᠤ ᠥᠭᠭᠦᠭᠰᠡᠨ ᠬᠣᠯᠪᠣᠭ᠍ᠳᠠᠯ ᠪᠦᠬᠦᠢ ᠱᠢᠢᠳᠭᠡᠯ᠎ᠤᠨ ᠲᠣᠭ᠍ᠲᠠᠭᠠᠯ᠎ᠢ ᠡᠷᠡᠰ ᠬᠦᠷᠢᠶᠡᠯᠡᠨ᠎ᠠ

ᠸᠠᠩ ᠸᠸᠢ ᠵᠦᠩ ᠬᠤᠷᠠᠯ ᠢ᠋ ᠡᠷᠬᠢᠯᠡᠵᠡᠢ



2 ᠰᠠᠷ᠎ᠠ᠎ᠶ᠋ᠢᠨ 12 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠡᠴᠡ ᠸᠠᠩ ᠯᠢ ᠱᠢᠶᠠ᠎ᠳᠤ ᠦᠭᠭᠦᠭᠰᠡᠨ ᠬᠤᠯᠪᠤᠭᠳᠠᠯ ᠪᠦᠬᠦᠢ ᠰᠢᠢᠳᠭᠡᠯ᠎ᠤᠨ ᠲᠣᠭ᠍ᠲᠠᠭᠠᠯ ᠎ᠢ ᠵᠠᠷᠯᠠᠨ ᠮᠡᠳᠡᠭ᠌ᠳᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠵᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠵᠦ᠍᠂ ᠬᠤᠷᠠᠯ᠎ᠳᠤ ᠣᠷᠣᠯᠴᠠᠭ᠍ᠰᠠᠨ ᠨᠥᠬᠥᠳ ᠣᠪᠣᠷ᠎ᠢᠶᠠᠨ ᠢᠯᠡᠳᠭᠡᠬᠦ᠌ ᠦᠭᠡ ᠬᠡᠯᠡᠵᠦ᠍᠂ ᠨᠠᠮ᠎ᠤᠨ ᠲᠥᠪ ᠬᠣᠷᠢᠶ᠎ᠠ ᠪᠣᠯᠤᠨ ᠲᠥᠪ ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ ᠡᠴᠡ ᠸᠠᠩ ᠯᠢ ᠱᠢᠶᠠ᠎ᠳᠤ ᠥᠭ᠌ᠭᠦᠭ᠌ᠰᠡᠨ ᠰᠢᠢᠳᠭᠡᠯ᠎ᠤᠨ ᠲᠤᠭᠳᠠᠭᠠᠯ ᠢ᠋ ᠪᠦᠷᠢᠮᠦᠰᠦᠨ ᠵᠥᠪᠱᠢᠶᠡᠷᠡᠵᠦ᠍᠂ ᠡᠷᠡᠰ ᠬᠦᠷᠢᠶᠡᠯᠡᠵᠦ᠍ ᠪᠠᠢᠬᠤ᠎ᠪᠠᠨ ᠰᠠᠨᠠᠯ ᠨᠢᠭᠡᠲᠡᠶ ᠢᠯᠡᠳᠭᠡᠵᠡᠭᠡᠪᠡ᠃

ᠬᠤᠷᠠᠯ ᠡᠴᠡ᠂ ᠸᠠᠩ ᠯᠢ ᠱᠢᠶᠠ᠎ᠳᠤ ᠱᠢᠢᠳᠭᠡᠯ᠎ᠦᠭᠬᠦ ᠲᠣᠭ᠍ᠲᠠᠭᠠᠯ ᠢ᠋ ᠭᠠᠷᠭᠠᠭ᠍ᠰᠠᠨ᠎ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠢᠮᠠᠭ᠍ᠲᠠ ᠲᠤᠭᠤᠱᠢᠯᠠᠭᠤᠯᠵᠤ᠂ ᠤᠬ᠍ᠳᠤ ᠠᠭᠤᠴᠢᠯᠠᠬᠤ ᠦᠭᠡᠢ ᠣᠪᠣᠷ᠎ᠢᠶᠠᠷ ᠢᠯᠵᠢᠷᠡᠯ ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠬᠦ᠌ ᠡᠷᠡᠰ ᠪᠠᠲᠤ ᠵᠣᠷᠢᠭ ᠰᠠᠨᠠᠭ᠎ᠠ ᠪᠣᠯᠤᠨ ᠬᠠᠳᠠᠭᠤ ᠴᠢᠩᠭ᠎ᠠ ᠰᠦᠰᠦ ᠵᠣᠷᠢᠭ ᠎ᠢ ᠭᠦᠢᠴᠡᠳ ᠢᠯᠡᠷᠡᠭᠦᠯᠵᠡᠢ᠃ ᠪᠥᠬᠥ᠌ ᠣᠷᠣᠨ ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠢᠯᠠᠩᠭᠤᠶ᠎ᠠ ᠮᠤᠵᠢ᠎ᠶ᠋ᠢᠨ ᠲᠡᠰ᠎ᠤᠨ ᠤᠳᠤᠷᠢᠳᠭᠤ ᠺᠠᠳ᠋ᠷᠴᠤᠳ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠎ᠪᠠᠨ ᠨᠠᠮ ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ ᠎ᠲᠠᠶ ᠦᠨᠡᠨ ᠬᠦ᠌ ᠨᠢᠭᠡᠳᠭᠡᠵᠦ᠍᠂ ᠸᠠᠩ ᠯᠢ ᠱᠢᠶᠠ᠎ᠶ᠋ᠢᠨ ᠬᠡᠷᠡᠭ ᠎ᠡᠴᠡ ᠭᠦᠨᠵᠡᠭᠡᠶ ᠰᠤᠷᠭᠠᠮᠵᠢ ᠠᠪᠴᠤ᠌᠂ ᠬᠡᠷᠡᠭ᠎ᠢᠶᠡᠷ ᠲᠣᠯᠢ ᠪᠣᠯᠭᠠᠵᠤ᠂ ᠰᠡᠷᠡᠮᠵᠢ᠎ᠶ᠋ᠢᠨ ᠬᠣᠩᠬᠣ᠎ᠶ᠋ᠢ ᠪᠠᠢᠩᠭᠤ ᠳᠤᠸ᠋ᠭᠠᠷᠭᠠᠵᠤ᠂ ᠢᠯᠵᠢᠷᠠᠯ᠎ᠤᠨ ᠠᠰᠠᠭᠤᠳᠠᠯ᠎ᠤᠨ ᠬᠦᠨᠳᠦ ᠨᠣᠴᠢᠲᠠᠶ ᠬᠤᠤᠷ ᠬᠥᠨᠥᠭᠡᠯ᠎ᠢ ᠤᠯᠤᠰ ᠲᠥᠷᠥ᠎ᠶ᠋ᠢᠨ ᠦᠨᠳᠦᠷᠴᠡ᠎ᠡᠴᠡ ᠰᠡᠷᠭᠡᠭ᠎ᠢᠶᠡᠷ ᠲᠠᠨᠢᠵᠤ᠂ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠵᠥᠷᠢᠴᠡᠬᠦ ᠠᠯᠢᠪᠠ ᠦᠶ᠋ᠯᠡ ᠠᠵᠢᠯᠯᠠᠭ᠎ᠠ᠎ᠲᠠᠶ ᠤᠬᠠᠮᠰᠠᠷ ᠡᠴᠡ᠎ᠪᠠᠨ ᠲᠡᠮᠡᠴᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ  《ᠬᠣᠶᠠᠷ ᠎ᠢ ᠲᠣᠭ᠍ᠲᠠᠭᠠᠭᠰᠠᠨ 》 ᠢ᠋ ᠡᠷᠡᠰ ᠬᠦᠷᠢᠶᠡᠯᠡᠵᠦ᠍᠂  《ᠬᠣᠶᠠᠷ ᠎ᠢ ᠬᠠᠮᠠᠭᠠᠯᠠᠬᠤ 》 ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠤ ᠵᠢᠭᠠᠵᠤ ᠭᠠᠷᠭᠠᠵᠠᠢ᠃

ᠬᠤᠷᠠᠯ ᠡᠴᠡ᠂ ᠴᠥᠬᠥᠷᠡᠰᠢ ᠦᠭᠡᠢ᠎ᠪᠡᠷ ᠨᠠᠮ᠎ᠤᠨ ᠱᠢᠨ᠎ᠡ ᠡᠭᠦᠳᠦᠯᠳᠡ ᠵᠢᠨ ᠤᠨᠤᠯ᠎ᠢᠶᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠶ᠋ᠢ ᠱᠤᠭᠤᠵᠤ᠂ ᠢᠲᠡᠭᠡᠯ ᠪᠢᠱᠢᠷᠡᠯ᠎ᠦᠨ ᠰᠠᠭᠤᠷᠢ᠎ᠶ᠋ᠢ ᠪᠠᠲᠤ ᠴᠣᠭ᠍ᠴᠠᠯᠠᠵᠤ᠂ ᠤᠶᠤᠨ ᠰᠠᠨᠠᠭᠠᠨ᠎ᠤ ᠰᠢᠮ᠎ᠠ ᠵᠢ ᠭᠦᠢᠴᠡᠳ ᠨᠥᠬᠥᠪᠥᠷᠢᠯᠡᠵᠦ᠍᠂ ᠦᠵᠡᠯ ᠰᠠᠨᠠᠭᠠᠨ᠎ᠤ ᠵᠠᠯᠠᠭᠤᠷ᠎ᠢ ᠯᠠᠪᠳᠠᠭᠤᠨ ᠡᠵᠡᠮᠳᠡᠵᠦ᠍᠂ ᠨᠠᠮ᠎ᠳᠠᠭᠠᠨ ᠬᠠᠷᠢᠴᠠᠯᠠᠱᠢᠭᠦᠢ ᠦᠨᠡᠨᠴᠢ ᠱᠢᠳᠤᠷᠭᠤ ᠪᠠᠢᠬᠤ᠎ᠶ᠋ᠢ ᠢᠮᠠᠭᠳᠠ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠭ᠎ᠠ ᠰᠠᠬᠢᠵᠤ᠂ ᠶᠠᠮᠠᠷᠪᠠ ᠶᠠᠪᠤᠳᠠᠯ᠂ ᠶᠠᠮᠠᠷᠪᠠ ᠠᠵᠢᠯ᠎ᠢ ᠬᠢᠬᠦ᠌᠎ᠳᠦ ᠴᠥᠮ ᠤᠬᠠᠮᠰᠠᠷ ᠡᠴᠡ᠎ᠪᠠᠨ ᠨᠠᠮ᠎ᠤᠨ ᠲᠥᠪ ᠬᠣᠷᠢᠶ᠎ᠠ ᠵᠢᠨ ᠵᠣᠷᠢᠭ ᠰᠠᠨᠠᠭ᠎ᠠ᠎ᠲᠠᠶ ᠪᠠᠷᠢᠮᠵᠢᠶᠠᠯᠠᠨ ᠬᠠᠷᠭᠤᠭᠤᠯᠵᠤ᠂ ᠦᠵᠡᠯ ᠰᠠᠨᠠᠭᠠᠨ᠎ᠤ ᠲᠠᠯ᠎ᠠ᠎ᠪᠠᠷ ᠬᠢ ᠳᠤᠷ᠎ᠠ ᠵᠣᠷᠢᠭ᠎ᠤᠨ ᠦᠵᠡᠯ᠂ ᠤᠯᠤᠰ ᠲᠦᠷᠦ᠍᠎ᠶ᠋ᠢᠨ ᠲᠠᠯ᠎ᠠ᠎ᠪᠠᠷ ᠬᠢ ᠵᠠᠪᠰᠢᠬᠤ ᠦᠵᠡᠯ᠂ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠠᠢᠮᠠᠭ᠍ᠴᠢᠯᠠᠬᠤ ᠦᠵᠡᠯ᠂ ᠠᠵᠢᠯ᠎ᠤᠨ ᠲᠠᠯ᠎ᠠ᠎ᠪᠠᠷ ᠬᠢ ᠥᠪᠡᠷᠮᠡᠲᠡᠭᠡᠢ ᠦᠵᠡᠯ᠂ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠯ᠎ᠠ᠎ᠪᠠᠷ ᠬᠢ ᠰᠠᠢᠮᠰᠤᠷᠠᠬᠤ ᠦᠵᠡᠯ᠎ᠢ ᠡᠷᠡᠰ ᠡᠰᠡᠷᠭᠦᠴᠡᠨ ᠬᠣᠷᠢᠭ᠍ᠯᠠᠬᠤ ᠬᠡᠷᠡᠭ᠌ᠲᠡᠢ᠃ ᠴᠠᠭ ᠢᠮᠠᠭ᠍ᠲᠠ ᠥᠪᠡᠷ᠎ᠢ᠎ᠪᠡᠨ ᠬᠦᠨᠳᠦᠳᠭᠡᠵᠦ᠍ ᠦᠪᠡᠷ ᠢ᠋ ᠪᠠᠨ ᠰᠡᠭᠡᠭᠡᠷᠡᠭᠦᠯᠵᠤ ᠥᠪᠡᠷ᠎ᠢ᠎ᠪᠡᠨ ᠰᠡᠷᠡᠮᠵᠢᠯᠡᠭᠦᠯᠵᠦ᠍ ᠥᠪᠡᠷ᠎ᠢ᠎ᠪᠡᠨ ᠵᠣᠷᠢᠭ᠍ᠵᠢᠭᠤᠯᠵᠤ᠂ ᠢᠯᠵᠢᠷᠠᠯ᠎ᠢ ᠡᠰᠡᠷᠭᠦᠴᠡᠵᠤ ᠴᠢᠨᠠᠷ ᠬᠤᠪᠢᠷᠠᠬᠤ᠎ᠶ᠋ᠢ ᠰᠡᠷᠭᠡᠢᠯᠡᠬᠦ᠌ ᠦᠵᠡᠯ ᠰᠠᠨᠠᠭᠠᠨ᠎ᠤ ᠰᠡᠷᠭᠡᠢᠯᠡᠯᠲᠡ᠎ᠶ᠋ᠢᠨ ᠱᠤᠭᠤᠮ᠎ᠢ ᠲᠠᠰᠤᠷᠠᠯᠳᠠ ᠦᠭᠡᠢ ᠪᠡᠬᠢᠵᠢᠭᠦᠯᠵᠦ᠍᠂ ᠵᠥᠪ ᠡᠷᠬᠡ᠎ᠶ᠋ᠢᠨ ᠦᠵᠡᠯᠲᠡ᠂  ᠠᠵᠢᠯ ᠎ᠤᠨ ᠪᠦᠲᠦᠮᠵᠢ᠎ᠶ᠋ᠢᠨ ᠲᠤᠬᠠᠢ ᠦᠵᠡᠯᠲᠡ᠂ ᠠᠵᠢᠯ ᠦᠢᠯᠡᠰ᠎ᠦᠨ ᠦᠵᠡᠯᠲᠡ᠎ᠶ᠋ᠢ ᠪᠠᠲᠤ ᠪᠤᠢ ᠪᠣᠯᠭᠠᠵᠤ᠂ ᠲᠥᠪ ᠭᠣᠣᠯᠴᠢ᠎ᠪᠠᠷ ᠡᠷᠬᠡ᠎ᠪᠡᠨ ᠬᠡᠷᠡᠭ᠌ᠯᠡᠬᠦ᠌᠂ ᠬᠠᠤᠯᠢ ᠶᠣᠰᠣᠭᠠᠷ ᠡᠷᠬᠡ᠎ᠪᠡᠨ ᠬᠡᠷᠡᠭ᠌ᠯᠡᠬᠦ᠌᠂ ᠠᠷᠠᠳ᠎ᠤᠨ ᠲᠥᠯᠥᠭᠡ ᠡᠷᠬᠡ᠎ᠪᠡᠨ ᠬᠡᠷᠡᠭ᠌ᠯᠡᠬᠦ᠌᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠨᠠᠮ ᠪᠠ ᠠᠷᠠᠳ ᠲᠦᠮᠡᠨ᠎ᠡᠴᠡ ᠣᠯᠭᠣᠭ᠍ᠰᠠᠨ ᠡᠷᠬᠡ᠎ᠶ᠋ᠢ ᠬᠡᠵᠢᠶᠡᠳᠡ ᠳᠤᠷ᠎ᠠ᠎ᠪᠠᠷ᠎ᠢᠶᠠᠨ ᠬᠡᠷᠡᠭ᠌ᠯᠡᠬᠦ᠌ ᠦᠭᠡᠢ ᠪᠠᠢᠬᠤ᠎ᠶ᠋ᠢ  ᠪᠠᠲᠤᠯᠠᠬᠤ ᠬᠡᠷᠡᠭ᠌ᠲᠡᠢ᠃ ᠮᠠᠨ᠎ᠤ ᠣᠷᠣᠨ᠎ᠤ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠳᠦ ᠲᠤᠯᠭᠠᠷᠠᠵᠤ ᠪᠠᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠳᠠᠯ᠎ᠢ ᠰᠡᠷᠭᠡᠭ᠎ᠢᠶᠡᠷ ᠲᠠᠨᠢᠵᠤ᠂ ᠱᠠᠮᠱᠢᠯ ᠪᠠᠢᠪᠠᠯ ᠡᠷᠭᠡᠪᠰᠢ ᠰᠢᠳᠭᠡᠵᠦ᠂ ᠢᠯᠵᠢᠷᠡᠯ ᠪᠠᠢᠪᠠᠯ ᠡᠷᠭᠡᠪᠰᠢ ᠡᠰᠡᠷᠭᠦᠴᠡᠵᠦ᠂ ᠬᠠᠷᠭᠢᠰ ᠬᠦᠴᠦᠨ ᠢ᠋ ᠲᠤᠢᠯᠪᠤᠷᠢᠳᠠᠢ ᠠᠷᠢᠯᠭᠠᠬᠤ᠎ᠶ᠋ᠢ ᠪᠠᠷᠢᠮᠲᠠᠯᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠢᠯᠵᠢᠷᠡᠯ᠎ᠢ ᠴᠢᠩᠭ᠎ᠠ ᠠᠩᠬᠠᠷᠴᠤ᠌᠂ ᠬᠡᠷᠡᠭ᠎ᠢ ᠪᠠᠢᠴᠠᠭᠠᠨ ᠱᠢᠢᠳᠪᠦᠷᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠬᠡᠷᠡᠭ᠎ᠢ ᠭᠦᠨᠵᠡᠭᠡᠢ ᠲᠤᠭᠤᠱᠢᠲᠠᠢ ᠪᠠᠢᠴᠠᠭᠠᠵᠤ᠂ 《 ᠢᠯᠵᠢᠷᠠᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢ ᠪᠠᠢᠬᠤ》 ᠵᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ᠃ ᠡᠷᠬᠡ᠎ᠶ᠋ᠢ ᠨᠡᠩ ᠱᠢᠨᠵᠢᠯᠡᠬᠦ᠌ ᠤᠬᠠᠭᠠᠨᠴᠢ ᠪᠦᠲᠦᠮᠵᠢᠲᠡᠢ᠎ᠪᠡᠷ ᠲᠦᠷᠢᠮ᠎ᠦᠨ ᠱᠢᠩᠭᠡᠯᠢᠭ᠎ᠲᠦ ᠬᠣᠷᠢᠵᠤ᠂ ᠬᠠᠤᠯᠢ ᠲᠦᠷᠢᠮ᠎ᠦᠨ ᠱᠢᠰᠲ᠋ᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠦᠷᠢᠮ᠎ᠦᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ 《ᠦᠬᠡᠷ᠎ᠦᠨ ᠬᠠᠱᠢᠶᠠᠨ᠎ᠳᠤ ᠮᠤᠤᠷ ᠬᠣᠷᠢᠬᠤ》᠂  《ᠴᠠᠭᠠᠰᠤᠨ ᠱᠢᠩᠭᠡᠯᠢᠭ᠎ᠲᠦ ᠪᠠᠷᠰ ᠬᠣᠷᠢᠬᠤ 》 ᠵᠢ ᠰᠡᠷᠭᠡᠢᠯᠡᠵᠦ᠍᠂ ᠲᠦᠷᠢᠮ᠎ᠢᠶᠡᠷ ᠡᠷᠬᠡ᠎ᠶ᠋ᠢ ᠬᠠᠮᠢᠶᠠᠷᠬᠤ᠂ ᠤᠴᠢᠷ ᠶᠠᠪᠤᠳᠠᠯ᠎ᠢ ᠬᠠᠮᠢᠶᠠᠷᠬᠤ᠂ ᠬᠥᠮᠦᠨ᠎ᠢ ᠬᠠᠮᠢᠶᠠᠷᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠲᠦᠷᠭᠡᠨ ᠪᠦᠷᠢᠯᠳᠦᠭᠦᠯᠬᠦ᠌ ᠬᠡᠷᠡᠭ᠌ᠲᠡᠢ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ ᠵᠢ ᠦᠨᠡᠨ ᠬᠦ᠌ ᠰᠠᠢᠲᠤᠷ ᠭᠦᠢᠴᠡᠳᠭᠡᠵᠦ᠍᠂ ᠥᠪᠡᠷ᠎ᠢ᠎ᠪᠡᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠵᠦ᠍᠂ ᠬᠠᠷᠢᠶᠠᠯᠠᠯ᠎ᠢᠶᠠᠨ ᠴᠢᠩᠭ᠎ᠠ ᠬᠠᠮᠢᠶᠠᠷᠴᠤ᠌᠂ ᠲᠤᠱᠢᠶᠠᠯ ᠬᠠᠷᠢᠭᠤᠴᠠᠯᠭ᠎ᠠ᠎ᠶ᠋ᠢᠨ ᠵᠢᠡᠨ ᠬᠡᠪᠴᠢᠶᠡᠨ᠎ᠳᠡᠬᠢ ᠪᠦᠬᠦ᠌ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠨᠠᠷᠢᠨ ᠬᠢᠨᠠᠮᠠᠭᠠᠢ ᠰᠠᠢᠲᠤᠷ ᠠᠳᠭᠤᠬᠤ ᠬᠡᠷᠡᠭ᠌ᠲᠡᠢ᠃ ᠭᠡᠷ ᠪᠦᠯᠢ  ᠬᠡᠷ᠎ᠤᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠢᠯᠡᠭᠦᠬᠡᠨ ᠰᠡᠳᠭᠢᠯ ᠲᠠᠯᠪᠢᠵᠤ᠂ ᠢᠯᠡᠭᠦᠬᠡᠨ ᠬᠦᠴᠦ᠍ ᠣᠷᠣᠭᠤᠯᠵᠤ᠂ ᠲᠦᠷᠦᠯ ᠰᠠᠳᠤᠨ ᠦᠷ᠎ᠡ ᠬᠡᠦᠬᠡᠳ ᠪᠣᠯᠤᠨ ᠳᠡᠷᠭᠡᠳᠡᠬᠢ ᠠᠵᠢᠯᠳᠠᠨ᠎ᠢᠶᠠᠨ ᠴᠢᠩᠭ᠎ᠠ ᠬᠠᠮᠢᠶᠠᠷᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号