ᠪᠢᠷ ᠬᠤᠷᠤᠢᠯᠠᠨ ᠦᠵᠦᠭ ᠵᠢᠷᠢᠯᠵᠢᠬᠥᠯᠵᠥ ᠰᠢᠨ᠎ᠡ ᠵᠢᠯ ᠵᠢᠡᠨ ᠤᠭᠳᠤᠨ᠎ᠠ
2026-02-13 10:49:23
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

2 ᠰᠠᠷ᠎ᠠ᠎ᠶ᠋ᠢᠨ 9᠎ᠤ ᠡᠳᠦᠷ᠂ ᠱᠢᠯᠢ᠎ᠶ᠋ᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠣᠱᠢᠭᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ ᠴᠠᠭᠠᠨ ᠰᠠᠷ᠎ᠠ᠎ᠶ᠋ᠢᠨ ᠠᠭᠤᠷ ᠠᠮᠢᠰᠭᠤᠯ ᠵᠢᠡᠷ ᠪᠢᠯᠬᠠᠵᠤ᠂ ᠬᠦᠷ ᠬᠦᠭᠵᠢᠶᠡᠨ ᠶᠡᠬᠡᠳᠡᠢ ᠪᠠᠢᠯ᠎ᠠ᠃ ᠮᠤᠷᠢᠨ ᠵᠢᠯ᠎ᠤᠨ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠢᠭ᠎ᠠ ᠡᠨᠡᠭᠡᠨ ᠲᠠᠰᠢᠷᠠᠮ᠎ᠳᠤ ᠲᠤᠰ ᠬᠤᠰᠢᠭᠤᠨ᠎ᠤ 2026 ᠣᠨ᠎ᠤ ᠮᠤᠷᠢᠨ ᠵᠢᠯ᠎ᠦᠨ ᠴᠠᠭᠠᠨ ᠰᠠᠷ᠎ᠠ᠎ᠶ᠋ᠢᠨ 《ᠤᠷᠠᠨ ᠪᠢᠴᠢᠯᠭᠡ ᠤᠶᠠᠬᠠᠨ ᠲᠡᠯᠡᠬᠡᠢ》ᠬᠣᠣᠰ ᠤᠶᠠᠩᠭ᠎ᠠ ᠪᠢᠴᠢᠵᠦ ᠬᠦᠷᠭᠡᠬᠦ ᠪᠣᠯᠪᠠᠰᠤᠨ᠎ᠤ ᠦᠢᠯᠡᠳᠦᠯᠭᠡ᠎ᠶ᠋ᠢᠨ ᠠᠵᠢᠯᠯᠠᠭ᠎ᠠ ᠬᠥᠭ᠌ᠵᠢᠶᠡᠨᠲᠡᠢ ᠶᠠᠪᠤᠭᠳᠠᠵᠦ᠂ ᠬᠣᠱᠢᠭᠤᠨ᠎ᠤ ᠱᠢᠭᠤᠳ ᠬᠠᠷᠢᠶ᠎ᠠ ᠪᠠᠢᠭᠤᠯᠭ᠎ᠠ᠂ ᠡᠯ᠎ᠡ ᠰᠤᠮᠤ ᠱᠢᠶᠠᠩ ᠪᠠᠯᠭᠠᠰᠤ ᠪᠠ ᠰᠤᠷᠭᠠᠭᠤᠯᠢ᠎ᠶ᠋ᠢᠨ 60 ᠭᠠᠷᠤᠶ ᠠᠵᠢᠯᠲᠠᠨ᠂ ᠰᠠᠢᠨ ᠳᠤᠷᠠᠴᠤᠳ ᠴᠤᠭᠭᠠᠷ ᠰᠣᠶᠣᠯ ᠎ᠢᠶᠠᠷ ᠠᠷᠠᠳ᠎ᠲᠤ ᠠᠱᠢᠭ ᠬᠦᠷᠲᠡᠭᠡᠬᠦ᠌᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠢᠬᠦ᠂ ᠰᠣᠨᠢᠷᠬᠠᠯᠲᠤ ᠲᠤᠭᠯᠠᠭᠠᠮ ᠨᠠᠭᠠᠳᠬᠤ ᠵᠡᠷᠭᠡ ᠤᠯᠠᠨ ᠶᠠᠡᠭᠵᠦ ᠵᠢᠨ ᠠᠵᠢᠯᠯᠠᠭ᠎ᠠ ᠦᠷᠨᠢᠭᠦᠯᠵᠦ᠂ ᠦᠷᠭᠡᠨ ᠤᠯᠠᠨ ᠲᠦᠮᠡᠨ᠎ᠳᠤ ᠰᠢᠨ᠎ᠡ ᠵᠢᠯ᠎ᠤᠨ ᠢᠷᠦᠭᠡᠯ ᠵᠦᠡᠭᠨᠡᠯ ᠵᠢᠡᠨ ᠲᠡᠪᠰᠢᠭᠦᠯᠵᠠᠢ᠃


QQ截图20260212164352.png


ᠠᠬᠤᠢ ᠲᠠᠯᠠᠪᠠᠢ᠎ᠳᠤ᠂ ᠲᠤᠰ ᠬᠣᠱᠢᠭᠤᠨ᠎ᠤ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ ᠬᠢᠭᠡᠳ᠎ᠤᠷᠠᠨ ᠪᠢᠴᠢᠯᠭᠡᠲᠡᠨ᠎ᠦ ᠨᠡᠢᠭᠡᠮᠯᠢᠭ᠎ᠦᠨ ᠰᠠᠢ᠌ᠨ ᠳᠤᠷᠠᠴᠤᠳ᠎ᠤᠨ ᠮᠤᠷᠢᠨ ᠵᠢᠯ᠎ᠦᠨ ᠵᠥᠩᠨᠡᠯ ᠪᠢᠯᠬᠠᠭ᠍ᠰᠠᠨ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠢᠴᠢᠵᠦ ᠬᠦᠷᠭᠡᠬᠦ᠂ ᠪᠠᠭᠠᠴᠤᠳ ᠬᠡᠤᠬᠡᠳ᠎ᠲᠤ ᠤᠷᠠᠨ ᠪᠢᠴᠢᠯᠭᠡ ᠵᠢᠭᠠᠬᠤ ᠵᠡᠷᠭᠡ ᠨᠢ ᠤᠯᠠᠨ᠎ᠤ ᠠᠡᠭᠬᠠᠷᠤᠯ᠎ᠢ ᠤᠨᠴᠠ ᠪᠡᠷ ᠲᠠᠳᠠᠵᠦ᠂ ᠤᠯᠠᠮᠵᠢᠯᠠᠯᠳᠤ ᠰᠤᠶᠤᠯ᠎ᠤᠨ ᠢᠳᠡ ᠬᠦᠴᠦᠨ᠎ᠢ ᠭᠠᠢᠬᠠᠭᠤᠯᠵᠠᠢ᠃


QQ截图20260207120745.png


《ᠥᠨᠥᠳᠦᠷ ᠮᠠᠨ᠎ᠤ ᠭᠤᠷᠪᠠᠭᠤᠯᠠ ᠤᠷᠠᠨ ᠪᠢᠴᠢᠯᠭᠡᠲᠡᠨ᠎ᠦ ᠵᠢᠯᠤᠭᠤᠳᠤᠯᠭ᠎ᠠ ᠳᠣᠣᠷ᠎ᠠ ᠥᠪᠡᠷᠰᠡᠳ ᠵᠢᠠᠨ ᠴᠠᠭᠠᠨ ᠰᠠᠷ᠎ᠠ ᠵᠢᠨ ᠬᠤᠤᠰ ᠤᠶᠠᠡᠭᠭ᠎ᠠ ᠪᠡᠨ ᠪᠢᠴᠢᠵᠦ ᠠᠪᠤᠯ᠎ᠠ᠂ ᠬᠡᠳᠦᠢᠪᠡᠷ ᠪᠤᠯᠪᠠᠰᠤᠷᠠᠡᠭᠭᠤᠢ ᠪᠢᠰᠢ ᠪᠠᠢᠯ᠎ᠠ᠎ᠴᠦ ᠭᠡᠰᠡᠨ ᠮᠠᠰᠢ ᠤᠳᠬ᠎ᠠ ᠠᠭᠤᠯᠭ᠎ᠠ ᠲᠠᠢ ᠰᠠᠨᠠᠭᠳᠠᠵᠦ ᠪᠠᠢᠨ᠎ᠠ》 ᠭᠡᠵᠦ ᠱᠢᠨᠡᠪᠤᠯᠠᠭ ᠪᠠᠯᠭᠠᠰᠤᠨ᠎ᠤ ᠰᠠᠭᠤᠭᠠᠯᠢ ᠠᠷᠠᠳ ᠸᠠᠩ ᠬᠦᠢ ᠹᠠᠩ ᠥᠪᠡᠷ᠎ᠦᠨ ᠪᠢᠴᠢᠭᠰᠡᠨ ᠬᠤᠤᠰ ᠤᠶᠠᠡᠭᠭ᠎ᠠ ᠪᠡᠨ ᠰᠤᠷᠪᠤᠯᠵᠢᠯᠠᠭᠴᠢ᠎ᠳᠤ ᠦᠵᠡᠭᠦᠯᠪᠡ᠃ ᠡᠭᠦᠨ ᠡᠴᠡ ᠭᠠᠳᠠᠨ᠎ᠠ ᠡᠨᠡᠬᠦ ᠠᠵᠢᠯᠯᠠᠭ᠎ᠠ ᠵᠢᠨ ᠠᠬᠤᠢ ᠲᠠᠯᠠᠪᠠᠢ᠎ᠳᠤ ᠪᠠᠰᠠ 《ᠵᠠᠭᠤᠨ ᠬᠥᠮᠦᠨ ᠮᠢᠩᠭ᠎ᠠ ᠡᠷᠦᠬᠡ᠎ᠳᠦ ᠭᠦᠨᠵᠡᠭᠡᠢᠷᠡᠬᠦ》 ᠪᠣᠯᠪᠠᠰᠤᠨ᠎ᠤ ᠵᠢᠱ᠌ᠢᠶ᠎ᠡ ᠦᠵᠡᠭᠦᠯᠬᠦ᠌ ᠤᠬᠠᠭᠤᠯᠤᠨ ᠲᠠᠢᠯᠪᠤᠷᠢᠯᠠᠬᠤ ᠠᠵᠢᠯ᠎ᠢ ᠵᠡᠷᠭᠡ᠎ᠪᠡᠷ ᠥᠷᠨᠢᠭᠦᠯᠵᠦ᠍᠂ ᠨᠠᠮ᠎ᠤᠨ ᠲᠥᠷᠥ᠎ᠶ᠋ᠢᠨ ᠪᠣᠳᠣᠯᠭ᠎ᠠ᠎ᠶ᠋ᠢ ᠦᠨᠳᠦᠰᠦᠨ ᠱᠠᠲᠤᠨ᠎ᠤ ᠣᠯᠠᠨ ᠲᠦᠮᠡᠨ᠎ᠳᠤ ᠤᠬᠠᠭᠤᠯᠤᠨ ᠰᠤᠷᠳᠠᠯᠴᠢᠯᠠᠵᠦ᠂ ᠪᠠᠰᠠ 《ᠡᠷᠡᠭᠦᠯ ᠮᠡᠨᠳᠦ᠍᠎ᠶ᠋ᠢᠨ ᠬᠠᠮᠠᠭᠠᠯᠠᠯᠲᠠ ᠠᠷᠠᠳ᠎ᠲᠤ ᠲᠥᠬᠥᠮ ᠦᠵᠡᠭᠦᠯᠬᠦ᠌》 ᠠᠯᠪᠠᠨ ᠵᠢᠷᠤᠮ᠎ᠤᠨ ᠡᠮᠴᠢᠯᠡᠭᠡᠨ᠎ᠦ ᠦᠶ᠋ᠯᠡᠴᠢᠯᠡᠭᠡ ᠦᠷᠨᠢᠭᠦᠯᠵᠦ᠂ ᠬᠣᠱᠢᠭᠤᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠡᠮᠨᠡᠯᠭᠡ᠎ᠶ᠋ᠢᠨ ᠠᠵᠢᠯᠲᠠᠨ ᠲᠤᠬᠠᠶ᠎ᠶ᠋ᠢᠨ ᠲᠠᠯᠠᠪᠠᠶ᠎ᠳᠤ ᠴᠢᠰᠤᠨ ᠳᠠᠷᠤᠯᠲᠠ ᠴᠢᠰᠤᠨ ᠱᠢᠬᠢᠷ᠎ᠢ ᠪᠠᠢᠴᠠᠭᠠᠨ ᠬᠡᠮᠵᠢᠵᠦ᠂ ᠮᠣᠩᠭᠣᠯ ᠡᠮᠴᠢ ᠨᠠᠷ ᠰᠤᠳᠠᠯ ᠪᠠᠷᠢᠨ ᠤᠨᠤᠰᠢᠯᠡᠵᠦ᠂ ᠡᠷᠡᠬᠥᠯ ᠮᠡᠨᠲᠤ ᠵᠢᠨ ᠵᠦᠪᠯᠡᠯᠭᠡ ᠦᠭᠪᠡ᠃


QQ截图20260213105653.png


ᠬᠥᠪᠡᠭᠡᠲᠦ ᠱᠢᠷ᠎ᠠ ᠬᠣᠱᠢᠭᠤᠨ᠎ᠤ ᠱᠧᠨ ᠮᠥᠸᠧ ᠰᠤᠷᠭᠠᠨ ᠬᠥᠮᠦᠵᠢᠯ᠎ᠦᠨ ᠪᠠᠢᠭᠤᠯᠤᠮᠵᠢ᠎ᠶ᠋ᠢᠨ ᠪᠠᠭ᠍ᠰᠢ ᠨᠢᠦ ᠷᠦᠢ᠄ 《ᠲᠤᠰ ᠤᠳᠠᠭ᠎ᠠ᠎ᠶ᠋ᠢᠨ ᠠᠵᠢᠯᠯᠠᠭ᠎ᠠ ᠬᠡᠳᠦᠢᠪᠡᠷ ᠬᠡᠪᠴᠢᠶ᠎ᠡ᠎ᠨᠢ ᠲᠡᠢᠮᠦ ᠶᠡᠬᠡ ᠪᠢᠰᠢ ᠪᠣᠯᠪᠠᠴᠤ᠌ ᠤᠳᠭ᠎ᠠ ᠠᠭᠤᠯᠭ᠎ᠠ᠎ᠨᠢ ᠭᠦᠶ᠋ᠴᠡᠳ ᠪᠠᠢᠵᠤ᠂ ᠬᠡᠦᠬᠡᠳ᠎ᠦᠳ᠎ᠲᠦ ᠤᠷᠠᠨ ᠪᠢᠴᠢᠯᠭᠡ ᠪᠠ ᠴᠠᠭᠠᠨ ᠰᠠᠷ᠎ᠠ᠎ᠶ᠋ᠢᠨ ᠬᠣᠣᠰ ᠤᠶᠠᠩᠭ᠎ᠠ᠎ᠶ᠋ᠢᠨ ᠰᠣᠶᠣᠯ᠎ᠢ ᠪᠡᠶᠡᠴᠢᠯᠡᠨ ᠤᠢᠯᠠᠭᠠᠬᠤ᠎ᠳᠤ ᠮᠠᠰᠢ ᠠᠴᠢ ᠬᠤᠯᠪᠤᠭᠳᠠᠯ ᠲᠠᠢ ᠪᠤᠯᠪᠠ》 ᠭᠡᠵᠤ ᠶᠠᠷᠢᠨ᠎ᠠ᠃ ᠡᠭᠦᠨ᠎ᠳᠤ ᠬᠠᠮᠤᠭ᠎ᠤᠨ ᠬᠥᠷ ᠬᠥᠭ᠌ᠵᠢᠶᠡᠨ᠎ᠲᠡᠶ ᠨᠢ ᠭᠡᠪᠡᠯ 《ᠪᠠᠶᠠᠷ ᠪᠠᠶᠠᠰᠤᠯᠳᠤ ᠬᠥᠷᠰᠢ ᠵᠢᠨ ᠬᠢᠨ》 ᠲᠣᠭᠣᠷᠢᠭ᠎ᠪᠠᠢᠵᠤ᠂ ᠡᠯᠡᠰᠦ ᠬᠠᠶᠠᠬᠤ᠂ ᠴᠠᠭᠠᠷᠢᠭ᠍ᠯᠠᠬᠤ ᠵᠡᠷᠭᠡ ᠤᠯᠠᠮᠵᠢᠯᠠᠯᠲᠤ ᠵᠠᠩ ᠦᠢᠯᠡ᠎ᠶ᠋ᠢᠨ ᠲᠣᠭ᠍ᠯᠠᠭᠠᠮ ᠨᠢ ᠬᠤᠷᠠᠭᠰᠠᠨ ᠤᠯᠠᠨ᠎ᠤ ᠢᠳᠡᠪᠬᠢᠵᠢᠯ᠎ᠢ ᠲᠠᠢᠴᠢᠯᠠᠵᠤ᠂ ᠣᠯᠠᠨ᠎ᠢᠶᠠᠷ᠎ᠢᠶᠠᠨ ᠪᠠᠶᠠᠷ ᠬᠥᠷ᠎ᠲᠡᠶ ᠲᠣᠭ᠍ᠯᠠᠭᠠᠮ᠎ᠤᠨ ᠳᠤᠮᠳᠠ ᠡᠶ᠎ᠡ ᠡᠪ ᠵᠢᠡᠨ ᠨᠢᠭᠳᠠᠷᠠᠭᠤᠯᠵᠦ᠂ ᠬᠥᠷᠰᠢ ᠵᠡᠷᠭᠡᠯᠡᠳᠡᠭᠡ ᠵᠢᠨ ᠬᠢᠨ ᠬᠠᠷᠢᠯᠴᠠᠨ ᠨᠥᠬᠥᠷᠯᠡᠯ᠎ᠢᠶᠡᠨ ᠵᠤᠵᠠᠭᠠᠳᠭᠠᠵᠤ᠂ ᠲᠤᠬᠠᠶ᠎ᠶ᠋ᠢᠨ ᠲᠠᠯᠠᠪᠠᠶ᠎ᠳᠤ ᠪᠠᠶᠠᠷ ᠬᠥᠷ᠎ᠲᠡᠶ ᠡᠶ᠎ᠡ ᠨᠠᠢᠷᠲᠠᠶ ᠠᠭᠤᠷ ᠠᠮᠢᠰᠭᠤᠯ ᠪᠢᠯᠬᠠᠵᠤ ᠪᠠᠢᠯ᠎ᠠ᠃


QQ截图20260213105729.png


ᠲᠤᠰ ᠤᠳᠠᠭ᠎ᠠ᠎ᠶ᠋ᠢᠨ ᠠᠵᠢᠯᠯᠠᠭ᠎ᠠ ᠨᠢ ᠤᠬᠠᠭᠤᠯᠤᠨ ᠲᠠᠢᠯᠪᠤᠷᠢᠯᠠᠬᠤ᠂ ᠰᠣᠶᠣᠯ᠎ᠤᠨ ᠦᠢᠯᠡᠴᠢᠯᠡᠭᠡ ᠬᠦᠷᠭᠡᠬᠦ᠂ ᠠᠯᠪᠠᠨ ᠵᠢᠷᠤᠮ᠎ᠤᠨ ᠡᠮᠴᠢᠯᠡᠭᠡ ᠬᠢᠬᠦ᠂ ᠳᠤᠷ᠎ᠠ ᠰᠣᠨᠢᠷᠬᠠᠯ᠎ᠤᠨ ᠪᠡᠶᠡᠴᠢ ᠣᠢᠯᠠᠭᠠᠯᠲᠠ᠎ᠶ᠋ᠢ ᠨᠢᠭᠡ ᠴᠤᠬ᠍ᠴᠠᠵᠢᠭᠤᠯᠵᠤ᠂ ᠨᠠᠮ᠎ᠤᠨ ᠬᠠᠢᠷ᠎ᠠ ᠬᠠᠯᠠᠮᠵᠢ ᠪᠣᠯᠤᠨ ᠴᠠᠭᠠᠨ ᠰᠠᠷ᠎ᠠ᠎ᠶ᠋ᠢᠨ ᠵᠥᠩᠨᠡᠯ ᠪᠡᠯᠭᠡᠳᠡᠯ᠎ᠢ ᠲᠦᠭ ᠲᠦᠮᠡᠨ ᠠᠢᠯ ᠡᠷᠦᠬᠡ᠎ᠳᠦ ᠬᠦᠷᠭᠡᠵᠦ᠍᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ ᠪᠡᠷ ᠠᠷᠠᠳ ᠤᠯᠠᠨ᠎ᠳᠤ ᠦᠢᠯᠡᠴᠢᠯᠡᠵᠦ᠂ ᠮᠤᠷᠢᠨ ᠵᠢᠯ᠎ᠦᠨ ᠴᠠᠭᠠᠨ ᠰᠠᠷ᠎ᠠ ᠬᠥᠷᠴᠥ ᠢᠷᠡᠬᠥ ᠲᠠᠰᠢᠷᠠᠮ ᠵᠢᠨᠷ ᠲᠠᠯ᠎ᠠ ᠨᠤᠲᠤᠭ᠎ᠲᠤ ᠱᠢᠨ᠎ᠡ ᠬᠡᠪ ᠰᠤᠷᠲᠠᠯ ᠪᠠ ᠦᠨᠢᠷ ᠦᠳᠭᠡᠨ ᠴᠠᠭᠠᠨ ᠰᠠᠷ᠎ᠠ᠎ᠶ᠋ᠢᠨ ᠠᠭᠤᠷ ᠠᠮᠢᠰᠭᠤᠯ ᠎ᠢ ᠠᠪᠴᠢᠷᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号