ᠪᠦᠦ ᠭᠠᠩ ᠮᠤᠵᠢ᠎ᠶ᠋ᠢᠨ ᠲᠡᠰ᠎ᠤᠨ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠨᠥᠬᠥᠷ ᠸᠠᠩ ᠵᠠᠨ ᠢ᠋ ᠡᠷᠬᠢᠨ ᠦᠵᠡᠵᠦ᠍ ᠲᠣᠬᠣᠨᠢᠭᠤᠯᠪᠠ
2026-02-13 10:46:45
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ᠎ᠡᠴᠡ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ ᠎ᠳᠤ ᠮᠤᠵᠢ᠎ᠶ᠋ᠢᠨ ᠲᠡᠰ᠎ᠤᠨ ᠠᠵᠢᠯ᠎ᠡᠴᠡ᠎ᠪᠠᠨ ᠠᠮᠠᠷᠠᠭ᠍ᠰᠠᠨ ᠠᠬᠠᠮᠠᠳ ᠨᠥᠬᠥᠷ ᠸᠠᠩ ᠵᠠᠨ ᠎ᠢ ᠡᠷᠭᠢᠨ ᠦᠵᠡᠵᠦ ᠲᠣᠬᠣᠨᠢᠭᠤᠯᠵᠤ᠂ ᠲᠡᠭᠦᠨ᠎ᠳᠦ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠪᠡ᠃

ᠪᠦᠦ ᠭᠠᠩ ᠸᠠᠩ ᠵᠠᠨ᠎ᠲᠠᠢ ᠲᠤᠳᠤᠨᠤ ᠪᠡᠷ ᠶᠠᠷᠢᠯᠴᠠᠵᠤ᠂ ᠲᠡᠭᠦᠨ᠎ᠦ ᠪᠡᠶ᠎ᠡ ᠮᠠᠬᠠᠪᠣᠳ ᠪᠣᠯᠤᠨ ᠠᠮᠢᠳᠤᠷᠠᠯ᠎ᠤᠨ ᠪᠠᠢᠳᠠᠯ᠎ᠢ ᠬᠠᠯᠠᠮᠵᠢᠯᠠᠨ ᠠᠰᠠᠭᠤᠪᠠ᠃ ᠲᠡᠷᠡ᠂ ᠠᠬᠠᠮᠠᠳ ᠺᠠᠳ᠋ᠷ ᠪᠣᠯ ᠨᠠᠮ ᠪᠣᠯᠤᠨ ᠤᠯᠤᠰ᠎ᠤᠨ ᠡᠷᠬᠢᠮ ᠨᠠᠨᠳᠢᠨ ᠥᠪ ᠬᠦᠷᠦᠩᠭᠡ ᠮᠥᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ ᠎ᠳᠦ ᠴᠢᠬᠤᠯᠠ ᠬᠤᠪᠢ ᠨᠡᠮᠡᠷᠢ ᠦᠵᠡᠭᠦᠯᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ ᠶᠠᠭ ᠶᠡᠷᠦᠩᠬᠡᠢ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠵᠦ᠍ ᠪᠠᠢᠨ᠎ᠠ᠃ ᠠᠬᠠᠮᠠᠳ ᠨᠥᠬᠥᠳ᠎ᠦᠨ ᠪᠡᠶ᠎ᠡ ᠵᠢᠨ ᠡᠷᠡᠭᠦᠯ ᠮᠡᠨᠳᠦ ᠪᠠᠨ ᠰᠠᠢᠳᠤᠷ ᠠᠨᠭᠬᠠᠷᠴᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠦᠷᠭᠦᠯᠵᠢᠯᠡᠨ ᠠᠷᠭ᠎ᠠ ᠤᠬᠠᠭᠠᠨ ᠳᠡᠪᠰᠢᠭᠦᠯᠬᠦ᠎ᠶ᠋ᠢ ᠬᠦᠰᠡᠵᠦ᠍ ᠪᠠᠢᠨ᠎ᠠ ᠭᠡᠵᠦ ᠬᠡᠯᠡᠪᠡ᠃ ᠲᠡᠷᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠠᠬᠠᠮᠠᠳ ᠺᠠᠳ᠋ᠷᠴᠤᠳ ᠎ᠤᠨ ᠤᠯᠤᠰ ᠲᠥᠷᠥ᠎ᠶ᠋ᠢᠨ ᠬᠠᠷᠠᠭᠠᠯᠵᠠᠯ᠎ᠢ ᠰᠠᠢᠲᠤᠷ ᠨᠠᠢᠳᠠᠪᠤᠷᠢᠵᠢᠭᠤᠯᠵᠤ᠂ ᠠᠮᠢᠳᠤᠷᠠᠯ ᠎ᠤᠨ ᠪᠠᠲᠤᠯᠠᠭ᠎ᠠ᠎ᠶ᠋ᠢ ᠱᠢᠯᠢᠳᠡᠭ᠌ᠵᠢᠭᠦᠯᠦᠨ᠂ ᠠᠮᠢᠳᠤᠷᠠᠯ ᠎ᠤᠨ ᠳᠤᠮᠳᠠᠬᠢ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠎ᠢ᠎ᠨᠢ ᠰᠠᠨᠠᠭᠠᠴᠢᠯᠠᠭ᠎ᠠ᠎ᠡᠴᠡ᠎ᠪᠠᠨ ᠬᠠᠪᠰᠤᠷᠤᠨ ᠱᠢᠶ᠋ᠳᠪᠦᠷᠢᠯᠡᠵᠦ᠂ ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠲᠡᠳᠡᠨ ᠎ᠦ ᠳᠡᠷᠭᠡᠳᠡ ᠬᠦᠷᠭᠡᠬᠦ᠌ ᠬᠡᠷᠡᠭ᠌ᠲᠡᠶ ᠭᠡᠵᠦ᠍ ᠱᠠᠭᠠᠷᠳᠠᠪᠠ᠃

ᠸᠠᠩ ᠵᠠᠨ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠡᠯ᠎ᠡ ᠵᠦᠢᠯ ᠎ᠦᠨ ᠠᠵᠢᠯ᠎ᠳᠤ ᠲᠠᠰᠤᠷᠠᠯᠳᠠ ᠦᠭᠡᠢ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠤᠯᠬᠤ ᠎ᠶ᠋ᠢ ᠠᠬᠢᠭᠤᠯᠵᠦ ᠪᠠᠢᠭ᠎ᠠ ᠎ᠳᠤ ᠠᠬᠠᠮᠠᠳ ᠨᠥᠬᠥᠳ ᠴᠢᠩ ᠰᠡᠳᠭᠢᠯ᠎ᠡᠴᠡ᠎ᠪᠡᠨ ᠪᠠᠶᠠᠷᠯᠠᠵᠤ ᠪᠠᠢᠨ᠎ᠠ ᠭᠡᠵᠦ ᠬᠡᠯᠡᠪᠡ᠃ ᠲᠡᠷᠡ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠦᠷᠭᠦᠯᠵᠢᠯᠡᠨ ᠠᠩᠬᠠᠷᠤᠨ ᠳᠡᠮᠵᠢᠵᠦ᠍᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ ᠡᠳᠦᠷ᠎ᠡᠴᠡ ᠡᠳᠦᠷ ᠥᠭᠡᠳᠡᠯᠡᠨ ᠰᠠᠢᠵᠢᠷᠠᠬᠤ᠎ᠶ᠋ᠢ ᠴᠢᠩ ᠰᠡᠳᠭᠢᠯ᠎ᠡᠴᠡ᠎ᠪᠡᠨ ᠬᠦᠰᠡᠨ ᠵᠥᠩᠨᠡᠵᠦ᠍ ᠪᠠᠢᠨ᠎ᠠ ᠭᠡᠵᠦ᠍ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号