— 2026 ᠤᠨ᠎ᠤ 2 ᠳ᠋ᠤᠭᠠᠷ ᠰᠠᠷ᠎ᠠ᠎ᠶ᠋ᠢᠨ 4 ᠤ ᠡᠳᠦᠷ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯᠳᠤᠭᠠᠨ ᠳᠡᠭᠡᠷ᠎ᠠ
ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠲᠡᠷᠢᠭᠦᠯᠡᠭᠴᠢ ᠪᠤᠤ ᠭᠠᠩ

ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠬ᠎ᠤᠨ ᠤᠷᠳᠤᠨ᠎ᠤ ᠲᠡᠷᠢᠭᠦᠯᠡᠭᠴᠢ ᠪᠤᠤ ᠭᠠᠩ ᠵᠠᠰᠠᠬ᠎ᠤᠨ ᠤᠷᠳᠤᠨ᠎ᠤ ᠠᠵᠢᠯ᠎ᠤᠨ ᠢᠯᠡᠳᠬᠡᠯ ᠬᠢᠵᠦ ᠪᠠᠢᠭ᠎ᠠ ᠨᠢ᠃
ᠲᠤᠰ ᠰᠤᠨᠢᠨ᠎ᠤ ᠰᠤᠷᠪᠤᠯᠵᠢᠯᠠᠬᠴᠢ ᠬᠠᠨ ᠴᠢᠩ ᠯᠢ ᠰᠡᠬᠦᠳᠡᠷᠯᠡᠪᠡ
ᠲᠥᠯᠥᠭᠡᠯᠡᠭ᠌ᠴᠢᠳ ᠡ᠄
ᠣᠲᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠎ᠤ ᠡᠮᠦᠨ᠎ᠡ᠎ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠂ ᠲᠡᠷᠡᠴᠢᠯᠡᠨ ᠤᠯᠤᠰ ᠲᠥᠷᠥ ᠶ᠋ᠢᠨ ᠵᠥᠪᠯᠡᠯᠭᠡᠨ᠎ᠤ ᠭᠡᠱᠢᠭᠦᠳ ᠪᠠ ᠰᠤᠯᠠ ᠣᠷᠣᠯᠴᠠᠭ᠍ᠰᠠᠨ ᠨᠥᠬᠦᠳ ᠰᠠᠨᠠᠯ᠎ᠢᠶᠠᠨ ᠳᠤᠷᠠᠳᠭᠤ ᠪᠣᠯᠪᠠᠤ᠃
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ 2025 ᠣᠨ ᠤ ᠠᠵᠢᠯ᠎ᠤᠨ ᠡᠷᠭᠢᠴᠡᠭᠦᠯᠦᠯ
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠶᠠᠪᠤᠴᠠ ᠲᠦᠢᠯ᠎ᠤᠨ ᠶᠡᠷᠦ᠍ ᠪᠤᠰᠤ᠎ᠶ᠋ᠢᠨ ᠶᠤᠮ᠃ 2023 ᠣᠨ᠎ᠤ 6 ᠳ᠋ᠤᠭᠠᠷ ᠰᠠᠷ᠎ᠠ᠎ᠳᠤ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ᠎ᠳᠤ ᠮᠣᠷᠢᠯᠠᠨ ᠰᠠᠭᠠᠲᠠᠵᠤ ᠱᠢᠨᠵᠢᠯᠡᠨ ᠪᠠᠢᠴᠠᠭᠠᠬᠤ᠎ᠶ᠋ᠢᠨ ᠬᠠᠮᠲᠤ ᠴᠢᠬᠤᠯᠠ ᠶᠠᠷᠢᠶ᠎ᠠ ᠲᠠᠯᠪᠢᠵᠤ᠂ ᠪᠢᠳᠡᠨ᠎ᠢ ᠳᠤᠮᠳᠠᠳᠤ ᠤᠯᠤᠰ ᠤᠨ ᠮᠠᠶᠢᠭ ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠱᠢᠨ᠎ᠡ ᠵᠠᠮ ᠨᠡᠭᠡᠭᠡᠲᠦᠭᠡᠢ ᠭᠡᠵᠦ᠍ ᠵᠤᠷᠢᠬ᠍ᠵᠢᠭᠤᠯᠤᠨ᠂ ᠥᠪᠥᠷ ᠮᠣᠩᠭᠤᠯ᠎ᠤᠨ ᠬᠥᠭ᠌ᠵᠢᠯᠲᠡ᠎ᠳᠤ ᠬᠦᠴᠦᠷᠬᠡᠭ ᠶᠡᠭᠡ ᠬᠦᠳᠡᠯᠭᠡᠭ᠌ᠴᠢ ᠬᠦᠴᠦᠨ ᠨᠡᠮᠡᠷᠢᠯᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ 《ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠢ ᠰᠠᠨᠠᠯ》 ᠢ ᠨᠡᠢᠲᠡᠯᠡᠵᠦ᠍᠂ ᠤᠯᠤᠰ᠎ᠤᠨ 44 ᠶᠠᠮᠤᠨ ᠬᠤᠷᠢᠶ᠎ᠠ ᠲᠦᠬᠦᠷᠵᠢᠭᠦᠯᠦᠭ᠌ᠰᠡᠨ ᠳᠡᠮᠵᠢᠯᠭᠡ᠎ᠶ᠋ᠢᠨ ᠪᠢᠴᠢᠭ ᠮᠠᠲ᠋ᠧᠷᠢᠶᠠᠯ ᠲᠣᠭ᠍ᠲᠠᠭᠠᠵᠤ᠂ ᠥᠪᠥᠷ ᠮᠣᠩᠭᠤᠯ ᠤᠨ ᠬᠥᠭ᠌ᠵᠢᠯᠲᠡ᠎ᠳᠤ ᠴᠢᠬᠤᠯᠠ ᠶᠡᠭᠡ ᠠᠵᠠ ᠲᠣᠬᠢᠶᠠᠯ ᠠᠪᠴᠢᠷᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠵᠦᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠬᠤᠶᠠᠷ ᠬᠠᠯᠠᠭ᠍ᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠳᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠤᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠨᠠᠢᠳᠠᠪᠣᠷᠢᠵᠢᠭᠤᠯᠣᠨ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠵᠢᠱ᠌ᠢᠶᠡᠴᠢ ᠦᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠰᠡᠳᠭᠢᠯ ᠲᠠᠯᠪᠢᠨ ᠬᠠᠢᠷᠠᠯᠠᠨ ᠬᠠᠮᠠᠭᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠣ᠂ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ ᠱᠢᠨ᠎ᠡ ᠱᠠᠲᠤᠨ᠎ᠳᠤ ᠣᠷᠣᠪᠠ᠃
— ᠡᠨᠡ ᠲᠠᠪᠤᠨ ᠵᠢᠯ᠎ᠳᠤ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠶᠡᠭᠡ᠎ᠪᠠᠷ ᠳᠡᠭᠡᠭ᠌ᠰᠢᠯᠡᠪᠡ᠃ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ 2.67 ᠲᠦᠮᠡᠨ ᠳ᠋ᠦᠩᠱᠢᠭᠤᠷ ᠲᠥᠭᠦᠷᠢᠭ᠎ᠲᠤ ᠬᠦᠷᠴᠦ᠍᠂ ᠬᠥᠮᠦᠨ ᠳᠤᠮᠳᠠᠴᠢ᠎ᠶ᠋ᠢᠨ GDP ᠪᠦᠬᠦ᠌ ᠤᠯᠤᠰ᠎ᠤᠨ ᠡᠮᠦᠨ᠎ᠡ 8 ᠶ᠋ᠢᠨ ᠪᠠᠢᠷᠢᠨ᠎ᠳᠤ ᠣᠷᠣᠪᠠ᠃ ᠡᠩ᠎ᠤᠨ ᠣᠯᠠᠨ ᠨᠡᠢᠲᠡ᠎ᠶ᠋ᠢᠨ ᠲᠥᠰᠦᠪ᠎ᠤᠨ ᠣᠷᠣᠯᠭ᠎ᠠ 1000 ᠳ᠋ᠦᠩᠱᠢᠭᠤᠷ ᠲᠥᠭᠦᠷᠢᠭ ᠱᠢᠬᠠᠮ ᠨᠡᠮᠡᠭ᠌ᠳᠡᠵᠦ᠍᠂ ᠯᠠᠪᠳᠠᠭᠤᠨ᠎ᠢᠶᠠᠷ 3000 ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ᠎ᠳᠤ ᠬᠦᠷᠪᠡ᠃ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠣᠭᠤᠯᠤᠯᠲᠠ ᠵᠢᠯ ᠳᠤᠮᠳᠠᠴᠢ᠎ᠪᠠᠷ 12.8% ᠨᠡᠮᠡᠭ᠌ᠳᠡᠵᠦ᠍᠂ ᠴᠢᠬᠤᠯᠠ ᠶᠡᠭᠡ ᠲᠥᠷᠥᠯ ᠵᠦᠢᠯ᠎ᠤᠨ ᠪᠡᠯᠡ ᠣᠷᠣᠭᠤᠯᠤᠯᠲᠠ᠎ᠶ᠋ᠢ ᠨᠡᠢᠲᠡ 3.8 ᠲᠦᠮᠡᠨ ᠳ᠋ᠦᠩᠱᠢᠭᠤᠷ ᠲᠥᠭᠦᠷᠢᠭ ᠪᠡᠶᠡᠯᠡᠭᠦᠯᠪᠡ᠃ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ ᠵᠢᠯ ᠳᠤᠮᠳᠠᠴᠢ ᠪᠠᠷ 7% ᠨᠡᠮᠡᠭ᠌ᠳᠡᠵᠦ᠍᠂ ᠬᠤᠪᠣᠷ ᠱᠢᠷᠣᠶ᠎ᠶ᠋ᠢᠨ ᠨᠢᠭᠡᠳᠪᠦᠷᠢ᠂ ᠴᠢᠳᠠᠮᠵᠢᠲᠤ ᠮᠠᠲ᠋ᠧᠷᠢᠶᠠᠯ᠂ ᠨᠡᠭᠦᠷᠡᠰᠦ᠎ᠪᠠᠷ ᠦᠢᠯᠡᠳᠦᠭ᠌ᠰᠡᠨ ᠠᠯᠺᠧᠨ ᠨᠡᠭᠦᠷᠦᠭ᠌ᠴᠢ ᠵᠡᠷᠭᠡ 80 ᠭᠠᠷᠤᠢ ᠵᠦᠢᠯ᠎ᠤᠨ ᠦᠢᠯᠡᠳᠬᠦᠨ᠎ᠤ ᠦᠢᠯᠡᠳᠪᠦᠷᠢᠯᠡᠬᠦ᠌ ᠴᠢᠳᠠᠮᠵᠢ ᠪᠦᠬᠦ᠌ ᠤᠯᠤᠰ᠎ᠤᠨ ᠨᠢᠭᠡᠳᠦᠭᠡᠷ᠎ᠲᠤ ᠣᠷᠣᠪᠠ᠃ ᠳᠤᠮᠳᠠᠳᠤ ᠤᠯᠤᠰ (ᠥᠪᠥᠷ ᠮᠣᠩᠭᠤᠯ) ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠢᠳᠡᠪᠬᠢᠲᠡᠢ ᠴᠢᠷᠮᠠᠢᠨ ᠪᠠᠢᠭᠤᠯᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠥᠷᠲᠡᠭ ᠬᠤᠶᠠᠷ ᠳᠠᠬᠢᠨ᠎ᠢᠶᠠᠷ ᠨᠡᠮᠡᠭ᠌ᠳᠡᠭᠡᠳ 2206 ᠳ᠋ᠦᠩᠱᠢᠭᠤᠷ ᠲᠥᠭᠦᠷᠢᠭ᠎ᠲᠤ ᠬᠦᠷᠪᠡ᠃ ᠡᠵᠡᠩᠨᠡᠯᠲᠡ᠎ᠶ᠋ᠢᠨ ᠭᠤᠤᠯ ᠴᠣᠭ᠍ᠴᠠ 300 ᠲᠦᠮᠡ᠎ᠶ᠋ᠢ ᠳᠠᠪᠠᠵᠤ᠂ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢ᠌ᠯᠠᠯ 4358 ᠳᠤ ᠬᠦᠷᠪᠡ᠃ ᠰᠲ᠋ᠣᠺ᠎ᠤᠨ ᠵᠠᠬ᠎ᠠ᠎ᠳᠤ ᠭᠠᠷᠤᠭ᠍ᠰᠠᠨ ᠺᠣᠮᠫᠠᠨᠢ 12 ᠱᠢᠨ᠎ᠡ᠎ᠪᠠᠷ ᠨᠡᠮᠡᠭ᠌ᠳᠡᠵᠦ᠍᠂ 9 ᠵᠢᠯ ᠰᠲ᠋ᠣᠺ ᠤᠨ ᠵᠠᠬ᠎ᠠ᠎ᠳᠤ ᠭᠠᠷᠤᠭ᠍ᠰᠠᠨ ᠠᠵᠤ ᠠᠬᠤᠢᠯᠠᠯ ᠪᠠᠢᠬᠤ ᠥᠬᠡᠶ ᠪᠠᠢᠳᠠᠯ᠎ᠢ ᠡᠴᠦᠰᠯᠡᠭᠦᠯᠪᠡ᠃
— ᠡᠨᠡ ᠲᠠᠪᠤᠨ ᠵᠢᠯ᠎ᠳᠤ ᠤᠯᠤᠰ ᠣᠷᠣᠨ᠎ᠤ ᠶᠡᠭᠡ ᠲᠠᠯ᠎ᠠ᠎ᠳᠤ ᠦᠢᠯᠡᠴᠢᠯᠡᠬᠦ᠌ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠵᠢᠯ ᠳᠤᠮᠳᠠᠴᠢ᠎ᠶ᠋ᠢᠨ ᠨᠡᠭᠦᠷᠡᠰᠦᠨ᠎ᠤ ᠭᠠᠷᠤᠯᠲᠠ 12 ᠳ᠋ᠦᠩᠱᠢᠭᠤᠷ ᠲᠣᠨ᠎ᠠᠴᠠ ᠳᠡᠭᠡᠭ᠌ᠰᠢ ᠪᠠᠢᠬᠤ᠎ᠶ᠋ᠢ ᠪᠠᠳᠣᠯᠠᠨ᠂ 29 ᠮᠤᠵᠢ ᠣᠷᠣᠨ᠎ᠳᠤ ᠪᠠᠲᠤᠯᠠᠨ ᠬᠠᠩᠭᠠᠭ᠍ᠰᠠᠨ ᠨᠡᠭᠦᠷᠡᠰᠦ ᠨᠡᠢᠲᠡ 35 ᠳ᠋ᠦᠩᠱᠢᠭᠤᠷ ᠲᠣᠨ ᠢ ᠳᠠᠪᠠᠵᠤ᠂ ᠪᠦᠬᠦ᠌ ᠤᠯᠤᠰ᠎ᠤᠨ ᠲᠡᠷᠢᠭᠦᠨ᠎ᠳᠤ ᠪᠠᠢᠷᠢᠯᠠᠪᠠ᠃ ᠴᠠᠬᠢᠯᠭᠠᠨ ᠬᠦᠴᠦᠨ ᠤ ᠶᠡᠷᠦᠩᠬᠡᠢ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶᠡᠵᠢᠯ 3.1 ᠳ᠋ᠦᠩᠱᠢᠭᠤᠷ ᠺᠢᠯᠣᠸᠠᠲ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1.7 ᠳ᠋ᠦᠩᠱᠢᠭᠤᠷ ᠺᠢᠯᠣᠸᠠᠲ ᠪᠠᠢᠵᠤ᠂ ᠭᠠᠳᠠᠭ᠍ᠰᠢ ᠬᠦᠷᠭᠡᠭ᠌ᠰᠡᠨ ᠴᠠᠬᠢᠯᠭᠠᠨ ᠬᠦᠴᠦᠨ᠎ᠤ ᠬᠡᠮᠵᠢᠶ᠎ᠡ 21 ᠵᠢᠯ ᠳᠠᠷᠠᠭᠠᠯᠠᠨ ᠪᠦᠬᠦ᠌ ᠤᠯᠤᠰ᠎ᠤᠨ ᠲᠡᠷᠢᠭᠦᠨ᠎ᠳᠤ ᠪᠠᠢᠷᠢᠯᠠᠪᠠ᠃ 《ᠬᠤᠪᠣᠷ ᠱᠢᠷᠣᠶ᠎ᠶ᠋ᠢᠨ ᠬᠤᠶᠠᠷ ᠰᠠᠭᠤᠷᠢᠨ》 ᠠᠩᠬ᠎ᠠ ᠬᠡᠪᠴᠢᠶᠡᠵᠢᠵᠦ᠍᠂ ᠲᠡᠮᠦᠷᠯᠢᠭ ᠬᠠᠢᠯᠤᠭᠤᠯᠵᠤ ᠪᠣᠯᠪᠠᠰᠤᠷᠠᠭᠤᠯᠬᠤ ᠴᠢᠳᠠᠪᠤᠷᠢ ᠪᠠ ᠣᠷᠠᠯᠠᠯ᠎ᠤᠨ ᠬᠢᠷᠢ ᠲᠦᠪᠱᠢᠨ᠎ᠢᠶᠠᠷ᠎ᠢᠶᠠᠨ ᠳᠡᠯᠡᠬᠡᠢ᠎ᠳᠤ ᠲᠡᠷᠢᠭᠦᠯᠡᠪᠡ᠃ ᠪᠦᠬᠦ᠌ ᠤᠯᠤᠰ᠎ᠤᠨ ᠨᠢᠭᠡ ᠴᠣᠭ᠍ᠴᠠᠵᠢᠭᠤᠯᠤᠭ᠍ᠰᠠᠨ ᠪᠣᠳᠤᠬᠤ ᠴᠢᠳᠠᠪᠤᠷᠢ᠎ᠶ᠋ᠢᠨ ᠰᠦᠯᠵᠢᠶᠡᠨ᠎ᠤ ᠣᠯᠣᠰ᠎ᠤᠨ ᠭᠦᠢᠰᠣ ᠪᠣᠯᠬᠤ ᠬᠤᠷᠢᠨᠭᠡᠷ ᠤᠨ ᠪᠦᠯᠦᠭ᠌ᠵᠢᠯ ᠤᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ ᠢᠯᠡᠷᠬᠡᠢ ᠪᠠᠢᠵᠤ᠂ ᠣᠶᠣᠨᠴᠢ ᠪᠣᠳᠣᠯᠲᠠ᠎ᠶ᠋ᠢᠨ ᠬᠡᠪᠴᠢᠶᠡᠵᠢᠯ 22 ᠲᠦᠮᠡᠨ P ᠪᠠᠢᠵᠤ᠂ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠪᠠᠢᠷᠢᠯᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 6281 ᠲᠦᠮᠡᠨ ᠮᠦ᠍ ᠪᠠᠢᠭᠤᠯᠵᠤ᠂ ᠠᠮᠤ ᠪᠤᠳᠠᠭᠠᠨ ᠤ ᠵᠢᠯ ᠤᠨ ᠤᠨᠠᠯᠲᠠ ᠬᠠᠮᠤᠭ᠎ᠤᠨ ᠥᠨᠳᠥᠷ᠎ᠲᠤ᠎ᠪᠠᠨ 840 ᠳ᠋ᠦᠩᠱᠢᠭᠤᠷ ᠵᠢᠩ ᠪᠠᠢᠵᠤ᠂ ᠪᠦᠬᠦ᠌ ᠤᠯᠤᠰ᠎ᠤᠨ 5 ᠳ᠋ᠤᠭᠠᠷ᠎ᠲᠤ ᠪᠠᠢᠷᠢᠯᠠᠨ᠂ ᠦᠨᠢᠶᠡᠨ ᠰᠦ᠂ ᠦᠬᠡᠷ᠎ᠤᠨ ᠮᠢᠬ᠎ᠠ᠂ ᠬᠤᠨᠢᠨ ᠮᠢᠬ᠎ᠠ᠂ ᠲᠡᠵᠢᠭᠡᠯ ᠡᠪᠡᠰᠦ᠂ ᠢᠮᠠᠭᠠᠨ ᠨᠣᠣᠯᠣᠭᠤᠷ ᠵᠡᠷᠭᠡ᠎ᠶ᠋ᠢᠨ ᠭᠠᠷᠤᠯᠲᠠ ᠯᠠᠪᠳᠠᠭᠤᠨ᠎ᠢᠶᠠᠷ ᠪᠦᠬᠦ᠌ ᠤᠯᠤᠰ᠎ᠤᠨ ᠲᠡᠷᠢᠭᠦᠨ᠎ᠳᠤ ᠪᠠᠢᠷᠢᠯᠠᠪᠠ᠃
— ᠡᠨᠡ ᠲᠠᠪᠤᠨ ᠵᠢᠯ᠎ᠳᠤ ᠴᠢᠨᠠᠷ ᠰᠠᠢᠲᠠᠢ ᠬᠥᠭ᠌ᠵᠢᠯᠲᠡ ᠲᠣᠭ᠍ᠲᠠᠭᠤᠨ᠎ᠢᠶᠠᠷ ᠠᠬᠢᠪᠠ᠃ ᠰᠦ ᠰᠠᠭᠠᠯᠢ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠂ ᠬᠤᠪᠣᠷ ᠱᠢᠷᠣᠶ᠎ᠶ᠋ᠢᠨ ᠴᠢᠳᠠᠮᠵᠢᠲᠤ ᠮᠠᠲ᠋ᠧᠷᠢᠶᠠᠯ ᠤᠨ ᠱᠢᠨ᠎ᠡ᠎ᠶ᠋ᠢ ᠡᠭᠦᠳᠬᠦ᠌ ᠲᠥᠪ᠂ ᠪᠠᠶᠠᠨᠨᠠᠭᠤᠷ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠠᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠣᠨ ᠵᠡᠷᠭᠡ ᠨᠢᠭᠡ ᠪᠦᠯᠦᠭ ᠤᠯᠤᠰ᠎ᠤᠨ ᠳᠡᠰ ᠤᠨ ᠱᠢᠨ᠎ᠡ ᠶ᠋ᠢ ᠡᠭᠦᠳᠬᠦ᠌ ᠲᠠᠪᠴᠠᠩ ᠵᠥᠪᠱᠢᠶᠡᠷᠡᠭ᠌ᠳᠡᠨ ᠪᠣᠳᠠᠲᠠᠢᠵᠢᠵᠤ᠂ ᠱᠢᠨ᠎ᠡ᠎ᠶ᠋ᠢ ᠡᠭᠦᠳᠬᠦ᠌ ᠬᠡᠯᠪᠡᠷᠢᠲᠦ ᠠᠵᠤ ᠠᠬᠤᠢ᠌ᠯᠠᠯ᠎ᠢ ᠨᠡᠢᠲᠡ 1714᠂ ᠲᠤᠰᠭᠠᠢ ᠨᠠᠷᠢᠯᠢᠬ ᠦᠪᠡᠷᠮᠢᠴᠡ ᠱᠢᠨ᠎ᠡ ᠠᠵᠤ ᠠᠬᠤᠢ᠌ᠯᠠᠯ᠎ᠢ ᠨᠡᠢᠲᠡ 814᠂ 《ᠪᠢᠴᠢᠬᠠᠨ ᠠᠪᠤᠷᠭᠤ》 ᠠᠵᠤ ᠠᠬᠤᠢ᠌ᠯᠠᠯ᠎ᠢ ᠨᠡᠢᠲᠡ 45 ᠪᠦᠢᠵᠢᠭᠤᠯᠵᠤ᠂ 2 ᠬᠥᠮᠦᠨ ᠳᠤᠮᠳᠠᠳᠤ ᠤᠯᠤᠰ᠎ᠤᠨ ᠢᠨᠵᠧᠨᠧᠷᠢᠩ ᠤᠨ ᠬᠦᠷᠢᠶᠡᠯᠡᠩ᠎ᠤᠨ ᠠᠺᠠᠳᠧᠮᠢᠴᠢ᠎ᠪᠠᠷ ᠰᠣᠩᠭᠤᠭ᠍ᠳᠠᠨ᠂ 47 ᠬᠥᠮᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠦᠷᠢᠶᠡᠨ᠎ᠳᠠᠬᠢ ᠤᠯᠤᠰ᠎ᠤᠨ ᠭᠤᠤᠯᠳᠠᠯᠭ᠎ᠠ ᠪᠣᠯᠬᠤ ᠴᠢᠳᠠᠪᠤᠷᠢᠲᠠᠨ᠎ᠤ ᠲᠥᠯᠥᠪᠯᠡᠭᠡ᠎ᠳᠤ ᠰᠣᠩᠭᠤᠭ᠍ᠳᠠᠵᠤ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠴᠢᠳᠠᠪᠤᠷᠢ ᠳᠡᠭᠡᠭ᠌ᠰᠢᠯᠡᠭᠡᠳ ᠪᠦᠬᠦ᠌ ᠤᠯᠤᠰ᠎ᠤᠨ 20 ᠳ᠋ᠤᠭᠠᠷ᠎ᠲᠤ ᠣᠷᠣᠪᠠ᠃ ᠴᠠᠭᠠᠨ ᠢᠳᠡᠭᠡ᠂ ᠬᠤᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠂ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠤᠯᠤᠰ ᠤᠨ ᠲᠡᠷᠢᠭᠦᠨ ᠤ ᠦᠢᠯᠡᠳᠬᠦ᠌ ᠦᠢᠯᠡᠰ᠎ᠤᠨ ᠪᠦᠯᠦᠭ᠌ᠵᠢᠯ᠎ᠳᠤ ᠰᠣᠩᠭᠤᠭ᠍ᠳᠠᠵᠤ᠂ ᠲᠠᠯᠠᠰᠲᠤ ᠴᠠᠬᠢᠭᠤᠷ᠎ᠤᠨ ᠭᠡᠷᠡᠯᠴᠢ ᠴᠡᠨᠡᠭ᠂ ᠰᠠᠯᠬᠢᠨ ᠬᠦᠴᠦᠨ᠎ᠤ ᠴᠠᠬᠢᠯᠭᠠᠨ᠎ᠤ ᠲᠣᠨᠤᠭ ᠲᠥᠬᠦᠭᠡᠷᠦᠮᠵᠢ᠎ᠶ᠋ᠢ ᠪᠦᠬᠦ᠌ ᠠᠵᠤ ᠦᠢᠯᠡᠰ᠎ᠤᠨ ᠬᠡᠯᠬᠢᠶ᠎ᠡ᠎ᠪᠠᠷ ᠨᠡᠪᠳᠡᠷᠡᠭᠦᠯᠪᠡ᠃ ᠵᠢᠨᠢᠩ᠎ᠠᠴᠠ ᠳ᠋ᠠᠲ᠋ᠦ᠋ᠩ ᠶᠤᠸᠨᠨᠫᠢᠩ ᠬᠦᠷᠭᠦ᠌ ᠲᠦᠷᠭᠡᠨ᠎ᠤ ᠲᠡᠮᠦᠷ ᠵᠠᠮ᠂ ᠪᠤᠭᠤᠲᠤ᠎ᠠᠴᠠ ᠢᠷᠭᠠᠶ ᠬᠦᠷᠬᠦ᠌ ᠲᠦᠷᠭᠡᠨ᠎ᠤ ᠲᠡᠮᠦᠷ ᠵᠠᠮ᠎ᠢ ᠨᠡᠪᠲᠡᠷᠡᠭᠦᠯᠦᠨ ᠠᠵᠢᠯᠯᠠᠭᠤᠯᠵᠣ᠂ ᠤᠯᠠᠭᠠᠨᠬᠠᠳᠠ᠎ᠠᠴᠠ ᠳ᠋ᠠᠪᠡᠨ ᠪᠠᠶᠠᠨᠬᠤᠸᠨ ᠬᠦᠷᠭᠦ᠌ ᠲᠡᠮᠦᠷ ᠵᠠᠮ᠎ᠢᠶᠠᠷ ᠠᠶᠠᠨᠴᠢᠳ᠎ᠤᠨ ᠭᠠᠯᠲᠤ ᠲᠡᠷᠭᠡ᠎ᠶ᠋ᠢ ᠠᠶᠠᠯᠠᠭᠤᠯᠵᠤ᠂ ᠵᠡᠭᠦᠨ ᠳᠤᠮᠳᠠ ᠪᠠᠷᠠᠭᠤᠨ ᠬᠡᠰᠡᠭ ᠣᠷᠣᠨ᠎ᠤ ᠲᠦᠷᠭᠡᠨ᠎ᠤ ᠵᠠᠰᠠᠮᠠᠯ ᠵᠠᠮ᠎ᠤᠨ ᠶᠡᠭᠡ ᠨᠡᠪᠳᠡᠷᠡᠯ ᠵᠠᠮ ᠪᠠ ᠬᠢᠯᠢ ᠳᠠᠭᠠᠤ᠎ᠳᠠᠬᠢ 331 ᠳ᠋ᠤᠭᠡᠷ ᠨᠣᠮᠧᠷᠲᠤ ᠤᠯᠤᠰ ᠤᠨ ᠵᠠᠮ ᠪᠥᠬᠦ᠌ ᠱᠤᠭᠤᠮ᠎ᠢᠶᠠᠷ ᠨᠡᠪᠲᠡᠷᠡᠵᠦ᠍᠂ 7 ᠠᠢᠮᠠᠭ ᠬᠤᠲᠠ ᠳᠤ ᠲᠦᠷᠭᠡᠨ ᠤ ᠲᠡᠮᠦᠷ ᠵᠠᠮ ᠨᠡᠪᠲᠡᠷᠡᠵᠦ᠍᠂ ᠪᠦᠬᠦ᠌ ᠠᠢᠮᠠᠭ ᠬᠤᠲᠠ᠎ᠶ᠋ᠢᠨ ᠬᠤᠭᠤᠷᠣᠨᠳᠤ ᠲᠦᠷᠭᠡᠨ᠎ᠤ ᠵᠠᠰᠠᠮᠠᠯ ᠵᠠᠮ ᠨᠡᠪᠲᠡᠷᠡᠯᠴᠡᠪᠡ᠃ ᠠᠭᠠᠷ ᠠᠶᠠᠯᠠᠯ᠎ᠤᠨ ᠱᠤᠭᠤᠮ᠎ᠢ 483 ᠵᠤᠷᠪᠤᠰ ᠨᠡᠪᠲᠡᠷᠡᠭᠦᠯᠦᠨ᠂ 116 ᠬᠤᠲᠠ᠎ᠪᠠᠷ ᠠᠶᠠᠯᠠᠯ ᠨᠡᠪᠳᠡᠷᠡᠵᠦ᠍᠂ ᠪᠥᠬᠦ᠌ ᠣᠷᠣᠨ᠎ᠤ ᠠᠩᠬᠠᠳᠠᠭ᠍ᠴᠢ 4F ᠳᠡᠰ᠎ᠤᠨ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ ᠠᠵᠢᠯ ᠲᠥᠷᠥᠯ᠎ᠤᠨ ᠱᠢᠯᠭᠠᠨ ᠬᠤᠷᠢᠶᠠᠬᠤ᠎ᠶ᠋ᠢ ᠥᠩᠭᠡᠷᠡᠭᠡᠪᠡ᠃ ᠥᠪᠥᠷ ᠮᠣᠩᠭᠤᠯ᠎ᠤᠨ ᠵᠡᠭᠦᠨ ᠬᠡᠰᠡᠭ ᠣᠷᠣᠨ᠎ᠤ 《ᠳᠣᠯᠣᠭᠠᠨ ᠬᠥᠨᠳᠡᠯᠡᠨ ᠨᠢᠭᠡ ᠭᠤᠯᠳᠤ》 ᠪᠠ ᠥᠪᠥᠷ ᠮᠣᠩᠭᠤᠯ᠎ᠤᠨ ᠪᠠᠷᠠᠭᠤᠨ ᠬᠡᠰᠡᠭ ᠣᠷᠣᠨ ᠤ 《ᠳᠥᠷᠪᠡᠨ ᠬᠥᠨᠳᠡᠯᠡᠨ ᠵᠢᠷᠭᠤᠭᠠᠨ ᠭᠤᠯᠳᠤ》 ᠴᠠᠬᠢᠯᠭᠠᠨ ᠬᠦᠴᠦᠨ᠎ᠤ ᠲᠣᠣᠷ᠎ᠤᠨ ᠭᠤᠣᠯ ᠲᠣᠣᠷ᠎ᠤᠨ ᠵᠢᠶᠠᠰᠡ᠎ᠶ᠋ᠢ ᠪᠠᠢᠭᠤᠯᠵᠤ ᠲᠠᠭᠤᠰᠭᠠᠨ᠂ 220 ᠺᠢᠯᠣᠸᠣᠯᠲ ᠵᠢᠴᠢ ᠲᠡᠭᠦᠨ᠎ᠠᠴᠠ ᠳᠡᠭᠡᠭ᠌ᠰᠢᠬᠢ ᠴᠠᠬᠢᠯᠭᠠᠨ ᠬᠦᠷᠭᠡᠬᠦ᠌ ᠬᠡᠯᠬᠢᠶᠡᠨ᠎ᠤ ᠶᠡᠷᠦᠩᠬᠡᠶ ᠤᠷᠲᠤ᠎ᠨᠢ 7 ᠲᠦᠮᠡᠨ ᠺᠢᠯᠣᠮᠧᠲᠷ᠎ᠢ ᠳᠠᠪᠠᠪᠠ᠃ ᠴᠤᠤᠯ ᠭᠤᠣᠯ᠎ᠤᠨ ᠤᠰᠤ᠎ᠶ᠋ᠢ ᠲᠠᠳᠠᠵᠣ ᠯᠢᠶᠣᠤ ᠾᠧ ᠭᠤᠣᠯ᠎ᠳᠤ ᠨᠡᠮᠡᠷᠢᠯᠡᠭᠦ᠌ ᠢᠨᠵᠧᠨᠧᠷᠢᠩ ᠪᠦᠬᠦ᠌ ᠱᠤᠭᠤᠮ᠎ᠢᠶᠠᠷ᠎ᠢᠶᠠᠨ ᠤᠰᠤ ᠨᠡᠪᠲᠡᠷᠡᠵᠦ᠍᠂ 5G ᠰᠠᠭᠤᠷᠢ ᠥᠷᠲᠡᠭᠡ 9.5 ᠲᠦᠮᠡ᠎ᠳᠤ ᠬᠦᠷᠪᠡ᠃
— ᠡᠨᠡ ᠲᠠᠪᠤᠨ ᠵᠢᠯ᠎ᠳᠤ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ ᠤᠯᠠᠮ ᠨᠢᠭᠡ ᠠᠯᠬᠤᠮ ᠪᠠᠬᠢᠵᠢᠪᠡ᠃ 《ᠭᠤᠷᠪᠠᠨ ᠤᠮᠠᠷᠠᠲᠤ》 ᠶ᠋ᠢᠨ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠢᠯᠠᠯᠳᠤᠭᠠᠨ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠵᠦ᠍᠂ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠨᠠᠢᠳᠡ 1.23 ᠳ᠋ᠦᠩᠱᠢᠭᠤᠷ ᠮᠦ᠍᠂ ᠡᠯᠡᠰᠣᠷᠭᠡᠭ᠌ᠵᠢᠯ ᠢ ᠰᠡᠷᠭᠡᠢᠯᠡᠨ ᠡᠯᠡᠰᠦ ᠶ᠋ᠢ ᠵᠠᠰᠠᠬᠤ ᠶ᠋ᠢ 6688 ᠲᠦᠮᠡᠨ ᠮᠥ᠍ ᠪᠡᠶᠡᠯᠡᠭᠦᠯᠦᠨ᠂ ᠴᠥᠮ ᠪᠥᠬᠦ᠌ ᠤᠯᠤᠰ᠎ᠤᠨ ᠲᠡᠷᠢᠭᠦᠨ᠎ᠳᠤ ᠪᠠᠢᠷᠢᠯᠠᠪᠠ᠃ ᠣᠢ ᠱᠢᠭᠤᠢ᠎ᠶ᠋ᠢᠨ ᠪᠦᠷᠬᠦᠴᠡ 22% ᠲᠤ ᠬᠦᠷᠴᠦ᠍᠂ ᠨᠤᠲᠤᠭ ᠪᠡᠯᠴᠢᠭᠡᠷ᠎ᠤᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ 45% ᠠᠴᠠ ᠳᠡᠭᠡᠭ᠌ᠰᠢ᠎ᠳᠤ ᠲᠣᠭ᠍ᠲᠠᠪᠤᠷᠢᠵᠢᠵᠤ᠂ ᠪᠠᠢᠭᠠᠯᠢᠯᠢᠬ ᠨᠤᠲᠤᠭ ᠪᠡᠯᠴᠢᠭᠡᠷ᠎ᠲᠠᠬᠢ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ ᠵᠢᠭᠠᠯᠲᠠ ᠲᠤᠭ᠎ᠠ ᠪᠠᠭᠤᠷᠠᠭᠠᠳ 10% ᠠᠴᠠ ᠳᠣᠷᠣᠭ᠍ᠰᠢ ᠪᠣᠯᠪᠠ᠃ ᠬᠥᠬᠡ ᠣᠭ᠍ᠲᠠᠷᠭᠤᠢ᠂ ᠴᠡᠩᠭᠡᠭ ᠤᠰᠤ᠂ ᠴᠡᠪᠡᠷ ᠬᠥᠷᠥᠰᠥ᠎ᠶ᠋ᠢᠨ ᠬᠠᠮᠠᠭᠠᠯᠠᠯᠲᠠ᠎ᠶ᠋ᠢᠨ ᠳᠠᠢᠯᠠᠯᠳᠤᠭᠠᠨ ᠴᠢᠬᠤᠯᠠ ᠶᠡᠭᠡ ᠦᠷ᠎ᠡ ᠪᠦᠲᠦᠭᠡᠯ ᠣᠯᠵᠤ᠂ ᠢᠯᠴᠢ ᠶ᠋ᠢᠨ ᠴᠠᠬᠢᠯᠭᠠᠨ ᠤ ᠮᠠᠱᠢᠨ ᠪᠦᠯᠦᠭ᠎ᠢ 2100 ᠲᠦᠮᠡᠨ ᠺᠢᠯᠣᠸᠠᠲ᠂ ᠪᠤᠯᠤᠳ ᠲᠡᠮᠦᠷ ᠦᠢᠯᠡᠳᠪᠦᠷᠢᠯᠡᠬᠦ᠌ ᠴᠢᠳᠠᠮᠵᠢ᠎ᠶ᠋ᠢ 2812 ᠲᠦᠮᠡᠨ ᠲᠣᠨ᠂ 395 ᠰᠠᠭᠤᠷᠢ ᠨᠡᠭᠦᠷᠡᠰᠦ ᠲᠦᠯᠡᠬᠦ᠌ ᠵᠤᠤᠬ᠎ᠠ᠎ᠶ᠋ᠢᠨ ᠬᠡᠳᠦ ᠳᠣᠣᠷ᠎ᠠ ᠭᠠᠳᠠᠭ᠍ᠰᠢᠯᠠᠭᠤᠯᠬᠤ᠎ᠪᠠᠷ ᠥᠭᠡᠷᠡᠴᠢᠯᠡᠨ ᠱᠢᠨᠡᠳᠭᠡᠬᠦ᠌᠎ᠶ᠋ᠢ ᠪᠡᠶᠡᠯᠡᠭᠦᠯᠵᠦ᠍᠂ ᠴᠡᠪᠡᠷ ᠰᠠᠢᠨ ᠠᠭᠠᠷ᠎ᠲᠠᠢ ᠡᠳᠦᠷ᠎ᠤᠨ ᠲᠣᠭᠠᠨ᠎ᠤ ᠬᠠᠷᠢᠴᠠᠯ᠎ᠢ 90% ᠠᠴᠠ ᠳᠡᠭᠡᠭ᠌ᠰᠢ ᠪᠠᠢᠯᠭᠠᠬᠤ᠎ᠶ᠋ᠢ ᠪᠠᠲᠤᠯᠠᠵᠤ᠂ 《ᠬᠥᠯᠥᠨ ᠨᠠᠭᠤᠷ ᠤᠯᠠᠭᠠᠨᠰᠤᠬᠠᠢ ᠨᠠᠭᠤᠷ ᠳᠠᠭ᠎ᠠ᠎ᠶ᠋ᠢᠨ ᠨᠠᠭᠤᠷ》 ᠵᠢᠴᠢ ᠴᠠᠭᠠᠨᠨᠠᠭᠤᠷ᠎ᠤᠨ ᠵᠠᠰᠠᠯᠲᠠ᠎ᠶ᠋ᠢ 《ᠨᠠᠭᠤᠷ ᠴᠦᠬᠦᠷᠦᠮ᠎ᠢ ᠵᠠᠰᠠᠬᠤ》 ᠠᠴᠠ 《ᠰᠠᠪᠠ ᠭᠠᠵᠠᠷ᠎ᠢ ᠵᠠᠰᠠᠬᠤ》 ᠲᠡᠢᠰᠢ ᠬᠤᠪᠢᠷᠠᠭᠤᠯᠵᠤ᠂ ᠬᠠᠲᠤᠨ ᠭᠤᠣᠯ ᠤᠨ ᠭᠤᠣᠯ ᠤᠷᠤᠰᠭᠠᠯ᠎ᠤᠨ ᠦᠪᠣᠷ ᠮᠣᠩᠭᠤᠯ᠎ᠳᠠᠬᠢ ᠬᠡᠰᠡᠭ᠎ᠤᠨ ᠤᠰᠤᠨ᠎ᠤ ᠴᠢᠨᠠᠷ 6 ᠵᠢᠯ ᠳᠠᠷᠠᠭᠠᠯᠠᠨ II ᠲᠥᠷᠥᠯ᠎ᠳᠤ ᠪᠠᠢᠬᠤ᠎ᠶ᠋ᠢ ᠪᠠᠲᠤᠯᠠᠪᠠ᠃ ᠪᠣᠬᠢᠷᠲᠤᠯ ᠦᠭᠡᠢ ᠠᠭᠤᠷᠬᠠᠢ᠎ᠶ᠋ᠢ 437 ᠪᠠᠢᠭᠤᠯᠵᠤ ᠳᠠᠭᠤᠰᠭᠠᠨ᠂ ᠥᠩᠭᠡᠷᠡᠭ᠌ᠰᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠢ᠎ᠶ᠋ᠢᠨ ᠠᠮᠢ ᠠᠬᠤᠢ ᠶ᠋ᠢ 117 ᠺᠦᠸᠠᠳ᠋ ᠺᠢᠯᠣᠮᠧᠲᠷ ᠵᠠᠰᠠᠨ ᠰᠡᠷᠭᠦᠭᠡᠵᠦ᠍᠂ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ ᠶ᠋ᠢᠨ ᠣᠷᠣᠨ ᠠᠮᠵᠢᠯᠳᠠ᠎ᠲᠠᠢ᠎ᠪᠠᠷ ᠳᠡᠯᠡᠬᠡᠶ᠎ᠶ᠋ᠢᠨ ᠠᠮᠢᠳᠤ ᠪᠣᠳᠠᠰ ᠤᠨ ᠮᠠᠨᠳᠠᠯ ᠤᠨ ᠬᠠᠮᠠᠭᠠᠯᠠᠯᠲᠠ᠎ᠶ᠋ᠢᠨ ᠣᠷᠣᠨ᠎ᠢᠶᠠᠷ ᠰᠣᠩᠭᠤᠭ᠍ᠳᠠᠪᠠ᠃ ᠨᠢᠭᠡᠴᠢ GDP ᠤᠨ ᠡᠨᠧᠷᠭᠢ᠎ᠶ᠋ᠢᠨ ᠬᠤᠷᠣᠭ᠍ᠳᠠᠯ᠎ᠢ ᠨᠡᠢᠲᠡ 18% ᠪᠠᠷ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭ᠌ᠰᠢᠬᠢ ᠪᠣᠬᠢᠷᠲᠤᠯ ᠦᠭᠡᠢ ᠦᠢᠯᠡᠳᠪᠦᠷᠢ ᠶ᠋ᠢ 510᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠎ᠢ 32 ᠪᠠᠢᠭᠤᠯᠵᠤ ᠳᠠᠭᠤᠰᠭᠠᠨ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠪᠣᠯᠬᠤ ᠠᠵᠢᠯ ᠲᠥᠷᠥᠯ᠎ᠤᠨ 46 ᠵᠦᠢᠯ᠎ᠤᠨ ᠦᠢᠯᠡᠳᠬᠦᠨ᠎ᠤ ᠡᠨᠧᠷᠭᠢ᠎ᠶ᠋ᠢᠨ ᠬᠤᠷᠣᠭ᠍ᠳᠠᠯ ᠤᠯᠤᠰ ᠤᠨ ᠲᠡᠷᠢᠭᠦᠨ ᠤ ᠬᠡᠮᠵᠢᠭ᠌ᠳᠡᠯ ᠳᠤ ᠬᠦᠷᠴᠦ᠍᠂ ᠣᠷᠳᠣᠰ᠎ᠤᠨ ᠮᠧᠩ ᠰᠦ᠍ ᠠᠵᠤ ᠠᠬᠤᠢ ᠶ᠋ᠢᠨ ᠨᠡᠬᠡᠭᠡᠯᠲᠡ᠎ᠶ᠋ᠢᠨ ᠤᠷᠤᠨ᠂ ᠪᠤᠭᠤᠲᠤ᠎ᠶ᠋ᠢᠨ ᠬᠤᠪᠣᠷ ᠱᠢᠷᠣᠢ᠎ᠶ᠋ᠢᠨ ᠳᠡᠭᠡᠳᠦ ᠱᠢᠨ᠎ᠡ ᠮᠡᠷᠭᠡᠵᠢᠯ ᠤᠨ ᠠᠵᠤ ᠦᠢᠯᠡᠰ᠎ᠤᠨ ᠨᠡᠭᠡᠭᠡᠯᠲᠡ᠎ᠶ᠋ᠢᠨ ᠣᠷᠣᠨ ᠠᠩᠬᠠᠳᠠᠭ᠍ᠴᠢ ᠪᠦᠯᠦᠭ ᠤᠯᠤᠰ᠎ᠤᠨ ᠳᠡᠰ᠎ᠤᠨ ᠲᠡᠭ ᠨᠡᠭᠦᠷᠡᠰᠦᠳᠦ᠋ᠷᠦᠭ᠌ᠴᠢ᠎ᠲᠦ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠨᠡᠷᠡᠰ᠎ᠲᠤ ᠰᠣᠩᠭᠤᠭ᠍ᠳᠠᠪᠠ᠃
— ᠡᠨᠡ ᠲᠠᠪᠤᠨ ᠵᠢᠯ᠎ᠳᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠲᠡᠰᠤᠷᠡᠯᠳᠡ ᠦᠭᠡᠢ ᠨᠡᠮᠡᠭ᠌ᠳᠡᠪᠡ᠃ ᠬᠤᠳᠠ ᠪᠠᠯᠭᠠᠰᠤᠨ᠎ᠤ ᠨᠡᠢᠲᠡ 106 ᠲᠦᠮᠡᠨ ᠬᠥᠮᠦᠨ᠎ᠳᠤ ᠱᠢᠨ᠎ᠡ᠎ᠪᠠᠷ ᠠᠵᠢᠯ ᠣᠯᠭᠤᠵᠤ᠂ ᠪᠠᠢᠩᠭᠤ ᠰᠠᠭᠤᠭ᠎ᠠ ᠬᠥᠮᠥᠨ ᠠᠮᠠ᠎ᠶ᠋ᠢᠨ ᠬᠤᠲᠠ ᠪᠠᠯᠭᠠᠰᠤᠵᠢᠯᠲᠠ᠎ᠶ᠋ᠢᠨ ᠨᠣᠷᠮ᠎ᠠ 71.5% ᠳᠤ ᠬᠦᠷᠪᠡ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤᠢ᠌ᠴᠠ ᠣᠷᠣᠯᠭ᠎ᠠ 4 ᠲᠦᠮᠡᠨ ᠲᠥᠭᠦᠷᠢᠭ᠎ᠢ ᠳᠠᠪᠠᠵᠤ᠂ ᠪᠦᠬᠦ᠌ ᠤᠯᠤᠰ᠎ᠤᠨ 9 ᠳ᠋ᠤᠭᠡᠷ᠎ᠲᠤ ᠪᠠᠢᠷᠢᠯᠠᠪᠠ᠃ ᠰᠤᠷᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠴᠡᠴᠡᠷᠯᠢᠭ᠎ᠲᠤ ᠣᠷᠣᠭ᠍ᠰᠠᠨ ᠪᠣᠷᠤ ᠨᠣᠷᠮ᠎ᠠ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ᠎ᠢ ᠪᠠᠬᠢᠵᠢᠭᠦᠯᠦᠭ᠌ᠰᠡᠨ ᠨᠣᠷᠮ᠎ᠠ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠳᠤ ᠣᠷᠣᠭ᠍ᠰᠠᠨ ᠪᠣᠷᠤ ᠨᠣᠷᠮ᠎ᠠ ᠴᠥᠮ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠠᠴᠠ ᠥᠨᠳᠥᠷ ᠪᠠᠢᠪᠠ᠃ ᠡᠷᠢᠨ ᠵᠠᠭᠤᠨ᠎ᠤ ᠬᠢᠵᠢᠭ᠎ᠤᠨ ᠪᠠᠢᠳᠠᠯ᠎ᠢ ᠯᠠᠪᠳᠠᠭᠤᠨ ᠲᠣᠭ᠍ᠲᠠᠭᠤᠨ᠎ᠢᠶᠠᠷ ᠠᠷᠭᠠᠴᠠᠭᠠᠵᠤ᠂ ᠣᠯᠠᠨ ᠨᠡᠢᠲᠡ ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠤ ᠬᠢᠷᠢ ᠲᠦᠪᠱᠢᠨ ᠮᠡᠳᠡᠭ᠌ᠳᠡᠮ᠎ᠡ ᠳᠡᠭᠡᠭ᠌ᠰᠢᠯᠡᠪᠡ᠃ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ ᠤ ᠲᠥᠪ ᠢ 4 ᠨᠤᠲᠤᠭ᠍ᠰᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠤᠰᠭᠠᠢ ᠰᠠᠯᠠᠭᠠᠨ᠎ᠤ ᠣᠷᠣᠨ ᠪᠦᠰᠡ᠎ᠶ᠋ᠢᠨ ᠡᠮᠴᠢᠯᠡᠭᠡᠨ ᠤ ᠲᠥᠪ ᠢ 39 ᠪᠠᠢᠷᠢᠱᠢᠭᠤᠯᠵᠤ᠂ ᠬᠥᠬᠡᠬᠤᠲᠠ ᠲᠦᠩᠯᠢᠶᠣᠣ᠎ᠳᠤ ᠤᠯᠤᠰ᠎ᠤᠨ ᠳᠡᠰ᠎ᠤᠨ ᠠᠯᠪᠠᠨ᠎ᠠᠴᠠ ᠡᠷᠬᠢᠯᠡᠭ᠌ᠰᠡᠨ ᠡᠮᠨᠡᠯᠭᠡ᠎ᠶ᠋ᠢᠨ ᠬᠤᠷᠢᠶᠠᠨ᠎ᠤ ᠥᠭᠡᠷᠡᠴᠢᠯᠡᠯᠲᠡ ᠬᠢᠭᠡᠳ ᠴᠢᠨᠠᠷ ᠰᠠᠢᠲᠠᠢ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠢ 2 ᠬᠡᠷᠡᠭ᠌ᠵᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠲᠥᠪᠯᠡᠷᠡᠭᠦᠯᠦᠨ ᠬᠡᠮᠵᠢᠶ᠎ᠡ ᠲᠣᠭ᠍ᠲᠠᠭᠠᠨ ᠬᠤᠳᠠᠯᠳᠤᠨ ᠠᠪᠬᠤ᠎ᠪᠠᠷ ᠣᠯᠠᠨ ᠲᠦᠮᠡᠨ᠎ᠳᠤ 237 ᠳ᠋ᠦᠩᠱᠢᠭᠤᠷ ᠲᠥᠭᠦᠷᠢᠭ᠎ᠤᠨ ᠳᠠᠷᠤᠭᠠᠰᠤ ᠭᠦᠩᠭᠡᠯᠡᠪᠠ᠃ 《ᠥᠲᠡᠯᠦᠭ᠌ᠰᠡᠳᠲᠤ ᠰᠤᠪᠢᠯᠠᠯᠲᠠ ᠠᠰᠠᠷᠠᠯᠲᠠ᠎ᠲᠠᠢ᠂ ᠨᠢᠯᠬᠠᠰ᠎ᠲᠤ ᠰᠠᠢᠨ ᠳᠣᠳᠣᠮᠳᠠᠯ ᠲᠠᠢ ᠪᠠᠢᠬᠤ》 ᠶ᠋ᠢ ᠠᠬᠢᠭᠤᠯᠵᠤ᠂ ᠪᠦᠬᠦ᠌ ᠣᠷᠣᠨ᠎ᠤ ᠨᠠᠰᠤᠵᠢᠯ᠎ᠤᠨ ᠪᠠᠢᠭᠤᠯᠤᠮᠵᠢ ᠪᠠ ᠪᠡᠯᠡᠳᠭᠡᠮᠵᠢ 9341᠂ ᠠᠰᠠᠷᠠᠬᠤ ᠣᠷᠣ 10.5 ᠲᠦᠮᠡ᠎ᠳᠤ ᠬᠦᠷᠴᠦ᠍᠂ ᠮᠢᠩᠭᠠᠨ ᠬᠥᠮᠥᠨ ᠪᠦᠷᠢ᠎ᠳᠤ ᠨᠣᠭ᠍ᠳᠠᠬᠤ 3 ᠨᠠᠰᠤᠨ ᠠᠴᠠ ᠳᠣᠷᠣᠭ᠍ᠰᠢᠬᠢ ᠨᠢᠯᠬ᠎ᠠ ᠨᠢᠷᠠᠢ ᠬᠡᠦᠬᠡᠳ ᠠᠰᠠᠷᠠᠬᠤ ᠣᠷᠣᠨ ᠲᠤᠭ᠎ᠠ ᠨᠡᠮᠡᠭ᠌ᠳᠡᠭᠡᠳ 4.6 ᠪᠣᠯᠪᠠ᠃ ᠬᠤᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠲᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠭᠡᠳ ᠰᠠᠷ᠎ᠠ ᠪᠦᠷᠢ 815 ᠲᠥᠭᠦᠷᠢᠭ ᠪᠠ 615 ᠲᠥᠭᠦᠷᠢᠭ ᠪᠣᠯᠭᠠᠵᠤ᠂ ᠠᠷᠠᠳ ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠴᠦᠮ ᠪᠥᠬᠦ᠌ ᠤᠯᠤᠰ᠎ᠤᠨ ᠳᠤᠮᠳᠠᠴᠢ ᠬᠢᠷᠢ ᠲᠦᠪᠱᠢᠨ᠎ᠳᠤ ᠬᠦᠷᠦᠭ᠌ᠰᠡᠨ ᠪᠤᠶᠤ ᠲᠡᠭᠦᠨ᠎ᠠᠴᠠ ᠳᠠᠪᠠᠪᠠ᠃ 《ᠬᠠᠯᠠᠮᠵᠢ᠎ᠶ᠋ᠢᠨ ᠨᠡᠭᠦᠷᠡᠰᠦ》 ᠶ᠋ᠢ ᠨᠡᠢᠲᠡ ᠳ᠋ᠦᠩᠱᠢᠭᠤᠷ ᠲᠣᠨ ᠬᠠᠩᠭᠠᠵᠤ᠂ 78 ᠲᠦᠮᠡᠨ ᠡᠷᠦᠬᠡ᠎ᠶ᠋ᠢᠨ 《ᠨᠡᠭᠦᠷᠡᠰᠦᠨ ᠳᠤᠯᠠᠭᠠᠯᠠᠭ᠎ᠠ᠎ᠶ᠋ᠢ ᠴᠠᠬᠢᠯᠭᠠᠨ ᠳᠤᠯᠠᠭᠠᠯᠠᠭ᠎ᠠ᠎ᠪᠠᠷ ᠦᠭᠡᠷᠡᠴᠢᠯᠡᠬᠦ᠌》 ᠶ᠋ᠢ ᠪᠡᠶᠡᠯᠡᠭᠦᠯᠪᠡ᠃ ᠪᠦᠢᠳᠠ ᠪᠦᠭ᠌ᠯᠡᠭᠦᠦ ᠭᠠᠵᠠᠷ ᠣᠷᠣᠨ᠎ᠳᠠᠬᠢ ᠲᠠᠷᠢᠶᠠᠴᠢᠨ ᠮᠠᠯᠴᠢᠨ ᠡᠷᠦᠬᠡ᠎ᠶ᠋ᠢᠨ ᠴᠠᠬᠢᠯᠭᠠᠨ ᠬᠦᠴᠦᠨ᠎ᠤ ᠲᠣᠣᠷ᠎ᠢ ᠤᠷᠲᠤᠳᠭᠠᠬᠤ ᠪᠠ ᠱᠢᠨ᠎ᠡ ᠡᠨᠧᠷᠭᠢ᠎ᠶ᠋ᠢᠨ ᠴᠠᠬᠢᠯᠭᠠᠨ ᠨᠡᠪᠲᠡᠷᠡᠭᠦᠯᠦᠨ ᠳᠡᠰ ᠳᠡᠪᠱᠢᠭᠦᠯᠵᠦ᠍ ᠥᠭᠡᠷᠡᠴᠢᠯᠡᠨ ᠱᠢᠨᠡᠳᠭᠡᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ 4 ᠲᠦᠮᠡᠨ ᠡᠷᠦᠬᠡ ᠲᠠᠷᠢᠶᠠᠴᠢᠨ ᠮᠠᠯᠴᠢᠳ᠎ᠲᠤ ᠲᠣᠭ᠍ᠲᠠᠭᠤᠨ ᠪᠥᠭᠡᠳ ᠨᠠᠢᠳᠠᠪᠤᠷᠢᠲᠠᠢ ᠴᠠᠬᠢᠯᠭᠠᠨ ᠬᠡᠷᠡᠭ᠌ᠯᠡᠭᠦᠯᠪᠡ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ᠎ᠢ 7323᠂ ᠳᠥᠭᠦᠮ ᠪᠦᠲᠦᠴᠡᠲᠦ ᠣᠷᠣᠨ ᠰᠠᠭᠤᠴᠠ᠎ᠶ᠋ᠢᠨ ᠲᠣᠭᠤᠷᠢᠭ᠎ᠢ 5.2 ᠲᠦᠮᠡᠨ ᠢᠵᠢ᠂ ᠨᠤᠷᠠᠬᠤ ᠠᠶᠤᠯᠲᠠᠢ ᠬᠠᠭᠤᠴᠢᠨ ᠭᠡᠷ ᠪᠠᠢᠱᠢᠩ ᠢ 3.1 ᠲᠦᠮᠡᠨ ᠢᠵᠢ (ᠡᠷᠦᠬᠡ)᠂ ᠬᠠᠭᠤᠴᠢᠷᠠᠭ᠍ᠰᠠᠨ ᠬᠤᠭᠤᠯᠠᠢ ᠭᠤᠣᠷᠰᠣ᠎ᠶ᠋ᠢ 1.68 ᠲᠦᠮᠡᠨ ᠺᠢᠯᠣᠮᠧᠲᠷ ᠦᠭᠡᠷᠡᠴᠢᠯᠡᠨ ᠱᠢᠨᠡᠳᠭᠡᠵᠦ᠍᠂ ᠴᠠᠬᠢᠯᠭᠠᠨ ᠬᠦᠳᠡᠯᠭᠡᠭᠦᠷᠲᠦ ᠮᠠᠱᠢᠨ ᠲᠡᠷᠭᠡᠨ᠎ᠤ ᠴᠡᠨᠡᠭ᠌ᠯᠡᠬᠦ᠌ ᠱᠣᠩ᠎ᠢ 3.2 ᠲᠦᠮᠡ ᠨᠡᠮᠡᠨ ᠲᠣᠬᠢᠷᠠᠭᠤᠯᠵᠤ᠂ 《ᠰᠠᠭᠤᠬᠤ ᠣᠷᠣᠨ ᠰᠠᠭᠤᠴᠠ ᠲᠠᠢ ᠪᠠᠢᠬᠤ》 ᠡᠴᠡ 《ᠰᠠᠭᠤᠬᠤ᠎ᠳᠤ ᠲᠣᠬᠢᠯᠢᠬ ᠣᠷᠣᠨ ᠰᠠᠭᠤᠴᠠ ᠲᠠᠢ ᠪᠠᠢᠬᠤ》 ᠲᠡᠢᠰᠢ ᠲᠠᠰᠤᠷᠠᠯᠲᠠ ᠦᠭᠡᠢ ᠠᠬᠢᠪᠠ᠃ ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢᠶᠠᠨ ᠪᠠᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ᠎ᠤᠨ ᠱᠢᠯᠵᠢᠯᠲᠡ᠎ᠶ᠋ᠢᠨ ᠬᠤᠭᠤᠴᠠᠭᠠᠨ᠎ᠤ ᠡᠭᠦᠷᠭᠡ᠎ᠪᠠᠨ ᠪᠡᠶᠡᠯᠡᠭᠦᠯᠵᠦ᠍᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭᠠᠨ᠎ᠤ 《ᠵᠢᠷᠭᠤᠭ᠎ᠠ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ》 ᠮᠡᠳᠡᠭ᠌ᠳᠡᠬᠦ᠋ᠢᠴᠡ ᠦᠷ᠎ᠡ ᠪᠦᠲᠦᠮᠵᠢ ᠣᠯᠵᠤ᠂ 43 ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ ᠪᠠ 538 ᠳᠤᠮᠳᠠᠳᠤ ᠪᠠᠭ᠎ᠠ ᠰᠤᠷᠭᠠᠭᠤᠯᠢ᠎ᠨᠢ ᠪᠡᠭᠡᠵᠢᠩ ᠬᠤᠲᠠ᠎ᠶ᠋ᠢᠨ ᠰᠤᠷᠭᠠᠭᠤᠯᠢᠨᠤᠭᠤᠳᠯᠤᠭᠠ ᠬᠤᠣᠰᠯᠠᠯ ᠪᠣᠯᠵᠤ ᠰᠤᠷᠭᠠᠭᠤᠯᠢ ᠡᠷᠬᠢᠯᠡᠨ᠂ 300 ᠭᠠᠷᠤᠢ ᠡᠮᠴᠢᠯᠡᠭᠡᠨ ᠤ ᠲᠤᠰᠭᠠᠢ ᠰᠠᠯᠠᠭ᠎ᠠ ᠬᠢᠭᠡᠳ ᠲᠤᠰᠠᠯᠠᠬᠤ ᠡᠮᠨᠡᠯᠭᠡ᠎ᠶ᠋ᠢᠨ ᠬᠤᠷᠢᠶ᠎ᠠ ᠢᠵᠢᠯ ᠴᠢᠨᠠᠷ᠎ᠢᠶᠠᠷ ᠬᠥᠭ᠌ᠵᠢᠵᠦ᠍᠂ ᠨᠤᠲᠤᠭ᠍ᠰᠢᠭ᠍ᠰᠠᠨ ᠪᠡᠭᠡᠵᠢᠩ᠎ᠤᠨ ᠠᠵᠤ ᠠᠬᠤᠢ᠌ᠯᠠᠯ 500 ᠶ᠋ᠢ ᠳᠠᠪᠠᠪᠠ᠃
— ᠡᠨᠡ ᠲᠠᠪᠤᠨ ᠵᠢᠯ᠎ᠳᠤ ᠦᠨᠳᠦᠰᠦᠲᠡᠨ᠎ᠤ ᠪᠦᠯᠬᠦᠮᠳᠡᠯ᠎ᠤᠨ ᠪᠠᠢᠳᠠᠯ ᠦᠷᠭᠦᠯᠵᠢᠯᠡᠨ ᠪᠠᠬᠢᠵᠢᠪᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠦᠨᠳᠣᠰᠣᠳᠡᠨ᠎ᠤ ᠭᠠᠵᠡᠷ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠪᠣᠯᠭᠠᠵᠣ᠂ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠦᠯᠢᠭᠡᠷ ᠳᠠᠭᠤᠷᠢᠶᠠᠯᠲᠤ ᠨᠡᠢᠲᠡᠯᠢᠭ ᠵᠢᠱ᠌ᠢᠶ᠎ᠡ᠎ᠶ᠋ᠢ ᠠᠮᠵᠢᠯᠲᠠ᠎ᠲᠠᠢ᠎ᠪᠠᠷ 65 ᠡᠭᠦᠳᠦᠨ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠦ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠨᠠᠩ ᠨᠢᠭ᠍ᠲᠠᠷᠠᠵᠤ᠂ ᠳᠤᠮᠳᠠᠳᠤ᠎ᠶ᠋ᠢᠨ ᠦᠨᠳᠦᠰᠦᠲᠡᠨ ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠬᠥᠮᠦᠰ᠎ᠤᠨ ᠰᠡᠳᠭᠢᠯ᠎ᠳᠤ ᠭᠦᠨ ᠰᠠᠭᠤᠭ᠍ᠳᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭ᠍ᠯᠠᠭᠠᠨ᠎ᠢ ᠳᠠᠭᠠᠭᠠᠨ ᠡᠷᠬᠢᠯᠡᠵᠦ᠍᠂ 7 ᠬᠤᠲᠠ ᠪᠦᠬᠦ᠌ ᠤᠯᠤᠰ᠎ᠤᠨ ᠪᠣᠯᠪᠠᠰᠤᠨ ᠬᠤᠲᠠ᠎ᠪᠠᠷ ᠦᠨᠡᠯᠡᠭ᠌ᠳᠡᠵᠦ᠍᠂ ᠷᠠᠱᠢᠶᠠᠨ᠎ᠤ ᠤᠯᠤᠰ᠎ᠤᠨ ᠲᠡᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠪᠠ ᠮᠠᠷᠭᠡᠯ ᠭᠤᠣᠯ᠂ ᠯᠣᠣ ᠨᠢᠤ ᠸᠠᠨ ᠬᠠᠳᠤᠨ ᠭᠤᠣᠯ᠎ᠤᠨ ᠶᠡᠭᠡ ᠬᠠᠪᠴᠢᠯ 5A ᠲᠡᠰ᠎ᠤᠨ ᠦᠵᠡᠮᠵᠢ ᠶ᠋ᠢᠨ ᠣᠷᠣᠨ᠎ᠢᠶᠠᠷ ᠵᠥᠪᠱᠢᠶᠡᠷᠡᠭ᠌ᠳᠡᠵᠦ᠍᠂ ᠪᠠᠳᠠᠢ᠎ᠶ᠋ᠢᠨ ᠵᠢᠷᠠᠨ᠎ᠤ ᠡᠯᠡᠰᠦ — ᠡᠯᠡᠰᠦᠨ ᠴᠣᠬᠢᠶ᠎ᠠ ᠨᠠᠭᠤᠷ ᠪᠦᠷᠢᠳᠦ᠍ᠨᠦᠭᠦᠳᠢ ᠥᠪ᠎ᠢᠶᠠᠷ ᠠᠮᠵᠢᠯᠲᠠ᠎ᠲᠠᠢ ᠭᠤᠶᠤᠴᠢᠯᠠᠵᠤ᠂ ᠯᠢᠶᠣᠤ ᠣᠯᠣᠰ᠎ᠤᠨ ᠳᠡᠭᠡᠳᠦ ᠨᠡᠢᠰᠯᠡᠯ᠂ ᠲᠥ᠋ ᠴᠧᠩ ᠽᠢ᠂ ᠱᠢᠷᠬᠤᠰᠣᠶ᠋ᠢᠨ ᠪᠠᠭᠤᠷᠢ᠎ᠨᠢ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠢᠶᠠᠷ ᠰᠣᠩᠭᠤᠭ᠍ᠳᠠᠵᠤ᠂ 6 ᠮᠦᠽᠧᠢ ᠤᠯᠤᠰ᠎ᠤᠨ ᠨᠢᠭᠡᠳᠦᠭᠡᠷ ᠳᠡᠰ᠎ᠤᠨ ᠮᠦᠽᠧᠢ᠎ᠳᠤ ᠲᠠᠪᠱᠢᠨ ᠣᠷᠣᠵᠣ᠂ ᠤᠳᠭ᠎ᠠ ᠤᠷᠠᠯᠢᠭ᠎ᠤᠨ 10 ᠪᠦᠲᠦᠭᠡᠯ ᠸᠧᠨ ᠬᠤᠸᠠ ᠱᠠᠩᠨᠠᠯ᠂ ᠯᠢᠩᠬᠤ᠎ᠠ ᠱᠠᠩᠨᠠᠯ᠎ᠢ ᠬᠦᠷᠲᠡᠪᠡ᠃
ᠰᠠᠶᠢᠬᠠᠨ ᠥᠩᠭᠡᠷᠡᠭ᠌ᠰᠡᠨ 2025 ᠣᠨ᠎ᠳᠤ ᠂ ᠭᠠᠳᠠᠭᠠᠳᠤ ᠣᠷᠴᠢᠨ᠎ᠤ ᠬᠤᠪᠢᠷᠠᠯᠲᠠ ᠨᠠᠷᠢᠨ ᠪᠤᠳᠤᠯᠢᠶᠠᠨᠲᠠᠢ᠂ ᠵᠠᠬ᠎ᠠ ᠳᠡᠯᠭᠡᠭᠦᠷ᠎ᠤᠨ ᠪᠦᠲᠦᠮᠵᠢᠲᠡᠢ ᠬᠡᠷᠡᠭ᠌ᠴᠡᠭᠡ ᠬᠦᠷᠦᠯᠴᠡᠬᠦ᠌ ᠦᠭᠡᠢ᠂ ᠥᠷᠭᠡᠨ ᠬᠡᠷᠡᠭ᠌ᠴᠡᠭᠡᠨ᠎ᠤ ᠲᠠᠸᠠᠷ᠎ᠤᠨ ᠦᠨ᠎ᠡ ᠪᠠᠭᠤᠷᠠᠭ᠍ᠰᠠᠨ ᠵᠡᠷᠭᠡ ᠬᠦᠴᠢᠷᠳᠡᠯ ᠥᠷᠢᠰᠥᠯᠳᠦᠭᠡᠨ᠎ᠤ ᠡᠮᠦᠨ᠎ᠡ᠂ ᠪᠢᠳᠡ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠠᠵᠢᠯ ᠢ ᠨᠢᠭᠡᠳᠦᠯᠲᠡᠢ ᠲᠥᠯᠥᠪᠯᠡᠨ ᠰᠠᠢᠲᠤᠷ ᠬᠢᠪᠡ᠃ ᠨᠢᠭᠡ᠎ᠳᠤ ᠠᠵᠤ ᠠᠬᠤᠶ᠎ᠶ᠋ᠢᠨ ᠲᠣᠭ᠍ᠲᠠᠭᠤᠨ ᠠᠵᠢᠯᠯᠠᠭᠠᠨ ᠢ ᠪᠠᠲᠤᠯᠠᠪᠠ᠃ ᠭᠤᠣᠯ ᠪᠣᠯᠬᠤ ᠠᠵᠤ ᠠᠬᠤᠢ᠎ᠶ᠋ᠢᠨ ᠭᠦᠢᠴᠡᠳᠭᠡᠯ ᠲᠣᠭᠠᠨ᠎ᠤ ᠨᠡᠮᠡᠭ᠌ᠳᠡᠯ ᠵᠣᠬᠢᠰᠲᠠᠢ ᠬᠡᠪᠴᠢᠶᠡᠨ᠎ᠳᠤ ᠪᠠᠢᠬᠤ᠎ᠶ᠋ᠢ ᠪᠠᠲᠤᠯᠠᠵᠤ᠂ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠢ ᠥᠷᠲᠡᠭ 4.7% ᠪᠠᠷ ᠨᠡᠮᠡᠭ᠌ᠳᠡᠨ᠂ ᠪᠦᠬᠦ᠌ ᠤᠯᠤᠰ᠎ᠤᠨ᠎ᠬᠢ᠎ᠠᠴᠠ 0.3 ᠵᠠᠭᠤᠨ᠎ᠤ ᠴᠡᠭ ᠳᠣᠣᠷ᠎ᠠ ᠪᠠᠢᠵᠤ᠂ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ 6.7% ᠪᠠᠷ ᠨᠡᠮᠡᠭ᠌ᠳᠡᠨ᠂ ᠪᠦᠬᠦ᠌ ᠤᠯᠤᠰ᠎ᠤᠨ᠎ᠬᠢ᠎ᠠᠴᠠ 0.8 ᠵᠠᠭᠤᠨ᠎ᠤ ᠴᠡᠭ ᠦᠨᠳᠦᠷ ᠪᠠᠢᠵᠤ᠂ ᠲᠣᠭ᠍ᠲᠠᠮᠠᠯ ᠬᠥᠷᠥᠩᠭᠡ᠎ᠶ᠋ᠢᠨ ᠪᠡᠯᠡ ᠣᠷᠤᠭᠤᠯᠤᠯᠲᠠ 4% ᠪᠠᠷ ᠨᠡᠮᠡᠭ᠌ᠳᠡᠨ᠂ ᠪᠦᠬᠦ᠌ ᠤᠯᠤᠰ᠎ᠤᠨ᠎ᠬᠢ᠎ᠠᠴᠠ 7.8 ᠵᠠᠭᠤᠨ᠎ᠤ ᠴᠡᠭ ᠦᠨᠳᠦᠷ ᠪᠠᠢᠵᠤ᠂ ᠨᠡᠢᠭᠡᠮ᠎ᠤᠨ ᠬᠡᠷᠡᠭ᠌ᠯᠡᠭᠡ᠎ᠶ᠋ᠢᠨ ᠵᠦᠢᠯ᠎ᠤᠨ ᠵᠢᠵᠢᠭ᠌ᠯᠡᠨ ᠬᠤᠳᠠᠯᠳᠤᠭ᠍ᠰᠠᠨ ᠶᠡᠷᠦᠩᠬᠡᠢ ᠲᠤᠭ᠎ᠠ 4.3% ᠪᠠᠷ ᠨᠡᠮᠡᠭ᠌ᠳᠡᠨ᠂ ᠪᠦᠬᠦ᠌ ᠤᠯᠤᠰ᠎ᠤᠨ᠎ᠬᠢ᠎ᠠᠴᠠ 0.6 ᠵᠠᠭᠤᠨ᠎ᠤ ᠴᠡᠭ ᠦᠨᠳᠦᠷ ᠪᠠᠢᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭ᠍ᠰᠠᠨ ᠶᠡᠷᠦᠩᠬᠡᠢ ᠥᠷᠲᠡᠭ 6.4% ᠪᠠᠷ ᠨᠡᠮᠡᠭ᠌ᠳᠡᠨ᠂ ᠪᠦᠬᠦ᠌ ᠤᠯᠤᠰ᠎ᠤᠨ᠎ᠬᠢ᠎ᠠᠴᠠ 2.6 ᠵᠠᠭᠤᠨ᠎ᠤ ᠴᠡᠭ ᠦᠨᠳᠦᠷ ᠪᠠᠢᠪᠠ᠃ ᠬᠤᠶᠠᠷ᠎ᠲᠤ ᠠᠵᠤ ᠦᠢᠯᠡᠰ᠎ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠲᠦᠷᠭᠡᠳᠭᠡᠪᠡ᠃ ᠡᠪᠡᠰᠦᠨ᠎ᠤ ᠦᠢᠯᠡᠰ᠎ᠨᠢ ᠰᠦ ᠰᠠᠭᠠᠯᠢ᠎ᠶ᠋ᠢᠨ ᠦᠢᠯᠡᠰ᠂ ᠡᠷᠳᠡᠨᠢ ᠱᠢᠰᠢ᠂ ᠠᠯᠠᠱᠢᠨ ᠬᠤᠨᠢᠨ᠎ᠤ ᠦᠢᠯᠡᠰ᠎ᠤᠨ ᠳᠠᠷᠠᠭᠠᠬᠢ ᠳᠦᠷᠪᠡᠳᠡᠬᠢ ᠮᠢᠩᠭᠠᠨ ᠳ᠋ᠦᠩᠱᠢᠭᠤᠷ᠎ᠤᠨ ᠳᠡᠰ᠎ᠤᠨ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰ ᠪᠣᠯᠪᠠ᠃ ᠠᠵᠤ ᠦᠢᠯᠡᠳᠪᠦᠷᠢ᠎ᠶ᠋ᠢᠨ ᠢᠨᠲ᠋ᠧᠷ ᠰᠦᠯᠵᠢᠶᠡᠨ ᠲᠠᠪᠴᠠᠩ᠎ᠢ 41 ᠪᠠᠢᠭᠤᠯᠵᠤ ᠳᠠᠭᠤᠰᠭᠠᠨ᠂ ᠠᠵᠤ ᠦᠢᠯᠡᠳᠪᠦᠷᠢ᠎ᠶ᠋ᠢᠨ ᠳ᠋ᠢᠭᠢᠲᠴᠢᠯᠡᠭ᠌ᠰᠡᠨ ᠪᠦᠬᠦᠯᠢ ᠴᠣᠭ᠍ᠴᠠ᠎ᠶ᠋ᠢᠨ ᠬᠢᠷᠢ ᠲᠦᠪᠱᠢᠨ ᠪᠦᠬᠦ᠌ ᠤᠯᠤᠰ᠎ᠤᠨ ᠳᠤᠮᠳᠠ ᠲᠦᠪᠱᠢᠨ᠎ᠳᠤ ᠣᠷᠣᠪᠠ᠃ ᠠᠩᠬᠠᠳᠠᠭ᠍ᠴᠢ ᠡᠯᠡᠰᠦᠨ ᠴᠦᠯ ᠭᠤᠪᠢ ᠴᠦᠯᠯᠡᠷᠬᠡᠭ ᠣᠷᠣᠨ᠎ᠳᠠᠬᠢ ᠲᠣᠮᠣ ᠰᠠᠭᠤᠷᠢᠨ ᠵᠢᠴᠢ ᠭᠠᠳᠠᠭ᠍ᠰᠢ ᠬᠦᠷᠭᠡᠬᠦ᠌ ᠨᠡᠪᠲᠡᠷᠡᠯ ᠵᠠᠮ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠨᠥᠭᠡᠴᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1900 ᠲᠦᠮᠡᠨ ᠺᠢᠯᠣᠸᠠᠲ᠎ᠲᠤ ᠬᠦᠷᠴᠣ᠂ ᠪᠣᠬᠢᠷᠲᠤᠯ ᠦᠭᠡᠢ ᠤᠰᠤᠲᠥ᠋ᠷᠥᠭ᠌ᠴᠢ ᠦᠢᠯᠡᠳᠪᠦᠷᠢᠯᠡᠭ᠌ᠰᠡᠨ ᠬᠡᠮᠵᠢᠶ᠎ᠡ ᠲᠦᠮᠡᠨ ᠲᠣᠨ᠎ᠢ ᠳᠠᠪᠠᠵᠤ᠂ ᠪᠦᠬᠦ᠌ ᠤᠯᠤᠰ᠎ᠤᠨ ᠠᠩᠬᠠᠳᠠᠭ᠍ᠴᠢ ᠶᠡᠭᠡ ᠬᠡᠪᠴᠢᠶᠡᠨ᠎ᠤ ᠠᠯᠤᠰ ᠵᠠᠢ᠎ᠶ᠋ᠢᠨ ᠤᠰᠤᠲᠥ᠋ᠷᠥᠭ᠌ᠴᠢ ᠳᠠᠮᠵᠢᠭᠤᠯᠬᠤ ᠬᠤᠭᠤᠯᠠᠢ ᠭᠤᠤᠷᠰᠤ᠎ᠶ᠋ᠢ ᠨᠡᠪᠳᠡᠷᠡᠭᠦᠯᠪᠡ᠃ ᠬᠤᠪᠣᠷ ᠱᠢᠷᠣᠢ᠂ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ ᠵᠡᠷᠭᠡ ᠬᠦᠷᠢᠶ᠎ᠡ ᠴᠠᠷᠠᠭᠠᠨ᠎ᠳᠤ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠳ ᠪᠣᠢ ᠪᠣᠯᠵᠤ᠂ ᠮᠡᠷᠭᠡᠵᠢᠯ᠎ᠤᠨ ᠭᠡᠷ᠎ᠡ᠎ᠶ᠋ᠢᠨ ᠠᠷᠠᠯᠵᠢᠶᠠᠯᠠᠭ᠍ᠰᠠᠨ ᠲᠤᠭ᠎ᠠ 48% ᠪᠠᠷ ᠨᠡᠮᠡᠭ᠌ᠳᠡᠵᠦ᠍᠂ ᠳᠡᠭᠡᠳᠦ ᠮᠡᠷᠭᠡᠵᠢᠯ᠎ᠤᠨ ᠦᠢᠯᠡᠳᠬᠦ᠌ ᠦᠢᠯᠡᠰ᠎ᠤᠨ ᠨᠡᠮᠡᠭ᠌ᠳᠡᠯ ᠥᠷᠲᠡᠭ 17.5% ᠪᠠᠷ ᠨᠡᠮᠡᠭ᠌ᠳᠡᠪᠡ᠃ ᠪᠦᠬᠦ᠌ ᠣᠷᠣᠨ᠎ᠤ ᠬᠡᠪᠴᠢᠶᠡᠵᠢᠯ᠎ᠠᠴᠠ ᠳᠡᠭᠡᠭ᠌ᠰᠢᠬᠢ ᠦᠢᠯᠡᠴᠢᠯᠡᠭᠡᠨ᠎ᠤ ᠦᠢᠯᠡᠰ᠎ᠤᠨ ᠠᠵᠤ ᠠᠬᠤᠢ᠌ᠯᠠᠯ 2000 ᠶ᠋ᠢ ᠳᠠᠪᠠᠵᠤ᠂ ᠪᠦᠬᠦ᠌ ᠵᠢᠯ᠎ᠳᠤ ᠵᠢᠭᠤᠯᠴᠢᠯᠠᠭ᠍ᠴᠢᠳ᠎ᠢ 3 ᠳ᠋ᠦᠩᠱᠢᠭᠤᠷ ᠬᠥᠮᠥᠨ ᠤᠳᠠᠭ᠎ᠠ ᠬᠦᠯᠢᠶᠡᠨ ᠠᠪᠴᠤ᠌᠂ ᠶᠡᠷᠦᠩᠬᠡᠢ ᠬᠡᠷᠡᠭ᠌ᠯᠡᠭᠡ᠎ᠶ᠋ᠢᠨ ᠵᠠᠷᠤᠳᠠᠯ 4500 ᠳ᠋ᠦᠩᠱᠢᠭᠤᠷ ᠲᠥᠭᠦᠷᠢᠭ᠎ᠢ ᠳᠠᠪᠠᠪᠠ᠃ ᠭᠤᠷᠪᠠ᠎ᠳᠤ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠪᠡ᠃ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠳᠤ 29 ᠬᠤᠪᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠤᠨ ᠳᠤᠷᠠᠳᠤᠯᠭ᠎ᠠ᠎ᠶ᠋ᠢ ᠬᠢᠨᠠᠨ ᠵᠥᠪᠯᠡᠭᠦᠯᠬᠦ᠌᠎ᠪᠠᠷ ᠳᠡᠪᠱᠢᠭᠦᠯᠵᠦ᠍᠂ 8 ᠬᠤᠪᠢ ᠵᠠᠰᠠᠭ᠎ᠤᠨ ᠣᠷᠳᠣᠨ᠎ᠤ ᠳᠦᠷᠢᠮ ᠲᠣᠭ᠍ᠲᠠᠭᠠᠯ ᠢ ᠲᠣᠭ᠍ᠲᠠᠭᠠᠬᠤ ᠵᠠᠰᠠᠪᠤᠷᠢ ᠣᠷᠤᠭᠤᠯᠬᠤ ᠪᠠ ᠬᠦᠴᠦᠨ ᠦᠭᠡᠢ ᠪᠣᠯᠭᠠᠪᠠ᠃ ᠬᠡᠯᠪᠡᠷᠢᠴᠢ ᠦᠵᠡᠯ᠎ᠢ ᠶᠡᠭᠡ᠎ᠪᠠᠷ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ ᠶ᠋ᠢ ᠬᠦᠩᠭᠡᠷᠡᠭᠦᠯᠵᠦ᠍᠂ 456 ᠵᠦᠢᠯᠡᠰ ᠢ 《ᠪᠦᠬᠦ᠌ ᠣᠷᠣᠨ ᠳᠤ ᠨᠡᠢᠳᠡᠮ ᠭᠦᠢᠴᠡᠳᠭᠡᠬᠦ᠌》 ᠶ᠋ᠢ ᠠᠬᠢᠭᠤᠯᠵᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠣᠡᠭᠡᠭᠦ᠌》 ᠭᠤᠤᠯᠳᠠᠯᠭ᠎ᠠ ᠪᠣᠯᠬᠤ ᠵᠦᠢᠯᠡᠰ᠎ᠢ 30 ᠭᠠᠷᠭᠠᠪᠠ᠃ ᠦᠪᠡᠷᠳᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠤᠨ ᠬᠢᠨᠠᠨ ᠬᠠᠮᠢᠶᠠᠷᠴᠣ ᠪᠦᠭᠦᠢ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠣᠷᠣᠯᠭ᠎ᠠ 5.9% ᠪᠠᠷ ᠨᠡᠮᠡᠭ᠌ᠳᠡᠵᠦ᠍᠂ ᠠᠱᠢᠭ ᠣᠯᠵᠠᠪᠤᠷᠢ ᠨᠢ 5.5% ᠪᠠᠷ ᠨᠡᠮᠡᠭ᠌ᠳᠡᠪᠡ᠃ ᠳᠤᠮᠳᠠᠳᠤ ᠤᠯᠤᠰ᠎ᠤᠨ ᠠᠵᠤ ᠦᠢᠯᠡᠰ᠎ᠤᠨ ᠱᠢᠯᠵᠢᠯᠲᠡ ᠬᠥᠭ᠌ᠵᠢᠯᠲᠡ᠎ᠶ᠋ᠢᠨ ᠵᠠᠯᠭᠠᠯᠳᠤᠭᠤᠯᠬᠤ ᠬᠤᠷᠠᠯ᠂ ᠳᠤᠮᠳᠠᠳᠤ ᠤᠯᠤᠰ᠎ᠤᠨ ᠪᠣᠬᠢᠷᠲᠤᠯ ᠦᠭᠡᠢ ᠪᠤᠳᠤᠬᠤ ᠴᠢᠳᠠᠪᠤᠷᠢ᠎ᠶ᠋ᠢᠨ ᠶᠡᠭᠡ ᠬᠤᠷᠠᠯ᠂ ᠥᠪᠥᠷ ᠮᠣᠩᠭᠤᠯ — ᠱᠧᠨᠵᠧᠨ (ᠴᠢᠶᠠᠨ ᠬᠠᠢ) ᠤ ᠠᠵᠤ ᠦᠢᠯᠡᠰ᠎ᠤᠨ ᠬᠠᠮᠲᠤᠷᠠᠯᠴᠠᠭᠠᠨ᠎ᠤ ᠶᠡᠭᠡ ᠬᠤᠷᠠᠯ ᠵᠡᠷᠭᠡ ᠠᠵᠢᠯᠯᠠᠭ᠎ᠠ᠎ᠶ᠋ᠢ ᠡᠷᠬᠢᠯᠡᠵᠦ᠍᠂ ᠤᠯᠤᠰ᠎ᠤᠨ ᠳᠣᠲᠣᠭᠠᠳᠤ᠎ᠶ᠋ᠢᠨ 6000 ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠎ᠶ᠋ᠢ ᠣᠷᠣᠭᠤᠯᠵᠤ ᠠᠪᠴᠢᠷᠠᠨ ᠪᠣᠳᠠᠳᠠᠢᠵᠢᠭᠤᠯᠪᠠ᠃ ᠳᠥᠷᠪᠡ᠎ᠳᠤ ᠠᠮᠢ ᠠᠬᠤᠢ ᠣᠷᠴᠢᠨ ᠲᠣᠭᠤᠷᠢᠨ᠎ᠤ ᠴᠡᠭ᠌ᠴᠡᠯᠡᠨ ᠵᠠᠰᠠᠯᠲᠠ᠎ᠶ᠋ᠢ ᠰᠠᠢᠲᠤᠷ ᠠᠳᠭᠤᠪᠠ᠃ ᠣᠢ ᠱᠢᠭᠤᠢ ᠨᠤᠲᠤᠭ ᠪᠡᠯᠴᠢᠭᠡᠷ᠎ᠢ ᠡᠪᠳᠡᠨ ᠰᠦᠢᠳᠭᠡᠵᠦ᠍ ᠳᠦᠷᠢᠮ ᠲᠣᠭ᠍ᠲᠠᠭᠠᠯ ᠪᠠ ᠬᠠᠤᠯᠢ ᠴᠠᠭᠠᠵᠠ᠎ᠠᠴᠠ ᠵᠦᠷᠢᠴᠡᠭ᠌ᠰᠡᠨ ᠦᠢᠯᠡ ᠠᠵᠢᠯᠯᠠᠭ᠎ᠠ᠎ᠨᠤᠭᠤᠳ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠣᠢ ᠱᠢᠭᠤᠢ ᠨᠤᠲᠤᠭ ᠪᠡᠯᠴᠢᠭᠡᠷ᠎ᠢ ᠡᠪᠳᠡᠨ ᠰᠦᠢᠳᠭᠡᠭ᠌ᠰᠡᠨ ᠠᠰᠠᠭᠤᠳᠠᠯ᠎ᠢ 1.9 ᠲᠦᠮᠡ ᠱᠢᠢᠳᠪᠦᠷᠢᠯᠡᠪᠡ᠃ ᠪᠦᠭᠦ᠌ ᠣᠷᠣᠨ᠎ᠤ 12 ᠠᠢᠮᠠᠭ ᠬᠤᠲᠡ᠎ᠶ᠋ᠢᠨ ᠠᠭᠠᠷ᠎ᠤᠨ ᠴᠢᠨᠠᠷ ᠴᠢᠨᠰᠠᠭ᠎ᠠ ᠴᠦᠮ ᠪᠠᠷᠢᠮᠵᠢᠶ᠎ᠠ᠎ᠳᠤ ᠭᠦᠷᠴᠣ᠂ ᠤᠯᠤᠰ᠎ᠤᠨ ᠱᠢᠯᠭᠠᠨ ᠬᠢᠨᠠᠬᠤ ᠣᠭ᠍ᠲᠤᠯᠤᠭᠠᠰᠤᠳᠠᠬᠢ ᠤᠰᠤᠨ᠎ᠤ ᠴᠢᠨᠠᠷ᠎ᠤᠨ ᠱᠢᠯᠢᠳᠡᠭ ᠰᠠᠢᠨ᠎ᠤ ᠬᠠᠷᠢᠴᠠᠯ ᠲᠡᠦᠬᠡᠨ᠎ᠳᠠᠬᠢ ᠬᠠᠮᠤᠭ᠎ᠤᠨ ᠰᠠᠢᠨ ᠬᠢᠷᠢ ᠲᠦᠪᠱᠢᠨ᠎ᠳᠤ ᠬᠦᠷᠪᠡ᠃ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠡᠭᠡᠯᠵᠢ᠎ᠶ᠋ᠢᠨ ᠱᠢᠮᠳᠠᠭᠤᠯᠤᠨ ᠪᠠᠢᠴᠠᠭᠠᠯᠲᠠ᠎ᠳᠤ ᠱᠢᠢᠳᠪᠦᠷᠢᠯᠡᠭᠦᠯᠬᠦ᠌᠎ᠪᠠᠷ ᠲᠤᠱᠢᠶᠠᠭ᠍ᠰᠠᠨ ᠣᠯᠠᠨ ᠲᠦᠮᠡᠨ᠎ᠤ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠭᠦᠢᠴᠡᠳᠭᠡᠵᠦ᠍ ᠳᠠᠭᠤᠰᠭᠠᠭ᠍ᠰᠠᠨ ᠨᠤᠷᠮ᠎ᠠ 98.3% ᠳᠤ ᠬᠦᠷᠪᠡ᠃ ᠠᠷᠪᠠᠳᠤᠭᠠᠷ ᠬᠤᠭᠤᠴᠠᠭᠠᠨ ᠤ ᠬᠦᠪᠴᠢ᠎ᠶ᠋ᠢᠨ ᠡᠯᠡᠰᠦᠨ᠎ᠤ ᠶᠠᠷᠢᠶᠠᠨ᠎ᠤ ᠲᠠᠪᠴᠠᠩ᠎ᠢ ᠡᠷᠬᠢᠯᠡᠵᠦ᠍᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ᠌ ᠣᠷᠣᠨ᠎ᠢ 5᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ》 ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢ 3 ᠱᠢᠨ᠎ᠡ᠎ᠪᠠᠷ ᠨᠡᠮᠡᠭ᠌ᠳᠡᠭᠦᠯᠪᠡ᠃ ᠲᠠᠪᠤ᠎ᠳᠤ ᠬᠦᠭ᠌ᠵᠢᠯᠲᠡ ᠪᠠ ᠠᠮᠤᠷ ᠲᠦᠪᠱᠢᠨ ᠢ ᠨᠢᠭᠡᠲᠦᠯᠲᠡᠢ ᠲᠥᠯᠥᠪᠯᠡᠪᠡ᠃ ᠠᠵᠤ ᠠᠬᠤᠢᠯᠠᠯ᠎ᠳᠤ ᠥᠷᠢᠳᠦᠵᠦ᠍ ᠪᠠᠢᠭ᠎ᠠ ᠳᠡᠩᠰᠠᠨ᠎ᠳᠠᠬᠢ ᠵᠣᠭᠤᠰ᠎ᠢ ᠲᠦᠯᠦᠵᠦ᠍ ᠳᠠᠭᠤᠰᠭᠠᠬᠤ ᠣᠨ᠎ᠤ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠪᠡ᠃ ᠲᠠᠷᠢᠶᠠᠯᠠᠬᠤ ᠭᠠᠵᠠᠷ᠂ ᠣᠢ᠌ᠲᠤ ᠭᠠᠵᠠᠷ᠂ ᠪᠡᠯᠴᠢᠭᠡᠷ ᠭᠠᠵᠠᠷ᠎ᠤᠨ ᠡᠷᠬᠡ᠎ᠶ᠋ᠢᠨ ᠬᠠᠷᠢᠶᠠᠨ᠎ᠤ ᠰᠣᠯᠪᠢᠴᠡᠯᠢ ᠠᠷᠢᠯᠭᠠᠬᠤ ᠲᠤᠷᠱᠢᠯᠲᠠ᠎ᠶ᠋ᠢᠨ ᠴᠡᠭ᠎ᠢ ᠥᠷᠨᠢᠭᠦᠯᠵᠦ᠍᠂ 160 ᠲᠦᠮᠡᠨ ᠮᠦ᠍᠎ᠶ᠋ᠢᠨ 《ᠨᠢᠭᠡ ᠬᠡᠰᠡᠭ ᠭᠠᠵᠠᠷ ᠱᠢᠷᠣᠢ᠎ᠳᠤ ᠣᠯᠠᠨ ᠦᠨᠡᠮᠯᠡᠯ᠎ᠲᠠᠢ》 ᠪᠠᠢᠭ᠍ᠰᠠᠨ ᠪᠠᠢᠳᠠᠯ᠎ᠢ ᠠᠷᠢᠯᠭᠠᠪᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ᠎ᠠᠴᠠ᠎ᠨᠢ ᠵᠠᠰᠠᠬᠤ ᠱᠢᠪᠲᠤᠯᠤᠯᠲᠠ᠎ᠶ᠋ᠢᠨ ᠠᠵᠢᠯᠯᠠᠭᠠᠨ ᠢ ᠠᠬᠢᠭᠤᠯᠵᠤ᠂ ᠱᠢᠲᠠᠮᠠᠬᠠᠢ ᠬᠡᠢ᠂ ᠠᠶᠤᠯᠲᠠᠢ ᠬᠢᠮᠢ ᠶ᠋ᠢᠨ ᠪᠣᠳᠠᠰ᠂ ᠥᠨᠳᠥᠷ ᠪᠠᠷᠢᠯᠭ᠎ᠠ᠂ 《ᠶᠢᠰᠦᠨ ᠵᠢᠵᠢᠭ ᠲᠠᠯᠠᠪᠤᠷ ᠭᠠᠵᠠᠷ》 ᠵᠡᠷᠭᠡ ᠬᠦᠷᠢᠶ᠎ᠡ ᠴᠠᠷᠠᠭᠠᠨ᠎ᠳᠠᠬᠢ ᠭᠡᠮ ᠰᠣᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠪᠠ᠃ ᠦᠶᠡᠷ᠎ᠢ ᠰᠡᠷᠭᠡᠢᠯᠡᠨ ᠠᠶᠤᠯ᠎ᠠᠴᠠ ᠠᠪᠤᠷᠠᠬᠤ ᠱᠢᠪᠲᠤᠯᠤᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠡᠯ᠎ᠡ ᠲᠦᠷᠦᠯ᠎ᠤᠨ ᠭᠠᠮᠱᠢᠭ᠍ᠳᠠᠭ᠍ᠰᠠᠨ ᠣᠯᠠᠨ ᠲᠦᠮᠡᠨ᠎ᠢ 136 ᠲᠦᠮᠨ ᠠᠪᠤᠷᠠᠨ ᠲᠤᠰᠠᠯᠠᠪᠠ᠃
ᠲᠥᠯᠥᠭᠡᠯᠡᠭ᠌ᠴᠢᠳ ᠡ! ᠲᠠᠪᠤᠨ ᠵᠢᠯ᠎ᠤᠨ ᠥᠩᠭᠡᠷᠡᠯᠲᠡ ᠲᠦᠢᠯ᠎ᠤᠨ ᠶᠡᠷᠦ᠍ ᠪᠤᠰᠤ᠎ᠶ᠋ᠢᠨ ᠪᠠᠢᠵᠤ᠂ ᠠᠮᠵᠢᠯᠲᠠ ᠪᠦᠲᠦᠮᠵᠢ᠎ᠶ᠋ᠢ ᠬᠢᠯᠪᠠᠷ ᠪᠤᠰᠤ᠎ᠪᠠᠷ ᠣᠯᠣᠭ᠍ᠰᠠᠨ ᠶᠤᠮ᠂ ᠡᠭᠦᠨ᠎ᠤ ᠤᠭ ᠦᠨᠳᠦᠰᠦ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠵᠠᠯᠠᠭᠤᠷ ᠠᠳᠭᠤᠨ ᠵᠠᠮᠴᠢᠯᠠᠭ᠍ᠰᠠᠨᠳᠤ ᠪᠠᠢᠬᠤ ᠪᠦᠭᠡᠳ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠮᠵᠢ᠎ᠳᠤ ᠪᠠᠢᠨ᠎ᠠ᠂ ᠮᠦᠨ ᠴᠦ᠍ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠭ᠍ᠰᠠᠨ᠂ ᠠᠷᠠᠳ᠎ᠤᠨ ᠲᠥᠯᠥᠭᠡᠯᠡᠭ᠌ᠴᠢᠳ ᠤᠨ ᠶᠡᠭᠡ ᠬᠤᠷᠠᠯ᠎ᠤᠨ ᠬᠠᠤᠯᠢ ᠶᠣᠰᠣᠭᠠᠷ ᠬᠢᠨᠠᠯᠲᠠ ᠲᠠᠯᠪᠢᠭ᠍ᠰᠠᠨ᠂ ᠤᠯᠤᠰ ᠲᠦᠷᠦ᠍᠎ᠶ᠋ᠢᠨ ᠵᠥᠪᠯᠡᠯᠭᠡᠨ ᠤ ᠠᠷᠠᠳᠴᠢᠯᠠᠯ᠎ᠢᠶᠠᠷ ᠬᠢᠨᠠᠯᠲᠠ ᠲᠠᠯᠪᠢᠭ᠍ᠰᠠᠨ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠦᠴᠦᠲᠡᠢ ᠳᠡᠮᠵᠢᠯᠭᠡ ᠦᠵᠡᠭᠦᠯᠦᠭ᠌ᠰᠡᠨ ᠤ ᠦᠷ᠎ᠡ ᠳ᠋ᠦᠩ ᠪᠣᠯᠤᠨ᠎ᠠ᠃ ᠠᠳᠡ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ᠎ᠤ ᠡᠮᠦᠨ᠎ᠡ᠎ᠠᠴᠠ᠂ ᠪᠦᠬᠦ᠌ ᠣᠷᠣᠨ ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠡᠯ᠎ᠡ ᠠᠷᠠᠳ᠎ᠤᠨ ᠪᠦᠯᠬᠦᠮ ᠪᠠ ᠡᠯ᠎ᠡ ᠡᠲᠡᠭᠡᠳ᠎ᠤᠨ ᠬᠦᠮᠦᠰ᠂ ᠥᠪᠥᠷ ᠮᠣᠩᠭᠤᠯ᠎ᠤᠨ ᠬᠥᠭ᠌ᠵᠢᠯᠲᠡ᠎ᠶ᠋ᠢ ᠬᠠᠯᠠᠮᠵᠢᠯᠠᠨ ᠳᠡᠮᠵᠢᠭ᠌ᠰᠡᠨ ᠨᠠᠢᠵᠠ ᠨᠠᠷ᠎ᠲᠤ᠎ᠪᠠᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠠᠮᠵᠢᠯᠲᠠ ᠪᠦᠲᠦᠮᠵᠢ ᠶᠠᠷᠢᠶᠠᠨ ᠦᠭᠡᠢ ᠪᠠᠶᠠᠷᠯᠠᠭᠤᠱᠢᠲᠠᠶ᠂ ᠭᠡᠪᠡᠴᠦ᠍ ᠠᠰᠠᠭᠤᠳᠠᠯ᠎ᠢ ᠴᠤ᠌ ᠣᠮᠲᠣᠭᠠᠢᠯᠠᠵᠤ ᠪᠣᠯᠬᠤ ᠦᠭᠡᠢ᠃ ᠨᠢᠭᠡ᠎ᠳᠤ ᠠᠮᠢ ᠠᠬᠤᠶ ᠣᠷᠴᠢᠨ ᠲᠣᠭᠤᠷᠢᠨ᠎ᠤ ᠦᠨᠳᠦᠰᠦ ᠰᠠᠭᠤᠷᠢ ᠮᠥᠨ ᠯᠠ ᠬᠡᠪᠡᠷᠡᠭ ᠪᠠᠢᠭ᠍ᠰᠠᠭᠠᠷ᠂ ᠣᠶ ᠱᠢᠭᠤᠶ ᠨᠤᠲᠤᠭ ᠪᠡᠯᠴᠢᠭᠡᠷ᠎ᠢ ᠡᠪᠳᠡᠨ ᠰᠦᠢᠳᠭᠡᠬᠦ᠂ ᠳᠤᠷ᠎ᠠ᠎ᠪᠠᠷ ᠭᠠᠳᠠᠭ᠍ᠰᠢᠯᠠᠭᠤᠯᠵᠤ ᠳᠤᠷ᠎ᠠ᠎ᠪᠠᠷ ᠴᠢᠳᠭᠤᠬᠤ ᠦᠵᠡᠭ᠌ᠳᠡᠯ ᠪᠠᠢᠨ ᠳᠠᠬᠢᠨ ᠡᠭᠦᠰᠴᠦ᠍ ᠪᠠᠢᠨ᠎ᠡ᠃ ᠬᠤᠶᠠᠷ᠎ᠲᠤ ᠤᠯᠠᠮᠵᠢᠯᠠᠯᠲᠤ ᠬᠦᠨᠳᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠡᠵᠡᠯᠡᠬᠦ᠌ ᠬᠠᠷᠢᠴᠠᠯ ᠦᠨᠳᠦᠷ᠂ ᠦᠢᠯᠡᠳᠬᠦᠨ᠎ᠤ ᠶᠡᠬᠡᠩᠬᠢ᠎ᠨᠢ ᠦᠷᠲᠡᠭ᠎ᠤᠨ ᠬᠡᠯᠬᠢᠶᠡᠨ᠎ᠤ ᠳᠤᠮᠳᠠ ᠳᠣᠣᠷᠠᠳᠤ ᠲᠦᠪᠱᠢᠨ᠎ᠳᠤ ᠪᠠᠢᠵᠤ᠂ ᠨᠠᠷᠢᠯᠢᠬ ᠭᠦᠨ ᠡᠳ᠋ᠱᠢᠭᠦᠯᠭᠡ ᠪᠣᠯᠪᠠᠰᠤᠷᠠᠭᠤᠯᠤᠯᠲᠠ ᠪᠠ ᠦᠷᠲᠡᠭ᠎ᠤᠨ ᠡᠭᠦᠳᠦᠯᠲᠡ ᠳᠣᠲᠠᠮᠠᠭ ᠪᠠᠢᠨ᠎ᠡ᠃ ᠭᠤᠷᠪᠠ᠎ᠳᠤ ᠡᠨᠧᠷᠭᠢ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠭ᠍ᠰᠠᠨ᠎ᠨᠢ ᠵᠢᠱ᠌ᠢᠭ᠌ᠰᠡᠨᠳᠤᠪᠠᠨ ᠬᠦᠷᠴᠦ᠍ ᠴᠢᠳᠠᠭ᠎ᠠ ᠦᠭᠡᠢ᠂ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠨᠡᠪᠲᠡᠷᠡᠯ ᠵᠠᠮ᠂ ᠪᠠᠭ᠍ᠲᠠᠭᠠᠨ ᠱᠢᠩᠭᠡᠭᠡᠭᠦ᠌ ᠠᠬᠤᠢ ᠪᠠᠢᠳᠠᠯ᠎ᠤᠨ ᠪᠠᠢᠭᠤᠯᠤᠯᠲᠠ᠎ᠨᠢ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠂ ᠴᠠᠬᠢᠯᠭᠠᠨ ᠭᠠᠷᠭᠠᠬᠤ ᠬᠡᠮᠵᠢᠶᠡᠨ᠎ᠤ ᠨᠡᠮᠡᠭ᠌ᠳᠡᠯᠯᠦᠭᠡ ᠨᠢᠭᠡᠲᠦᠯ ᠦᠭᠡᠢ ᠪᠠᠢᠨ᠎ᠠ᠃ ᠳᠥᠷᠪᠡ᠎ᠳᠤ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠢᠯᠡᠰ᠎ᠤᠨ ᠬᠦᠭ᠌ᠵᠢᠯᠲᠠ᠎ᠶ᠋ᠢᠨ ᠪᠠᠢᠳᠠᠯ᠎ᠨᠢ ᠡᠬᠢ ᠪᠠᠶᠠᠯᠢᠭ᠎ᠤᠨ ᠪᠠᠢᠭ᠎ᠠ᠎ᠵᠢ ᠱᠢᠨᠵᠢᠯᠦᠭᠡ ᠳᠣᠭᠢᠷᠠᠯᠴᠠᠬᠤ ᠥᠬᠡᠶ ᠪᠠᠢᠵᠤ᠂ ᠨᠡᠮᠡᠯᠳᠡ ᠦᠷᠲᠡᠭ ᠦᠨᠳᠣᠷ᠂ ᠨᠥᠯᠥᠭᠡᠯᠡᠬᠦ᠌ ᠬᠦᠴᠦᠨ ᠪᠦᠬᠦᠢ ᠠᠯᠳᠠᠷᠱᠢᠭ᠍ᠰᠠᠨ ᠨᠡᠷᠡᠲᠦ ᠲᠡᠮᠳᠡᠭ ᠴᠥᠭᠡᠨ ᠪᠠᠢᠨ᠎ᠠ᠃ ᠲᠠᠪᠤ᠎ᠳᠤ ᠠᠵᠤ ᠠᠬᠤᠢ᠎ᠶ᠋ᠢᠨ ᠭᠠᠳᠠᠭ᠍ᠰᠢᠯ᠎ᠤᠨ ᠬᠡᠮᠵᠢᠶ᠎ᠡ ᠬᠠᠷᠢᠴᠠᠩᠭᠤᠢ ᠳᠣᠣᠷ᠎ᠠ᠂ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠢ᠎ᠶ᠋ᠢᠨ ᠬᠤᠩᠭᠢᠯ᠎ᠤᠨ ᠪᠠᠢᠭᠤᠯᠤᠯᠲᠠ᠎ᠳᠤ ᠠᠭᠤᠰᠤᠯᠴᠠᠭ᠍ᠰᠠᠨ ᠭᠦᠨᠴᠡ ᠦᠷᠭᠡᠴᠡ ᠬᠦᠷᠦᠯᠴᠡᠬᠦ᠌ ᠦᠭᠡᠢ ᠪᠠᠢᠵᠤ᠂ 《ᠭᠠᠷ ᠳᠠᠮᠵᠢᠪᠠᠴᠤ᠌ ᠠᠱᠢᠭ ᠬᠦᠷᠲᠡᠬᠦ᠌ ᠦᠭᠡᠢ》 ᠦᠵᠡᠭ᠌ᠳᠡᠯ ᠮᠥᠨ ᠯᠠ ᠬᠤᠪᠢᠷᠠᠭᠠᠳᠤᠢ ᠪᠠᠢᠨ᠎ᠠ᠃ ᠵᠢᠷᠭᠤᠭ᠎ᠠ ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤᠨ ᠱᠢᠨ᠎ᠡ᠎ᠶ᠋ᠢ ᠡᠭᠦᠳᠬᠦ᠌ ᠴᠢᠳᠠᠪᠤᠷᠢ ᠮᠡᠬᠦᠰ᠂ R&D ᠵᠠᠷᠤᠳᠠᠯ᠎ᠳᠠᠬᠢ ᠣᠷᠣᠭᠤᠯᠤᠯᠲᠠ᠎ᠶ᠋ᠢᠨ ᠬᠦᠴᠦᠯᠡᠴᠡ ᠪᠦᠭᠦ᠌ ᠣᠯᠣᠰ᠎ᠤᠨ ᠲᠤᠮᠳᠠᠴᠢ ᠬᠢᠷᠢ ᠲᠦᠪᠱᠢᠨ᠎ᠠᠴᠠ ᠲᠣᠣᠷ᠎ᠡ᠂ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠭ᠍ᠰᠠᠨ ᠬᠦᠭ᠌ᠵᠢᠯᠲᠡ ᠪᠠᠭᠤᠷᠠᠢ ᠪᠠᠢᠨ᠎ᠠ᠃ ᠳᠣᠯᠤᠭ᠎ᠠ᠎ᠳᠤ ᠡᠯ᠎ᠡ ᠲᠥᠷᠥᠯ᠎ᠤᠨ ᠲᠦᠭ᠌ᠰᠢᠭᠦᠷᠢ᠎ᠶ᠋ᠢᠨ ᠭᠡᠮ ᠰᠣᠭᠤᠭ᠎ᠢ ᠵᠢᠭ᠍ᠰᠠᠭᠠᠨ ᠪᠠᠢᠴᠠᠭᠠᠬᠤ ᠪᠠ ᠲᠦᠷᠭᠡᠨ ᠱᠢᠢᠣᠡᠪᠣᠷᠢᠯᠡᠭᠦ᠌ ᠲᠣᠭ᠍ᠲᠠᠴᠠ ᠪᠠᠰᠡ ᠪᠦᠷᠢᠨᠱᠢᠭᠡᠳᠣᠢ᠂ ᠦᠢᠯᠡᠣᠡᠪᠣᠷᠢᠯᠡᠯ ᠤᠨ ᠠᠮᠣᠷ ᠲᠦᠪᠱᠢᠨ᠎ᠤ ᠪᠣᠰᠣ ᠬᠦᠨᠳᠣ ᠶᠡᠭᠡ ᠠᠳᠡᠯ᠎ᠢ ᠰᠡᠷᠭᠡᠢᠯᠡᠨ ᠬᠤᠷᠢᠭ᠍ᠯᠠᠬᠤ ᠰᠠᠭᠤᠷᠢ ᠮᠥᠨ ᠯᠠ ᠪᠠᠬᠢ ᠪᠣᠰᠣ ᠪᠠᠢᠨ᠎ᠠ᠃ ᠨᠠᠢ᠍ᠮᠠ᠎ᠳᠤ ᠵᠠᠰᠠᠭ᠎ᠤᠨ ᠣᠷᠳᠣᠨ ᠤ ᠦᠢᠯᠡᠴᠢᠯᠡᠭᠡ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ᠎ᠢ ᠴᠠᠭᠠᠱᠢᠳᠠ ᠪᠠᠰᠠ ᠰᠠᠢᠵᠢᠷᠠᠭᠤᠯᠬᠤ ᠴᠢᠬᠤᠯᠠᠲᠠᠶ ᠪᠠᠢᠵᠤ᠂ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠤᠨ ᠪᠠᠢᠳᠠᠯ ᠮᠦᠨ ᠬᠦ᠌ ᠬᠦᠨᠳᠦ ᠬᠡᠴᠡᠭᠦᠦ ᠪᠦᠭᠡᠳ ᠨᠠᠷᠢᠨ ᠪᠤᠳᠤᠯᠢᠶᠠᠨᠲᠠᠢ ᠪᠠᠢᠭ᠍ᠰᠠᠭᠠᠷ ᠶᠤᠮ᠃ ᠳᠡᠭᠡᠷᠡᠬᠢ ᠠᠰᠠᠭᠤᠳᠠᠯ᠎ᠤᠳ ᠥᠪᠡᠷᠲᠡᠭᠡᠨ ᠵᠠᠰᠠᠬᠤ ᠣᠷᠣᠨ᠎ᠤ ᠠᠯᠤᠰ ᠬᠡᠲᠦ᠍᠎ᠶ᠋ᠢᠨ ᠬᠦᠭ᠌ᠵᠢᠯᠲᠡ᠎ᠳᠤ ᠬᠤᠯᠪᠣᠭ᠍ᠳᠠᠬᠤ ᠪᠣᠯᠬᠤᠷ ᠡᠷᠬᠡᠪᠰᠢ ᠵᠣᠷᠢᠭ ᠱᠢᠭᠤᠳᠤᠨ ᠱᠢᠢᠳᠪᠦᠷᠢᠯᠡᠬᠦ᠌ ᠬᠡᠷᠡᠭ᠌ᠲᠡᠢ᠃
《ᠠᠷᠪᠠᠨ ᠲᠠᠪᠣᠳᠣᠭᠠᠷ ᠲᠠᠪᠣᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠭᠤᠤᠯ ᠬᠠᠷᠠᠯᠲᠠ ᠪᠠ 2026 ᠣᠨ᠎ᠤ ᠭᠤᠤᠯᠳᠠᠯᠭ᠎ᠠ ᠪᠣᠯᠬᠤ ᠠᠵᠢᠯ
《ᠠᠷᠪᠠᠨ ᠲᠠᠪᠣᠳᠣᠭᠠᠷ ᠲᠠᠪᠣᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠶᠡᠷᠦᠩᠬᠡᠶ ᠱᠦᠵᠢ ᠰᠢ ᠶ᠋ᠢᠨ ᠫᠢᠩ ᠪᠠ ᠨᠠᠮ᠎ᠤᠨ ᠲᠥᠪ ᠬᠤᠷᠢᠶ᠎ᠠ ᠥᠪᠥᠷ ᠮᠣᠩᠭᠤᠯ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠢᠩ ᠰᠡᠳᠭᠢᠯ᠎ᠠᠴᠠ᠎ᠪᠠᠨ ᠬᠠᠯᠠᠮᠵᠢᠯᠠᠨ᠂ ᠤᠯᠤᠰ ᠤᠨ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭ᠌ᠵᠢᠭᠦᠯᠬᠦ᠂ ᠵᠡᠭᠦᠨ ᠬᠤᠢᠲᠤ ᠣᠷᠣᠨ᠎ᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠴᠢᠬᠤᠯᠠ ᠶᠡᠭᠡ ᠪᠠᠢᠯᠳᠤᠬᠤ ᠪᠣᠳᠣᠯᠭ᠎ᠠ᠎ᠨᠤᠭᠤᠳ᠎ᠢᠶᠠᠷ ᠥᠪᠥᠷ ᠮᠣᠩᠭᠤᠯ᠎ᠳᠤ ᠣᠯᠠᠨᠲᠠ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠣᠯᠭᠤᠵᠤ᠂ ᠮᠠᠨ ᠤ ᠣᠷᠣᠨ ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ ᠴᠢᠬᠤᠯᠠ᠂ ᠡᠬᠢ ᠪᠠᠶᠠᠯᠢᠭ ᠦᠯᠡᠮᠵᠢ ᠣᠨᠴᠠ᠂ ᠰᠣᠶᠣᠯ ᠢᠷᠠᠭᠤ ᠲᠠᠩᠰᠤᠭ᠂ ᠬᠦᠭ᠌ᠵᠢᠯᠲᠡ᠎ᠶ᠋ᠢᠨ ᠳᠠᠯᠳᠠ ᠬᠦᠴᠦᠨ ᠠᠰᠤᠷᠤ ᠶᠡᠭᠡ ᠪᠠᠢᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠤ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ᠌ ᠡᠷᠴᠢ ᠬᠦᠴᠦ᠍ ᠲᠡᠬᠦᠰ ᠪᠠᠳᠠᠷᠠᠩᠭᠤᠢ ᠪᠠᠢᠵᠤ᠂ ᠦᠪᠣᠷ ᠮᠣᠩᠭᠤᠯ᠎ᠳᠤ ᠨᠡᠩ ᠰᠠᠢᠨ ᠨᠠᠩ ᠲᠦᠷᠭᠡᠨ᠎ᠢᠶᠠᠷ ᠬᠦᠭ᠌ᠵᠢᠬᠦ᠌ ᠢᠲᠡᠭᠡᠯ ᠪᠠ ᠴᠢᠳᠠᠪᠤᠷᠢ ᠮᠠᠰᠢ ᠲᠡᠭᠦᠯᠳᠡᠷ ᠶᠤᠮ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠰᠠᠨᠠᠭᠤᠯᠭ᠎ᠠ》 ᠶ᠋ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ᠎ᠶ᠋ᠢᠨ ᠬᠦᠲᠦᠯᠪᠦᠷᠢ (ᠲᠥᠰᠦᠯ)》 ᠶ᠋ᠢ ᠨᠠᠢᠷᠠᠭᠤᠯᠤᠨ ᠵᠣᠬᠢᠶᠠᠵᠤ᠂ 《ᠠᠷᠪᠠᠨ ᠲᠠᠪᠣᠳᠣᠭᠠᠷ ᠲᠠᠪᠣᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠪᠦᠬᠦ᠌ ᠣᠷᠣᠨ ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ ᠪᠠ ᠭᠤᠣᠯ ᠬᠠᠷᠠᠯᠲᠠ᠎ᠶ᠋ᠢ ᠲᠣᠳᠣᠷᠬᠠᠢ ᠲᠣᠭ᠍ᠲᠠᠭᠠᠪᠠ᠂ ᠢᠯᠠᠩᠭᠤᠶ᠎ᠠ 《ᠠᠷᠪᠠᠨ ᠲᠠᠪᠣᠳᠣᠭᠠᠷ ᠲᠠᠪᠣᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠥᠮᠦᠨ ᠳᠤᠮᠳᠠᠴᠢ ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠪᠦᠬᠦ᠌ ᠤᠯᠤᠰ᠎ᠤᠨ ᠳᠡᠭᠡᠳᠦ ᠲᠦᠪᠱᠢᠨ᠎ᠳᠤ ᠲᠣᠭ᠍ᠲᠠᠪᠣᠷᠢᠵᠢᠭᠤᠯᠵᠦ᠍᠂ ᠰᠠᠭᠤᠭᠠᠯᠢ ᠠᠷᠠᠳ ᠤᠨ ᠣᠷᠣᠯᠭ᠎ᠠ ᠶ᠋ᠢ ᠪᠦᠬᠦ᠌ ᠤᠯᠤᠰ᠎ᠤᠨ ᠳᠡᠭᠡᠳᠦ ᠲᠦᠪᠱᠢᠨ᠎ᠳᠤ ᠲᠣᠭ᠍ᠲᠠᠪᠣᠷᠢᠵᠢᠭᠤᠯᠬᠤᠶ᠋ᠢ ᠪᠡᠶᠡᠯᠡᠭᠦᠯᠦᠨ᠎ᠡ; 2035 ᠣᠨ ᠪᠣᠯᠬᠤ᠎ᠳᠤ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ ᠤᠨ ᠦᠨᠳᠦᠰᠦᠲᠡᠨ᠎ᠤ ᠭᠠᠵᠠᠷ ᠣᠷᠣᠨ᠎ᠤ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠵᠤ᠂ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠤᠨ᠎ᠠ᠃ 《ᠬᠤᠶᠠᠷ᠎ᠢ ᠲᠣᠭ᠍ᠲᠠᠪᠣᠷᠢᠵᠢᠭᠤᠯᠬᠤ》᠂ 《ᠬᠤᠶᠠᠷ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠤ ᠶᠠᠪᠣᠬᠤ》 ᠬᠠᠷᠠᠯᠲᠠ ᠬᠦᠮᠦᠰ᠎ᠢ ᠤᠷᠮᠠᠱᠢᠭᠤᠯᠤᠨ ᠤᠷᠤᠭ᠍ᠰᠢᠯᠠᠭᠤᠯᠤᠨ᠎ᠠ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠱᠢᠨ᠎ᠡ ᠠᠵᠠ ᠲᠣᠬᠢᠶᠠᠯ᠎ᠢ ᠠᠮᠵᠢᠨ ᠠᠳᠭᠤᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠢ᠃
ᠡᠨᠡ ᠵᠢᠯ ᠪᠣᠯ 《ᠠᠷᠪᠠᠨ ᠲᠠᠪᠣᠳᠣᠭᠠᠷ ᠲᠠᠪᠣᠨ ᠵᠢᠯ》 ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠦᠭᠦᠳᠡ ᠬᠤᠷᠠᠯ ᠵᠢᠴᠢ ᠪᠥᠬᠦ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ ᠶᠤᠰᠤᠭᠠᠷ᠂ ᠠᠵᠢᠯ᠎ᠤᠨ ᠶᠡᠷᠦᠩᠬᠡᠶ ᠱᠠᠭᠠᠷᠳᠠᠯᠭ᠎ᠠ ᠪᠣᠯ᠄ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ ᠵᠢᠴᠢ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠣᠭᠤᠱᠢᠯᠠᠭᠤᠯᠣᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠭᠤᠱᠢᠯᠠᠭᠤᠯᠣᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠱᠢᠨ᠎ᠡ ᠬᠥᠭ᠌ᠵᠢᠯᠲᠡ᠎ᠶ᠋ᠢᠨ ᠣᠨᠣᠯᠵᠢᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠥᠬᠦ᠌ ᠲᠠᠯ᠎ᠠ᠎ᠪᠠᠷ ᠲᠣᠭᠤᠱᠢᠯᠠᠭᠤᠯᠣᠨ᠂ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠴᠣᠭ᠍ᠴᠠᠯᠠᠬᠤ᠎ᠳᠤ ᠢᠳᠡᠪᠬᠢᠳᠠᠢ ᠠᠭᠤᠰᠤᠯᠴᠠᠨ ᠦᠢᠯᠡᠴᠢᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠠᠷᠠᠳ ᠲᠦᠮᠡᠨ᠎ᠢᠶᠠᠨ ᠳᠡᠭᠡᠳᠦᠯᠡᠬᠦ᠌᠎ᠶ᠋ᠢ ᠪᠠᠷᠢᠮᠲᠠᠯᠠᠨ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠬᠦᠭ᠌ᠵᠢᠯᠲᠡ ᠪᠠ ᠣᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠲᠡᠮᠡᠴᠡᠯ᠎ᠤᠨ ᠶᠡᠭᠡ ᠲᠠᠯ᠎ᠠ᠎ᠳᠤ ᠨᠠᠩ ᠰᠠᠢᠲᠤᠷ ᠦᠢᠯᠡᠴᠢᠯᠡᠨ᠂ ᠬᠥᠭ᠌ᠵᠢᠯᠲᠡ ᠪᠠ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠯᠡᠵᠦ᠍᠂ ᠬᠡᠷᠡᠭ᠌ᠴᠡᠭᠡ᠎ᠶ᠋ᠢ ᠦᠷᠭᠦᠯᠵᠢᠯᠡᠨ ᠬᠦᠭ᠌ᠵᠢᠭᠡᠵᠦ᠍᠂ ᠬᠠᠩᠭᠠᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠦᠨ᠂ ᠨᠡᠮᠡᠭ᠌ᠳᠡᠯ ᠢ ᠱᠢᠯᠢᠳᠡᠭ᠌ᠵᠢᠭᠦᠯᠵᠦ᠍᠂ ᠦᠯᠡᠳᠡᠭᠡᠯ᠎ᠢ ᠠᠮᠢᠳᠣᠯᠢᠬ᠍ᠵᠢᠭᠤᠯᠣᠨ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠭᠠᠵᠠᠷ ᠣᠷᠣᠨ ᠤ ᠪᠠᠢᠳᠠᠯ ᠳᠤ ᠪᠠᠨ ᠲᠤᠬᠢᠷᠠᠭᠤᠯᠤᠨ ᠬᠥᠭ᠌ᠵᠢᠭᠦᠯᠵᠦ᠍᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠯᠦᠭᠡ ᠭᠦᠨᠵᠡᠭᠡᠢ ᠵᠠᠯᠭᠠᠯᠳᠤᠭᠤᠯᠤᠨ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ᠎ᠤ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠦ᠍᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ ᠲᠠᠯ᠎ᠠ᠎ᠪᠠᠷ ᠬᠦᠴᠦᠯᠡᠨ᠂ ᠠᠵᠤ ᠠᠬᠤᠢ᠎ᠶ᠋ᠢᠨ ᠴᠢᠨᠠᠷ ᠴᠢᠨᠰᠠᠭ᠎ᠠ᠎ᠶ᠋ᠢᠨ ᠪᠦᠲᠦᠮᠵᠢᠲᠡᠢ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠤ ᠵᠣᠬᠢᠰᠲᠠᠢ ᠨᠡᠮᠡᠭ᠌ᠳᠡᠯ᠎ᠢ ᠠᠬᠢᠭᠤᠯᠵᠤ᠂ ᠨᠡᠢᠭᠡᠮ᠎ᠤᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠨ᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠦᠯᠦᠪᠵᠢᠭᠦᠯᠭᠡ᠎ᠶ᠋ᠢ ᠰᠠᠢᠨ ᠰᠠᠢᠬᠠᠨ᠎ᠢᠶᠠᠷ ᠡᠬᠢᠯᠡᠭᠦᠯᠦᠨ᠎ᠡ᠃
ᠡᠨᠡ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ ᠪᠣᠯ᠄ ᠭᠠᠵᠠᠷ ᠣᠷᠣᠨ᠎ᠤ ᠦᠢᠯᠡᠳᠪᠦᠷᠢᠯᠡᠯ᠎ᠤᠨ ᠶᠡᠷᠦᠩᠬᠡᠶ ᠥᠷᠲᠡᠭ᠎ᠢ 5% ᠣᠷᠴᠢᠮ ᠨᠡᠮᠡᠭ᠌ᠳᠡᠭᠦᠯᠵᠦ᠍᠂ ᠪᠣᠳᠠᠲᠠᠶ ᠠᠵᠢᠯ᠎ᠤᠨ ᠳᠤᠮᠳᠠ ᠨᠠᠩ ᠰᠠᠢᠨ ᠦᠷ᠎ᠡ ᠳ᠋ᠦᠩ ᠤᠯᠬᠤ᠎ᠪᠠᠷ ᠬᠦᠴᠦᠯᠡᠨ ᠴᠢᠷᠮᠠᠢᠨ᠎ᠠ; ᠬᠤᠲᠠ ᠪᠠᠯᠭᠠᠰᠣᠨ ᠤ ᠪᠠᠢᠴᠠᠭᠠᠯᠲᠠ᠎ᠳᠠᠬᠢ ᠠᠵᠢᠯ ᠠᠯᠳᠠᠭ᠍ᠰᠠᠳ᠎ᠤᠨ ᠨᠣᠷᠮ᠎ᠠ᠎ᠶ᠋ᠢ 5.7% ᠣᠷᠴᠢᠮ ᠪᠠᠢᠯᠭᠠᠵᠤ᠂ ᠬᠤᠲᠠ ᠪᠠᠯᠭᠠᠰᠣᠨ᠎ᠤ 18 ᠲᠦᠮᠡ᠎ᠠᠴᠠ ᠢᠯᠡᠭᠦᠦ ᠬᠦᠮᠦᠨ᠎ᠳᠤ ᠱᠢᠨ᠎ᠡ᠎ᠪᠠᠷ ᠠᠵᠢᠯ ᠣᠯᠭᠤᠨ᠎ᠠ; ᠰᠠᠭᠤᠭᠠᠯᠢ ᠠᠷᠠᠳ᠎ᠤᠨ ᠬᠡᠷᠡᠭ᠌ᠯᠡᠭᠡ᠎ᠶ᠋ᠢᠨ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠨ᠎ᠠ; ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠢ᠎ᠶ᠋ᠢᠨ ᠨᠡᠮᠡᠭ᠌ᠳᠡᠯᠯᠦᠭᠡ ᠨᠢᠭᠡᠳᠦᠯᠲᠡᠢ ᠪᠠᠢᠯᠭᠠᠨ᠎ᠠ; ᠠᠮᠤ ᠪᠤᠳᠠᠭᠠᠨ ᠤ ᠤᠨᠠᠯᠲᠠ᠎ᠶ᠋ᠢ 840 ᠳ᠋ᠦᠩᠱᠢᠭᠤᠷ ᠵᠢᠩ᠎ᠠᠴᠠ ᠳᠠᠪᠠᠭᠤᠯᠣᠨ᠎ᠠ; ᠤᠯᠤᠰ ᠠᠴᠠ ᠪᠠᠭᠤᠯᠭᠠᠭ᠍ᠰᠠᠨᠨᠡᠭᠦᠷᠡᠰᠦᠲᠥ᠋ᠷᠥᠭ᠌ᠴᠢᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠤᠷᠠᠭᠤᠯᠵᠤ ᠪᠣᠬᠢᠷᠳᠣᠯ ᠪᠣᠳᠠᠰ᠎ᠤᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ ᠡᠭᠦᠷᠭᠡ᠎ᠶ᠋ᠢ ᠪᠡᠶᠡᠯᠡᠭᠦᠯᠦᠨ᠎ᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ ᠬᠠᠮᠤᠭ᠎ᠤᠨ ᠱᠢᠨ᠎ᠡ ᠲᠤᠬᠢᠷᠠᠭᠤᠯᠤᠯᠳᠠ ᠪᠠᠢᠷᠢᠱᠢᠭᠤᠯᠤᠯᠲᠠ ᠪᠣᠯᠤᠨ᠎ᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ ᠪᠠ ᠲᠥᠪ᠎ᠤᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠬᠤ ᠪᠣᠳᠠᠲᠠᠶ᠎ᠶ᠋ᠢ ᠡᠷᠬᠢᠮᠯᠡᠭ᠌ᠰᠡᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠬᠤ ᠪᠦᠭᠡᠳ ᠣᠳᠣᠬᠠᠨ᠎ᠤ ᠪᠠ ᠬᠤᠢᠱᠢᠳᠠ᠎ᠶ᠋ᠢᠨ ᠬᠡᠰᠡᠭ ᠬᠤᠭᠤᠴᠠᠭᠠᠨ᠎ᠤ ᠪᠥᠬᠦ᠌ ᠣᠷᠣᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠶᠡᠷᠦᠩᠬᠡᠶ ᠭᠠᠷᠳᠠᠴᠠ ᠪᠣᠯᠤᠨ᠎ᠠ᠃ 2026 ᠣᠨ ᠤ ᠵᠠᠰᠠᠭ᠎ᠤᠨ ᠣᠷᠳᠣᠨ ᠤ ᠠᠵᠢᠯ ᠪᠣᠯ ᠭᠤᠣᠯᠳᠠᠭᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ ᠠᠷᠭ᠎ᠠ ᠪᠠᠷᠢᠯ᠎ᠢᠶᠠᠨ ᠨᠠᠷᠢᠯᠢᠬ᠍ᠵᠢᠭᠤᠯᠤᠨ᠂ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠶᠠᠪᠤᠳᠠᠯ ᠪᠣᠯᠣᠨ᠎ᠠ᠃
ᠨᠢᠭᠡ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠣ ᠴᠣᠭ᠍ᠴᠠᠯᠠᠬᠤ᠎ᠪᠠᠷ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠪᠣᠯᠭᠠᠨ᠎ᠠ
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠣ ᠴᠣᠭ᠍ᠴᠠᠯᠠᠬᠤ ᠪᠤᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠳᠡᠨ᠎ᠤ ᠠᠵᠢᠯ᠎ᠤᠨ ᠭᠤᠤᠯ ᠱᠢᠵᠢᠮ ᠮᠦᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ ᠮᠦᠨ᠃ ᠪᠢᠳᠡ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠣ ᠴᠣᠭ᠍ᠴᠠᠯᠠᠬᠤ᠂ ᠲᠤᠮᠳᠠᠳᠤ᠎ᠶ᠋ᠢᠨ ᠦᠨᠳᠦᠰᠦᠳᠡᠡᠤ ᠬᠠᠮᠲᠤ᠎ᠶ᠋ᠢᠨ ᠴᠤᠨᠨᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠠᠵᠢᠯ᠎ᠳᠤ ᠠᠩᠬᠠᠷᠤᠯ᠎ᠢᠶᠠᠨ ᠲᠦᠪᠯᠡᠷᠡᠬᠦᠯᠵᠦ᠍᠂ ᠦᠨᠳᠦᠰᠦᠳᠡᠨ᠎ᠨᠦᠭᠦᠳ ᠠᠨᠠᠷ᠎ᠤᠨ ᠦᠷ᠎ᠡ ᠱᠢᠭ ᠨᠢᠨᠨᠲᠠᠷᠠᠨ ᠪᠦᠯᠭᠦᠮᠳᠠᠭᠦᠶ᠋ᠢ ᠠᠬᠢᠭᠤᠯᠤᠨ᠂ ᠵᠢᠱ᠌ᠢᠶᠡᠴᠢ ᠦᠪᠡᠷᠳᠡᠭᠡᠨ ᠵᠠᠰᠠᠬᠤ ᠤᠷᠤᠨ᠎ᠤ ᠡᠷᠬᠢᠮ ᠲᠡᠬᠡᠳᠦ ᠢᠷᠠᠭᠤ ᠠᠯᠳᠠᠷ᠎ᠢᠶᠠᠨ ᠬᠠᠮᠲᠤ᠎ᠪᠠᠷ ᠬᠠᠢᠷᠠᠯᠠᠨ ᠬᠠᠮᠠᠭᠠᠯᠠᠬᠤ ᠬᠡᠷᠡᠭ᠌ᠲᠡᠢ᠃
(ᠨᠢᠭᠡ) ᠳᠤᠮᠳᠠᠳᠤ ᠶ᠋ᠢᠨ ᠦᠨᠳᠦᠰᠦᠲᠡᠨ ᠤ ᠬᠠᠮᠲᠤ ᠶ᠋ᠢᠨ ᠤᠶᠤᠨ ᠰᠠᠨᠠᠭᠠᠨ ᠤ ᠭᠡᠷ ᠣᠷᠣᠨ᠎ᠤ ᠪᠠᠢᠭᠤᠯᠤᠯᠲᠠ᠎ᠶ᠋ᠢ ᠴᠢᠩᠭᠠᠳᠭᠠᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠪᠠᠨ ᠨᠢᠭ᠍ᠲᠠᠷᠠᠭᠤᠯᠤᠨ ᠰᠦᠭ ᠰᠦᠨᠡᠰᠦ᠎ᠪᠠᠨ ᠱᠤᠭᠤᠬᠤ᠎ᠶ᠋ᠢ ᠪᠠᠷᠢᠮᠲᠠᠯᠠᠵᠤ᠂ 《ᠭᠤᠷᠪᠠᠨ ᠰᠠᠯᠵᠤ ᠴᠢᠳᠠᠬᠤ ᠦᠭᠡᠢ》᠂ 《ᠳᠦᠷᠪᠡᠨ ᠬᠠᠮᠲᠤᠳᠭᠠᠬᠤ》᠂ 《ᠲᠠᠪᠤᠨ ᠬᠠᠮᠲᠤ᠎ᠶ᠋ᠢᠨ ᠲᠠᠨᠢᠯᠲᠠ》 ᠵᠡᠷᠭᠡ ᠣᠨᠣᠯᠵᠢᠬᠤᠨ᠎ᠤ ᠬᠥᠮᠦᠵᠢᠯ ᠪᠠ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ᠎ᠶ᠋ᠢ ᠰᠣᠨᠣᠰᠴᠦ᠍᠂ ᠨᠠᠮ ᠢᠶᠠᠨ ᠲᠠᠭᠠᠨ ᠣᠷᠣᠭ᠍ᠰᠢᠯᠠᠬᠤ》ᠣᠯᠠᠨ ᠲᠦᠮᠡᠨᠴᠢ ᠬᠥᠮᠦᠵᠢᠯ ᠢ ᠥᠷᠭᠡᠨ᠎ᠢᠶᠠᠷ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠵᠥᠪ ᠣᠨᠣᠪᠴᠢᠲᠠᠢ ᠪᠠᠢᠬᠤ ᠤᠯᠤᠰ᠎ᠤᠨ ᠦᠵᠡᠯᠲᠡ᠂ ᠲᠡᠦᠬᠡ᠎ᠶ᠋ᠢᠨ ᠦᠵᠡᠯᠲᠡ᠂ ᠦᠨᠳᠦᠰᠦᠲᠡᠨ᠎ᠤ ᠲᠤᠬᠠᠢ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠶ᠋ᠢ ᠪᠣᠢ ᠪᠣᠯᠭᠠᠨ᠎ᠠ᠃ ᠳᠤᠮᠳᠠᠳᠤ ᠶ᠋ᠢᠨ ᠦᠨᠳᠦᠰᠦᠲᠡᠨ ᠤ ᠬᠠᠮᠲᠤ ᠶ᠋ᠢᠨ ᠴᠣᠭ᠍ᠴᠠ ᠶ᠋ᠢᠨ ᠪᠠᠢᠭᠤᠯᠤᠯᠲᠠ ᠶ᠋ᠢᠨ ᠬᠠᠮᠵᠢᠯᠴᠠᠨ ᠰᠣᠳᠣᠯᠬᠤ ᠳᠣᠭ᠍ᠲᠠᠴᠠ ᠶ᠋ᠢ ᠲᠡᠭᠦᠯᠳᠡᠷᠵᠢᠭᠦᠯᠵᠦ᠍᠂ ᠪᠥᠬᠦ᠌ ᠣᠷᠣᠨ᠎ᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ᠎ᠤ ᠲᠣᠭ᠍ᠳᠠᠯᠴᠠᠭᠠ ᠶ᠋ᠢ ᠪᠠᠢᠭᠤᠯᠣᠨ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ᠎ᠶ᠋ᠢᠨ ᠲᠡᠤᠬᠡᠨ ᠮᠠᠲ᠋ᠧᠷᠢᠶᠠᠯ᠎ᠢ ᠨᠠᠢᠷᠠᠭᠤᠯᠤᠨ ᠲᠤᠭᠤᠷᠪᠢᠵᠤ᠂ ᠱᠢᠨ᠎ᠡ ᠴᠠᠭ ᠦᠶ᠎ᠡ᠎ᠠᠴᠠ ᠨᠠᠭᠠᠱᠢᠬᠢ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠨᠡᠢᠲᠡᠯᠢᠭ ᠵᠢᠱ᠌ᠢᠶ᠎ᠡ᠎ᠶ᠋ᠢ ᠱᠢᠯᠭᠠᠷᠠᠭᠤᠯᠤᠨ ᠪᠣᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠥᠯᠢᠭᠡᠷ᠎ᠢ ᠰᠠᠢᠲᠤᠷ ᠲᠣᠭᠠᠴᠢᠨ ᠶᠠᠷᠢᠨ᠎ᠠ᠃ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ᠎ᠶ᠋ᠢ ᠲᠣᠭᠤᠱᠢᠯᠠᠭᠤᠯᠣᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ᠌ ᠱᠢᠪᠲᠤᠯᠤᠯᠲᠠ ᠪᠠ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠢ ᠬᠡᠷᠡᠭ᠌ᠵᠢᠭᠦᠯᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠭ᠌ᠰᠡᠨ ᠦᠷ᠎ᠡ ᠪᠦᠲᠦᠭᠡᠯ᠎ᠢᠶᠠᠨ ᠪᠠᠬᠢᠵᠢᠭᠦᠯᠦᠨ᠎ᠡ᠃
(ᠬᠤᠶᠠᠷ) ᠦᠨᠳᠦᠰᠦᠲᠡᠨ᠎ᠨᠦᠭᠦᠳ ᠤᠨ ᠥᠷᠭᠡᠨ ᠳᠡᠯᠭᠡᠷᠡᠩᠭᠦᠢ ᠶᠠᠪᠤᠯᠴᠠᠭ᠎ᠠ ᠰᠣᠯᠢᠯᠴᠠᠭ᠎ᠠ ᠠᠭᠤᠰᠣᠯᠴᠠᠭ᠎ᠠ᠎ᠶ᠋ᠢ ᠠᠬᠢᠭᠤᠯᠤᠨ᠎ᠠ᠃ ᠬᠠᠷᠢᠯᠴᠠᠨ ᠱᠢᠭᠢᠳᠴᠦ᠍ ᠠᠭᠤᠰᠤᠯᠴᠠᠨ ᠰᠠᠭᠤᠷᠢᠱᠢᠬᠤ ᠤᠨᠤᠯᠵᠢᠬᠤᠨ᠎ᠢ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢᠨ ᠪᠦᠳᠦᠬᠡᠨ ᠪᠠᠢᠭᠤᠯᠤᠯᠲᠠ ᠪᠠ ᠬᠤᠲᠠ᠎ᠶ᠋ᠢᠨ ᠱᠢᠨᠡᠴᠢᠯᠡᠯᠲᠠᠶ᠋ᠢᠨ ᠡᠯ᠎ᠡ ᠲᠠᠯ᠎ᠠ᠎ᠶ᠋ᠢᠨ ᠠᠵᠢᠯ᠎ᠳᠤ ᠲᠤᠭᠤᠱᠢᠯᠠᠭᠤᠯᠵᠤ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ ᠤ ᠬᠠᠷᠢᠯᠴᠠᠨ ᠱᠢᠭᠢᠳᠬᠦ᠌ ᠮᠠᠶᠢᠭ᠎ᠤᠨ ᠭᠦᠭ᠌ᠵᠢᠯᠲᠡᠶ᠋ᠢᠨ ᠲᠦᠯᠦᠪᠯᠡᠭᠡ᠂ ᠦᠨᠳᠦᠰᠦᠳᠡᠨ᠎ᠨᠦᠭᠦᠳ᠎ᠤᠨ ᠵᠠᠯᠠᠭᠤᠴᠤᠳ ᠪᠠᠭᠠᠴᠤᠳ ᠤᠨ ᠰᠤᠯᠢᠯᠴᠠᠭᠠᠨ ᠤ ᠲᠦᠯᠦᠪᠯᠡᠭᠡ᠂ ᠵᠢᠭᠤᠯᠴᠢᠯᠠᠯ᠎ᠢᠶᠠᠷ ᠦᠨᠳᠦᠰᠦᠳᠡᠨ᠎ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ ᠲᠦᠯᠦᠪᠯᠡᠭᠡ ᠶ᠋ᠢ ᠬᠡᠷᠡᠭ᠌ᠵᠢᠬᠦᠯᠦᠨ᠎ᠡ᠃ ᠲᠦᠩᠯᠢᠶᠤᠤ ᠬᠤᠲᠠ᠂ ᠤᠯᠠᠭᠠᠨᠴᠠᠪ ᠬᠤᠲᠠ᠂ ᠦᠬᠠᠢ ᠬᠤᠲᠠ᠎ᠶ᠋ᠢᠨ ᠪᠦᠬᠦ᠌ ᠤᠯᠤᠰ᠎ᠤᠨ ᠦᠨᠳᠦᠰᠦᠲᠡᠨ ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠤᠲᠠ᠎ᠶ᠋ᠢ ᠴᠢᠷᠮᠠᠢᠨ ᠪᠠᠢᠭᠤᠯᠬᠤ᠎ᠶ᠋ᠢ᠎ᠨᠢ ᠳᠡᠮᠵᠢᠨ᠎ᠡ᠃ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠬᠢᠯᠢ ᠶ᠋ᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠭᠦᠨᠵᠡᠭᠡᠶ ᠠᠬᠢᠭᠤᠯᠤᠨ᠂ ᠬᠢᠯᠢ ᠶ᠋ᠢᠨ ᠠᠷᠠᠳ ᠲᠤ ᠨᠡᠮᠡᠭᠦᠷᠢ ᠦᠭ᠌ᠭᠦ ᠲᠣᠨᠨᠲᠠᠴᠠᠶ᠋ᠢ ᠪᠦᠷᠢᠨᠱᠢᠬᠦᠯᠵᠦ᠍᠂ ᠬᠢᠯᠢ ᠬᠢᠵᠠᠭᠠᠷ᠎ᠤᠨ ᠵᠢᠵᠢᠭ ᠬᠤᠲᠠ ᠪᠠᠯᠭᠠᠰᠤ ᠪᠠ ᠬᠢᠯᠢ ᠣᠢ᠌ᠷ᠎ᠠ ᠲᠤᠰᠭᠤᠨ ᠪᠠᠯᠭᠠᠰᠤᠨ᠎ᠤ ᠪᠦᠳᠦᠬᠡᠨ ᠪᠠᠢᠭᠤᠯᠤᠯᠲᠠ᠎ᠶ᠋ᠢ ᠴᠢᠩᠭᠠᠳᠭᠠᠨ᠂ 《ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠣᠷᠣᠭᠤᠯᠬᠤ》᠂ 《ᠬᠢᠯᠢ ᠬᠢᠵᠠᠭᠠᠷ ᠣᠷᠣᠨ᠎ᠳᠤ ᠱᠢᠨᠵᠢᠯᠡᠬᠦ᠌ ᠤᠬᠠᠭᠠᠨ ᠢ ᠲᠦᠭᠡᠮᠡᠯᠵᠢᠭᠦᠯᠬᠦ᠌ ᠠᠶᠠᠯᠠᠯ》 ᠵᠡᠷᠭᠡ ᠠᠵᠢᠯᠯᠠᠭ᠎ᠠ᠎ᠶ᠋ᠢ ᠥᠷᠨᠢᠭᠦᠯᠦᠨ᠎ᠡ᠃
(ᠭᠤᠷᠪᠠ) ᠭᠤᠤᠯ ᠱᠢᠵᠢᠮ ᠤᠨ ᠱᠠᠭᠠᠷᠳᠠᠯᠭ᠎ᠠ᠎ᠶ᠋ᠢ ᠲᠣᠭᠤᠱᠢᠯᠠᠭᠤᠯᠬᠤ ᠲᠦᠷᠢᠮ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠴᠢᠬᠤᠯᠡ ᠶᠡᠭᠡ ᠠᠵᠦ᠍ ᠠᠬᠤᠢ ᠨᠡᠢᠬᠡᠮ᠎ᠤᠨ ᠭᠦᠭ᠌ᠵᠢᠯᠲᠡ ᠶ᠋ᠢᠨ ᠲᠦᠷᠦ᠍ ᠶ᠋ᠢᠨ ᠪᠣᠳᠣᠯᠭ᠎ᠠ ᠳᠤ ᠭᠤᠤᠯ ᠱᠢᠵᠢᠮ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠬᠤ᠂ ᠪᠦᠬᠦ᠋ᠢᠯᠡ ᠥᠭᠡᠷᠡᠴᠢᠯᠡᠯᠲᠡ ᠬᠦᠭ᠌ᠵᠢᠯᠲᠡ᠎ᠳᠤ 《ᠭᠤᠷᠪᠠᠨ ᠠᠴᠢ ᠬᠤᠯᠪᠤᠭ᠍ᠳᠠᠯ》 ᠢ ᠣᠯᠭᠤᠬᠤ ᠲᠠᠯ᠎ᠠ᠎ᠪᠠᠷ ᠬᠢᠨᠠᠨ ᠬᠠᠷᠭᠤᠭᠤᠯᠵᠤ ᠦᠨᠡᠯᠡᠨ ᠵᠢᠱ᠌ᠢᠭᠦ᠌ ᠲᠤᠨᠨᠳᠠᠴᠠ᠎ᠪᠠᠨ ᠲᠡᠭᠦᠯᠳᠡᠷᠵᠢᠬᠦᠯᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠤ ᠡᠬᠢ ᠪᠠᠶᠠᠯᠢᠭ᠎ᠤᠨ ᠨᠡᠭᠡᠭᠡᠨ ᠬᠦᠭ᠌ᠵᠢᠭᠦᠯᠦᠯᠲᠡ᠂ ᠠᠵᠤ ᠦᠢᠯᠡᠰ᠎ᠤᠨ ᠬᠥᠭ᠌ᠵᠢᠯᠲᠡ᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ ᠵᠡᠷᠭᠡ ᠲᠠᠯ᠎ᠠ ᠶ᠋ᠢᠨ ᠠᠱᠢᠭ ᠣᠷᠣᠯᠭ᠎ᠠ᠎ᠶ᠋ᠢ ᠬᠠᠮᠲᠤ᠎ᠪᠠᠷ ᠡᠳ᠋ᠯᠡᠬᠦ᠌ ᠲᠣᠭ᠍ᠲᠠᠴᠠ᠎ᠶ᠋ᠢ ᠪᠦᠷᠢᠨᠱᠢᠭᠦᠯᠣᠨᠡ᠃ ᠤᠷᠤᠨ ᠨᠣᠳᠤᠭ ᠤᠨ ᠴᠢᠨᠠᠷᠳᠠᠢ ᠬᠠᠤᠯᠢ ᠲᠤᠨᠨᠳᠠᠭᠠᠯ᠂ ᠵᠠᠰᠠᠭ᠎ᠤᠨ ᠣᠷᠳᠣᠨ ᠤ ᠲᠦᠷᠢᠮ ᠲᠣᠨᠨᠳᠠᠭᠠᠯ᠎ᠳᠤ ᠳᠤᠮᠳᠠᠳᠤ᠎ᠶ᠋ᠢᠨ ᠦᠨᠳᠦᠰᠦᠲᠡᠨ ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ ᠪᠠᠲᠤ ᠴᠣᠭ᠍ᠴᠠᠯᠠᠬᠤ ᠲᠠᠯ᠎ᠠ᠎ᠪᠠᠷ᠎ᠬᠢ ᠤᠷᠢᠳᠠᠴᠢ ᠬᠢᠨᠠᠨ ᠬᠠᠷᠭᠤᠭᠤᠯᠤᠯᠲᠠ᠎ᠪᠠᠨ ᠴᠢᠩᠭᠠᠳᠭᠠᠵᠦ᠍᠂ ᠭᠤᠤᠯ ᠱᠢᠵᠢᠮ᠎ᠤᠨ ᠱᠠᠭᠠᠷᠳᠠᠯᠭ᠎ᠠ᠎ᠶ᠋ᠢ ᠲᠡᠤᠬᠡ ᠰᠤᠶᠤᠯ᠎ᠤᠨ ᠤᠬᠠᠭᠤᠯᠭ᠎ᠠ ᠭᠦᠮᠦᠵᠢᠯ᠂ ᠤᠯᠠᠨ ᠨᠡᠢᠳᠡ᠎ᠶ᠋ᠢᠨ ᠰᠤᠶᠤᠯ᠎ᠤᠨ ᠪᠡᠯᠡᠳᠭᠡᠮᠵᠢ᠎ᠶ᠋ᠢᠨ ᠪᠦᠳᠦᠬᠡᠨ ᠪᠠᠢᠭᠤᠯᠤᠯᠲᠠ᠂ ᠬᠤᠲᠠ᠎ᠶ᠋ᠢᠨ ᠪᠡᠯᠭᠡ ᠲᠡᠮᠳᠡᠭ᠎ᠤᠨ ᠴᠢᠨᠠᠷᠳᠠᠢ ᠪᠠᠷᠢᠯᠭ᠎ᠠ᠎ᠶ᠋ᠢᠨ ᠪᠦᠳᠦᠬᠡᠨ ᠪᠠᠢᠭᠤᠯᠤᠯᠲᠠ᠂ ᠵᠢᠭᠤᠯᠴᠢᠯᠠᠯ᠎ᠤᠨ ᠦᠵᠡᠮᠵᠢ᠎ᠶ᠋ᠢᠨ ᠲᠡᠯᠬᠡᠨ ᠦᠵᠡᠬᠦᠯᠬᠡ ᠵᠡᠷᠭᠡ ᠡᠯ᠎ᠡ ᠲᠠᠯ᠎ᠠ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠤᠨ᠎ᠠ᠃ ᠦᠨᠳᠦᠰᠦᠳᠡᠨ᠎ᠤ ᠬᠡᠷᠡᠭ ᠶᠠᠪᠤᠳᠠᠯ᠎ᠢ ᠬᠠᠤᠯᠢ ᠶᠤᠰᠤᠭᠠᠷ ᠵᠠᠰᠠᠬᠤ᠎ᠪᠠᠨ ᠴᠢᠩᠭᠠᠳᠭᠠᠵᠦ᠍᠂ ᠦᠨᠳᠦᠰᠦᠳᠡᠨ ᠤ ᠬᠦᠷᠢᠶ᠎ᠡ ᠴᠠᠷᠠᠭᠠᠨ᠎ᠳᠠᠬᠢ ᠲᠦᠭ᠌ᠰᠢᠬᠦᠷᠢ᠎ᠶ᠋ᠢᠨ ᠬᠡᠮ ᠰᠣᠭᠤᠭ᠎ᠢ ᠰᠡᠷᠬᠡᠢᠯᠡᠨ ᠠᠷᠢᠯᠭᠠᠬᠤ ᠠᠵᠢᠯ᠎ᠤᠨ ᠲᠣᠨᠨᠳᠠᠴᠠᠪᠠᠨ ᠲᠡᠭᠦᠯᠳᠡᠷᠵᠢᠬᠦᠯᠦᠨ᠂ ᠦᠨᠳᠦᠰᠦᠳᠡᠨ ᠨᠦᠭᠦᠳ᠎ᠤᠨ ᠤᠯᠠᠨ ᠲᠦᠮᠡᠨ᠎ᠤ ᠬᠠᠤᠯᠢ ᠶᠤᠰᠤᠨ᠎ᠤ ᠡᠷᠬᠡ ᠠᠱᠢᠭ ᠢ ᠬᠠᠤᠯᠢ ᠶᠤᠰᠤᠭᠠᠷ ᠪᠠᠳᠤᠯᠠᠨ᠎ᠠ᠃
ᠬᠤᠶᠠᠷ᠂ ᠶᠡᠷᠦᠩᠬᠡᠢ ᠱᠦᠵᠢ ᠰᠢ᠎ᠶ᠋ᠢᠨ ᠫᠢᠩ ᠪᠠ ᠨᠠᠮ᠎ᠤᠨ ᠲᠥᠪ ᠬᠤᠷᠢᠶ᠎ᠠ ᠠᠴᠠ ᠣᠯᠭᠤᠭ᠍ᠰᠠᠨ ᠲᠠᠪᠤᠨ ᠶᠡᠭᠡ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢᠷᠡᠭᠦᠯᠦᠨ ᠨᠠᠢᠳᠠᠪᠣᠷᠢᠵᠢᠭᠤᠯᠣᠨᠠ
《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠶ᠋ᠢ ᠪᠦᠳᠦᠭᠡᠨ ᠪᠠᠢᠭᠤᠯᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ᠎ᠤᠨ ᠪᠦᠭᠦ᠌ ᠤᠯᠤᠰ᠎ᠤᠨ ᠭᠦᠭ᠌ᠵᠢᠯᠲᠡᠶ᠋ᠢᠨ ᠶᠡᠭᠡ ᠲᠠᠯ᠎ᠠ ᠠᠴᠠ ᠪᠣᠳᠣᠯᠬᠢᠯᠠᠵᠤ ᠦᠪᠦᠷ ᠮᠤᠩᠭᠤᠯ᠎ᠳᠤ ᠤᠯᠭᠤᠨᠨᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠮᠦᠨ᠂ ᠦᠪᠡᠷᠳᠡᠭᠡᠨ ᠵᠠᠰᠠᠬᠤ ᠤᠷᠤᠨ᠎ᠤ ᠲᠣᠮᠳᠠᠲᠤ ᠤᠯᠤᠰ᠎ᠤᠨ ᠮᠠᠶᠢᠭ ᠤᠨ ᠤᠳᠤᠬᠢᠴᠢᠯᠠᠯᠲᠠ᠎ᠶ᠋ᠢ ᠪᠦᠭᠦ᠌ ᠲᠠᠯ᠎ᠠ᠎ᠪᠠᠷ ᠠᠬᠢᠭᠤᠯᠬᠤ ᠦᠨᠳᠦᠰᠦᠨ ᠵᠢᠷᠤᠮᠯᠠᠯ ᠮᠦᠨ᠃ ᠪᠢᠳᠡ ᠢᠮᠠᠭ᠍ᠲᠠ ᠲᠤᠭᠤᠱᠢᠯᠠᠭᠤᠯᠤᠨ᠂ ᠨᠢᠭᠡ ᠴᠤᠨᠨᠴᠠᠵᠢᠭᠤᠯᠤᠨ ᠠᠬᠢᠭᠤᠯᠵᠦ᠍᠂ ᠶᠡᠷᠦᠩᠬᠡᠢ ᠱᠦᠵᠢ ᠰᠢ᠎ᠶ᠋ᠢᠨ ᠫᠢᠩ ᠤᠨ ᠲᠥᠯᠥᠪᠯᠡᠨ ᠵᠢᠷᠤᠨᠨᠯᠬᠠᠰᠠᠨ ᠠᠤᠭ᠎ᠠ ᠵᠢᠷᠤᠭ ᠲᠦᠰᠦᠪ᠎ᠢ ᠯᠠᠪᠳᠠᠭᠤᠨ ᠪᠠᠳᠤᠳᠠᠢ ᠪᠠᠷ ᠰᠠᠢᠨ ᠰᠠᠢᠬᠠᠨ ᠪᠤᠲᠠᠲᠤ ᠠᠬᠤᠢ ᠪᠣᠯᠭᠠᠨ ᠬᠤᠪᠢᠷᠠᠭᠤᠯᠵᠦ᠍᠂ ᠡᠬᠡ ᠤᠯᠤᠰ᠎ᠤᠨ ᠤᠮᠠᠷᠠᠲᠤ ᠬᠢᠯᠢ ᠬᠢᠵᠠᠭᠠᠷ᠎ᠤᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠴᠤᠨᠨᠴᠠᠯᠠᠨᠠ᠃
(ᠨᠢᠭᠡ) ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ᠎ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠨ᠂ ᠮᠠᠨ᠎ᠤ ᠤᠯᠤᠰ ᠤᠨ ᠤᠮᠠᠷᠠᠲᠤ᠎ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ ᠬᠠᠯᠬᠠᠪᠴᠢ᠎ᠶ᠋ᠢ ᠪᠠᠬᠢᠵᠢᠭᠦᠯᠦᠨ᠎ᠡ᠃ ᠨᠢᠭᠡ᠎ᠳᠤ 《ᠭᠤᠷᠪᠠᠨ ᠤᠮᠠᠷᠠᠲᠤ》 ᠶ᠋ᠢᠨ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠢᠯᠠᠯᠳᠤᠭᠠᠨ᠎ᠢ ᠰᠠᠢᠲᠤᠷ ᠬᠢᠨ᠎ᠡ᠃ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ 4000 ᠲᠦᠮᠡᠨ ᠮᠥ᠍ ᠪᠡᠶᠡᠯᠡᠭᠦᠯᠵᠦ᠍᠂ ᠡᠭᠦᠨ᠎ᠳᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ᠎ᠶ᠋ᠢ 1500 ᠲᠦᠮᠡᠨ ᠮᠥ᠍ ᠪᠡᠶᠡᠯᠡᠭᠦᠯᠵᠦ᠍᠂ ᠠᠯᠠᠱᠠ ᠠᠭᠤᠯᠠ᠎ᠠᠴᠠ ᠮᠤᠨᠢ ᠠᠭᠤᠯᠠ ᠬᠦᠷᠬᠦ᠌ ᠬᠡᠰᠡᠭ᠎ᠲᠠᠬᠢ ᠬᠠᠳᠤᠨ ᠭᠤᠣᠯ᠎ᠤᠨ ᠡᠷᠭᠢ ᠳᠠᠭᠠᠤ 180 ᠺᠢᠯᠣᠮᠧᠲᠷ᠎ᠤᠨ ᠨᠡᠭᠦᠳᠡᠯ ᠡᠯᠡᠰᠦ᠎ᠶ᠋ᠢᠨ ᠱᠢᠰᠲ᠋ᠧᠮ᠎ᠲᠠᠢ ᠵᠠᠰᠠᠯᠲᠠ᠎ᠶ᠋ᠢ ᠭᠤᠣᠯᠳᠠᠯᠭ᠎ᠠ᠎ᠲᠠᠢ ᠠᠬᠢᠭᠤᠯᠦᠨ᠎ᠡ᠃ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠴᠤ᠌ ᠬᠠᠮᠠᠭᠠᠯᠠᠬᠤ ᠲᠣᠭ᠍ᠲᠠᠴᠠ ᠶ᠋ᠢ ᠪᠦᠷᠢᠨᠱᠢᠭᠦᠯᠦᠨ᠂ ᠴᠢᠬᠢ ᠮᠣᠳᠣᠨ᠎ᠤ ᠡᠳᠡᠭᠡᠷᠡᠯᠲᠡ᠎ᠶ᠋ᠢᠨ ᠨᠣᠷᠮ᠎ᠠ ᠪᠠ ᠪᠦᠲᠦᠭᠡᠨ ᠪᠠᠢᠭᠤᠯᠤᠭ᠍ᠰᠠᠨ ᠣᠷᠣᠨ ᠢ ᠬᠠᠮᠢᠶᠠᠷᠴᠤ᠌ ᠬᠠᠮᠠᠭᠠᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠬᠤᠶᠠᠷ᠎ᠲᠤ ᠠᠮᠢ ᠠᠬᠤᠢ ᠶ᠋ᠢᠨ ᠬᠠᠮᠠᠭᠠᠯᠠᠯᠲᠠ ᠪᠠ ᠰᠡᠷᠭᠦᠭᠡᠯᠲᠡ᠎ᠶ᠋ᠢ ᠴᠢᠩᠭᠠᠳᠭᠠᠨ᠎ᠠ᠃ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠬᠤᠱᠢᠭᠤᠴᠢ ᠣᠷᠣᠨ ᠪᠠ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ ᠤ ᠲᠤᠷᠱᠢᠯᠲᠠ᠎ᠶ᠋ᠢᠨ ᠣᠷᠣᠨ ᠢ ᠡᠭᠦᠳᠦᠨ ᠪᠠᠢᠭᠤᠯᠬᠤ᠎ᠪᠠᠨ ᠲᠦᠷᠭᠡᠳᠭᠡᠵᠦ᠍᠂ 2026 ᠤᠨ ᠤ ᠪᠦᠭᠦ᠌ ᠤᠯᠤᠰ᠎ᠤᠨ ᠠᠮᠢ ᠠᠬᠤᠢ᠎ᠶ᠋ᠢᠨ ᠡᠳᠦᠷ᠎ᠤᠨ ᠭᠤᠤᠯ ᠲᠠᠯᠠᠪᠤᠷ᠎ᠤᠨ ᠠᠵᠢᠯᠯᠠᠭ᠎ᠠ᠎ᠶ᠋ᠢ ᠳᠠᠭᠠᠭᠠᠨ ᠡᠷᠬᠢᠯᠡᠨ᠎ᠡ᠃ 《ᠨᠢᠭᠡ ᠬᠡᠰᠡᠭ ᠭᠠᠵᠠᠷ ᠱᠢᠷᠤᠢ᠎ᠳᠤ ᠣᠯᠠᠨ ᠦᠨᠡᠮᠯᠡᠯ᠎ᠲᠠᠢ》᠂ 《ᠨᠢᠭᠡ ᠬᠡᠰᠡᠭ ᠭᠠᠵᠠᠷ ᠱᠢᠷᠤᠢ᠎ᠳᠤ ᠣᠯᠠᠨ ᠨᠥᠬᠦᠪᠥᠷᠢ ᠥᠭ᠌ᠬᠦ》 ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢᠶᠠᠨ ᠯᠠᠪᠳᠠᠭᠤᠨ ᠲᠣᠬᠢᠲᠠᠢ ᠡᠮᠬᠢ ᠵᠢᠷᠤᠮ᠎ᠲᠠᠢ ᠠᠬᠢᠭᠤᠯᠵᠦ᠍᠂ ᠣᠶ ᠱᠢᠭᠤᠶ ᠨᠤᠲᠤᠭ ᠪᠡᠯᠴᠢᠭᠡᠷ᠎ᠢ ᠡᠪᠳᠡᠨ ᠰᠦᠢᠳᠭᠡᠭ᠌ᠰᠡᠨᠢ ᠴᠡᠭ᠌ᠴᠡᠯᠡᠨ ᠵᠠᠰᠠᠬᠤ ᠠᠵᠢᠯ᠎ᠢᠶᠠᠨ ᠦᠷᠭᠦᠯᠵᠢᠯᠡᠨ ᠥᠷᠨᠢᠭᠦᠯᠤᠨ᠎ᠠ᠃ ᠬᠠᠲᠤᠨ ᠭᠤᠣᠯ᠂ 《ᠬᠥᠯᠦᠨ ᠨᠠᠭᠤᠷ ᠤᠯᠠᠭᠠᠨᠰᠤᠬᠠᠢ ᠨᠠᠭᠤᠷ ᠳᠠᠭ᠎ᠠ᠎ᠶ᠋ᠢᠨ ᠨᠠᠭᠤᠷ》 ᠵᠢᠴᠢ ᠴᠠᠭᠠᠨᠨᠠᠭᠤᠷ ᠵᠡᠷᠭᠡ ᠭᠤᠣᠯ ᠮᠦᠷᠡᠨ ᠨᠠᠭᠤᠷ ᠴᠦᠬᠦᠷᠦᠮ ᠨᠤᠭᠤ ᠭᠠᠵᠠᠷ᠎ᠢ ᠵᠠᠰᠭᠠᠰᠠᠨ ᠦᠷ᠎ᠡ ᠪᠦᠲᠦᠮᠵᠢ᠎ᠪᠠᠨ ᠳᠡᠭᠡᠭ᠌ᠰᠢᠯᠡᠭᠦᠯᠵᠦ᠍᠂ ᠬᠥᠷᠥᠰᠥ᠍ ᠱᠢᠷᠣᠢ᠎ᠶ᠋ᠢᠨ ᠢᠳᠡᠭ᠌ᠳᠡᠯ᠎ᠢ ᠶᠡᠷᠦᠩᠬᠡᠢᠯᠡᠨ ᠵᠠᠰᠠᠬᠤ ᠠᠵᠢᠯ᠎ᠢ 1128 ᠲᠦᠮᠡᠨ ᠮᠦ᠍ ᠪᠡᠶᠡᠯᠡᠭᠦᠯᠦᠨ᠎ᠡ᠃ 《ᠤᠰᠤᠨ᠎ᠤ ᠬᠡᠮᠵᠢᠶ᠎ᠡ᠎ᠪᠠᠷ ᠳᠥᠷᠪᠡ᠎ᠶ᠋ᠢ ᠲᠣᠭ᠍ᠲᠠᠭᠠᠬᠤ》 ᠵᠠᠷᠴᠢᠮ᠎ᠢ ᠴᠢᠩᠭ᠎ᠠ ᠨᠠᠢᠳᠠᠪᠤᠷᠢᠵᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢᠨ ᠠᠯᠪᠠᠳᠠᠯᠭ᠎ᠠ᠎ᠶ᠋ᠢᠨ ᠴᠢᠨᠠᠷᠲᠠᠶ ᠬᠠᠮᠢᠶᠠᠷᠤᠯᠲᠠ᠎ᠶ᠋ᠢᠨ ᠲᠦᠷᠢᠮ᠎ᠢ ᠬᠡᠷᠡᠭ᠌ᠵᠢᠭᠦᠯᠦᠨ᠂ ᠤᠰᠤ ᠶᠡᠭᠡ ᠬᠤᠷᠤᠨᠨᠳᠠᠭᠤᠯᠬᠤ ᠠᠵᠢᠯ ᠲᠦᠷᠦᠯ᠎ᠢ ᠤᠰᠤ ᠠᠷᠪᠢᠯᠠᠬᠤ᠎ᠪᠠᠷ ᠥᠭᠡᠷᠡᠴᠢᠯᠡᠵᠦ᠍ ᠱᠢᠨᠡᠳᠭᠡᠬᠦ᠌᠎ᠶ᠋ᠢ ᠠᠬᠢᠭᠤᠯᠵᠤ᠂ ᠭᠠᠵᠠᠷ ᠳᠣᠣᠷᠠᠬᠢ ᠤᠰᠤ᠎ᠶ᠋ᠢ ᠬᠡᠲᠦᠷᠠᠲᠡᠯᠡ ᠲᠠᠲᠠᠬᠤ᠎ᠶ᠋ᠢ ᠵᠠᠰᠠᠬᠤ᠎ᠪᠠᠨ ᠴᠢᠩᠭᠠᠳᠭᠠᠵᠤ᠂ ᠲᠠᠬᠢᠯᠲᠠ ᠤᠰᠤ᠂ ᠠᠭᠤᠷᠬᠠᠢ᠎ᠶ᠋ᠢᠨ ᠬᠤᠳᠳᠤᠭ᠎ᠤᠨ ᠤᠰᠤ᠂ ᠪᠣᠷᠤᠭ᠎ᠠ ᠦᠶᠡᠷ᠎ᠤᠨ ᠤᠰᠤ ᠶ᠋ᠢ ᠠᠱᠢᠭ᠍ᠯᠠᠬᠤ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠦᠨ᠎ᠡ᠃ ᠪᠤᠭᠤᠲᠤ᠌᠂ ᠠᠯᠠᠱᠠ ᠵᠡᠷᠭᠡ᠎ᠳᠠᠬᠢ ᠤᠯᠤᠰ᠎ᠤᠨ ᠦᠩᠭᠡᠷᠡᠭ᠌ᠰᠡᠨ᠎ᠠᠴᠠ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ 6 ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ 50 ᠪᠣᠬᠢᠷᠲᠤᠯ ᠥᠬᠡᠶ ᠠᠭᠤᠷᠬᠠᠶ᠎ᠶ᠋ᠢ ᠱᠢᠨ᠎ᠡ᠎ᠪᠠᠷ ᠪᠠᠢᠭᠤᠯᠤᠨ᠎ᠠ᠃ ᠭᠤᠷᠪᠠ᠎ᠳᠤ ᠪᠣᠬᠢᠷᠲᠤᠯ᠎ᠢ ᠰᠡᠷᠭᠡᠢᠯᠡᠨ ᠵᠠᠰᠠᠬᠤ ᠱᠢᠪᠲᠤᠯᠤᠯᠲᠠ᠎ᠶ᠋ᠢᠨ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠨ᠎ᠡ᠃ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡ᠎ᠶ᠋ᠢᠨ ᠠᠭᠠᠷ ᠮᠠᠨᠳᠠᠯ᠎ᠤᠨ ᠪᠣᠬᠢᠷᠲᠤᠯ᠎ᠢ ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠵᠠᠰᠠᠬᠤ᠎ᠶ᠋ᠢ ᠠᠬᠢᠭᠤᠯᠵᠤ᠂ ᠭᠤᠣᠯ ᠣᠷᠤᠭᠤ ᠪᠣᠬᠢᠷᠲᠤᠯ ᠭᠠᠳᠠᠭ᠍ᠰᠢᠯᠠᠭᠤᠯᠬᠤ ᠠᠮᠠ ᠶ᠋ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠤᠨ ᠤᠰᠤᠨ ᠤ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶ᠋ᠢ ᠬᠡᠷᠡᠭ᠌ᠵᠢᠭᠦᠯᠵᠦ᠍᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ᠎ᠤ ᠦᠨᠡᠰᠦ᠂ ᠲᠡᠮᠦᠷᠯᠢᠭ ᠪᠤᠯᠪᠠᠰᠤᠷᠠᠭᠤᠯᠤᠨᠨᠰᠨᠨ ᠱᠢᠭᠠᠷᠤ᠂ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠱᠢᠭᠠᠷᠤ ᠵᠡᠷᠭᠡ ᠶᠡᠭᠡ ᠬᠡᠮᠵᠢᠶᠡᠨ᠎ᠤ ᠠᠵᠦ᠍ ᠦᠢᠯᠡᠳᠪᠦᠷᠢ᠎ᠶ᠋ᠢᠨ ᠬᠠᠳᠠᠭᠤ ᠪᠡᠶᠡᠲᠦ ᠬᠠᠶᠬᠠᠳᠠᠮᠠᠯ ᠪᠤᠳᠠᠰ᠎ᠤᠨ ᠬᠡᠮᠵᠢᠶ᠎ᠡ᠎ᠶ᠋ᠢ ᠡᠬᠢ ᠡᠭᠦᠰᠦᠯ᠎ᠠᠴᠠ᠎ᠨᠢ ᠪᠠᠭᠠᠰᠭᠠᠬᠤ ᠪᠠ ᠶᠡᠷᠦᠩᠬᠡᠢᠯᠡᠨ ᠠᠱᠢᠨᠨᠯᠠᠬᠤᠶ᠋ᠢ ᠠᠬᠢᠭᠤᠯᠤᠨ᠂ ᠪᠠᠷᠢᠯᠭ᠎ᠠ᠎ᠶ᠋ᠢᠨ ᠬᠤᠭ ᠨᠤᠪᠰᠢ᠎ᠶ᠋ᠢ ᠬᠠᠤᠯᠢ ᠪᠤᠰᠤ᠎ᠪᠠᠷ ᠬᠠᠶᠠᠬᠤ ᠠᠵᠢᠯᠯᠠᠭ᠎ᠠ᠎ᠳᠤ ᠭᠦᠨ᠎ᠳᠦ ᠴᠤᠬᠢᠯᠲᠠ ᠦᠭ᠌ᠴᠤ᠂ ᠬᠦᠷᠦᠰᠦ ᠱᠢᠷᠣᠢ ᠶ᠋ᠢᠨ ᠪᠣᠬᠢᠷᠳᠤᠯ᠎ᠢ ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌᠎ᠶ᠋ᠢ ᠰᠠᠢᠲᠤᠷ ᠬᠢᠵᠦ᠍᠂ 《ᠬᠠᠶᠠᠭ᠍ᠳᠠᠮᠠᠯ ᠦᠭᠡᠶ ᠬᠤᠲᠠ》 ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ ᠲᠦᠷᠪᠡ ᠳᠤ ᠪᠣᠬᠢᠷᠲᠤᠯ ᠦᠭᠡᠢ ᠳᠣᠣᠷ᠎ᠠ ᠨᠡᠭᠦᠷᠡᠰᠦᠳᠦ᠋ᠷᠦᠭ᠌ᠴᠢ᠎ᠲᠦ ᠬᠥᠭ᠌ᠵᠢᠯᠲᠡ᠎ᠶ᠋ᠢ ᠠᠬᠢᠭᠤᠯᠤᠨ᠎ᠠ᠃ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶ᠋ᠢᠨ ᠬᠤᠣᠰ ᠡᠵᠡᠮᠳᠡᠯ᠎ᠤᠨ ᠳᠦᠷᠢᠮ᠎ᠢ ᠬᠡᠷᠡᠭ᠌ᠵᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤ ᠬᠦᠷᠭᠡᠬᠦ᠌ ᠠᠵᠢᠯᠯᠠᠭᠠᠨ᠎ᠤ ᠲᠥᠰᠦᠯ᠎ᠢ ᠨᠠᠢᠷᠠᠭᠤᠯᠤᠨ ᠵᠣᠬᠢᠶᠠᠵᠤ᠂ ᠠᠵᠤ ᠦᠢᠯᠡᠳᠪᠦᠷᠢ᠎ᠶ᠋ᠢᠨ ᠭᠤᠣᠯᠳᠠᠯᠭ᠎ᠠ ᠪᠣᠯᠬᠤ ᠠᠵᠢᠯ ᠲᠥᠷᠥᠯ᠎ᠤᠨ ᠡᠨᠧᠷᠭᠢ᠎ᠶ᠋ᠢᠨ ᠠᠱᠢᠭ᠍ᠯᠠᠮᠵᠢ᠎ᠶ᠋ᠢ ᠪᠠᠷᠢᠮᠵᠢᠶᠠᠯᠠᠨ ᠬᠠᠷᠭᠤᠭᠤᠯᠵᠤ ᠳᠡᠭᠡᠭ᠌ᠰᠢᠯᠡᠭᠦᠯᠬᠦ᠌ ᠪᠠ ᠪᠤᠬᠢᠷᠳᠤᠯ ᠦᠭᠡᠢ ᠴᠠᠬᠢᠯᠭᠠᠨ᠂ ᠪᠤᠬᠢᠷᠳᠤᠯ ᠦᠭᠡᠢ ᠤᠰᠤᠲᠥ᠋ᠷᠥᠭ᠌ᠴᠢ᠂ ᠴᠠᠬᠢᠯᠭᠠᠨ ᠡᠨᠧᠷᠭᠢ᠎ᠪᠠᠷ ᠣᠷᠣᠯᠠᠭᠤᠯᠬᠤ ᠠᠵᠢᠯᠯᠠᠭ᠎ᠠ᠎ᠨᠢ ᠥᠷᠨᠢᠭᠦᠯᠦᠨ᠎ᠡ᠃ ᠲᠡᠭ ᠨᠡᠭᠦᠷᠡᠰᠦᠳᠦ᠋ᠷᠦᠭ᠌ᠴᠢ᠎ᠲᠦ ᠬᠦᠷᠢᠶᠡᠯᠡᠩ ᠲᠣᠭᠤᠷᠢᠭ᠎ᠤᠨ ᠤᠭ᠎ᠤᠨ ᠴᠠᠬᠢᠯᠭᠠᠨ ᠤ ᠳᠠᠭᠠᠭᠠᠴᠠ ᠳᠤ ᠪᠣᠬᠢᠷᠲᠤᠯ ᠥᠬᠡᠶ ᠴᠠᠬᠢᠯᠭᠠᠨ᠎ᠢ ᠱᠢᠭᠤᠳ ᠵᠠᠯᠭᠠᠬᠤ᠎ᠶ᠋ᠢ ᠳᠡᠮᠵᠢᠵᠦ᠍᠂ ᠨᠠᠩ ᠣᠯᠠᠨ ᠬᠦᠷᠢᠶᠡᠯᠡᠩ ᠲᠣᠭᠤᠷᠢᠭ᠂ ᠠᠵᠤ ᠠᠬᠤᠢᠯᠠᠯ᠎ᠤᠨ ᠲᠡᠭ ᠨᠡᠭᠦᠷᠡᠰᠦᠳᠦ᠋ᠷᠦᠭ᠌ᠴᠢ᠎ᠲᠦ ᠬᠦᠷᠢᠶᠡᠯᠡᠩ ᠲᠣᠭᠤᠷᠢᠭ ᠪᠠ ᠲᠡᠭ ᠨᠡᠭᠦᠷᠡᠰᠦᠳᠦ᠋ᠷᠦᠭ᠌ᠴᠢ᠎ᠲᠦ ᠦᠢᠯᠡᠳᠪᠦᠷᠢ ᠡᠭᠦᠳᠦᠨ ᠪᠠᠢᠭᠤᠯᠬᠤ᠎ᠶ᠋ᠢ᠎ᠨᠢ ᠵᠤᠷᠢᠬ᠍ᠵᠢᠭᠤᠯᠤᠨ᠎ᠠ᠃
ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢᠨ ᠪᠦᠷᠢᠳᠭᠡᠨ ᠲᠣᠭᠠᠴᠠᠭ᠎ᠠ ᠬᠢᠬᠦ᠌ ᠲᠣᠭ᠍ᠲᠠᠯᠴᠠᠭ᠎ᠠ᠎ᠶ᠋ᠢ ᠪᠦᠷᠢᠨᠱᠢᠭᠦᠯᠦᠨ᠂ ᠬᠥᠯᠥᠨ ᠪᠦᠢᠷ᠎ᠲᠤ ᠤᠯᠤᠰ᠎ᠤᠨ ᠠᠮᠢ ᠠᠬᠤᠢ᠎ᠶ᠋ᠢᠨ ᠪᠦᠲᠦᠭᠡᠭ᠌ᠳᠡᠬᠦᠨ᠎ᠤ ᠥᠷᠲᠡᠭ ᠢ ᠪᠡᠶᠡᠯᠡᠭᠦᠯᠬᠦ᠌ ᠲᠣᠭ᠍ᠲᠠᠴᠠ᠎ᠶ᠋ᠢᠨ ᠲᠤᠷᠱᠢᠯᠲᠠ᠎ᠶ᠋ᠢᠨ ᠴᠡᠭ᠎ᠢ ᠪᠠᠢᠭᠤᠯᠵᠤ᠂ 《ᠤᠮᠠᠷᠠᠲᠤ ᠶ᠋ᠢᠨ ᠪᠤᠬᠢᠷᠳᠤᠯ ᠦᠭᠡᠢ ᠨᠡᠭᠦᠷᠡᠰᠦᠲᠥ᠋ᠷᠥᠭ᠌ᠴᠢ》ᠬᠡᠮᠡᠬᠦ᠌ ᠨᠡᠭᠦᠷᠡᠰᠦᠲᠥ᠋ᠷᠥᠭ᠌ᠴᠢ᠎ᠶ᠋ᠢᠨ ᠬᠤᠷᠠᠮᠠᠯ᠎ᠤᠨ ᠨᠡᠷᠡᠲᠦ ᠲᠡᠮᠲᠡᠭ᠎ᠢ ᠪᠤᠢ ᠪᠣᠯᠭᠠᠨ᠎ᠠ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠌ ᠪᠣᠯ ᠦᠪᠦᠷ ᠮᠤᠩᠭᠤᠯ᠎ᠤᠨ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠭᠡ ᠶᠠᠪᠤᠳᠠᠯ》 ᠮᠥᠨ᠂ ᠪᠢᠳᠠ ᠢᠮᠠᠭ᠍ᠲᠠ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠡᠨᠡ ᠬᠦ᠌ ᠨᠣᠮᠢᠨ ᠨᠣᠭᠤᠭᠠᠨ᠂ ᠴᠡᠩᠬᠡᠷ ᠬᠥᠬᠡ᠂ ᠴᠡᠪᠡᠷ ᠲᠤᠩᠭᠠᠯᠠᠭ᠎ᠢᠶᠠᠨ ᠡᠷᠡᠰ ᠰᠠᠢᠲᠤᠷ ᠰᠠᠬᠢᠨ ᠬᠠᠮᠠᠭᠠᠯᠠᠬᠤ ᠬᠡᠷᠡᠭ᠌ᠲᠡᠢ᠃
(ᠬᠤᠶᠠᠷ) ᠬᠥᠭ᠌ᠵᠢᠯᠲᠡ ᠪᠠ ᠠᠮᠤᠷ ᠲᠦᠪᠱᠢᠨ ᠢ ᠨᠠᠩ ᠰᠠᠢᠲᠤᠷ ᠨᠢᠭᠡᠳᠦᠯᠲᠡᠶ ᠲᠥᠯᠥᠪᠯᠡᠵᠦ᠍᠂ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠦᠨ᠎ᠡ᠃ ᠨᠢᠭᠡ᠎ᠳᠤ ᠠᠶᠤᠯ ᠦᠭᠡᠢ ᠦᠢᠯᠡᠳᠪᠦᠷᠢᠯᠡᠯ᠎ᠤᠨ ᠬᠤᠷᠢᠭ᠎ᠠ ᠱᠤᠭᠤᠮ᠎ᠢ ᠰᠠᠢᠲᠤᠷ ᠰᠠᠬᠢᠨ᠎ᠠ᠃ ᠪᠤᠭᠤᠲᠤ᠎ᠶ᠋ᠢᠨ ᠪᠤᠯᠤᠳ ᠲᠡᠮᠦᠷ᠎ᠤᠨ ᠪᠦᠯᠦᠭ᠌ᠯᠡᠯ᠎ᠤᠨ ᠬᠤᠪᠣᠷ ᠱᠢᠷᠤᠢ᠎ᠶ᠋ᠢᠨ ᠪᠤᠯᠤᠳ ᠬᠠᠪᠲᠠᠰᠤᠨ ᠮᠠᠲ᠋ᠧᠷᠢᠶᠠᠯ᠎ᠤᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠬᠡᠷᠡᠭ᠎ᠠᠴᠠ ᠭᠦᠨᠵᠡᠭᠡᠢ ᠰᠤᠷᠭᠠᠮᠵᠢ ᠠᠪᠴᠤ᠌᠂ ᠪᠠᠷᠢᠯᠭ᠎ᠠ᠎ᠶ᠋ᠢᠨ ᠠᠵᠢᠯ᠂ ᠥᠨᠳᠥᠷ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠠᠭᠤᠷᠬᠠᠢ᠂ ᠠᠶᠤᠯᠲᠠᠢ ᠬᠢᠮᠢ᠎ᠶ᠋ᠢᠨ ᠪᠣᠳᠠᠰ᠂ ᠱᠢᠲᠠᠮᠠᠬᠠᠢ ᠬᠡᠢ᠂ ᠭᠠᠯ ᠰᠡᠷᠭᠡᠢᠯᠡᠵᠦ᠍ ᠤᠨᠲᠠᠷᠠᠭᠠᠬᠤ᠂ ᠵᠢᠭᠤᠯᠴᠢᠯᠠᠯ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ᠎ᠳᠠᠬᠢ ᠬᠡᠮ ᠰᠣᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠲᠤᠮᠤ ᠬᠡᠯᠪᠡᠷᠢ᠎ᠶ᠋ᠢᠨ ᠠᠵᠢᠯᠯᠠᠭ᠎ᠠ᠎ᠶ᠋ᠢᠨ ᠠᠮᠤᠷ ᠲᠦᠪᠱᠢᠨ᠎ᠤ ᠬᠠᠮᠢᠶᠠᠷᠤᠯᠲᠠ ᠡᠵᠡᠮᠳᠡᠯ᠎ᠢᠶᠠᠨ ᠴᠢᠩᠭᠠᠷᠠᠭᠤᠯᠤᠨ᠂ ᠬᠦᠨᠳᠦ ᠣᠨᠴᠠ ᠶᠡᠭᠡ ᠠᠳᠡᠯ ᠭᠠᠷᠬᠤ᠎ᠶ᠋ᠢ ᠡᠷᠡᠰ ᠬᠤᠷᠢᠭ᠍ᠯᠠᠨ᠎ᠠ᠃ 《ᠶᠡᠭᠡ ᠠᠮᠤᠷ ᠲᠦᠪᠱᠢᠨ ᠪᠠᠴᠢᠮ ᠪᠠᠢᠳᠠᠯ᠎ᠤᠨ ᠬᠠᠮ ᠠᠷᠭᠠᠴᠠᠭᠠᠯᠲᠠ》 ᠶ᠋ᠢᠨ ᠲᠣᠭ᠍ᠲᠠᠯᠴᠠᠭ᠎ᠠ᠎ᠶ᠋ᠢ ᠪᠦᠷᠢᠨᠱᠢᠬᠦᠯᠵᠦ᠍᠂ ᠪᠠᠢᠭᠠᠯᠢ᠎ᠶ᠋ᠢᠨ ᠭᠠᠶ ᠭᠠᠮᠱᠢᠭ ᠢᠯᠠᠩᠭᠤᠶ᠎ᠠ 《ᠲᠤᠨᠳᠠᠰᠤᠨ᠎ᠤ ᠪᠦᠰᠡ ᠤᠮᠠᠷᠠᠰᠢ ᠱᠢᠯᠵᠢᠬᠦ᠌》 ᠪᠠᠢᠳᠠᠯ᠎ᠢ ᠬᠢᠨᠠᠨ ᠱᠢᠨᠵᠢᠵᠦ᠍ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠦᠨ᠂ ᠣᠷᠣᠨ ᠪᠦᠰᠡ᠎ᠶ᠋ᠢᠨ ᠶᠡᠷᠦᠩᠬᠡᠢᠯᠡᠭ᠌ᠰᠡᠨ ᠴᠢᠨᠠᠷᠲᠠᠶ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ᠂ ᠠᠭᠠᠷ ᠠᠶᠠᠯᠠᠯ᠎ᠤᠨ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭ᠍ᠲᠠᠯᠴᠠᠭ᠎ᠠ᠂ ᠪᠠᠴᠢᠮ ᠪᠠᠢᠳᠠᠯ᠎ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ᠌ ᠬᠥᠮᠥᠷᠭᠡ᠂ ᠭᠠᠯ ᠰᠡᠷᠭᠡᠢᠯᠡᠵᠦ᠍ ᠤᠨᠲᠠᠷᠠᠭᠠᠬᠤ ᠠᠪᠤᠷᠠᠨ ᠲᠤᠰᠠᠯᠠᠬᠤ ᠰᠠᠭᠤᠷᠢ ᠪᠡᠯᠡᠳᠭᠡᠮᠵᠢ ᠵᠡᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠣᠢ ᠱᠢᠭᠤᠢ ᠨᠤᠲᠤᠭ ᠪᠡᠯᠴᠢᠭᠡᠷ᠎ᠤᠨ ᠭᠠᠯ ᠲᠦᠢᠮᠡᠷ᠎ᠢ ᠰᠡᠷᠭᠡᠢᠯᠡᠵᠦ᠍ ᠤᠨᠲᠠᠷᠠᠭᠠᠬᠤ᠂ ᠦᠶᠡᠷ ᠢ ᠰᠡᠷᠭᠡᠢᠯᠡᠨ ᠭᠠᠩ ᠬᠠᠭ᠍ᠰᠠᠷᠠᠭᠠᠨ᠎ᠲᠠᠢ ᠲᠡᠮᠡᠴᠡᠵᠦ᠍ ᠭᠠᠮᠱᠢᠭ᠎ᠢ ᠪᠠᠭᠠᠰᠭᠠᠬᠤ᠂ ᠭᠠᠵᠠᠷ ᠬᠦᠳᠡᠯᠦᠯᠲᠡ᠎ᠶ᠋ᠢᠨ ᠭᠠᠢ ᠭᠠᠮᠱᠢᠭ᠎ᠠᠴᠠ ᠰᠡᠷᠭᠡᠢᠯᠡᠬᠦ᠂ ᠬᠡᠴᠡᠭᠦᠦ ᠴᠠᠭ ᠠᠭᠤᠷ᠎ᠢ ᠠᠷᠭᠠᠴᠠᠭᠠᠬᠤ ᠵᠡᠷᠭᠡ ᠴᠢᠳᠠᠪᠤᠷᠢ ᠪᠠ ᠳᠡᠭᠡᠭ᠌ᠰᠢᠯᠡᠭᠦᠯᠦᠨ᠎ᠡ᠃ ᠪᠦᠬᠦ᠌ ᠠᠷᠠᠳ᠎ᠤᠨ ᠪᠠᠴᠢᠮ ᠪᠠᠢᠳᠠᠯ᠎ᠢ ᠠᠷᠭᠠᠴᠠᠭᠠᠬᠤ ᠬᠡᠪ ᠪᠣᠯᠪᠠᠰᠤᠷᠠᠯ ᠢ ᠳᠡᠭᠡᠭ᠌ᠰᠢᠯᠡᠭᠦᠯᠬᠦ᠌ ᠢᠨᠵᠧᠨᠧᠷᠢᠩ ᠢ ᠬᠡᠷᠡᠭ᠌ᠵᠢᠭᠦᠯᠵᠦ᠍᠂ ᠠᠶᠦᠯ ᠦᠭᠡᠢ ᠦᠢᠯᠡᠳᠪᠦᠷᠢᠯᠡᠯ᠎ᠤᠨ ᠲᠠᠯ᠎ᠠ᠎ᠪᠠᠷ᠎ᠬᠢ ᠠᠷᠠᠳ ᠲᠦᠮᠡᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠬᠢᠵᠢᠭᠦᠯᠦᠨ᠎ᠡ᠃ ᠬᠤᠶᠠᠷ᠎ᠲᠤ ᠡᠳ᠋ ᠤᠨ ᠵᠠᠰᠠᠭ ᠮᠦᠩᠭᠦᠨ ᠭᠦᠢᠯᠭᠡᠭᠡᠨ᠎ᠤ ᠲᠥᠭ᠌ᠰᠢᠭᠦᠷᠢ᠎ᠶ᠋ᠢᠨ ᠬᠤᠷᠢᠭ᠎ᠠ ᠱᠤᠭᠤᠮ᠎ᠢ ᠰᠠᠢᠲᠤᠷ ᠰᠠᠬᠢᠨ᠎ᠡ᠃ ᠵᠠᠰᠠᠭ ᠤᠨ ᠣᠷᠳᠣᠨ ᠤ ᠳᠠᠯᠳᠠ ᠥᠷᠢ ᠥᠭ᠌ᠴᠡᠭᠡ᠎ᠶ᠋ᠢ ᠠᠷᠢᠯᠭᠠᠬᠤ ᠪᠠ ᠠᠵᠤ ᠠᠬᠤᠢᠯᠠᠯ᠎ᠳᠤ ᠦᠷᠢᠲᠦᠵᠦ᠍ ᠪᠠᠢᠭ᠎ᠠ ᠲᠠᠩᠰᠠᠨ᠎ᠳᠠᠬᠢ ᠵᠣᠭᠤᠰ᠎ᠢ ᠢᠯᠭᠠᠷᠠᠭᠤᠯᠬᠤ ᠣᠨ᠎ᠤ ᠡᠭᠦᠷᠭᠡ᠎ᠪᠠᠨ ᠪᠡᠶᠡᠯᠡᠭᠦᠯᠵᠦ᠍᠂ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠠᠷ ᠨᠡᠮᠡᠭ᠌ᠳᠡᠭᠦᠯᠦᠭ᠌ᠰᠡᠨ᠂ ᠥᠷᠢ ᠥᠭ᠌ᠴᠡᠭᠡ᠎ᠶ᠋ᠢ ᠪᠣᠳᠠᠲᠠᠶ ᠠᠷᠢᠯᠭᠠᠭ᠍ᠰᠠᠨ ᠦᠭᠡᠢ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ PPP ᠦᠯᠡᠳᠡᠭᠡᠯ ᠲᠥᠷᠥᠯ ᠵᠦᠢᠯ᠎ᠤᠨ ᠲᠦᠭ᠌ᠰᠢᠭᠦᠷᠢ᠎ᠶ᠋ᠢ ᠰᠡᠷᠭᠡᠢᠯᠡᠬᠦ᠌ ᠠᠵᠢᠯ᠎ᠢᠶᠠᠨ ᠰᠠᠢᠲᠤᠷ ᠬᠢᠨ᠎ᠠ᠃ ᠲᠦᠰᠦᠪ᠎ᠤᠨ ᠬᠠᠤᠯᠢ᠎ᠶ᠋ᠢ ᠬᠢᠨᠠᠮᠠᠭᠠᠢ ᠬᠡᠷᠡᠭ᠌ᠵᠢᠭᠦᠯᠵᠦ᠍᠂ ᠡᠳ᠋᠎ᠤᠨ ᠵᠠᠰᠠᠭ᠎ᠤᠨ ᠲᠤᠰᠭᠠᠶ ᠳᠠᠩᠰᠠᠨ ᠡᠷᠦᠬᠡ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ 《ᠭᠤᠷᠪᠠ᠎ᠶ᠋ᠢ ᠪᠠᠲᠤᠯᠠᠬᠤ》 ᠰᠠᠭᠤᠷᠢ ᠱᠤᠭᠤᠮ᠎ᠢ ᠡᠷᠡᠰ ᠪᠠᠲᠤ ᠰᠠᠬᠢᠨ᠎ᠠ᠃ ᠡᠳ᠋᠎ᠤᠨ ᠵᠠᠰᠠᠭ᠎ᠤᠨ ᠳᠠᠭᠠᠭᠠᠬᠤ ᠴᠢᠳᠠᠪᠤᠷᠢ᠎ᠶ᠋ᠢ ᠦᠨᠡᠯᠡᠨ ᠵᠢᠱ᠌ᠢᠬᠦ᠌ ᠠᠷᠭ᠎ᠠ ᠪᠠ ᠲᠥᠪ ᠤᠨ ᠦᠷᠢᠰᠦᠯᠳᠦᠭᠡᠨ᠎ᠤ ᠴᠢᠨᠠᠷᠲᠠᠢ ᠲᠦᠷᠦᠯ ᠵᠦᠢᠯ᠎ᠤᠨ ᠪᠡᠯᠡ ᠮᠦᠩᠭᠦᠨ᠎ᠤ ᠳᠦᠬᠦᠷ ᠠᠷᠭ᠎ᠠ᠎ᠶ᠋ᠢ ᠨᠡᠢᠲᠡᠯᠡᠵᠦ᠍᠂ ᠥᠷᠢ ᠥᠭ᠌ᠴᠡᠭᠡ᠎ᠶ᠋ᠢᠨ ᠲᠦᠭ᠌ᠰᠢᠭᠦᠷᠢ ᠶᠡᠬᠡᠲᠡᠶ ᠭᠠᠵᠠᠷ ᠣᠷᠣᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠢᠯ᠎ᠢ ᠱᠠᠲᠤ ᠳᠡᠪᠱᠢᠭᠦᠯᠦᠨ ᠬᠢᠨᠠᠨ ᠵᠥᠪᠱᠢᠶᠡᠷᠡᠵᠦ᠍᠂ ᠵᠠᠰᠠᠭ᠎ᠤᠨ ᠣᠷᠳᠣᠨ᠎ᠤ ᠦᠢᠯᠡᠴᠢᠯᠡᠭᠡ ᠬᠤᠳᠠᠯᠳᠤᠨ ᠠᠪᠬᠤ ᠦᠢᠯᠡ ᠠᠵᠢᠯᠯᠠᠭ᠎ᠠ᠎ᠶ᠋ᠢ ᠵᠢᠷᠤᠮᠵᠢᠭᠤᠯᠤᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠲᠤᠭ᠎ᠠ ᠬᠡᠮᠵᠢᠶ᠎ᠡ᠎ᠶ᠋ᠢ ᠪᠠᠭᠠᠰᠭᠠᠨ ᠴᠢᠨᠠᠷ ᠴᠢᠨᠰᠠᠭ᠎ᠠ᠎ᠶ᠋ᠢ᠎ᠨᠢ ᠳᠡᠭᠡᠭ᠌ᠰᠢᠯᠡᠭᠦᠯᠬᠦ᠂ ᠲᠦᠭ᠌ᠰᠢᠭᠦᠷᠢ ᠶᠡᠬᠡᠲᠡᠢ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢᠨ ᠲᠥᠭ᠌ᠰᠢᠭᠦᠷᠢ ᠶᠡᠬᠡᠲᠡᠢ ᠵᠡᠷᠭᠡ ᠳᠡᠰ᠎ᠠᠴᠠ ᠪᠤᠴᠠᠵᠤ ᠭᠠᠷᠬᠤ᠎ᠶ᠋ᠢ᠎ᠨᠢ ᠢᠳᠡᠪᠬᠢᠲᠡᠢ ᠠᠬᠢᠭᠤᠯᠤᠨ᠎ᠠ᠃ ᠭᠤᠷᠪᠠ᠎ᠳᠤ ᠨᠡᠢᠭᠡᠮ᠎ᠤᠨ ᠶᠡᠭᠡ ᠲᠠᠯ᠎ᠠ᠎ᠶ᠋ᠢᠨ ᠡᠶ᠎ᠡ ᠵᠣᠬᠢᠴᠠᠩᠭᠤᠢ ᠲᠣᠭ᠍ᠲᠠᠭᠤᠨ ᠪᠠᠢᠬᠤ ᠬᠤᠷᠢᠭ᠎ᠠ ᠱᠤᠭᠤᠮ᠎ᠢ ᠰᠠᠢᠲᠤᠷ ᠰᠠᠬᠢᠨ᠎ᠡ᠃ᠤᠮᠠᠷᠠᠲᠤ ᠬᠢᠵᠠᠭᠠᠷ ᠤᠨ ᠬᠠᠯᠬᠠᠪᠴᠢ᠎ᠶ᠋ᠢᠨ ᠤᠯᠤᠰ ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ ᠶ᠋ᠢ ᠨᠢᠭᠡ ᠴᠣᠭ᠍ᠴᠠᠵᠢᠭᠤᠯᠤᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠳᠠᠢᠰᠤᠩᠨᠠᠬᠤ ᠬᠦᠴᠦᠨ᠎ᠤ ᠨᠡᠪᠴᠢᠯᠲᠡ ᠡᠪᠳᠡᠯᠡᠭᠡ ᠨᠤᠷᠠᠭᠠᠯᠲᠠ᠎ᠶ᠋ᠢᠨ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠬᠦ᠌ ᠪᠠ ᠲᠡᠭᠦᠨ᠎ᠳᠤ ᠴᠣᠬᠢᠯᠲᠠ ᠥᠭ᠌ᠬᠦᠨ᠎ᠡ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠠᠨ ᠬᠠᠮᠲᠤᠳᠭᠠᠵᠤ ᠪᠠᠢᠭᠠᠳ ᠬᠢᠯᠢ ᠬᠢᠵᠠᠭᠠᠷ᠎ᠤᠨ ᠪᠦᠲᠦᠭᠡᠨ ᠪᠠᠢᠭᠤᠯᠤᠯᠲᠠ᠎ᠪᠠᠨ ᠴᠢᠩᠳᠡᠯᠡᠨ ᠬᠢᠯᠢ ᠬᠢᠵᠠᠭᠠᠷ᠎ᠢᠶᠠᠨ ᠪᠠᠬᠢᠵᠢᠭᠦᠯᠬᠦ᠌᠎ᠶ᠋ᠢ᠎ᠨᠢ ᠴᠢᠩᠭᠠᠷᠠᠭᠤᠯᠤᠨ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠶᠡᠭᠡ᠎ᠪᠠᠷ ᠳᠡᠮᠵᠢᠵᠦ᠍᠂ ᠬᠤᠶᠠᠷ᠎ᠢ ᠬᠦᠷᠢᠶᠡᠯᠡᠬᠦ᠌ ᠠᠵᠢᠯ᠎ᠤᠨ ᠲᠤᠭ᠍ᠲᠠᠴᠠ᠎ᠶ᠋ᠢ ᠲᠡᠭᠦᠯᠳᠡᠷᠵᠢᠭᠦᠯᠦᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ ᠪᠠ ᠪᠡᠯᠡᠳᠭᠡᠯ ᠬᠦᠴᠦᠨ᠎ᠤ ᠪᠠᠢᠭᠤᠯᠤᠯᠲᠠ᠎ᠪᠠᠨ ᠴᠢᠩᠭᠠᠳᠭᠠᠨ᠎ᠠ᠃ ᠱᠢᠨ᠎ᠡ ᠴᠠᠭ ᠦᠶ᠎ᠡ᠎ᠶ᠋ᠢᠨ 《ᠹᠧᠩᠴᠢᠶᠣᠤ ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠵᠠᠬᠢᠳᠠᠯ ᠰᠤᠷᠪᠤᠯᠵᠢᠯᠠᠯ᠎ᠤᠨ ᠠᠵᠢᠯ ᠤᠨ ᠬᠠᠤᠯᠢ ᠪᠠᠷ ᠵᠠᠰᠠᠬᠤ᠎ᠶ᠋ᠢ ᠠᠬᠢᠭᠤᠯᠤᠨ᠎ᠠ᠃ ᠨᠡᠢᠭᠡᠮ᠎ᠤᠨ ᠠᠮᠤᠷ ᠲᠦᠪᠱᠢᠨ᠎ᠤ ᠪᠦᠬᠦᠯᠢ ᠴᠤᠭ᠍ᠴᠠ᠎ᠶ᠋ᠢᠨ ᠰᠡᠷᠭᠡᠢᠯᠡᠨ ᠡᠵᠡᠮᠳᠡᠬᠦ᠌ ᠲᠣᠭ᠍ᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ᠎ᠶ᠋ᠢ ᠪᠠᠢᠩᠭᠤᠱᠢᠭᠤᠯᠤᠨ ᠠᠬᠢᠭᠤᠯᠵᠤ᠂ 《ᠬᠤᠯᠠᠭᠠᠢᠯᠠᠬᠤ ᠪᠤᠯᠢᠶᠠᠬᠤ ᠮᠡᠬᠡᠯᠡᠬᠦ᠌》᠂ 《ᠵᠠᠪᠭ᠍ᠠᠢ ᠮᠥᠷᠥᠢ ᠬᠤᠤᠷ》᠂ 《ᠣᠷᠴᠢᠨ ᠲᠣᠭᠤᠷᠢᠨ ᠢᠳᠡᠭᠡᠨ ᠤᠮᠳᠠᠭᠠᠨ ᠡᠮ ᠲᠠᠩ》᠂ ᠰᠦᠯᠵᠢᠶᠡᠨ᠎ᠤ ᠮᠡᠬᠡᠯᠡᠯ ᠵᠡᠷᠭᠡ ᠡᠯ᠎ᠡ ᠲᠥᠷᠥᠯ᠎ᠤᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠠᠰᠤᠨ᠎ᠳᠤ ᠦᠯᠦ᠍ ᠬᠦᠷᠦᠭ᠌ᠰᠡᠳ᠎ᠤᠨ ᠬᠠᠤᠯᠢ ᠠᠴᠠ ᠵᠦᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠰᠡᠷᠭᠡᠢᠯᠡᠬᠦ᠌ ᠪᠠ ᠵᠠᠰᠠᠬᠤ᠎ᠪᠠᠨ ᠴᠢᠩᠭᠠᠳᠭᠠᠨ᠎ᠠ᠃ ᠠᠵᠢᠯᠴᠢᠨ᠎ᠤ ᠡᠪᠯᠡᠯ ᠡᠪ ᠬᠠᠮᠲᠤ ᠵᠠᠯᠠᠭᠤᠴᠤᠳ᠎ᠤᠨ ᠡᠪᠯᠡᠯ ᠡᠮᠡᠭ᠌ᠲᠡᠢᠴᠦᠳ᠎ᠤᠨ ᠬᠤᠯᠪᠣᠭᠠᠲᠤ ᠬᠤᠷᠠᠯ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢᠨ ᠦᠢᠯᠡᠳᠦᠯ᠎ᠢᠶᠠᠨ ᠨᠡᠩ ᠰᠠᠢᠲᠤᠷ ᠪᠠᠳᠠᠷᠠᠭᠤᠯᠬᠤ᠎ᠶ᠋ᠢ᠎ᠨᠢ ᠳᠡᠮᠵᠢᠨ᠎ᠡ᠃ ᠦᠪᠦᠷ ᠮᠣᠩᠭᠤᠯ ᠪᠣᠯ ᠡᠬᠡ ᠤᠯᠤᠰ᠎ᠤᠨ 《ᠤᠮᠠᠷᠠᠲᠤ ᠶᠡᠭᠡ ᠬᠠᠭᠠᠯᠭ᠎ᠠ》᠂ ᠨᠡᠢᠰᠯᠡᠯ᠎ᠤᠨ 《ᠬᠠᠮᠠᠭᠠᠯᠠᠯᠲᠠ᠎ᠶ᠋ᠢᠨ ᠭᠤᠤᠯ》 ᠪᠣᠯᠣᠨ᠎ᠠ᠂ ᠤᠯᠤᠰ ᠣᠷᠣᠨ᠎ᠤ ᠠᠮᠦᠷ ᠲᠦᠪᠱᠢᠨ ᠪᠠ ᠬᠢᠯᠢ ᠬᠢᠵᠠᠭᠠᠷ᠎ᠤᠨ ᠠᠮᠦᠷ ᠲᠣᠭ᠍ᠲᠠᠭᠤᠨ᠎ᠢ ᠰᠠᠢᠲᠤᠷ ᠬᠠᠮᠠᠭᠠᠯᠠᠨ᠂ ᠡᠬᠡ ᠤᠯᠤᠰ᠎ᠤᠨ ᠤᠮᠠᠷᠠᠲᠤ ᠬᠢᠵᠠᠭᠠᠷ ᠤᠨ ᠠᠮᠦᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠬᠦ᠌ ᠪᠣᠯ ᠪᠢᠳᠡᠨ᠎ᠤ ᠵᠠᠢᠯᠠᠭᠤᠯᠵᠤ ᠪᠣᠯᠣᠰᠢ ᠦᠭᠡᠢ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ ᠮᠦᠨ᠃
(ᠭᠤᠷᠪᠠ) ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠶᠡᠭᠡ᠎ᠪᠠᠷ ᠬᠥᠭ᠌ᠵᠢᠭᠦᠯᠵᠦ᠍᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠨᠢᠭᠡ᠎ᠳᠤ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠪᠠ ᠤᠯᠠᠷᠢᠭᠤᠯᠬᠤ ᠠᠵᠢᠯ᠎ᠢ ᠰᠠᠢᠲᠤᠷ ᠬᠢᠨ᠎ᠡ᠃ ᠤᠯᠤᠰ᠎ᠤᠨ ᠨᠡᠭᠦᠷᠡᠰᠦᠨ᠎ᠤ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠰᠠᠭᠤᠷᠢᠨ᠎ᠢ ᠪᠠᠢᠭᠤᠯᠤᠨ ᠬᠦᠴᠦᠷᠬᠡᠭ᠌ᠵᠢᠭᠦᠯᠵᠦ᠍᠂ ᠨᠡᠭᠦᠷᠡᠰᠦᠨ᠎ᠤ ᠭᠠᠷᠤᠯᠲᠠ᠎ᠶ᠋ᠢ 12.5 ᠳ᠋ᠦᠩᠱᠢᠭᠤᠷ ᠲᠣᠨ᠎ᠠᠴᠠ ᠳᠡᠭᠡᠭ᠌ᠰᠢ᠎ᠳᠤ ᠲᠣᠭ᠍ᠲᠠᠪᠤᠷᠢᠵᠢᠭᠤᠯᠤᠨ᠂ ᠤᠯᠤᠰ᠎ᠤᠨ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠬᠤ ᠡᠭᠦᠷᠭᠡ᠎ᠪᠠᠨ ᠡᠷᠡᠰ ᠪᠡᠶᠡᠯᠡᠭᠦᠯᠦᠨ᠎ᠡ᠃ ᠣᠷᠳᠣᠰ᠎ᠲᠠᠬᠢ ᠤᠯᠤᠰ᠎ᠤᠨ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠴᠢᠨᠠᠷ ᠰᠠᠢᠲᠠᠶ ᠪᠥᠲᠥᠭᠡᠨ ᠪᠠᠢᠭᠤᠯᠵᠤ᠂ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠵᠠᠪᠰᠠᠷ᠎ᠤᠨ ᠲᠣᠷᠱᠢᠯᠲᠠ᠎ᠶ᠋ᠢᠨ ᠰᠠᠭᠤᠷᠢᠨ᠎ᠢ ᠰᠠᠢᠲᠤᠷ ᠪᠠᠢᠭᠤᠯᠤᠨ᠎ᠠ᠃ ᠬᠤᠶᠠᠷ᠎ᠲᠤ ᠱᠢᠨ᠎ᠡ ᠡᠨᠧᠷᠭᠢ᠎ᠶ᠋ᠢ ᠭᠠᠳᠠᠭ᠍ᠰᠢ ᠬᠦᠷᠭᠡᠬᠦ᠌ ᠪᠠ ᠪᠠᠭ᠍ᠲᠠᠭᠠᠨ ᠱᠢᠩᠭᠡᠭᠡᠬᠦ᠌ ᠠᠵᠢᠯ᠎ᠢ ᠰᠠᠢᠲᠤᠷ ᠬᠢᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠦᠯᠦᠪᠵᠢᠭᠦᠯᠭᠡ᠎ᠶ᠋ᠢᠨ ᠬᠤᠭᠤᠴᠠᠭᠠᠨ᠎ᠳᠤ ᠴᠤᠬᠤᠯᠠᠪᠤᠷᠢᠯᠠᠭ᠍ᠰᠠᠨ ᠡᠯᠡᠰᠦᠨ ᠴᠥᠯ ᠭᠤᠪᠢ ᠴᠥᠯᠯᠡᠷᠬᠡᠭ ᠣᠷᠣᠨ᠎ᠳᠠᠬᠢ 6 ᠲᠣᠮᠣ ᠰᠠᠭᠤᠷᠢᠨ ᠵᠢᠴᠢ ᠭᠠᠳᠠᠭ᠍ᠰᠢ ᠬᠦᠷᠭᠡᠬᠦ᠌ ᠨᠡᠪᠲᠡᠷᠡᠯ ᠵᠠᠮ ᠢ ᠲᠦᠷᠭᠡᠳᠭᠡᠨ ᠪᠠᠢᠭᠤᠯᠵᠤ᠂ ᠳᠠᠬᠢᠨᠲᠠ ᠡᠯᠡᠰᠦᠨ ᠴᠥᠯ ᠭᠤᠪᠢ ᠴᠥᠯᠯᠡᠷᠬᠡᠭ ᠣᠷᠣᠨ᠎ᠳᠠᠬᠢ 3 ᠲᠣᠮᠣ ᠰᠠᠭᠤᠷᠢᠨ᠎ᠢ ᠲᠥᠯᠥᠪᠵᠢᠭᠦᠯᠭᠡ ᠳᠤ ᠣᠷᠤᠭᠤᠯᠬᠤ ᠪᠠᠷ ᠴᠢᠷᠮᠠᠢᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 3000 ᠲᠦᠮᠡᠨ ᠺᠢᠯᠣᠸᠠᠲ ᠱᠢᠨ᠎ᠡ᠎ᠪᠠᠷ ᠨᠡᠮᠡᠭ᠌ᠳᠡᠭᠦᠯᠬᠦ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠶ᠋ᠢ 3000 ᠳ᠋ᠦᠩᠱᠢᠭᠤᠷ ᠭᠷᠠᠳᠦ᠋ᠰ᠎ᠠᠴᠠ ᠳᠠᠪᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ 500 ᠺᠢᠯᠤᠸᠣᠯᠲ ᠤᠨ ᠴᠠᠬᠢᠯᠭᠠᠨ ᠬᠦᠷᠭᠡᠵᠦ᠍ ᠬᠦᠴᠦᠳᠡᠯ ᠥᠭᠡᠷᠡᠴᠢᠯᠡᠬᠦ᠌ 20 ᠢᠨᠵᠧᠨᠧᠷᠢᠩ ᠢ ᠪᠠᠢᠭᠤᠯᠵᠤ ᠳᠠᠭᠤᠰᠭᠠᠨ᠂ ᠠᠯᠠᠱᠠ᠎ᠠᠴᠠ ᠦᠪᠦᠷ ᠮᠣᠩᠭᠤᠯ᠎ᠤᠨ ᠳᠤᠮᠳᠠ ᠬᠡᠰᠡᠭ ᠭᠠᠵᠠᠷ ᠣᠷᠣᠨ ᠬᠦᠷᠬᠦ᠌ ᠣᠨᠴᠠ ᠥᠨᠳᠥᠷ ᠬᠦᠴᠦᠳᠡᠯᠲᠦ ᠤᠶᠠᠪᠲᠤᠷ ᠲᠣᠭ᠍ᠲᠠᠮᠠᠯ ᠭᠦᠶᠦᠳᠡᠯᠲᠦ ᠴᠠᠬᠢᠯᠭᠠᠨ ᠬᠦᠷᠭᠡᠬᠦ᠌ ᠱᠤᠭᠤᠮ᠎ᠤᠨ ᠨᠤᠲᠠᠯᠠᠯᠲᠠ᠎ᠶ᠋ᠢᠨ ᠠᠵᠢᠯ᠎ᠢ ᠡᠬᠢᠯᠡᠭᠦᠯᠦᠨ᠎ᠡ᠃ ᠴᠠᠬᠢᠯᠭᠠᠨ ᠬᠦᠴᠦᠨ᠎ᠤ ᠲᠣᠣᠷ᠎ᠤᠨ ᠵᠠᠩᠭᠢᠯᠠᠭ᠎ᠠ᠎ᠶ᠋ᠢᠨ ᠴᠡᠭ᠂ ᠱᠢᠨ᠎ᠡ ᠡᠨᠧᠷᠭᠢ ᠲᠥᠪᠯᠡᠷᠡᠭ᠌ᠰᠡᠨ ᠭᠠᠵᠠᠷ ᠣᠷᠣᠨ᠎ᠳᠤ 700 ᠲᠦᠮᠡᠨ ᠺᠢᠯᠣᠸᠠᠲ᠎ᠤᠨ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ ᠶ᠋ᠢᠨ ᠲᠥᠷᠥᠯ ᠵᠦᠢᠯ ᠢ ᠪᠠᠢᠷᠢᠱᠢᠭᠤᠯᠤᠨ ᠪᠦᠲᠦᠭᠡᠨ ᠪᠠᠢᠭᠤᠯᠤᠨ᠎ᠠ᠃ ᠪᠣᠬᠢᠷᠲᠤᠯ ᠥᠬᠡᠶ ᠴᠠᠬᠢᠯᠭᠠᠨ᠎ᠢ ᠱᠢᠭᠤᠳ ᠵᠠᠯᠭᠠᠬᠤ᠂ ᠨᠡᠮᠡᠭ᠌ᠳᠡᠭ᠌ᠰᠡᠨ ᠬᠡᠮᠵᠢᠶᠡᠨ᠎ᠤ ᠴᠠᠬᠢᠯᠭᠠᠨ ᠳᠦᠭᠡᠭᠡᠬᠦ᠌ ᠲᠣᠤᠷ ᠵᠡᠷᠭᠡ ᠪᠠᠭ᠍ᠲᠠᠭᠠᠨ ᠱᠢᠩᠭᠡᠭᠡᠬᠦ᠌ ᠱᠢᠨ᠎ᠡ ᠬᠡᠪ ᠵᠠᠭ᠍ᠪᠤᠷ᠎ᠢ ᠶᠡᠭᠡ᠎ᠪᠠᠷ ᠳᠡᠯᠭᠡᠷᠡᠭᠦᠯᠵᠦ᠍᠂ ᠱᠢᠨ᠎ᠡ᠎ᠪᠠᠷ ᠨᠡᠮᠡᠭ᠌ᠳᠡᠭ᠌ᠰᠡᠨ ᠴᠠᠬᠢᠯᠭᠠᠨ ᠬᠡᠷᠡᠭ᠌ᠯᠡᠬᠦ᠌ ᠬᠡᠮᠵᠢᠶ᠎ᠡ᠎ᠶ᠋ᠢ ᠭᠤᠤᠯᠳᠠᠭᠤ ᠱᠢᠨ᠎ᠡ᠎ᠪᠠᠷ ᠨᠡᠮᠡᠭ᠌ᠳᠡᠭ᠌ᠰᠡᠨ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠯᠲᠠ᠎ᠪᠠᠷ ᠬᠠᠩᠭᠠᠬᠤ᠎ᠶ᠋ᠢ ᠠᠬᠢᠭᠤᠯᠤᠨ᠎ᠠ᠃ ᠭᠤᠷᠪᠠ᠎ᠳᠤ ᠬᠦᠩᠭᠡᠨ ᠳᠤᠮᠳᠠ ᠬᠦᠨᠳᠦ ᠬᠤᠪᠣᠷ ᠱᠢᠷᠤᠢ ᠶ᠋ᠢᠨ ᠪᠦᠬᠦ᠌ ᠠᠵᠤ ᠦᠢᠯᠡᠰ᠎ᠤᠨ ᠬᠡᠯᠬᠢᠶᠡᠨ᠎ᠤ ᠠᠵᠢᠯ᠎ᠢ ᠰᠠᠢᠲᠤᠷ ᠬᠢᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠳᠤ ᠬᠤᠪᠣᠷ ᠱᠢᠷᠣᠶ᠎ᠶ᠋ᠢᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠬᠤᠪᠣᠷ ᠱᠢᠷᠣᠶ᠎ᠶ᠋ᠢᠨ ᠠᠵᠤ ᠦᠢᠯᠡᠰ᠎ᠤᠨ ᠰᠠᠭᠤᠷᠢ ᠮᠥᠩᠭᠦ᠎ᠶ᠋ᠢ ᠪᠠᠢᠭᠤᠯᠤᠨ᠂ ᠬᠦᠩᠭᠡᠨ ᠬᠤᠪᠣᠷ ᠱᠢᠷᠤᠢ᠎ᠶ᠋ᠢᠨ ᠠᠵᠤ ᠦᠢᠯᠡᠰ ᠤᠨ ᠬᠡᠯᠬᠢᠶ᠎ᠡ᠎ᠶ᠋ᠢ ᠤᠷᠳᠤᠳᠭᠠᠨ ᠨᠦᠬᠦᠪᠦᠷᠢᠯᠡᠵᠦ᠍ ᠴᠢᠩᠭᠠᠷᠠᠭᠤᠯᠬᠤ᠎ᠶ᠋ᠢ ᠲᠦᠷᠭᠡᠳᠭᠡᠵᠦ᠍᠂ ᠳᠤᠮᠳᠠ᠎ᠶ᠋ᠢᠨ ᠪᠠ ᠬᠦᠨᠳᠦ ᠬᠤᠪᠣᠷ ᠱᠢᠷᠣᠶ ᠶ᠋ᠢ ᠨᠡᠭᠡᠭᠡᠨ ᠠᠱᠢᠭ᠍ᠯᠠᠬᠤ ᠡᠷᠴᠢᠮ᠎ᠢᠶᠠᠨ ᠴᠢᠩᠭᠠᠷᠠᠭᠤᠯᠵᠤ᠂ ᠪᠠᠶᠬᠠᠣᠪᠣᠭᠠᠳᠠᠬᠢ ᠬᠤᠪᠣᠷ ᠱᠢᠷᠣᠶ᠎ᠶ᠋ᠢᠨ ᠪᠥᠬᠦ᠌ ᠤᠯᠤᠰ᠎ᠤᠨ ᠭᠤᠤᠯᠳᠠᠯᠭ᠎ᠠ ᠪᠣᠯᠬᠤ ᠲᠤᠷᠱᠢᠯᠲᠠ᠎ᠶ᠋ᠢᠨ ᠲᠠᠰᠤᠭ ᠪᠠ ᠤᠯᠤᠰ᠎ᠤᠨ ᠬᠤᠪᠣᠷ ᠱᠢᠷᠣᠶ᠎ᠶ᠋ᠢᠨ ᠴᠢᠳᠠᠮᠵᠢᠲᠤ ᠮᠠᠲ᠋ᠧᠷᠢᠶᠠᠯ ᠦᠢᠯᠡᠳᠬᠦ᠌ ᠦᠢᠯᠡᠰ ᠤᠨ ᠱᠢᠨ᠎ᠡ᠎ᠶ᠋ᠢ ᠡᠭᠦᠳᠬᠦ᠌ ᠲᠥᠪ ᠢ ᠪᠠᠢᠭᠤᠯᠤᠨ ᠬᠦᠴᠦᠷᠬᠡᠭ᠌ᠵᠢᠭᠦᠯᠵᠦ᠍᠂ ᠪᠥᠬᠦ᠌ ᠤᠯᠤᠰ ᠲᠤ ᠬᠠᠨᠳᠤᠭᠤᠯᠤᠭ᠍ᠰᠠᠨ ᠬᠤᠪᠣᠷ ᠱᠢᠷᠣᠶ᠎ᠶ᠋ᠢᠨ ᠦᠢᠯᠡᠳᠬᠦᠨ᠎ᠤ ᠠᠷᠠᠯᠵᠢᠶᠠᠨ ᠤ ᠲᠥᠪ ᠢ ᠪᠥᠲᠥᠭᠡᠨ ᠪᠠᠢᠭᠤᠯᠤᠨ᠎ᠠ᠃ ᠳᠥᠷᠪᠡ᠎ᠳᠤ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠬᠠᠢᠬᠤ ᠱᠢᠪᠲᠤᠯᠤᠯᠲᠠ᠎ᠶ᠋ᠢᠨ ᠠᠵᠢᠯ᠎ᠢ ᠰᠠᠢᠲᠤᠷ ᠬᠢᠨ᠎ᠡ᠃ ᠴᠢᠬᠤᠯᠠ ᠡᠨᠧᠷᠭᠢ ᠪᠣᠯᠣᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠢ ᠬᠠᠢᠨ ᠱᠢᠨᠵᠢᠯᠡᠵᠦ᠍ ᠨᠡᠭᠡᠭᠡᠨ ᠠᠱᠢᠭ᠍ᠯᠠᠬᠤ ᠪᠠ ᠨᠥᠬᠡᠴᠡ᠎ᠶ᠋ᠢ ᠨᠡᠮᠡᠭ᠌ᠳᠡᠭᠦᠯᠦᠨ ᠭᠠᠷᠤᠯᠲᠠ᠎ᠪᠠᠨ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠠᠭᠤᠷᠬᠠᠢ᠎ᠶ᠋ᠢᠨ ᠠᠵᠢᠯ ᠲᠥᠷᠥᠯ ᠤᠨ ᠡᠷᠬᠡ ᠶ᠋ᠢ ᠵᠠᠬ᠎ᠠ ᠳᠡᠯᠭᠡᠭᠦᠷᠴᠢᠯᠡᠨ ᠲᠥᠯᠥᠪᠦᠷᠢᠲᠡᠢ ᠱᠢᠯᠵᠢᠭᠦᠯᠬᠦ᠌ ᠡᠷᠴᠢᠮ ᠢᠶᠠᠨ ᠴᠢᠩᠭᠠᠷᠠᠭᠤᠯᠤᠨ᠎ᠠ᠃ ᠦᠪᠦᠷ ᠮᠣᠩᠭᠤᠯ᠎ᠳᠤ ᠤᠯᠠᠮᠵᠢᠯᠠᠯᠲᠤ ᠡᠨᠧᠷᠬᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠳᠠᠪᠠᠭᠤᠯᠢᠭ ᠪᠠᠢᠬᠤ ᠮᠥᠷᠲᠡᠭᠡᠨ ᠱᠢᠨ᠎ᠡ ᠡᠨᠧᠷᠬᠢ ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠳᠠᠪᠠᠭᠤᠯᠢᠭ ᠴᠦ᠍ ᠪᠠᠢᠳᠠᠭ ᠪᠣᠯᠬᠤᠷ ᠡᠷᠬᠡᠪᠰᠢ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ ᠬᠡᠮᠡᠬᠦ᠌ ᠲᠤᠮᠤ ᠠᠵᠢᠯ᠎ᠢ ᠰᠠᠢᠲᠤᠷ ᠬᠢᠬᠦ᠌ ᠬᠡᠷᠡᠭ᠌ᠲᠡᠢ᠂ ᠡᠨᠡ ᠪᠣᠯ ᠪᠢᠳᠡᠨ᠎ᠤ ᠳᠠᠯᠳᠠ ᠬᠦᠴᠦᠨ᠂ ᠠᠵᠠ ᠲᠣᠬᠢᠶᠠᠯ᠂ ᠳᠠᠷᠬᠠᠨ ᠬᠠᠷᠢᠭᠤᠴᠠᠯᠭ᠎ᠠ ᠪᠣᠯᠣᠨ᠎ᠠ᠃
(ᠳᠥᠷᠪᠡ) ᠲᠠᠷᠢᠶᠠᠯᠠᠩ ᠮᠠᠯ ᠠᠵᠤ ᠠᠬᠤᠶ ᠶ᠋ᠢᠨ ᠬᠡᠯᠪᠡᠷᠢ ᠪᠠᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠲᠠᠷᠢᠶᠠᠯᠠᠩ ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠢ ᠪᠥᠲᠥᠭᠡᠨ ᠪᠠᠢᠭᠤᠯᠤᠨ᠎ᠠ᠃ ᠨᠢᠭᠡ᠎ᠳᠤ ᠶᠡᠷᠦᠩᠬᠡᠢᠯᠡᠭ᠌ᠰᠡᠨ ᠦᠢᠯᠡᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠭᠤᠤᠯ ᠪᠣᠯᠬᠤ ᠠᠮᠤ ᠲᠣᠰᠣᠨ᠎ᠤ ᠲᠠᠷᠢᠮᠠᠯ᠎ᠤᠨ ᠶᠡᠭᠡ ᠬᠡᠪᠴᠢᠶᠡᠨ᠎ᠤ ᠨᠢᠭᠡᠴᠢ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠨᠢ ᠬᠡᠷᠡᠭ᠌ᠵᠢᠭᠦᠯᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 600 ᠲᠦᠮᠡᠨ ᠮᠥ᠍᠎ᠠᠴᠠ ᠳᠡᠭᠡᠭ᠌ᠰᠢ ᠱᠢᠨ᠎ᠡ᠎ᠪᠠᠷ ᠪᠠᠢᠭᠤᠯᠬᠤ ᠪᠠ ᠥᠭᠡᠷᠡᠴᠢᠯᠡᠨ ᠳᠡᠭᠡᠭ᠌ᠰᠢᠯᠡᠭᠦᠯᠵᠦ᠍᠂ ᠬᠠᠷ᠎ᠠ ᠬᠦᠷᠦᠰᠦᠲᠦ ᠭᠠᠵᠠᠷ᠎ᠤᠨ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠭ᠎ᠠ᠎ᠶ᠋ᠢ 1000 ᠲᠦᠮᠡᠨ ᠮᠥ᠍᠎ᠠᠴᠠ ᠳᠡᠭᠡᠭ᠌ᠰᠢ ᠪᠡᠶᠡᠯᠡᠭᠦᠯᠵᠦ᠍᠂ ᠬᠤᠵᠢᠷᠯᠢᠬ ᠲᠠᠷᠢᠶᠠᠯᠠᠬᠤ ᠭᠠᠵᠠᠷ᠎ᠢ 50 ᠲᠦᠮᠡᠨ ᠮᠥ᠍ ᠥᠭᠡᠷᠡᠴᠢᠯᠡᠨ ᠳᠡᠭᠡᠭ᠌ᠰᠢᠯᠡᠭᠦᠯᠦᠨ᠎ᠡ᠃ ᠲᠡᠵᠢᠭᠡᠯ ᠡᠪᠡᠰᠦ ᠪᠣᠷᠳᠣᠭᠠᠨ᠎ᠤ ᠬᠠᠩᠭᠠᠯᠭ᠎ᠠ᠎ᠶ᠋ᠢ ᠳᠡᠭᠡᠭ᠌ᠰᠢᠯᠡᠭᠦᠯᠬᠦ᠂ ᠠᠯᠠᠱᠢᠨ ᠦᠬᠡᠷ ᠠᠯᠠᠱᠢᠨ ᠬᠤᠨᠢᠨ᠎ᠤ ᠭᠠᠷᠤᠯᠲᠠ ᠪᠠ ᠦᠷ᠎ᠡ ᠠᠱᠢᠭ᠎ᠢ ᠨᠡᠮᠡᠭ᠌ᠳᠡᠭᠦᠯᠬᠦ᠂ ᠰᠦ ᠰᠠᠭᠠᠯᠢ ᠶ᠋ᠢᠨ ᠦᠢᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠨᠢ ᠬᠡᠷᠡᠭ᠌ᠵᠢᠭᠦᠯᠵᠦ᠍᠂ ᠮᠢᠬ᠎ᠠ ᠰᠦᠨ᠎ᠤ ᠭᠠᠷᠤᠯᠲᠠ᠎ᠶ᠋ᠢ ᠲᠣᠰ ᠪᠦᠷᠢ 310 ᠲᠦᠮᠡᠨ ᠲᠣᠨ ᠪᠠ 750 ᠲᠦᠮᠡᠨ ᠲᠣᠨ ᠣᠷᠴᠢᠮ᠎ᠳᠤ ᠲᠣᠭ᠍ᠲᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠬᠤ᠂ ᠦᠢᠯᠡᠳᠪᠦᠷᠢᠯᠡᠯ᠎ᠢ ᠨᠠᠢᠳᠠᠨ ᠬᠠᠮᠢᠶᠠᠷᠤᠭᠤᠯᠬᠤ᠂ ᠲᠠᠷᠢᠶᠠᠯᠠᠩ᠎ᠤᠨ ᠮᠠᠱᠢᠨ᠎ᠢᠶᠠᠷ ᠠᠵᠢᠯᠯᠠᠬᠤ᠂ ᠨᠥᠭᠡᠴᠡᠯᠡᠵᠦ᠍ ᠲᠡᠭᠡᠭᠡᠪᠦᠷᠢᠯᠡᠬᠦ᠌ ᠵᠡᠷᠭᠡ ᠲᠠᠷᠢᠶᠠᠯᠠᠩ ᠮᠠᠯ ᠠᠵᠤ ᠠᠬᠤᠶ᠎ᠶ᠋ᠢᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶ᠋ᠢ ᠲᠡᠭᠦᠯᠳᠡᠷᠵᠢᠭᠦᠯᠵᠦ᠍᠂ ᠣᠳᠣ ᠦᠶ᠎ᠡ᠎ᠶ᠋ᠢᠨ ᠲᠠᠷᠢᠶᠠᠯᠠᠩ (ᠮᠠᠯ ᠠᠵᠤ ᠠᠬᠤᠶ) ᠤᠨ ᠶᠠᠪᠤᠳᠠᠯ᠎ᠤᠨ ᠶᠡᠷᠦᠩᠬᠡᠢᠯᠡᠭ᠌ᠰᠡᠨ ᠦᠢᠯᠡᠴᠢᠯᠡᠭᠡᠨ᠎ᠤ ᠲᠥᠪ᠎ᠢ 200 ᠠᠴᠠ ᠳᠡᠭᠡᠭ᠌ᠰᠢ ᠪᠦᠲᠦᠭᠡᠨ ᠪᠠᠢᠭᠤᠯᠤᠨ᠎ᠠ᠃ ᠬᠤᠶᠠᠷ᠎ᠲᠤ 《ᠦᠷ᠎ᠡ ᠴᠢᠫ》 ᠤᠨ ᠢᠨᠵᠧᠨᠧᠷᠢᠩ ᠢ ᠬᠡᠷᠡᠭ᠌ᠵᠢᠭᠦᠯᠦᠨ᠎ᠡ᠃ ᠲᠠᠷᠢᠮᠠᠯ᠂ ᠣᠨᠴᠠᠯᠢᠭ᠍ᠲᠤ ᠭᠡᠷ᠎ᠤᠨ ᠲᠡᠵᠢᠭᠡᠪᠦᠷᠢ᠂ ᠣᠢ ᠱᠢᠭᠤᠢ ᠨᠤᠲᠤᠭ ᠪᠡᠯᠴᠢᠭᠡᠷ ᠭᠤᠷᠪᠠᠨ ᠲᠤᠮᠤ ᠬᠦᠷᠢᠶ᠎ᠡ ᠴᠠᠷᠠᠭᠠᠨ᠎ᠤ ᠲᠣᠭᠤᠷᠢᠨ᠎ᠳᠤ᠂ ᠦᠷ᠎ᠡ ᠡᠭᠦᠯᠳᠡᠷ᠎ᠤᠨ ᠤᠭ ᠭᠠᠷᠤᠯᠲᠠ᠎ᠶ᠋ᠢᠨ ᠪᠡᠶ᠎ᠡ᠎ᠪᠠᠨ ᠳᠠᠭᠠᠭᠠᠨ ᠡᠵᠡᠮᠳᠡᠵᠦ᠍ ᠪᠣᠯᠬᠤᠢ᠌ᠴᠠ᠎ᠪᠠᠷ ᠬᠠᠷᠠᠯᠲᠠ ᠪᠣᠯᠭᠠᠵᠤ᠂ ᠪᠦᠬᠦ᠌ ᠤᠯᠤᠰ᠎ᠲᠤ ᠲᠡᠷᠢᠭᠦᠯᠡᠬᠦ᠌ ᠦᠬᠡᠷ᠂ ᠬᠤᠨᠢ᠂ ᠪᠡᠯᠴᠢᠭᠡᠷ ᠡᠪᠡᠰᠦᠨ᠎ᠤ ᠦᠷ᠎ᠡ ᠡᠭᠦᠯᠳᠡᠷ᠎ᠤᠨ ᠭᠠᠷᠤᠯᠲᠠ᠎ᠶ᠋ᠢᠨ ᠰᠠᠭᠤᠷᠢᠨ ᠪᠠ ᠤᠯᠤᠰ᠎ᠤᠨ ᠦᠨᠳᠦᠷ ᠲᠦᠪᠱᠢᠨ ᠪᠦᠬᠦᠢ ᠡᠮᠦᠨ᠎ᠡ ᠣᠷᠣᠨ᠎ᠳᠠᠬᠢ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠦᠷᠡᠵᠢᠭᠦᠯᠵᠦ᠍ ᠪᠦᠢᠵᠢᠭᠤᠯᠤᠨ ᠲᠠᠷᠢᠬᠤ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠬᠡᠷ ᠬᠤᠨᠢ᠂ ᠡᠷᠳᠡᠨᠢ ᠱᠢᠰᠢ᠂ ᠲᠥᠮᠥᠰᠥ᠍᠂ ᠱᠢᠷ᠎ᠠ ᠪᠣᠷᠴᠠᠭ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠤ᠂ ᠪᠠᠶᠠᠨᠨᠠᠭᠤᠷ᠎ᠲᠠᠬᠢ ᠤᠯᠤᠰ᠎ᠤᠨ ᠲᠠᠷᠢᠶᠠᠯᠠᠩ᠎ᠤᠨ ᠳᠡᠭᠡᠳᠦ ᠱᠢᠨ᠎ᠡ ᠮᠡᠷᠭᠡᠵᠢᠯ᠎ᠤᠨ ᠠᠵᠤ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠣᠨ ᠪᠠ ᠬᠢᠩᠭᠠᠨ ᠠᠢᠮᠠᠭ᠎ᠤᠨ ᠣᠳᠣ ᠦᠶ᠎ᠡ᠎ᠶ᠋ᠢᠨ ᠮᠠᠯ ᠠᠵᠤ ᠠᠬᠤᠢ᠎ᠶ᠋ᠢᠨ ᠲᠤᠷᠱᠢᠯᠲᠠ᠎ᠶ᠋ᠢᠨ ᠣᠷᠣᠨ᠎ᠢ ᠴᠢᠨᠠᠷ ᠰᠠᠢᠲᠠᠢ ᠪᠠᠢᠭᠤᠯᠵᠤ᠂ ᠤᠯᠠᠭᠠᠨᠬᠠᠳᠠ᠎ᠶ᠋ᠢ ᠳᠡᠮᠵᠢᠵᠦ᠍ ᠪᠠᠢᠭᠠᠳ ᠥᠪᠥᠷ ᠮᠣᠩᠭᠤᠯ ᠤᠨ ᠵᠡᠭᠦᠨ ᠬᠡᠰᠡᠭ᠎ᠤᠨ ᠲᠠᠷᠢᠮᠠᠯ᠎ᠤᠨ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ᠎ᠶ᠋ᠢ ᠪᠠᠢᠭᠤᠯᠤᠨ᠎ᠠ᠃ ᠭᠤᠷᠪᠠ᠎ᠳᠤ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠨᠠᠷᠢᠯᠢᠬ ᠭᠦᠨ ᠡᠳ᠋ᠱᠢᠭᠦᠯᠦᠨ ᠪᠣᠯᠪᠠᠰᠤᠷᠠᠭᠤᠯᠬᠤ ᠪᠠ ᠪᠣᠬᠢᠷᠲᠤᠯ ᠥᠬᠡᠶ ᠣᠷᠭᠠᠨᠢᠭ ᠨᠠᠷᠠᠲᠤ ᠲᠡᠮᠲᠡᠭ᠎ᠢ ᠱᠢᠯᠢᠳᠡᠭ᠌ᠵᠢᠭᠦᠯᠦᠨ᠎ᠡ᠃ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠦᠢᠯᠡᠳᠬᠦ᠌ ᠦᠢᠯᠡᠰ᠂ ᠬᠠᠲᠠᠭᠤ ᠲᠥᠯᠥᠪᠲᠦ ᠴᠠᠭᠠᠨ ᠢᠳᠡᠭᠡ᠂ ᠣᠬᠢ ᠴᠢᠨᠠᠷᠲᠠᠢ ᠦᠬᠡᠷ ᠬᠤᠨᠢᠨ ᠮᠢᠬ᠎ᠠ᠂ ᠠᠮᠢᠲᠠᠨ᠎ᠤ ᠸᠠᠺᠼᠢᠨ᠂ ᠠᠱᠢᠭ᠍ᠲᠤ ᠪᠠᠺᠲ᠋ᠧᠷᠢ᠂ ᠣᠨᠴᠠᠭᠠᠢ ᠵᠦᠢᠯ᠎ᠤᠨ ᠠᠮᠢᠨᠣ᠋ ᠬᠦᠴᠢᠯ ᠵᠡᠷᠭᠡ ᠥᠨᠳᠥᠷ ᠨᠡᠮᠡᠯᠲᠡ ᠥᠷᠲᠡᠭ᠌ᠲᠦ ᠠᠵᠤ ᠦᠢᠯᠡᠰ᠎ᠢ ᠶᠡᠭᠡ᠎ᠪᠠᠷ ᠬᠥᠭ᠌ᠵᠢᠭᠦᠯᠵᠦ᠍᠂ ᠤᠯᠤᠰ ᠤᠨ ᠲᠠᠰ᠎ᠤᠨ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠤᠨ ᠪᠦᠯᠦᠭ᠌ᠵᠢᠯ᠎ᠢ 1 ᠱᠢᠨ᠎ᠡ ᠪᠠᠷ ᠨᠡᠮᠡᠭ᠌ᠳᠡᠭᠦᠯᠵᠦ᠍᠂ 20 ᠠᠴᠠ ᠳᠡᠭᠡᠭ᠌ᠰᠢ ᠡᠳ᠋ᠱᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠎ᠢ ᠱᠢᠨ᠎ᠡ᠎ᠪᠠᠷ ᠬᠡᠪᠴᠢᠶᠡᠵᠢᠯ᠎ᠠᠴᠠ ᠳᠡᠭᠡᠭ᠌ᠰᠢᠬᠢ ᠠᠵᠤ ᠠᠬᠤᠢ᠌ᠯᠠᠯ ᠪᠣᠯᠭᠠᠨ᠎ᠠ᠃ ᠥᠪᠥᠷ ᠮᠣᠩᠭᠤᠯ᠎ᠤᠨ ᠦᠬᠡᠷ ᠬᠤᠨᠢᠨ ᠮᠢᠬ᠎ᠠ᠂ ᠪᠢᠱᠢᠯᠠᠭ᠂ ᠲᠥᠮᠦᠰᠦ᠂ ᠵᠢᠮᠢᠰ ᠢᠳᠡᠱᠢᠨ ᠨᠣᠭᠤᠭ᠎ᠠ᠂ ᠡᠯᠳᠡᠪ ᠠᠮᠤ ᠵᠡᠷᠭᠡ ᠣᠷᠣᠨ ᠪᠦᠰᠡ᠎ᠶ᠋ᠢᠨ ᠨᠡᠷᠡᠲᠦ ᠲᠡᠮᠳᠡᠭ᠎ᠢ ᠪᠦᠢᠵᠢᠭᠤᠯᠵᠤ᠂ ᠦᠬᠡᠷ ᠬᠤᠨᠢᠨ ᠮᠢᠬ᠎ᠠ᠂ ᠣᠬᠢ ᠴᠠᠭᠠᠨ ᠭᠤᠯᠢᠷ᠂ ᠨᠡᠷᠡᠨ ᠬᠤᠸᠠᠷ᠎ᠤᠨ ᠦᠷ᠎ᠡ᠂ ᠰᠣᠭ᠍ᠰᠣᠷᠭᠠ᠂ ᠨᠠᠷᠢᠮᠦ᠍᠂ ᠰᠣᠷᠭᠤᠭ ᠠᠮᠳᠠ᠎ᠲᠠᠢ ᠡᠷᠳᠡᠨᠢ ᠱᠢᠰᠢ ᠵᠡᠷᠭᠡ ᠪᠣᠬᠢᠷᠲᠤᠯ ᠦᠭᠡᠢ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠨᠦᠯᠦᠭᠡᠯᠡᠬᠦ᠌ ᠬᠦᠴᠦᠨ ᠪᠦᠬᠦᠢ ᠨᠡᠷᠡᠲᠦ ᠲᠡᠮᠳᠡᠭ᠎ᠢ ᠬᠦᠴᠦᠨ᠎ᠢᠶᠠᠨ ᠲᠥᠪᠯᠡᠷᠡᠭᠦᠯᠦᠨ ᠪᠣᠢ ᠪᠣᠯᠭᠠᠵᠤ᠂ 《ᠥᠪᠥᠷ ᠮᠣᠩᠭᠤᠯ》 ᠨᠡᠷᠡᠮᠵᠢᠲᠦ ᠠᠵᠤ ᠠᠬᠤᠢᠯᠠᠯ᠎ᠢ 30 ᠠᠴᠠ ᠳᠡᠭᠡᠭ᠌ᠰᠢ ᠱᠢᠨ᠎ᠡ᠎ᠪᠠᠷ ᠦᠨᠡᠮᠱᠢᠨ ᠭᠡᠷᠡᠴᠢᠯᠡᠵᠦ᠍᠂ ᠲᠦᠩᠯᠢᠶᠣᠤ᠎ᠶ᠋ᠢ ᠳᠡᠮᠵᠢᠵᠦ᠍ ᠪᠠᠢᠭᠠᠳ ᠪᠥᠬᠦ᠌ ᠤᠯᠤᠰ᠎ᠤᠨ ᠠᠯᠠᠱᠢᠨ ᠦᠬᠡᠷ᠎ᠤᠨ ᠠᠵᠤ ᠦᠢᠯᠡᠰ᠎ᠤᠨ ᠴᠢᠬᠤᠯᠠ ᠭᠠᠵᠠᠷ᠎ᠢ ᠪᠦᠲᠦᠭᠡᠨ ᠪᠠᠢᠭᠤᠯᠤᠨ᠎ᠠ᠃ ᠦᠪᠦᠷ ᠮᠣᠩᠭᠤᠯ᠎ᠤᠨ ᠦᠬᠡᠷ ᠬᠤᠨᠢᠨ ᠮᠢᠬᠠᠨ᠎ᠤ ᠠᠷᠠᠯᠵᠢᠶᠠᠨ᠎ᠤ ᠲᠥᠪ᠎ᠢ ᠶᠠᠮᠦᠨ ᠥᠪᠡᠷᠲᠡᠭᠡᠨ ᠵᠠᠰᠠᠬᠤ ᠣᠷᠣᠨ ᠬᠠᠮᠲᠤ᠎ᠪᠠᠷ ᠪᠠᠢᠭᠤᠯᠵᠤ᠂ ᠠᠷᠠᠯᠵᠢᠶᠠᠯᠠᠭ᠍ᠰᠠᠨ ᠲᠤᠭ᠎ᠠ᠎ᠶ᠋ᠢ 100 ᠳ᠋ᠦᠩᠱᠢᠭᠤᠷ ᠲᠥᠭᠦᠷᠢᠭ᠎ᠲᠤ ᠬᠦᠷᠦᠭᠦᠯᠬᠦ᠌ᠪᠠᠷ ᠬᠦᠴᠦᠯᠡᠨ ᠴᠢᠷᠮᠠᠢᠨ᠎ᠠ᠃ ᠪᠡᠭᠡᠵᠢᠩ ᠱᠠᠩᠬᠠᠢ ᠭᠤᠸᠠᠩᠳᠦ᠋ᠩ ᠱᠧᠨᠵᠧᠨ ᠵᠡᠷᠭᠡ ᠭᠠᠵᠠᠷ᠎ᠤᠨ ᠲᠣᠮᠣ ᠬᠡᠯᠪᠡᠷᠢ᠎ᠶ᠋ᠢᠨ ᠲᠠᠷᠢᠶᠠᠯᠠᠩ ᠠᠵᠤ ᠦᠢᠯᠡᠳᠪᠦᠷᠢ ᠬᠤᠳᠠᠯᠳᠤᠭᠠᠨ᠎ᠤ ᠬᠥᠲᠥᠴᠢ ᠠᠵᠤ ᠠᠬᠤᠢᠯᠠᠯ ᠪᠠ ᠣᠷᠣᠨ ᠪᠦᠰᠡ᠎ᠶ᠋ᠢᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠯᠦᠭᠡ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠡᠷᠡᠭ᠌ᠯᠡᠭᠡ᠎ᠶ᠋ᠢᠨ ᠭᠤᠣᠯ ᠪᠣᠯᠬᠤ ᠭᠠᠵᠠᠷ ᠣᠷᠣᠨ᠎ᠳᠤ ᠦᠬᠡᠷ ᠬᠤᠨᠢᠨ ᠮᠢᠬᠠᠨ ᠤ ᠤᠷᠢᠳᠠᠴᠢ ᠨᠢᠳᠤᠯᠵᠤ ᠡᠳ᠋ᠱᠢᠭᠦᠯᠦᠨ ᠪᠣᠯᠪᠠᠰᠤᠷᠠᠭᠤᠯᠬᠤ ᠲᠥᠪ᠎ᠢ ᠪᠠᠢᠭᠤᠯᠤᠨ᠎ᠠ᠃ ᠦᠪᠦᠷ ᠮᠣᠩᠭᠤᠯ᠎ᠤᠨ ᠠᠭᠠᠷ᠎ᠨᠢ ᠰᠤᠷᠭᠤᠭ᠂ ᠤᠰᠤ ᠨᠢ ᠲᠤᠩᠭᠠᠯᠠᠭ᠂ ᠬᠦᠷᠦᠰᠦ᠎ᠨᠢ ᠴᠡᠪᠡᠷ᠂ ᠡᠨᠡ ᠪᠣᠯ ᠳᠠᠷᠤᠢ ᠦᠢᠯᠡᠳᠪᠦᠷᠢᠯᠡᠯ᠎ᠤᠨ ᠬᠦᠴᠦᠨ᠂ ᠦᠷᠢᠰᠦᠯᠳᠦᠬᠦ᠌ ᠬᠦᠴᠦᠨ ᠮᠦᠨ᠂ ᠪᠢᠳᠡ ᠥᠪᠥᠷ ᠮᠣᠩᠭᠤᠯ᠎ᠤᠨ᠎ᠢᠶᠠᠨ ᠨᠡᠩ ᠣᠯᠠᠨ ᠴᠢᠨᠠᠷ ᠰᠠᠢᠲᠠᠶ ᠮᠦᠷᠲᠡᠭᠡᠨ ᠦᠨᠡᠳᠤ ᠬᠦᠷᠬᠦ᠌ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢ ᠪᠥᠬᠦ᠌ ᠤᠯᠤᠰ᠎ᠤᠨ ᠠᠷᠠᠳ ᠲᠦᠮᠡᠨ᠎ᠤ ᠬᠤᠭᠤᠯᠠᠨ ᠱᠢᠷᠡᠭᠡᠨ᠎ᠳᠤ ᠭᠠᠷᠭᠠᠨ᠎ᠠ᠃
(ᠲᠠᠪᠤ) ᠳᠤᠮᠳᠠᠳᠤ ᠤᠯᠤᠰ (ᠥᠪᠥᠷ ᠮᠣᠩᠭᠤᠯ) ᠤᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠢ ᠡᠭᠦᠳᠦᠨ ᠪᠠᠢᠭᠤᠯᠬᠤ᠎ᠪᠠᠷ ᠬᠦᠲᠦᠯᠦᠮᠵᠢ ᠪᠣᠯᠭᠠᠵᠤ᠂ ᠮᠠᠨ᠎ᠤ ᠤᠯᠤᠰ ᠤᠨ ᠤᠮᠠᠷᠠᠰᠢ ᠨᠡᠭᠡᠭᠡᠯᠳᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠨ᠎ᠠ᠃ ᠨᠢᠭᠡ᠎ᠳᠤ ᠨᠡᠭᠡᠭᠡᠯᠲᠡ ᠬᠢᠬᠦ᠌ ᠲᠠᠪᠴᠠᠩ ᠢ ᠬᠦᠴᠦᠷᠬᠡᠭ᠌ᠵᠢᠭᠦᠯᠦᠨ᠎ᠡ᠃ ᠴᠢᠯᠥᠭᠡᠲᠦ ᠠᠷᠠᠯᠵᠢᠶᠠᠨ᠎ᠤ ᠲᠣᠷᠱᠢᠯᠲᠠ᠎ᠶ᠋ᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠡᠭᠦᠳᠦᠨ ᠪᠠᠢᠭᠤᠯᠵᠤ᠂ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠲᠦᠷᠢᠮᠯᠦᠭᠡ ᠰᠠᠨᠠᠭᠠᠴᠢᠯᠠᠭ᠎ᠠ᠎ᠠᠴᠠ᠎ᠪᠠᠨ ᠵᠠᠯᠭᠠᠯᠳᠤᠭᠤᠯᠵᠤ᠂ ᠲᠦᠷᠢᠮ᠎ᠤᠨ ᠬᠡᠯᠪᠡᠷᠢᠲᠦ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠶ᠎ᠶ᠋ᠢᠨ ᠬᠤᠩᠭᠢᠯ᠎ᠢ ᠪᠦᠲᠦᠭᠡᠨ ᠪᠠᠢᠭᠤᠯᠬᠤ᠎ᠳᠤ ᠨᠠᠩ ᠰᠠᠢᠲᠤᠷ ᠣᠷᠤᠯᠴᠠᠨ᠎ᠠ᠃ ᠮᠠᠨᠵᠤᠤᠷ᠂ ᠡᠷᠢᠶᠡᠨ ᠬᠤᠲᠠ᠂ ᠭᠠᠭ᠍ᠴᠠᠮᠣᠳᠣ᠂ ᠴᠡᠭᠡ᠂ ᠮᠠᠨᠳᠤᠯ ᠵᠡᠷᠭᠡ ᠭᠤᠣᠯᠳᠠᠯᠭ᠎ᠠ ᠪᠣᠯᠬᠤ ᠬᠢᠯᠢ᠎ᠶ᠋ᠢᠨ ᠪᠣᠭᠤᠮᠲᠠ᠎ᠶ᠋ᠢᠨ ᠳᠡᠭᠡᠭ᠌ᠰᠢᠯᠡᠭᠦᠯᠦᠯᠲᠡᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠂ ᠳᠤᠮᠳᠠᠳᠤ ᠮᠣᠩᠭᠤᠯ᠎ᠤᠨ ᠡᠷᠢᠶᠡᠨ ᠬᠤᠲᠠ— ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠂ ᠮᠠᠨᠵᠤᠤᠷ᠎ᠤᠨ ᠠᠵᠤ ᠦᠢᠯᠡᠰ᠎ᠤᠨ ᠬᠠᠮᠵᠢᠯᠴᠠᠭᠠᠨ᠎ᠤ ᠬᠦᠷᠢᠶᠡᠯᠡᠩ ᠲᠣᠭᠤᠷᠢᠭ᠎ᠢ ᠲᠦᠷᠭᠡᠳᠭᠡᠨ ᠪᠠᠢᠭᠤᠯᠵᠤ᠂ ᠮᠠᠨᠳᠤᠯ᠂ ᠭᠠᠭ᠍ᠴᠠᠮᠤᠳᠤ ᠬᠢᠯᠢ᠎ᠶ᠋ᠢᠨ ᠪᠣᠭᠤᠮᠲᠠ᠎ᠶ᠋ᠢᠨ ᠵᠠᠬ᠎ᠠ᠎ᠶ᠋ᠢᠨ ᠠᠷᠠᠯᠵᠢᠶᠠᠨ᠎ᠤ ᠣᠷᠣᠨ᠎ᠢ ᠪᠠᠢᠭᠤᠯᠤᠨ ᠠᠵᠢᠯᠯᠠᠭᠤᠯᠵᠤ᠂ ᠬᠥᠬᠡᠬᠤᠲᠠ ᠣᠷᠳᠣᠰ ᠮᠠᠨᠵᠤᠤᠷ ᠵᠡᠷᠭᠡ 3 ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠬᠤᠶᠠᠷ᠎ᠲᠤ ᠨᠡᠭᠡᠭᠡᠯᠲᠡ ᠬᠢᠬᠦ᠌ ᠨᠡᠪᠲᠡᠷᠡᠯ ᠵᠠᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠭᠠᠭ᠍ᠴᠠᠮᠤᠳᠤ᠎ᠶ᠋ᠢᠨ ᠬᠢᠯᠢ ᠠᠯᠤᠰᠯᠠᠭ᠍ᠰᠠᠨ ᠲᠡᠮᠦᠷ ᠵᠠᠮ᠂ ᠡᠷᠢᠶᠡᠨ ᠬᠤᠲᠠ᠎ᠶ᠋ᠢᠨ ᠵᠠᠰᠠᠮᠠᠯ ᠵᠠᠮ᠎ᠤᠨ ᠬᠢᠯᠢ᠎ᠶ᠋ᠢᠨ ᠪᠣᠭᠤᠮᠲᠠ᠎ᠶ᠋ᠢᠨ ᠪᠠᠷᠠᠭᠠᠨ᠎ᠤ ᠲᠡᠭᠡᠭᠡᠪᠦᠷᠢ᠎ᠶ᠋ᠢᠨ ᠬᠤᠶᠠᠳᠤᠭᠠᠷ ᠨᠡᠪᠲᠡᠷᠡᠯ ᠵᠠᠮ ᠵᠡᠷᠭᠡ ᠭᠤᠤᠯᠳᠠᠯᠭ᠎ᠠ ᠪᠣᠯᠬᠤ ᠵᠠᠮ ᠬᠠᠷᠢᠯᠴᠠᠭᠠᠨ᠎ᠤ ᠰᠠᠭᠤᠷᠢ ᠪᠡᠯᠡᠳᠭᠡᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠤᠨ᠎ᠠ᠃ ᠠᠦ᠋ᠲ᠋ᠣ᠋ ᠵᠠᠮᠴᠢᠯᠠᠬᠤ ᠲᠡᠷᠭᠡ᠂ ᠵᠢᠯᠤᠭᠤᠴᠢ ᠦᠭᠡᠢ ᠬᠦᠨᠳᠦ ᠠᠴᠢᠶᠠᠨ᠎ᠤ ᠮᠠᠱᠢᠨ ᠲᠡᠷᠭᠡ ᠵᠡᠷᠭᠡ᠎ᠶ᠋ᠢᠨ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢ ᠳᠡᠮᠵᠢᠨ ᠥᠷᠨᠢᠭᠦᠯᠵᠦ᠍᠂ ᠡᠷᠢᠶᠡᠨ ᠬᠤᠲᠠ ᠵᠡᠷᠭᠡ ᠬᠢᠯᠢ᠎ᠶ᠋ᠢᠨ ᠪᠣᠭᠤᠮᠲᠠ᠎ᠳᠤ 《ᠵᠠᠰᠠᠮᠠᠯ ᠵᠠᠮ᠎ᠤᠨ ᠬᠢᠯᠢ᠎ᠶ᠋ᠢᠨ ᠪᠣᠭᠤᠮᠲᠠ + ᠬᠠᠷᠢᠶ᠎ᠠ ᠭᠠᠵᠠᠷ᠎ᠲᠤ ᠱᠢᠭᠤᠳ ᠨᠡᠪᠲᠡᠷᠡᠬᠦ᠌》 ᠵᠠᠭ᠍ᠪᠤᠷ᠎ᠤᠨ ᠥᠭᠡᠷᠡᠴᠢᠯᠡᠯᠲᠡ᠎ᠶ᠋ᠢ ᠦᠷᠨᠢᠭᠦᠯᠦᠨ᠂ ᠭᠠᠭ᠍ᠴᠠᠮᠤᠳᠤ᠎ᠳᠤ ᠳ᠋ᠢᠭᠢᠲᠴᠢᠯᠡᠭ᠌ᠰᠡᠨ ᠣᠶᠣᠨᠴᠢᠯᠠᠭ᠍ᠰᠠᠨ ᠨᠢᠭᠡ ᠦᠷᠲᠡᠭᠡᠴᠢᠯᠡᠭ᠌ᠰᠡᠨ ᠮᠠᠶᠢᠭ᠎ᠢᠶᠠᠷ ᠪᠣᠭᠤᠮᠲᠠ ᠪᠠᠷ ᠲᠦᠷᠭᠡᠨ ᠥᠩᠭᠡᠷᠡᠭᠦᠯᠬᠦ᠌ ᠲᠤᠷᠱᠢᠯᠲᠠ᠎ᠶ᠋ᠢᠨ ᠴᠡᠭ᠎ᠢ ᠬᠡᠷᠡᠭ᠌ᠵᠢᠭᠦᠯᠦᠨ᠎ᠡ᠃ ᠬᠥᠬᠡᠬᠤᠲᠠ᠂ ᠤᠯᠠᠭᠠᠨᠴᠠᠪ ᠤᠨ ᠳᠤᠮᠳᠠᠳᠤ ᠧᠦ᠋ᠷᠣᠫᠠ᠎ᠶ᠋ᠢᠨ ᠡᠭᠡᠯᠵᠢ᠎ᠶ᠋ᠢᠨ ᠭᠠᠯᠲᠤ ᠲᠡᠷᠭᠡᠨ᠎ᠤ ᠵᠠᠩᠭᠢᠯᠠᠭ᠎ᠠ᠎ᠶ᠋ᠢᠨ ᠴᠡᠭ ᠪᠣᠯᠬᠤ ᠬᠤᠲᠠ ᠪᠠ ᠮᠠᠨᠵᠤᠤᠷ᠎ᠲᠠᠬᠢ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠨᠢᠭᠡ ᠪᠦᠯᠦᠭ ᠣᠯᠠᠨ ᠨᠡᠢᠲᠡ᠎ᠶ᠋ᠢᠨ ᠭᠠᠳᠠᠭᠠᠳᠤ᠎ᠳᠠᠬᠢ ᠰᠠᠩ ᠬᠦᠮᠦᠷᠭᠡ᠎ᠶ᠋ᠢ ᠱᠢᠨ᠎ᠡ᠎ᠪᠠᠷ ᠪᠦᠢᠵᠢᠭᠤᠯᠤᠨ ᠦᠨᠡᠮᠱᠢᠨ ᠲᠣᠭ᠍ᠲᠠᠭᠠᠵᠤ᠂ ᠪᠠᠷᠠᠭᠠᠨ᠎ᠤ ᠢᠷᠡᠯᠲᠡ᠎ᠶ᠋ᠢ ᠲᠥᠪᠯᠡᠷᠡᠭᠦᠯᠵᠦ᠍ ᠬᠤᠪᠢᠶᠠᠷᠢᠯᠠᠬᠤ ᠴᠢᠳᠠᠪᠤᠷᠢ ᠪᠠ ᠪᠤᠴᠠᠬᠤ᠎ᠳᠠᠭᠠᠨ ᠳᠦᠭᠦᠷᠡᠩ ᠠᠴᠢᠶᠠᠯᠠᠬᠤ ᠨᠣᠷᠮ᠎ᠠ᠎ᠶ᠋ᠢ᠎ᠨᠢ ᠳᠡᠭᠡᠭ᠌ᠰᠢᠯᠡᠭᠦᠯᠦᠨ᠎ᠡ᠃ ᠭᠤᠷᠪᠠ᠎ᠳᠤ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠢ᠎ᠶ᠋ᠢ ᠶᠡᠭᠡ᠎ᠪᠠᠷ ᠬᠦᠭ᠌ᠵᠢᠭᠦᠯᠦᠨ᠎ᠡ᠃ ᠥᠷᠭᠡᠨ ᠬᠡᠷᠡᠭ᠌ᠴᠡᠭᠡᠨ᠎ᠤ ᠲᠠᠸᠠᠷ᠎ᠤᠨ ᠠᠷᠠᠯᠵᠢᠶᠠᠨ᠎ᠤ ᠬᠡᠮᠵᠢᠶ᠎ᠡ᠎ᠶ᠋ᠢ ᠲᠣᠭ᠍ᠲᠠᠭᠤᠨ ᠪᠠᠢᠯᠭᠠᠵᠤ᠂ ᠱᠢᠨ᠎ᠡ ᠡᠨᠧᠷᠭᠢ᠎ᠶ᠋ᠢᠨ ᠮᠠᠱᠢᠨ ᠲᠡᠷᠬᠡ᠂ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭ᠌ᠳᠡᠬᠦᠨ ᠮᠠᠯ ᠤᠨ ᠠᠱᠢᠭ ᠱᠢᠮ᠎ᠡ ᠵᠡᠷᠭᠡ ᠭᠤᠣᠯᠳᠠᠯᠭ᠎ᠠ ᠪᠣᠯᠬᠤ ᠲᠠᠸᠠᠷ᠎ᠤᠳ ᠢ ᠭᠠᠳᠠᠭᠠᠳᠤ ᠳᠤ ᠭᠠᠷᠭᠠᠬᠤ᠎ᠪᠠᠨ ᠦᠷᠭᠡᠳᠭᠡᠵᠦ᠍᠂ ᠭᠠᠳᠠᠭᠠᠳᠤ᠎ᠠᠴᠠ ᠣᠷᠣᠭᠤᠯᠬᠤ ᠭᠤᠤᠯ ᠪᠣᠯᠬᠤ ᠪᠦᠲᠦᠭᠡᠭ᠌ᠳᠡᠬᠦᠨᠨᠦᠭᠦᠳᠢ ᠨᠤᠲᠤᠭ᠍ᠰᠢᠭᠤᠯᠤᠨ ᠡᠳ᠋ᠱᠢᠭᠦᠯᠵᠦ᠍ ᠪᠣᠯᠪᠠᠰᠤᠷᠠᠭᠤᠯᠬᠤ ᠬᠡᠮᠵᠢᠶ᠎ᠡ᠎ᠪᠠᠨ 300 ᠲᠦᠮᠡᠨ ᠲᠣᠨ᠎ᠠᠴᠠ ᠳᠡᠭᠡᠭ᠌ᠰᠢ ᠱᠢᠨ᠎ᠡ᠎ᠪᠠᠷ ᠨᠡᠮᠡᠭ᠌ᠳᠡᠭᠦᠯᠦᠨ᠎ᠡ᠃ ᠳᠤᠮᠳᠠᠳᠤ ᠠᠽᠢᠶ᠎ᠠ᠂ ᠳᠤᠮᠳᠠᠳᠤ ᠳᠣᠷᠣᠨᠠᠲᠤ᠌᠂ ᠵᠡᠭᠦᠨ ᠡᠮᠦᠨᠡᠲᠦ ᠠᠽᠢᠶ᠎ᠠ ᠪᠠ ᠱᠢᠶᠠᠩᠭᠠᠩ ᠤᠤᠮᠧᠨ ᠵᠡᠷᠭᠡ᠎ᠶ᠋ᠢᠨ ᠵᠠᠬ᠎ᠠ ᠳᠡᠯᠭᠡᠭᠦᠷ᠎ᠢ ᠨᠡᠭᠡᠭᠡᠨ ᠥᠷᠭᠡᠳᠭᠡᠵᠦ᠍᠂ ᠳ᠋ᠢᠭᠢᠲ ᠠᠵᠤ ᠠᠬᠤᠶ᠂ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠮᠡᠨᠳᠦ᠂ ᠰᠤᠷᠭᠠᠨ ᠬᠦᠮᠦᠵᠢᠯ ᠵᠡᠷᠭᠡ ᠬᠦᠷᠢᠶ᠎ᠡ ᠴᠠᠷᠠᠭᠠᠨ᠎ᠳᠠᠬᠢ ᠬᠠᠮᠲᠤᠷᠠᠯᠴᠠᠭᠠᠨ᠎ᠤ ᠣᠷᠣᠨ ᠵᠠᠶ᠎ᠶ᠋ᠢ ᠥᠷᠭᠡᠳᠭᠡᠨ᠎ᠡ᠃ ᠲᠦᠭ᠌ᠰᠢᠭᠦᠷᠢ᠎ᠶ᠋ᠢ ᠰᠡᠷᠡᠮᠵᠢᠯᠡᠭᠦᠯᠬᠦ᠂ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ᠂ ᠮᠡᠳᠡᠯᠭᠡ ᠶ᠋ᠢᠨ ᠥᠮᠴᠢᠯᠡᠯ ᠤᠨ ᠡᠷᠬᠡ᠎ᠶ᠋ᠢ ᠬᠠᠮᠠᠭᠠᠯᠠᠬᠤ ᠵᠡᠷᠭᠡ ᠭᠠᠳᠠᠭᠠᠳᠤ ᠳᠠᠬᠢ ᠶᠡᠷᠦᠩᠬᠡᠢᠯᠡᠭ᠌ᠰᠡᠨ ᠦᠢᠯᠡᠴᠢᠯᠡᠭᠡᠨ ᠤ ᠳᠣᠭ᠍ᠲᠠᠯᠴᠠᠭᠠᠶ᠋ᠢ ᠲᠡᠭᠦᠯᠳᠡᠷᠵᠢᠭᠦᠯᠦᠨ᠎ᠡ᠃ ᠥᠪᠥᠷ ᠮᠣᠩᠭᠤᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ ᠮᠥᠨ᠂ ᠪᠢᠳᠡ ᠨᠠᠩ ᠥᠷᠭᠡᠨ ᠳᠡᠯᠭᠡᠷ ᠳᠡᠯᠡᠬᠡᠢ᠎ᠶ᠋ᠢᠨ ᠬᠠᠷᠠᠭᠠᠰᠤ᠎ᠠᠴᠠ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠂ ᠥᠪᠥᠷ ᠮᠣᠩᠭᠤᠯ᠎ᠢ ᠳᠡᠯᠡᠬᠡᠶ ᠳ᠋ᠠᠬᠢᠨ᠎ᠳᠤ ᠨᠠᠩ ᠰᠠᠢᠨ ᠨᠡᠭᠡᠭᠡᠯᠲᠡ᠎ᠲᠠᠢ ᠪᠣᠯᠭᠠᠵᠤ᠂ ᠳᠡᠯᠡᠬᠡᠶ ᠳ᠋ᠠᠬᠢᠨ᠎ᠳᠤ ᠥᠪᠥᠷ ᠮᠣᠩᠭᠤᠯ᠎ᠢᠶᠠᠨ ᠨᠠᠩ ᠰᠠᠢᠲᠤᠷ ᠣᠢ᠌ᠯᠠᠭᠠᠭᠤᠯᠤᠨ᠎ᠠ᠃
ᠭᠤᠷᠪᠠ᠂ ᠳᠣᠯᠣᠭᠠᠨ ᠵᠦᠢᠯ᠎ᠤᠨ ᠭᠤᠣᠯᠳᠠᠯᠭ᠎ᠠ ᠪᠣᠯᠬᠤ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠨ᠎ᠠ
(ᠨᠢᠭᠡ) ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ᠎ᠳᠤ ᠰᠠᠭᠤᠷᠢᠯᠠᠨ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ᠎ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ ᠤᠨ ᠳᠣᠭ᠍ᠲᠠᠯᠴᠠᠭᠠᠶ᠋ᠢ ᠪᠠᠢᠭᠤᠯᠤᠨ᠎ᠠ᠃
ᠨᠢᠭᠡ ᠳᠤ ᠤᠯᠠᠮᠵᠢᠯᠠᠯᠲᠤ ᠠᠵᠤ ᠦᠢᠯᠡᠰ᠎ᠤᠨ ᠴᠢᠨᠠᠷ ᠢ ᠨᠢ ᠳᠡᠭᠡᠭ᠌ᠰᠢᠯᠡᠭᠦᠯᠵᠦ᠍ ᠳᠡᠰ ᠳᠡᠪᠱᠢᠭᠦᠯᠬᠦ᠌ ᠪᠠᠨ ᠲᠦᠷᠭᠡᠳᠭᠡᠨ᠎ᠡ᠃ ᠠᠵᠤ ᠦᠢᠯᠡᠳᠪᠦᠷᠢ ᠶ᠋ᠢᠨ ᠲᠥᠬᠦᠭᠡᠷᠦᠮᠵᠢ᠎ᠶ᠋ᠢᠨ ᠱᠢᠨᠡᠴᠢᠯᠡᠯᠲᠡ ᠪᠠ ᠮᠡᠷᠭᠡᠵᠢᠯ᠎ᠢᠶᠠᠨ ᠦᠭᠡᠷᠡᠴᠢᠯᠡᠨ ᠱᠢᠨᠡᠳᠭᠡᠵᠦ᠍ ᠴᠢᠨᠠᠷ᠎ᠢ᠎ᠨᠢ ᠳᠡᠭᠡᠭ᠌ᠰᠢᠯᠡᠭᠦᠯᠦᠨ ᠦᠷ᠎ᠡ ᠠᠱᠢᠭ᠎ᠢ᠎ᠨᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠲᠡᠮᠦᠷᠯᠢᠭ ᠬᠠᠢᠯᠤᠭᠤᠯᠬᠤ᠂ ᠬᠢᠮᠢ᠎ᠶ᠋ᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠠᠷᠢᠯᠭ᠎ᠠ᠎ᠶ᠋ᠢᠨ ᠮᠠᠲ᠋ᠧᠷᠢᠶᠠᠯ ᠵᠡᠷᠭᠡ ᠠᠵᠤ ᠦᠢᠯᠡᠰ᠎ᠤᠨ ᠳ᠋ᠢᠬᠢᠲᠴᠢᠯᠡᠬᠦ᠌ ᠤᠶᠤᠨᠴᠢᠯᠠᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ᠎ᠨᠢ ᠠᠬᠢᠭᠤᠯᠵᠤ᠂ ᠲᠡᠷᠢᠭᠦᠨ ᠲᠡᠰ᠎ᠤᠨ ᠣᠶᠣᠨᠴᠢ ᠦᠢᠯᠡᠳᠪᠦᠷᠢ᠎ᠶ᠋ᠢ 50 ᠪᠦᠢᠵᠢᠭᠤᠯᠤᠨ᠂ ᠪᠣᠬᠢᠷᠲᠤᠯ ᠦᠭᠡᠢ ᠦᠢᠯᠡᠳᠪᠦᠷᠢ᠎ᠶ᠋ᠢ 90 ᠱᠢᠨ᠎ᠡ᠎ᠪᠠᠷ ᠪᠠᠢᠭᠤᠯᠤᠨ᠎ᠠ᠃ ᠰᠦ ᠰᠠᠭᠠᠯᠢ᠎ᠶ᠋ᠢᠨ ᠦᠢᠯᠡᠰ᠂ ᠬᠤᠪᠣᠷ ᠱᠢᠷᠤᠢ᠂ ᠦᠩᠭᠡᠲᠦ ᠲᠡᠮᠦᠷᠯᠢᠭ᠂ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠭᠡᠷᠡᠯᠴᠢ ᠴᠡᠨᠡᠭ ᠵᠡᠷᠭᠡ ᠮᠢᠩᠭᠠᠨ ᠳ᠋ᠦᠩᠱᠢᠭᠤᠷ᠎ᠤᠨ ᠳᠡᠰ᠎ᠤᠨ ᠠᠵᠤ ᠦᠢᠯᠡᠰ᠎ᠤᠨ ᠬᠡᠯᠬᠢᠶ᠎ᠡ᠎ᠶ᠋ᠢ ᠴᠤᠬ᠍ᠴᠠᠯᠠᠵᠤ᠂ ᠲᠡᠷᠢᠭᠦᠨ᠎ᠤ ᠦᠢᠯᠡᠳᠬᠦ᠌ ᠦᠢᠯᠡᠰ᠎ᠤᠨ ᠴᠢᠳᠠᠪᠤᠷᠢ ᠳᠡᠰ᠎ᠢ᠎ᠨᠢ ᠳᠡᠭᠡᠭ᠌ᠰᠢᠯᠡᠭᠦᠯᠦᠨ᠎ᠡ᠃ ᠱᠢᠨ᠎ᠡ ᠬᠡᠯᠪᠡᠷᠢᠲᠦ ᠬᠠᠢᠯᠤᠰᠢ᠎ᠶ᠋ᠢᠨ ᠮᠠᠲ᠋ᠧᠷᠢᠶᠠᠯ᠎ᠤᠨ ᠠᠵᠤ ᠦᠢᠯᠡᠰ᠎ᠢ ᠬᠥᠭ᠌ᠵᠢᠭᠦᠯᠵᠦ᠍᠂ ᠬᠦᠩᠭᠡᠨᠴᠠᠭᠠᠨ᠂ ᠵᠡᠰ᠂ ᠬᠠᠷ᠎ᠠ ᠲᠤᠭᠤᠯᠭ᠎ᠠ᠂ ᠴᠠᠢᠷ᠂ ᠮᠠᠭ᠍ᠨᠢ᠂ ᠯᠢᠲ᠋ᠢ ᠵᠡᠷᠭᠡ ᠥᠩᠭᠡᠲᠦ ᠲᠡᠮᠦᠷᠯᠢᠭ ᠢ ᠨᠠᠷᠢᠯᠢᠬ ᠬᠦᠨ ᠡᠳ᠋ᠱᠢᠭᠦᠯᠦᠨ ᠪᠣᠯᠪᠠᠰᠤᠷᠠᠭᠤᠯᠬᠤ ᠬᠢᠷᠢ ᠲᠦᠪᠱᠢᠨ᠎ᠢᠶᠠᠨ ᠳᠡᠭᠡᠭ᠌ᠰᠢᠯᠡᠭᠦᠯᠵᠦ᠍᠂ ᠳᠡᠭᠡᠳᠦ ᠴᠡᠪᠡᠷᠴᠢ ᠬᠦᠩᠭᠡᠨᠴᠠᠭᠠᠨ᠂ ᠵᠡᠰ᠎ᠤᠨ ᠰᠠᠭᠤᠷᠢ᠎ᠲᠦ ᠬᠠᠢᠯᠤᠰᠢ᠂ ᠲᠡᠷᠢᠭᠦᠨ᠎ᠤ ᠴᠡᠨᠡᠭ᠎ᠤᠨ ᠮᠠᠲ᠋ᠧᠷᠢᠶᠠᠯ ᠵᠡᠷᠭᠡ ᠳᠡᠭᠡᠳᠦ ᠲᠠᠰ᠎ᠤᠨ ᠦᠢᠯᠡᠳᠬᠦᠨ᠎ᠤ ᠬᠡᠪᠴᠢᠶᠡᠵᠢᠯ᠎ᠢ ᠪᠤᠵᠠᠭᠠᠢᠷᠠᠭᠤᠯᠤᠨ᠎ᠠ᠃ ᠪᠤᠭᠤᠲᠤ᠎ᠶ᠋ᠢᠨ ᠰᠣᠳᠣᠨ ᠪᠣᠯᠣᠳ ᠮᠠᠲ᠋ᠧᠷᠢᠶᠠᠯ᠎ᠤᠨ ᠰᠠᠭᠤᠷᠢᠨ ᠪᠠᠢᠭᠤᠯᠬᠤ᠂ ᠣᠷᠳᠣᠰ᠎ᠤᠨ ᠦᠨᠳᠦᠷ ᠬᠦᠩᠭᠡᠨᠴᠠᠭᠠᠨ᠎ᠲᠤ ᠨᠤᠨᠲᠠᠭ ᠨᠡᠭᠦᠷᠡᠰᠦᠨ ᠦᠨᠡᠰᠦ᠎ᠶ᠋ᠢ ᠶᠡᠷᠦᠩᠬᠡᠢᠯᠡᠨ ᠠᠱᠢᠭ᠍ᠯᠠᠬᠤ ᠰᠠᠭᠤᠷᠢᠨ ᠪᠠᠢᠭᠤᠯᠬᠤ᠂ ᠪᠤᠭᠤᠲᠤ ᠲᠦᠩᠯᠢᠶᠣᠤ᠎ᠶ᠋ᠢᠨ ᠳᠡᠭᠡᠳᠦ ᠲᠠᠰ᠎ᠤᠨ ᠬᠦᠩᠭᠡᠨᠴᠠᠭᠠᠨ᠎ᠤ ᠰᠡᠭᠦᠯᠴᠢ᠎ᠶ᠋ᠢᠨ ᠡᠳ᠋ᠱᠢᠭᠦᠯᠦᠨ ᠪᠣᠯᠪᠠᠰᠤᠷᠠᠭᠤᠯᠬᠤ ᠰᠠᠭᠤᠷᠢᠨ ᠪᠠᠢᠭᠤᠯᠬᠤ᠂ ᠤᠯᠠᠭᠠᠨᠬᠠᠳᠠ᠎ᠶ᠋ᠢᠨ ᠪᠣᠬᠢᠷᠲᠤᠯ ᠦᠭᠡᠶ ᠯᠢᠲ᠋ᠢ᠎ᠶ᠋ᠢᠨ ᠠᠵᠤ ᠦᠢᠯᠡᠰ᠎ᠤᠨ ᠰᠠᠭᠤᠷᠢᠨ ᠪᠠ ᠳᠡᠭᠡᠳᠦ ᠲᠠᠰ᠎ᠤᠨ ᠥᠩᠭᠡᠲᠦ ᠲᠡᠮᠦᠷᠯᠢᠭ᠎ᠤᠨ ᠠᠵᠤ ᠦᠢᠯᠡᠰ᠎ᠤᠨ ᠪᠥᠭᠡᠮᠨᠡᠷᠡᠯ᠎ᠤᠨ ᠣᠷᠣᠨ ᠪᠠᠢᠭᠤᠯᠬᠤ᠎ᠶ᠋ᠢ᠎ᠨᠢ ᠳᠡᠮᠵᠢᠨ᠎ᠡ᠃
ᠬᠤᠶᠠᠷ᠎ᠲᠤ ᠱᠢᠨ᠎ᠡ᠎ᠪᠠᠷ ᠮᠠᠨᠳᠤᠵᠤ ᠪᠠᠢᠭ᠎ᠠ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠤᠢᠵᠢᠭᠤᠯᠤᠨ ᠪᠤᠵᠠᠭᠠᠢᠷᠠᠭᠤᠯᠤᠨ᠎ᠠ᠃ ᠬᠤᠷᠢᠨᠭᠡᠷ᠎ᠤᠨ ᠳ᠋ᠠᠢᠲ᠋ᠠ᠎ᠶ᠋ᠢᠨ ᠲᠥᠪ᠎ᠤᠨ ᠪᠦᠯᠦᠭ᠌ᠵᠢᠯ᠎ᠤᠨ ᠪᠥᠬᠦ᠌ ᠤᠯᠤᠰ᠎ᠲᠤ ᠲᠡᠷᠢᠭᠦᠯᠡᠬᠦ᠌ ᠪᠣᠬᠢᠷᠲᠤᠯ ᠥᠬᠡᠶ ᠪᠣᠳᠣᠬᠤ ᠴᠢᠳᠠᠪᠤᠷᠢ ᠪᠠ ᠳ᠋ᠠᠢᠲ᠋ᠠ᠎ᠶ᠋ᠢᠨ ᠠᠵᠤ ᠦᠢᠯᠡᠰ᠎ᠤᠨ ᠪᠥᠭᠡᠮᠨᠡᠷᠡᠯ᠎ᠤᠨ ᠣᠷᠣᠨ ᠪᠥᠲᠥᠭᠡᠨ ᠪᠠᠢᠭᠤᠯᠬᠤ᠎ᠶ᠋ᠢ᠎ᠨᠢ ᠳᠡᠮᠵᠢᠵᠦ᠍᠂ ᠬᠤᠷᠢᠨᠭᠡᠷ ᠬᠢᠭᠡᠳ ᠤᠯᠠᠭᠠᠨᠴᠠᠪ᠎ᠤᠨ ᠣᠷᠣᠨ ᠬᠡᠰᠡᠭ᠎ᠤᠨ ᠬᠦᠴᠦᠨ ᠵᠦᠢᠯ᠎ᠢᠶᠠᠷ᠎ᠢᠶᠠᠨ ᠬᠠᠷᠢᠯᠴᠠᠨ ᠲᠤᠰᠠᠯᠠᠯᠴᠠᠬᠤ᠂ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠂ ᠬᠠᠮᠵᠢᠯᠴᠠᠨ ᠬᠦᠭ᠌ᠵᠢᠬᠦ᠌᠎ᠶ᠋ᠢ᠎ᠨᠢ ᠠᠬᠢᠭᠤᠯᠵᠤ᠂ ᠪᠣᠬᠢᠷᠲᠤᠯ ᠦᠭᠡᠢ ᠪᠤᠳᠤᠬᠤ ᠴᠢᠳᠠᠪᠤᠷᠢ ᠶ᠋ᠢᠨ ᠠᠵᠤ ᠦᠢᠯᠡᠰ᠎ᠢ ᠪᠣᠵᠠᠭᠠᠢ᠌ᠷᠠᠭᠤᠯᠤᠨ ᠬᠦᠴᠦᠷᠬᠡᠭ᠌ᠵᠢᠭᠦᠯᠵᠦ᠍᠂ ᠪᠤᠳᠤᠬᠤ ᠴᠢᠳᠠᠪᠤᠷᠢ᠎ᠶ᠋ᠢᠨ ᠲᠤᠨᠤᠭ ᠲᠦᠭᠦᠭᠡᠷᠦᠮᠵᠢ ᠦᠢᠯᠡᠳᠬᠦ᠌ ᠦᠢᠯᠡᠰ ᠢ ᠪᠦᠢᠵᠢᠭᠤᠯᠤᠨ᠂ ᠳ᠋ᠠᠢᠲ᠋ᠠ ᠪᠣᠯᠪᠠᠰᠤᠷᠠᠭᠤᠯᠬᠤ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠵᠦ᠍᠂ ᠳ᠋ᠠᠢᠲ᠋ᠠ᠎ᠶ᠋ᠢᠨ ᠠᠷᠠᠯᠵᠢᠶᠠᠨ᠎ᠤ ᠲᠦᠪ ᠪᠠ ᠪᠤᠳᠤᠬᠤ ᠴᠢᠳᠠᠪᠤᠷᠢ᠎ᠶ᠋ᠢᠨ ᠲᠣᠬᠢᠷᠠᠭᠤᠯᠤᠯᠲᠠ᠎ᠶ᠋ᠢᠨ ᠲᠦᠪ᠎ᠢ ᠳᠡᠰ ᠳᠡᠪᠱᠢᠭᠦᠯᠦᠨ᠎ᠡ᠃ 《ᠵᠣᠬᠢᠶᠠᠮᠠᠯ ᠣᠶᠣᠨ +》 ᠠᠵᠢᠯᠯᠠᠭ᠎ᠠ᠎ᠨᠢ ᠥᠷᠨᠢᠭᠦᠯᠦᠨ᠂ ᠠᠵᠤ ᠠᠬᠤᠢ᠌ᠯᠠᠯ᠎ᠢ ᠳᠡᠮᠵᠢᠵᠦ᠍ ᠪᠠᠢᠭᠠᠳ ᠣᠨᠴᠠᠯᠢᠭ᠍ᠲᠤ ᠠᠵᠤ ᠦᠢᠯᠡᠰ ᠪᠠ ᠣᠯᠠᠨ ᠨᠡᠢᠲᠡ᠎ᠶ᠋ᠢᠨ ᠵᠠᠰᠠᠯᠲᠠ᠎ᠶ᠋ᠢᠨ ᠡᠭ᠌ᠴᠡ ᠲᠤᠮᠤ ᠬᠡᠪ ᠵᠠᠭ᠍ᠪᠤᠷ᠎ᠢ ᠰᠤᠳᠤᠯᠤᠨ ᠨᠡᠭᠡᠭᠡᠵᠦ᠍ ᠪᠣᠲᠠᠲᠠᠢᠵᠢᠭᠤᠯᠤᠨ᠂ ᠵᠣᠬᠢᠶᠠᠮᠠᠯ ᠤᠶᠤᠨ᠎ᠤ ᠠᠬᠤᠢ ᠪᠠᠢᠳᠠᠯ᠎ᠤᠨ ᠨᠡᠭᠡᠭᠡᠯᠲᠡ᠎ᠶ᠋ᠢ ᠠᠬᠢᠭᠤᠯᠵᠤ᠂ ᠣᠷᠳᠣᠰ᠎ᠤᠨ 《ᠲᠡᠷᠭᠡ ᠵᠠᠮ ᠡᠭᠦᠯᠡ᠎ᠶ᠋ᠢᠨ ᠨᠢᠭᠡ ᠴᠣᠭ᠍ᠴᠠᠵᠢᠯᠲᠠ》᠂ 《ᠣᠶᠣᠨᠲᠤ ᠵᠠᠮ ᠬᠠᠷᠢᠯᠴᠠᠭ᠎ᠠ》 ᠬᠤᠶᠠᠷ ᠲᠤᠷᠱᠢᠯᠲᠠ᠎ᠶ᠋ᠢᠨ ᠴᠡᠭ᠎ᠤᠨ ᠪᠥᠲᠥᠭᠡᠨ ᠪᠠᠢᠭᠤᠯᠤᠯᠲᠠ ᠶ᠋ᠢ ᠳᠡᠮᠵᠢᠨ᠎ᠡ᠃ ᠪᠥᠬᠦ᠌ ᠤᠯᠤᠰ᠎ᠤᠨ ᠱᠢᠨ᠎ᠡ ᠡᠨᠧᠷᠭᠢ ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠴᠢᠬᠤᠯᠠ ᠰᠠᠭᠤᠷᠢᠨ ᠢ ᠪᠥᠲᠥᠭᠡᠨ ᠪᠠᠢᠭᠤᠯᠵᠤ᠂ ᠠᠭᠤᠷᠬᠠᠶ ᠳᠤ ᠬᠡᠷᠡᠭ᠌ᠯᠡᠬᠦ᠌ ᠱᠢᠨ᠎ᠡ ᠡᠨᠧᠷᠭᠢ᠎ᠶ᠋ᠢᠨ ᠠᠴᠢᠶᠠᠨ ᠤ ᠮᠠᠱᠢᠨ ᠲᠡᠷᠭᠡ᠂ ᠴᠡᠨᠡᠭ ᠤᠨ ᠮᠠᠲ᠋ᠧᠷᠢᠶᠠᠯ ᠵᠡᠷᠭᠡ ᠲᠣᠨᠤᠭ ᠲᠥᠬᠦᠭᠡᠷᠦᠮᠵᠢ ᠵᠢᠴᠢ ᠰᠡᠯᠪᠢᠭ ᠲᠣᠨᠤᠭ᠎ᠤᠨ ᠪᠥᠬᠦ᠌ ᠠᠵᠤ ᠦᠢᠯᠡᠰ᠎ᠤᠨ ᠬᠡᠯᠬᠢᠶᠡᠨ᠎ᠤ ᠬᠥᠭ᠌ᠵᠢᠯᠲᠡ᠎ᠶ᠋ᠢ ᠳᠡᠮᠵᠢᠵᠦ᠍᠂ ᠠᠵᠤ ᠠᠬᠤᠢᠯᠠᠯ᠎ᠤᠨ ᠶᠡᠷᠦᠩᠬᠡᠶ ᠬᠡᠯᠲᠡᠰ ᠪᠠ ᠰᠤᠳᠤᠯᠤᠨ ᠨᠡᠭᠡᠭᠡᠬᠦ᠌ ᠲᠥᠪ᠎ᠢ ᠣᠷᠣᠭᠤᠯᠵᠤ ᠠᠪᠴᠢᠷᠠᠨ ᠰᠠᠭᠤᠷᠢᠱᠢᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ (ᠲᠦᠩᠯᠢᠶᠣᠤ) ᠲᠠᠬᠢ ᠳᠡᠭᠡᠳᠦ ᠲᠠᠰ᠎ᠤᠨ ᠬᠦᠨᠳᠦ ᠬᠡᠯᠪᠡᠷᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠰᠠᠭᠤᠷᠢᠨ᠎ᠢ ᠪᠠᠢᠭᠤᠯᠤᠨ᠂ ᠪᠤᠭᠤᠲᠤ᠎ᠳᠠᠬᠢ ᠤᠰᠤᠲᠥ᠋ᠷᠥᠭ᠌ᠴᠢ ᠡᠨᠧᠷᠭᠢ᠎ᠶ᠋ᠢᠨ ᠲᠣᠨᠤᠭ ᠲᠥᠬᠦᠭᠡᠷᠦᠮᠵᠢ ᠦᠢᠯᠡᠳᠬᠦ᠌ ᠠᠵᠤ ᠦᠢᠯᠡᠰ᠎ᠤᠨ ᠬᠦᠷᠢᠶᠡᠯᠡᠩ᠂ ᠣᠷᠳᠣᠰ᠎ᠲᠠᠬᠢ ᠤᠰᠤᠲᠥ᠋ᠷᠥᠭ᠌ᠴᠢ ᠦᠢᠯᠡᠳᠬᠦ᠌ ᠲᠣᠨᠤᠭ ᠲᠥᠬᠦᠭᠡᠷᠦᠮᠵᠢ᠎ᠶ᠋ᠢ ᠪᠠᠢᠴᠠᠭᠠᠨ ᠱᠢᠯᠭᠠᠵᠤ ᠪᠠᠢᠴᠠᠭᠠᠨ ᠱᠢᠨᠵᠢᠬᠦ᠌ ᠪᠣᠲᠠᠲᠠᠢ ᠨᠣᠲᠠᠯᠠᠯᠲᠠ ᠶ᠋ᠢᠨ ᠲᠠᠪᠴᠠᠩ᠎ᠢ ᠪᠠᠢᠭᠤᠯᠵᠤ᠂ ᠱᠢᠨ᠎ᠡ ᠬᠡᠯᠪᠡᠷᠢ᠎ᠶ᠋ᠢᠨ ᠨᠥᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ ᠦᠢᠯᠡᠳᠬᠦ᠌ ᠦᠢᠯᠡᠰ᠎ᠤᠨ ᠪᠦᠯᠦᠭ᠌ᠵᠢᠯ᠎ᠢ ᠪᠤᠢᠵᠢᠭᠤᠯᠤᠨ᠎ᠠ᠃ ᠳᠣᠣᠷ᠎ᠠ ᠠᠭᠠᠷ᠎ᠤᠨ ᠠᠵᠤ ᠠᠬᠤᠢ᠎ᠶ᠋ᠢ ᠡᠮᠬᠢ ᠵᠢᠷᠤᠮ᠎ᠲᠠᠢ ᠬᠥᠭ᠌ᠵᠢᠭᠦᠯᠵᠦ᠍᠂ ᠡᠯ᠎ᠡ ᠠᠵᠢᠯ ᠲᠥᠷᠥᠯ᠎ᠤᠨ ᠠᠬᠤᠢ ᠪᠠᠢᠳᠠᠯ᠎ᠳᠠᠬᠢ ᠬᠡᠷᠡᠭ᠌ᠯᠡᠯᠲᠡ ᠳᠡᠯᠭᠡᠷᠡᠭᠦᠯᠦᠯᠲᠡ᠎ᠶ᠋ᠢᠨ ᠲᠥᠰᠦᠯ᠎ᠢ ᠳᠣᠭ᠍ᠲᠠᠭᠠᠨ᠂ ᠳᠣᠣᠷ᠎ᠠ ᠠᠭᠠᠷ᠎ᠤᠨ ᠰᠠᠭᠤᠷᠢ ᠪᠡᠯᠡᠳᠭᠡᠮᠵᠢ ᠪᠠ ᠲᠦᠬᠦᠷ ᠪᠠᠲᠤᠯᠠᠭ᠎ᠠ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠵᠦ᠍᠂ ᠨᠡᠢᠳᠡᠮ ᠬᠡᠷᠡᠭ᠌ᠯᠡᠭᠡᠨ ᠤ ᠨᠢᠰᠭᠡᠯ ᠤᠨ ᠪᠠᠭᠤᠳᠠᠯ᠎ᠤᠨ ᠵᠣᠬᠢᠴᠠᠬᠤ ᠴᠢᠨᠠᠷᠲᠠᠢ᠎ᠪᠠᠷ ᠦᠭᠡᠷᠡᠴᠢᠯᠡᠨ ᠱᠢᠨᠡᠳᠭᠡᠬᠦ᠌᠎ᠶ᠋ᠢ ᠦᠷᠨᠢᠭᠦᠯᠵᠦ᠍᠂ ᠨᠢᠰᠴᠦ᠍ ᠭᠠᠵᠠᠷᠳᠠᠬᠤ᠂ ᠴᠢᠮᠡᠭᠡ ᠬᠤᠯᠪᠣᠭ᠎ᠠ᠂ ᠵᠠᠮᠴᠢ᠂ ᠴᠠᠭ ᠠᠭᠤᠷ ᠵᠡᠷᠭᠡ ᠪᠡᠯᠡᠳᠭᠡᠮᠵᠢ᠎ᠶ᠋ᠢ ᠨᠢᠭᠡ ᠴᠤᠭ᠍ᠴᠠᠵᠢᠭᠤᠯᠤᠨ ᠪᠠᠢᠷᠢᠱᠢᠭᠤᠯᠬᠤ᠎ᠶ᠋ᠢ ᠠᠬᠢᠭᠤᠯᠤᠨ᠂ ᠨᠢᠰᠦᠭᠦᠷ ᠵᠢᠴᠢ ᠵᠠᠩᠬᠢᠯᠠᠭ᠎ᠠ᠎ᠶ᠋ᠢᠨ ᠮᠠᠲ᠋ᠧᠷᠢᠶᠠᠯ ᠦᠢᠯᠡᠳᠬᠦ᠌ ᠠᠵᠤ ᠠᠬᠤᠢ᠌ᠯᠠᠯ᠎ᠢ ᠣᠷᠤᠭᠤᠯᠤᠨ ᠠᠪᠴᠢᠷᠠᠵᠤ᠂ ᠬᠥᠬᠡᠬᠤᠲᠠ ᠪᠤᠭᠤᠲᠤ ᠣᠷᠳᠣᠰ᠎ᠤᠨ ᠳᠣᠣᠷ᠎ᠠ ᠠᠭᠠᠷ᠎ᠤᠨ ᠠᠵᠤ ᠠᠬᠤᠢ᠎ᠶ᠋ᠢᠨ ᠠᠵᠤ ᠦᠢᠯᠡᠰ᠎ᠤᠨ ᠪᠦᠯᠦᠭ᠌ᠵᠢᠯ ᠪᠠ ᠤᠯᠠᠭᠠᠨᠬᠠᠳᠠ ᠱᠢᠯᠢ᠎ᠶ᠋ᠢᠨ ᠭᠤᠣᠯ ᠲᠦᠩᠯᠢᠶᠣᠤ᠎ᠶ᠋ᠢᠨ ᠳᠣᠣᠷ᠎ᠠ ᠠᠭᠠᠷ᠎ᠤᠨ ᠬᠡᠷᠡᠭ᠌ᠯᠡᠯᠲᠡ᠎ᠶ᠋ᠢᠨ ᠪᠥᠭᠡᠮᠨᠡᠷᠡᠯ᠎ᠤᠨ ᠣᠷᠣᠨ᠎ᠢ ᠪᠠᠢᠭᠤᠯᠤᠨ᠎ᠠ᠃ ᠠᠮᠢᠳᠤ ᠪᠣᠳᠠᠰ᠎ᠤᠨ ᠦᠢᠯᠡᠳᠬᠦ᠌ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ᠂ ᠠᠮᠢᠳᠤ ᠪᠤᠳᠠᠰ᠎ᠤᠨ ᠦᠢᠯᠡᠳᠬᠦ᠌ ᠠᠵᠤ ᠦᠢᠯᠡᠰ᠎ᠢ ᠲᠦᠷᠭᠡᠳᠭᠡᠨ ᠬᠥᠭ᠌ᠵᠢᠭᠦᠯᠬᠦ᠌᠎ᠶ᠋ᠢᠨ ᠬᠡᠷᠡᠭ᠌ᠵᠢᠭᠦᠯᠬᠦ᠌ ᠲᠦᠰᠦᠯ᠎ᠢ ᠨᠡᠢᠲᠡᠯᠡᠵᠦ᠍᠂ ᠱᠢᠨ᠎ᠡ ᠬᠡᠯᠪᠡᠷᠢ᠎ᠶ᠋ᠢᠨ ᠤᠭᠤᠷᠠᠭ᠂ ᠦᠨᠳᠦᠷ ᠪᠦᠲᠦᠮᠵᠢᠲᠦ ᠢᠰᠭᠡᠭᠦᠷ ᠦᠢᠯᠡᠳᠭᠦᠨ ᠵᠡᠷᠭᠡ ᠠᠵᠤ ᠦᠢᠯᠡᠰ᠎ᠢ ᠪᠦᠢᠵᠢᠭᠤᠯᠤᠨ ᠬᠥᠭ᠌ᠵᠢᠭᠦᠯᠵᠦ᠍᠂ ᠪᠦᠬᠦ᠌ ᠪᠥᠮᠪᠥᠷᠴᠡᠭ᠎ᠲᠤ ᠲᠡᠷᠢᠭᠦᠯᠡᠭ᠌ᠰᠡᠨ ᠠᠮᠢᠲᠠᠨ᠎ᠤ ᠸᠠᠺᠼᠢᠨ᠎ᠢ ᠣᠶᠤᠨᠴᠢ᠎ᠪᠠᠷ ᠦᠢᠯᠡᠳᠬᠦ᠌ ᠰᠠᠭᠤᠷᠢᠨ ᠪᠠ ᠤᠯᠤᠰ᠎ᠤᠨ ᠳᠣᠲᠣᠭᠠᠳᠤ᠎ᠶ᠋ᠢᠨ ᠠᠮᠢᠳᠤ ᠪᠣᠳᠠᠰ᠎ᠤᠨ ᠢᠰᠭᠡᠯᠲᠡ ᠪᠠ ᠡᠮ ᠨᠠᠢᠷᠠᠯᠭ᠎ᠠ᠎ᠶ᠋ᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠭᠦᠯᠦᠭ᠌ᠰᠡᠨ ᠵᠢᠱ᠌ᠢᠶ᠎ᠡ ᠦᠵᠡᠭᠦᠯᠬᠦ᠌ ᠴᠢᠬᠤᠯᠠ ᠰᠠᠭᠤᠷᠢᠨ ᠢ ᠪᠦᠲᠦᠭᠡᠨ ᠪᠠᠢᠭᠤᠯᠤᠨ᠎ᠠ᠃ ᠬᠤᠳᠠᠯᠳᠤᠭᠠᠨ᠎ᠤ ᠦᠢᠯᠡᠰ᠎ᠤᠨ ᠰᠠᠨᠰᠠᠷ ᠠᠶᠠᠯᠠᠯ᠎ᠤᠨ ᠠᠵᠤ ᠦᠢᠯᠡᠰ᠎ᠢ ᠪᠦᠢᠵᠢᠭᠤᠯᠵᠤ᠂ ᠰᠠᠨᠰᠠᠷ᠎ᠤᠨ ᠨᠢᠰᠦᠭᠦᠷ᠎ᠤᠨ ᠤᠭ᠍ᠰᠠᠷᠠᠯᠲᠠ᠂ ᠲᠤᠷᠱᠢᠯᠲᠠ ᠱᠢᠯᠭᠠᠯᠲᠠ᠂ ᠬᠠᠷᠪᠤᠯᠲᠠ ᠬᠤᠷᠢᠶᠠᠯᠲᠠ᠂ ᠰᠠᠨᠰᠠᠷ ᠠᠶᠠᠯᠠᠯ᠎ᠤᠨ ᠲᠦᠯᠡᠰᠢ ᠵᠡᠷᠭᠡ ᠠᠵᠤ ᠦᠢᠯᠡᠰ᠎ᠢ ᠲᠥᠯᠥᠪᠯᠡᠨ ᠪᠠᠢᠷᠢᠱᠢᠭᠤᠯᠤᠨ᠎ᠠ᠃ ᠪᠣᠬᠢᠷᠳᠤᠯ ᠦᠭᠡᠢ ᠤᠰᠤᠳᠦ᠋ᠷᠦᠭ᠌ᠴᠢ ᠱᠢᠪᠲᠦᠷ ᠠᠯᠺᠦᠦᠯ ᠬᠠᠩᠭᠠᠬᠤ ᠪᠠᠢᠷᠢᠱᠢᠭᠤᠯᠤᠯᠲᠠ ᠪᠠ ᠬᠡᠷᠡᠭ᠌ᠯᠡᠯᠲᠡ᠎ᠶ᠋ᠢᠨ ᠠᠬᠤᠢ ᠪᠠᠢᠳᠠᠯ᠎ᠢ ᠱᠢᠯᠢᠳᠡᠭ᠌ᠵᠢᠭᠦᠯᠦᠨ ᠥᠷᠭᠡᠳᠭᠡᠵᠦ᠍᠂ ᠪᠣᠬᠢᠷᠳᠤᠯ ᠦᠭᠡᠢ ᠲᠦᠯᠡᠰᠢ᠎ᠶ᠋ᠢ ᠮᠠᠨ᠎ᠤ ᠣᠷᠣᠨ᠎ᠠᠴᠠ ᠭᠠᠷᠭᠠᠭᠠᠳ ᠳᠠᠯᠠᠢ ᠳᠠᠭᠠᠤ ᠣᠷᠣᠨ᠎ᠳᠤ ᠬᠦᠷᠭᠡᠬᠦ᠌᠎ᠶ᠋ᠢ ᠶᠡᠭᠡ᠎ᠪᠠᠷ ᠠᠬᠢᠭᠤᠯᠵᠤ᠂ ᠪᠣᠬᠢᠷᠳᠤᠯ ᠦᠭᠡᠢ ᠤᠰᠤᠳᠦ᠋ᠷᠦᠭ᠌ᠴᠢ ᠬᠢᠭᠡᠳ ᠲᠡᠮᠦᠷᠯᠢᠭ ᠬᠠᠢᠯᠤᠭᠤᠯᠬᠤ᠂ ᠬᠢᠮᠢ᠎ᠶ᠋ᠢᠨ ᠠᠵᠤ ᠦᠢᠯᠡᠳᠪᠦᠷᠢ᠂ ᠨᠡᠢᠯᠡᠮᠡᠯ ᠠᠮᠢᠳᠤ ᠪᠣᠳᠠᠰ ᠵᠡᠷᠭᠡ ᠠᠵᠢᠯ ᠲᠥᠷᠥᠯ᠎ᠤᠨ ᠡᠪᠴᠡᠯᠳᠦᠯ ᠬᠡᠷᠡᠭ᠌ᠯᠡᠭᠡ᠎ᠨᠢ ᠴᠢᠩᠭᠠᠳᠭᠠᠨ᠎ᠠ᠃
ᠭᠤᠷᠪᠠ᠎ᠳᠤ ᠦᠢᠯᠡᠴᠢᠯᠡᠭᠡᠨ᠎ᠤ ᠦᠢᠯᠡᠰ᠎ᠤᠨ ᠴᠢᠨᠠᠷ ᠰᠠᠢᠲᠠᠢ ᠥᠨᠳᠥᠷ ᠪᠦᠲᠦᠮᠵᠢᠲᠡᠢ ᠬᠥᠭ᠌ᠵᠢᠯᠲᠡ᠎ᠶ᠋ᠢ ᠠᠬᠢᠭᠤᠯᠤᠨ᠎ᠠ᠃ ᠦᠢᠯᠡᠴᠢᠯᠡᠭᠡᠨ᠎ᠤ ᠦᠢᠯᠡᠰ᠎ᠤᠨ ᠴᠢᠳᠠᠪᠤᠷᠢ᠎ᠪᠠᠨ ᠨᠡᠮᠡᠭ᠌ᠳᠡᠭᠦᠯᠦᠨ ᠴᠢᠨᠠᠷ ᠴᠢᠨᠰᠠᠭ᠎ᠠ ᠪᠠᠨ ᠳᠡᠭᠡᠭ᠌ᠰᠢᠯᠡᠭᠦᠯᠬᠦ᠌ ᠠᠵᠢᠯᠯᠠᠭ᠎ᠠ᠎ᠨᠢ ᠬᠡᠷᠡᠭ᠌ᠵᠢᠭᠦᠯᠵᠦ᠍᠂ ᠰᠤᠳᠤᠯᠤᠨ ᠨᠡᠭᠡᠭᠡᠵᠦ᠍ ᠵᠢᠷᠤᠵᠤ ᠲᠥᠯᠥᠪᠯᠡᠬᠦ᠂ ᠪᠠᠢᠴᠠᠭᠠᠨ ᠱᠢᠯᠭᠠᠵᠤ ᠪᠠᠢᠴᠠᠭᠠᠨ ᠱᠢᠨᠵᠢᠵᠦ᠍ ᠦᠨᠡᠮᠱᠢᠨ ᠭᠡᠷᠡᠴᠢᠯᠡᠬᠦ᠂ ᠱᠢᠨ᠎ᠡ ᠡᠨᠧᠷᠭᠢ᠎ᠶ᠋ᠢ ᠠᠵᠢᠯᠯᠠᠭᠤᠯᠵᠤ ᠪᠠᠲᠤᠯᠠᠬᠤ᠂ ᠮᠡᠳᠡᠭᠡ ᠵᠠᠩᠭᠢ ᠳᠠᠮᠵᠢᠭᠤᠯᠬᠤ᠂ ᠴᠢᠨᠠᠷ ᠴᠢᠨᠰᠠᠭ᠎ᠠ᠎ᠶ᠋ᠢ ᠦᠨᠡᠮᠱᠢᠨ ᠭᠡᠷᠡᠴᠢᠯᠡᠬᠦ᠌ ᠵᠡᠷᠭᠡ ᠦᠢᠯᠡᠳᠪᠦᠷᠢᠯᠡᠯ᠎ᠤᠨ ᠴᠢᠨᠠᠷᠲᠠᠶ ᠦᠢᠯᠡᠴᠢᠯᠡᠭᠡᠨ᠎ᠤ ᠦᠢᠯᠡᠰ᠎ᠢ ᠶᠡᠭᠡ᠎ᠪᠠᠷ ᠬᠥᠭ᠌ᠵᠢᠭᠦᠯᠦᠨ᠎ᠡ᠃ ᠮᠥᠩᠭᠦᠨ ᠭᠦᠢᠯᠭᠡᠭᠡᠨ᠎ᠤ ᠦᠢᠯᠡᠰ᠎ᠤᠨ ᠲᠣᠭ᠍ᠲᠠᠪᠤᠷᠢᠵᠢᠨ ᠳᠠᠬᠢᠵᠤ ᠳᠡᠭᠡᠭ᠌ᠰᠢᠯᠡᠬᠦ᠌᠎ᠶ᠋ᠢ ᠠᠬᠢᠭᠤᠯᠵᠤ᠂ ᠵᠠᠰᠠᠭ ᠤᠨ ᠣᠷᠳᠣᠨ ᠮᠥᠩᠭᠦᠨ ᠭᠦᠢᠯᠭᠡᠭᠡᠨ᠎ᠤ ᠪᠠᠢᠭᠤᠯᠤᠮᠵᠢ ᠠᠵᠤ ᠠᠬᠤᠢᠯᠠᠯ᠎ᠢ ᠵᠠᠯᠭᠠᠯᠳᠤᠭᠤᠯᠬᠤ ᠠᠵᠢᠯ ᠢ ᠦᠷᠨᠢᠭᠦᠯᠵᠦ᠍᠂ ᠮᠥᠩᠭᠦᠨ ᠭᠦᠢᠯᠭᠡᠭᠡ᠎ᠪᠠᠷ ᠴᠢᠬᠤᠯᠠ ᠶᠡᠭᠡ ᠲᠥᠷᠥᠯ ᠵᠦᠢᠯ ᠪᠠ ᠭᠤᠣᠯᠳᠠᠯᠭ᠎ᠠ ᠪᠣᠯᠬᠤ ᠠᠵᠤ ᠠᠬᠤᠢᠯᠠᠯ᠎ᠢ ᠳᠡᠮᠵᠢᠬᠦ᠌ ᠲᠣᠳᠣᠷᠬᠠᠢ ᠬᠠᠭᠤᠳᠠᠰᠤ᠎ᠶ᠋ᠢ ᠪᠠᠢᠭᠤᠯᠤᠨ᠂ ᠣᠯᠠᠨ ᠳᠡᠰ ᠳᠠᠪᠬᠤᠷᠭᠠᠲᠤ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠲᠡᠭᠦᠯᠳᠡᠷᠵᠢᠭᠦᠯᠵᠦ᠍᠂ ᠬᠤᠪᠢ᠎ᠪᠠᠷ᠎ᠢᠶᠠᠨ ᠵᠣᠭᠤᠰ ᠴᠤᠭ᠍ᠯᠠᠭᠤᠯᠬᠤ᠂ ᠦᠢᠯᠡᠰ ᠪᠣᠰᠭᠠᠬᠤ᠎ᠳᠤ ᠪᠡᠯᠡ ᠣᠷᠣᠭᠤᠯᠬᠤ᠂ ᠲᠦᠭ᠌ᠰᠢᠭᠦᠷᠢᠲᠦ ᠪᠡᠯᠡ ᠣᠷᠣᠭᠤᠯᠤᠯᠲᠠ ᠵᠡᠷᠭᠡ᠎ᠶ᠋ᠢ ᠬᠥᠭ᠌ᠵᠢᠭᠦᠯᠦᠨ᠂ ᠠᠵᠤ ᠠᠬᠤᠢᠯᠠᠯ ᠢ ᠰᠲ᠋ᠣᠺ᠎ᠤᠨ ᠵᠠᠬ᠎ᠠ᠎ᠳᠤ ᠭᠠᠷᠭᠠᠬᠤ 《ᠲᠢᠶᠠᠨ ᠵᠢᠶᠦ᠋ᠨ ᠲᠥᠯᠥᠪᠯᠡᠭᠡ》 ᠶ᠋ᠢ ᠦᠷᠭᠦᠯᠵᠢᠯᠡᠨ ᠥᠷᠨᠢᠭᠦᠯᠦᠨ᠎ᠡ᠃ ᠪᠦᠬᠦ᠌ ᠨᠡᠢᠭᠡᠮ᠎ᠤᠨ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠦᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌ ᠲᠤᠰᠭᠠᠢ ᠠᠵᠢᠯᠯᠠᠭ᠎ᠠ᠎ᠨᠢ ᠬᠡᠷᠡᠭ᠌ᠵᠢᠭᠦᠯᠦᠨ᠂ ᠣᠯᠠᠨ ᠬᠡᠯᠪᠡᠷᠢ᠎ᠪᠠᠷ ᠬᠤᠯᠪᠤᠭᠠᠯᠠᠨ ᠲᠡᠭᠡᠭᠡᠪᠦᠷᠢᠯᠡᠬᠦ᠌ 《ᠭᠠᠭ᠍ᠴᠠ ᠬᠠᠭᠤᠳᠠᠰᠤ᠎ᠶ᠋ᠢᠨ ᠳᠦᠷᠢᠮᠲᠦ》᠂ 《ᠭᠠᠭ᠍ᠴᠠ ᠴᠢᠩᠭᠡᠯᠢᠭ᠎ᠤᠨ ᠳᠦᠷᠢᠮᠲᠦ》 ᠬᠡᠷᠡᠭ᠌ᠯᠡᠯᠲᠡ᠎ᠶ᠋ᠢ ᠲᠦᠷᠭᠡᠳᠭᠡᠵᠦ᠍᠂ ᠪᠠᠷᠠᠭᠠᠨ᠎ᠤ ᠭᠦᠢᠯᠭᠡᠭᠡ᠎ᠶ᠋ᠢ ᠳ᠋ᠢᠭᠢᠲᠴᠢᠯᠡᠨ᠂ ᠪᠣᠬᠢᠷᠲᠤᠯ ᠦᠭᠡᠢᠳᠡᠭᠦᠯᠦᠨ᠂ ᠪᠠᠷᠢᠮᠵᠢᠶᠠᠵᠢᠭᠤᠯᠤᠨ ᠬᠦᠭ᠌ᠵᠢᠭᠦᠯᠬᠦ᠌᠎ᠶ᠋ᠢ ᠠᠬᠢᠭᠤᠯᠤᠨ᠎ᠠ᠃ ᠤᠯᠤᠰ᠎ᠤᠨ ᠪᠠᠷᠠᠭᠠᠨ᠎ᠤ ᠭᠦᠢᠯᠭᠡᠭᠡᠨ᠎ᠤ 7 ᠬᠦᠢᠰᠦ᠂ ᠤᠯᠤᠰ᠎ᠤᠨ ᠨᠢᠷᠤᠭᠤᠪᠴᠢ ᠪᠣᠯᠬᠤ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠤ 4 ᠰᠠᠭᠤᠷᠢᠨ᠎ᠤ ᠴᠢᠨᠠᠷ᠎ᠢ᠎ᠨᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ᠂ ᠱᠧᠩ ᠯᠧ ᠠᠭᠠᠷ᠎ᠤᠨ ᠭᠠᠷᠠᠮ᠎ᠤᠨ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡᠨ᠎ᠤ ᠬᠦᠷᠢᠶᠡᠯᠡᠩ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠂ ᠤᠯᠠᠭᠠᠨᠬᠠᠳᠠ ᠳᠠᠬᠢ ᠠᠷᠠᠯᠵᠢᠶ᠎ᠠ ᠬᠤᠳᠠᠯᠳᠤᠭᠠᠨ᠎ᠤ ᠦᠢᠯᠡᠴᠢᠯᠡᠭᠡᠨ᠎ᠤ ᠬᠡᠯᠪᠡᠷᠢ ᠶ᠋ᠢᠨ ᠤᠯᠤᠰ ᠤᠨ ᠪᠠᠷᠠᠭᠠᠨ᠎ᠤ ᠭᠦᠢᠯᠭᠡᠭᠡᠨ᠎ᠤ ᠬᠦᠢᠰᠦ᠎ᠶ᠋ᠢ ᠡᠭᠦᠳᠦᠨ ᠪᠠᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ᠎ᠤ 《ᠠᠶᠠᠨᠴᠢᠳ᠎ᠤᠨ ᠲᠡᠭᠡᠭᠡᠪᠦᠷᠢ ᠪᠠᠷᠠᠭᠠᠨ᠎ᠤ ᠭᠦᠢᠯᠭᠡᠭᠡ ᠱᠢᠤᠳᠠᠨ᠎ᠤ ᠲᠦᠷᠭᠡᠨ ᠢᠯᠡᠭᠡᠯᠲᠡ》 ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠠᠵᠢᠯᠯᠠᠭ᠎ᠠ᠎ᠨᠢ ᠬᠡᠷᠡᠭ᠌ᠵᠢᠭᠦᠯᠵᠦ᠍᠂ ᠵᠢᠱ᠌ᠢᠶ᠎ᠡ ᠦᠵᠡᠭᠦᠯᠬᠦ᠌ ᠨᠢᠭᠡ ᠪᠦᠯᠦᠭ ᠬᠤᠱᠢᠭᠤ ᠱᠢᠶᠠᠨ᠎ᠢ ᠴᠣᠭ᠍ᠴᠠᠯᠠᠨ᠎ᠠ᠃
(ᠬᠤᠶᠠᠷ) ᠱᠢᠨ᠎ᠡ᠎ᠶ᠋ᠢ ᠡᠭᠦᠳᠬᠦ᠌ ᠪᠠᠷ ᠬᠥᠳᠡᠯᠭᠡᠭᠦᠷ ᠪᠣᠯᠭᠠᠬᠤ ᠶ᠋ᠢ ᠶᠡᠭᠡ᠎ᠪᠠᠷ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ᠎ᠡ᠃ ᠨᠢᠭᠡ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠠᠬᠢ ᠣᠷᠣᠭᠤᠯᠤᠯᠲᠠ᠎ᠪᠠᠨ ᠨᠡᠮᠡᠭ᠌ᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠲᠤᠰᠭᠠᠶ ᠵᠦᠢᠯ᠎ᠤᠨ ᠪᠠᠯᠠ ᠮᠥᠩᠭᠦ᠎ᠶ᠋ᠢ ᠬᠤᠶᠠᠷ ᠳᠠᠬᠢᠨ᠎ᠢᠶᠠᠷ ᠨᠡᠮᠡᠭ᠌ᠳᠡᠭᠦᠯᠵᠦ᠍᠂ ᠡᠯ᠎ᠡ ᠠᠢᠮᠠᠭ ᠬᠤᠲᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠳᠠᠬᠢ ᠡᠳ᠋᠎ᠤᠨ ᠵᠠᠰᠠᠭ᠎ᠤᠨ ᠣᠷᠣᠭᠤᠯᠤᠯᠲᠠ᠎ᠪᠠᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠠᠵᠤ ᠠᠬᠤᠢᠯᠠᠯ᠂ ᠦᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠥᠬᠦᠶ ᠤᠯᠤᠰ᠎ᠤᠨ ᠥᠮᠴᠢᠯᠡᠯᠲᠦ ᠠᠵᠤ ᠠᠬᠤᠢᠯᠠᠯ ᠪᠠ ᠠᠷᠠᠳ ᠠᠴᠠ ᠡᠵᠡᠩᠨᠡᠭ᠌ᠰᠡᠨ ᠲᠣᠯᠣᠭᠠᠢ᠌ᠯᠠᠭ᠍ᠴᠢ ᠠᠵᠤ ᠠᠬᠤᠢᠯᠠᠯ᠂ ᠬᠡᠪᠴᠢᠶᠡᠵᠢᠯ᠎ᠠᠴᠠ ᠳᠡᠭᠡᠭ᠌ᠰᠢᠬᠢ ᠠᠵᠤ ᠠᠬᠤᠢᠯᠠᠯ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠯ᠎ᠤᠨ ᠵᠠᠷᠤᠳᠠᠯ᠎ᠢᠶᠠᠨ ᠲᠦᠷᠦᠭᠦᠯᠡᠨ ᠨᠡᠮᠡᠭ᠌ᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠎ᠤᠨ ᠰᠠᠭᠤᠷᠢ ᠮᠥᠩᠭᠦᠨ᠎ᠤ ᠳᠣᠤᠷ᠎ᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠳᠠᠭᠠᠯᠲᠠ ᠰᠠᠭᠤᠷᠢ ᠮᠥᠩᠭᠦ᠌ ᠪᠠᠢᠭᠤᠯᠵᠤ᠂ ᠮᠥᠩᠭᠦᠨ ᠭᠦᠢᠯᠭᠡᠭᠡᠨ᠎ᠤ ᠪᠠᠢᠭᠤᠯᠤᠮᠵᠢ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠤᠳᠤᠯᠤᠯ᠎ᠤᠨ ᠵᠢᠭᠡᠯᠡᠯᠭᠡ᠂ ᠦᠷ᠎ᠡ ᠪᠦᠲᠦᠭᠡᠯ᠎ᠢᠶᠠᠨ ᠤᠯᠠᠷᠢᠭᠤᠯᠬᠤ ᠵᠢᠭᠡᠯᠡᠯᠭᠡ ᠵᠡᠷᠭᠡ ᠦᠢᠯᠡᠳᠬᠦᠨ ᠢ ᠨᠡᠭᠡᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠬᠡᠯᠪᠡᠷᠢᠲᠦ ᠠᠵᠤ ᠠᠬᠤᠢᠯᠠᠯ ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠬᠤᠶᠠᠷ᠎ᠲᠤ ᠭᠤᠣᠯᠳᠠᠯᠭ᠎ᠠ ᠪᠣᠯᠬᠤ ᠵᠦᠢᠯ᠎ᠳᠤ ᠠᠩᠬᠠᠷᠤᠯ᠎ᠢᠶᠠᠨ ᠲᠦᠪᠯᠡᠷᠡᠭᠦᠯᠦᠨ ᠱᠢᠪᠲᠤᠯᠤᠯᠲᠠ ᠬᠢᠨ᠎ᠡ᠃ ᠪᠡᠯᠡ ᠮᠥᠩᠭᠦ᠎ᠶ᠋ᠢ ᠦᠷᠡᠨ ᠲᠠᠷᠠᠨ ᠬᠡᠷᠡᠭ᠌ᠯᠡᠵᠦ᠍ ᠪᠣᠯᠬᠤ ᠦᠭᠡᠢ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠤᠳᠤ ᠦᠶ᠎ᠡ᠎ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ᠂ ᠪᠣᠬᠢᠷᠳᠤᠯ ᠦᠭᠡᠢ ᠤᠰᠤᠳᠦ᠋ᠷᠦᠭ᠌ᠴᠢ ᠱᠢᠪᠲᠦᠷ ᠠᠯᠺᠦᠦᠯ᠂ ᠬᠤᠪᠣᠷ ᠱᠢᠷᠣᠢ᠂ ᠠᠮᠢᠳᠤ ᠪᠣᠳᠠᠰ᠎ᠤᠨ ᠦᠷ᠎ᠡ ᠡᠭᠦᠯᠳᠡᠷ ᠪᠦᠢᠵᠢᠭᠤᠯᠬᠤ᠂ ᠡᠪᠡᠰᠦᠨ᠎ᠤ ᠦᠢᠯᠡᠰ᠂ ᠰᠦ ᠰᠠᠭᠠᠯᠢ᠎ᠶ᠋ᠢᠨ ᠦᠢᠯᠡᠰ ᠵᠡᠷᠭᠡ ᠳᠠᠪᠠᠭᠤᠯᠢᠭ ᠤᠨᠴᠠᠯᠢᠬ᠍ᠳᠤ ᠬᠦᠷᠢᠶ᠎ᠡ ᠴᠠᠷᠠᠭᠠᠨ᠎ᠳᠠᠬᠢ ᠵᠠᠩᠭᠢᠯᠠᠭ᠎ᠠ᠎ᠶ᠋ᠢᠨ ᠭᠤᠣᠯᠯᠠᠬᠤ ᠮᠡᠷᠭᠡᠵᠢᠯ᠎ᠤᠨ ᠠᠰᠠᠭᠤᠳᠠᠯ᠎ᠤᠨ ᠪᠡᠷᠬᠡ ᠰᠡᠳᠦᠪ ᠢ ᠱᠢᠢᠳᠪᠦᠷᠢᠯᠡᠬᠦ᠌᠎ᠳᠤ ᠠᠩᠬᠠᠷᠤᠯ᠎ᠢᠶᠠᠨ ᠲᠦᠪᠯᠡᠷᠡᠭᠦᠯᠵᠦ᠍᠂ ᠪᠣᠳᠣᠬᠤ ᠴᠢᠳᠠᠪᠤᠷᠢ ᠪᠠ ᠴᠠᠬᠢᠯᠭᠠᠨ ᠬᠦᠴᠦᠨ᠎ᠤ ᠵᠣᠬᠢᠴᠠᠯ᠂ ᠰᠠᠯᠬᠢ ᠭᠡᠷᠡᠯ ᠤᠰᠤᠲᠥ᠋ᠷᠥᠭ᠌ᠴᠢ ᠨᠥᠭᠡᠴᠡ᠂ 《ᠵᠣᠬᠢᠶᠠᠮᠠᠯ ᠤᠶᠤᠨ +》 ᠵᠡᠷᠭᠡ ᠱᠢᠨ᠎ᠡ᠎ᠪᠠᠷ ᠮᠠᠨᠳᠤᠵᠤ ᠪᠠᠢᠭ᠎ᠠ ᠬᠦᠷᠢᠶ᠎ᠡ ᠴᠠᠷᠠᠭᠠᠨ᠎ᠳᠤ ᠨᠢᠭᠡ ᠪᠦᠯᠦᠭ ᠬᠤᠱᠢᠭᠤᠷᠠᠯ᠎ᠤᠨ ᠴᠢᠨᠠᠷᠲᠠᠢ ᠲᠦᠷᠦᠯ ᠵᠦᠢᠯ᠎ᠢ ᠪᠠᠢᠷᠢᠱᠢᠭᠤᠯᠤᠨ᠎ᠠ᠃ ᠭᠤᠷᠪᠠ᠎ᠳᠤ ᠴᠢᠬᠤᠯᠠ ᠶᠡᠭᠡ ᠱᠢᠨ᠎ᠡ᠎ᠶ᠋ᠢ ᠡᠭᠦᠳᠬᠦ᠌ ᠲᠠᠪᠴᠠᠩ᠎ᠢ ᠪᠠᠢᠭᠤᠯᠤᠨ ᠬᠦᠴᠦᠷᠬᠡᠭ᠌ᠵᠢᠭᠦᠯᠵᠦ᠍ ᠰᠠᠢᠲᠤᠷ ᠬᠡᠷᠡᠭ᠌ᠯᠡᠨ᠎ᠡ᠃ ᠰᠦ ᠰᠠᠭᠠᠯᠢ᠎ᠶ᠋ᠢᠨ ᠦᠢᠯᠡᠰ ᠪᠠ ᠡᠪᠡᠰᠦᠨ᠎ᠤ ᠦᠢᠯᠡᠰ᠎ᠤᠨ ᠮᠡᠷᠭᠡᠵᠢᠯ ᠤᠨ ᠱᠢᠨ᠎ᠡ᠎ᠶ᠋ᠢ ᠡᠭᠦᠳᠬᠦ᠌ ᠲᠥᠪ ᠵᠡᠷᠭᠡ ᠤᠯᠤᠰ᠎ᠤᠨ ᠲᠠᠰ᠎ᠤᠨ ᠲᠠᠪᠴᠠᠩ᠎ᠤᠳ ᠢ ᠰᠤᠳᠤᠯᠤᠨ ᠨᠡᠭᠡᠭᠡᠬᠦ᠌ ᠬᠦᠴᠦᠨ ᠴᠢᠳᠠᠪᠤᠷᠢ ᠪᠠᠨ ᠳᠡᠭᠡᠭ᠌ᠰᠢᠯᠡᠭᠦᠯᠦᠨ᠂ ᠬᠤᠸᠠᠢ ᠷᠸᠦ᠍ ᠶ᠋ᠢᠨ ᠤᠯᠤᠰ᠎ᠤᠨ ᠲᠤᠷᠱᠢᠯᠲᠠ᠎ᠶ᠋ᠢᠨ ᠲᠠᠰᠤᠭ ᠤᠨ ᠥᠪᠥᠷ ᠮᠣᠩᠭᠤᠯ᠎ᠳᠠᠬᠢ ᠰᠠᠭᠤᠷᠢᠨ᠂ ᠬᠥᠬᠡᠬᠤᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠎ᠢ ᠡᠷᠲᠡᠬᠡᠨ ᠰᠠᠭᠤᠷᠢᠱᠢᠭᠤᠯᠬᠤᠶ᠋ᠢ ᠠᠬᠢᠭᠤᠯᠵᠤ᠂ ᠳᠠᠯᠠᠨ ᠬᠠᠷ᠎ᠠ᠂ ᠣᠷᠳᠣᠰ᠎ᠲᠠᠬᠢ ᠲᠤᠷᠱᠢᠯᠲᠠ᠎ᠶ᠋ᠢᠨ ᠲᠠᠰᠤᠭ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠳᠡᠮᠵᠢᠨ᠎ᠡ᠃ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠲᠣᠭᠤᠷᠢᠭ᠂ ᠠᠵᠤ ᠠᠬᠤᠢᠯᠠᠯ ᠳᠤ ᠲᠦᠱᠢᠭ᠌ᠯᠡᠨ ᠤᠬᠠᠭ᠍ᠳᠠᠬᠤᠨ᠎ᠤ ᠱᠢᠯᠭᠠᠨ ᠨᠤᠲᠠᠯᠠᠯᠲᠠ᠂ ᠵᠠᠪᠰᠠᠷ᠎ᠤᠨ ᠲᠤᠷᠱᠢᠯᠲᠠ᠎ᠶ᠋ᠢᠨ ᠦᠢᠯᠡᠴᠢᠯᠡᠭᠡᠨ᠎ᠤ ᠨᠢᠭᠡ ᠪᠦᠯᠦᠭ ᠲᠠᠪᠴᠠᠩ᠎ᠢ ᠴᠣᠭ᠍ᠴᠠᠯᠠᠵᠤ᠂ 《ᠮᠧᠩ ᠺᠧ ᠵᠢᠥᠢ》 ᠲᠠᠪᠴᠠᠩ᠎ᠤᠨ ᠰᠤᠳᠤᠯᠤᠨ ᠨᠡᠭᠡᠭᠡᠭ᠌ᠰᠡᠨ ᠦᠷ᠎ᠡ ᠪᠦᠲᠦᠭᠡᠯ᠎ᠢ ᠤᠯᠠᠷᠢᠭᠤᠯᠬᠤ ᠡᠷᠴᠢᠮ᠎ᠢᠶᠠᠨ ᠴᠢᠩᠭᠠᠷᠠᠭᠤᠯᠤᠨ᠂ ᠮᠡᠷᠭᠡᠵᠢᠯ᠎ᠤᠨ ᠭᠡᠷ᠎ᠡ᠎ᠶ᠋ᠢᠨ ᠠᠷᠠᠯᠵᠢᠶᠠᠯᠠᠭ᠍ᠰᠠᠨ ᠲᠤᠭ᠎ᠠ᠎ᠶ᠋ᠢ 25% ᠪᠠᠷ ᠨᠡᠮᠡᠭ᠌ᠳᠡᠭᠦᠯᠬᠦ᠌᠎ᠪᠠᠷ ᠬᠦᠴᠦᠯᠡᠨ ᠴᠢᠷᠮᠠᠢᠨ᠎ᠠ᠃ ᠲᠦᠷᠪᠡ᠎ᠳᠤ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠬᠢᠭᠡᠳ ᠠᠵᠤ ᠠᠬᠤᠢᠯᠠᠯ᠎ᠤᠳ ᠬᠤᠭᠤᠷᠣᠨᠳᠣ᠎ᠪᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠬᠢ ᠪᠠᠶᠠᠯᠢᠭ᠎ᠢᠶᠠᠨ ᠬᠠᠮᠲᠤ᠎ᠪᠠᠷ ᠡᠳ᠋ᠯᠡᠬᠦ᠌᠎ᠶ᠋ᠢ ᠴᠢᠩᠭᠠᠳᠭᠠᠨ᠂ ᠠᠵᠤ ᠠᠬᠤᠢᠯᠠᠯ᠎ᠢ ᠵᠤᠷᠢᠬ᠍ᠵᠢᠭᠤᠯᠵᠤ ᠪᠠᠢᠭᠠᠳ ᠥᠪᠡᠷᠲᠡᠭᠡᠨ ᠵᠠᠰᠠᠬᠤ ᠣᠷᠣᠨ᠎ᠤ ᠲᠡᠰ᠎ᠠᠴᠠ ᠳᠡᠭᠡᠭ᠌ᠰᠢᠬᠢ ᠰᠣᠳᠣᠯᠣᠨ ᠨᠡᠭᠡᠭᠡᠬᠦ᠌ ᠲᠠᠪᠴᠠᠩ᠎ᠢ ᠡᠭᠦᠳᠦᠨ ᠪᠠᠢᠭᠤᠯᠬᠤ ᠪᠤᠶᠤ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠤ᠂ 《ᠵᠠᠷᠯᠠᠯ ᠨᠡᠢᠲᠡᠯᠡᠵᠦ᠍ ᠬᠤᠱᠢᠭᠤᠷᠠᠨ ᠠᠵᠢᠯᠯᠠᠬᠤ》 ᠵᠡᠷᠭᠡ ᠠᠷᠭ᠎ᠠ ᠮᠠᠶᠢᠭ᠎ᠢᠶᠠᠷ ᠵᠠᠩᠭᠢᠯᠠᠭ᠎ᠠ᠎ᠶ᠋ᠢᠨ ᠮᠡᠷᠭᠡᠵᠢᠯ᠎ᠤᠨ ᠪᠡᠷᠬᠡ ᠰᠡᠳᠦᠪ᠎ᠢ ᠱᠢᠢᠳᠪᠦᠷᠢᠯᠡᠨ᠎ᠡ᠃ ᠲᠠᠪᠤ᠎ᠳᠤ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠎ᠨᠤᠭᠤᠳ᠎ᠤᠨ ᠠᠭᠤᠯᠤᠭ᠍ᠳᠠᠬᠤᠨ᠎ᠤ ᠬᠡᠯᠪᠡᠷᠢᠲᠦ ᠬᠥᠭ᠌ᠵᠢᠯᠲᠡ᠎ᠶ᠋ᠢ ᠲᠥᠷᠥᠯ ᠬᠤᠪᠢᠶᠠᠨ ᠠᠬᠢᠭᠤᠯᠵᠤ᠂ ᠥᠪᠥᠷ ᠮᠣᠩᠭᠤᠯ᠎ᠤᠨ ᠶᠡᠭᠡ ᠰᠤᠷᠭᠠᠭᠤᠯᠢ᠎ᠶ᠋ᠢᠨ 《ᠬᠤᠤᠰ ᠲᠡᠷᠢᠭᠦᠨ ᠳᠡᠰ》 ᠤᠨ ᠪᠠᠢᠭᠤᠯᠤᠯᠲᠠ ᠪᠠ ᠶᠠᠮᠤᠨ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠭ᠍ᠰᠠᠨ ᠪᠠᠢᠭᠤᠯᠤᠯᠲᠠ᠎ᠶ᠋ᠢ ᠲᠦᠷᠬᠡᠳᠭᠡᠨ᠎ᠡ᠃ ᠠᠮᠢ ᠠᠬᠤᠶ᠎ᠶ᠋ᠢᠨ ᠤᠬᠠᠭᠠᠨ᠂ ᠡᠪᠡᠰᠦᠨ᠎ᠤ ᠤᠬᠠᠭᠠᠨ ᠵᠡᠷᠭᠡ᠎ᠶ᠋ᠢᠨ ᠤᠯᠤᠰ᠎ᠤᠨ ᠲᠡᠷᠢᠭᠦᠨ ᠳᠡᠰ᠎ᠤᠨ ᠱᠢᠨᠵᠢᠯᠡᠭᠡᠨ᠎ᠤ ᠰᠠᠯᠠᠭ᠎ᠠ᠎ᠪᠠᠷ ᠭᠤᠶᠤᠴᠢᠯᠠᠨ ᠮᠡᠳᠡᠭᠦᠯᠬᠦ᠌ ᠶ᠋ᠢ ᠨᠢ ᠳᠡᠮᠵᠢᠵᠦ᠍᠂ ᠰᠤᠷᠭᠠᠨ ᠬᠥᠮᠦᠵᠢᠯ᠎ᠤᠨ ᠶᠠᠮᠤᠨ᠎ᠤ ᠥᠪᠥᠷ ᠮᠣᠩᠭᠤᠯ ᠳᠠᠬᠢ ᠳᠡᠭᠡᠳᠦ ᠵᠡᠷᠭᠡ᠎ᠶ᠋ᠢᠨ ᠰᠤᠳᠤᠯᠤᠯ᠎ᠤᠨ ᠬᠦᠷᠢᠶᠡᠯᠡᠩ᠎ᠢ ᠪᠣᠳᠠᠲᠤ ᠴᠣᠭ᠍ᠴᠠᠵᠢᠭᠤᠯᠤᠨ ᠠᠵᠢᠯᠯᠠᠭᠤᠯᠬᠤ᠎ᠶ᠋ᠢ ᠠᠬᠢᠭᠤᠯᠤᠨ᠎ᠠ᠃ ᠪᠣᠳᠠᠰ᠎ᠲᠤ ᠪᠡᠯᠡ ᠣᠷᠣᠭᠤᠯᠬᠤ ᠪᠠ ᠬᠦᠮᠦᠨ᠎ᠳᠤ ᠪᠡᠯᠡ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠩᠬᠠᠨ᠎ᠤ 24 ᠣᠷᠦ᠋ᠢᠯᠠᠭ᠍ᠰᠠᠨ ᠱᠢᠨ᠎ᠡ ᠡᠭᠦᠳᠦᠯᠲᠡ᠎ᠶ᠋ᠢᠨ ᠴᠢᠳᠠᠪᠤᠷᠢᠲᠠᠨ ᠬᠥᠮᠦᠵᠢᠭᠦᠯᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠤᠨ ᠲᠥᠷᠥᠯ ᠵᠦᠢᠯ ᠢ ᠰᠠᠢᠲᠤᠷ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠨᠢᠭᠡᠴᠢ ᠪᠠ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠠᠵᠢᠯᠲᠠᠳ᠎ᠲᠤ ᠨᠠᠩ ᠶᠡᠭᠡ ᠡᠵᠡᠡ ᠮᠡᠳᠡᠬᠦ᠌ ᠡᠷᠬᠡ ᠣᠯᠭᠤᠨ᠎ᠠ᠃
(ᠭᠤᠷᠪᠠ) ᠳᠣᠲᠣᠭᠠᠳᠤ ᠬᠡᠷᠡᠭ᠌ᠴᠡᠭᠡ᠎ᠪᠠᠷ ᠭᠤᠣᠯ ᠤᠳᠤᠷᠢᠳᠤᠮᠵᠢ ᠪᠣᠯᠭᠠᠬᠤ᠎ᠶ᠋ᠢ ᠨᠡᠩ ᠴᠢᠬᠤᠯᠠᠴᠢᠯᠠᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠯᠦᠭᠡ ᠭᠦᠨᠵᠡᠭᠡᠢ ᠵᠠᠯᠭᠠᠯᠳᠤᠭᠤᠯᠤᠨ᠎ᠠ᠃ ᠨᠢᠭᠡ᠎ᠳᠤ ᠬᠡᠷᠡᠭ᠌ᠯᠡᠭᠡ᠎ᠶ᠋ᠢ ᠶᠡᠭᠡ᠎ᠪᠠᠷ ᠬᠦᠭ᠌ᠵᠢᠭᠡᠨ᠎ᠡ᠃ 《ᠰᠣᠯᠢᠬᠤ ᠪᠠ ᠱᠢᠨᠡᠳᠭᠡᠬᠦ᠌》 ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠠᠱᠢᠭ᠍ᠯᠠᠨ᠂ ᠮᠠᠱᠢᠨ ᠲᠡᠷᠭᠡ᠂ ᠭᠡᠷ᠎ᠤᠨ ᠴᠠᠬᠢᠯᠭᠠᠨ ᠬᠡᠷᠡᠭ᠌ᠰᠡᠯ᠂ ᠳ᠋ᠢᠭᠢᠲ ᠪᠠ ᠣᠶᠤᠨᠴᠢ ᠦᠢᠯᠡᠳᠬᠦᠨ ᠵᠡᠷᠭᠡ ᠬᠠᠭᠤᠴᠢᠨ ᠬᠡᠷᠡᠭ᠌ᠯᠡᠭᠡ᠎ᠶ᠋ᠢᠨ ᠵᠦᠢᠯᠡᠰ᠎ᠢ ᠱᠢᠨ᠎ᠡ᠎ᠪᠠᠷ ᠰᠣᠯᠢᠬᠤ᠎ᠶ᠋ᠢ ᠦᠷᠭᠦᠯᠵᠢᠯᠡᠨ ᠳᠡᠮᠵᠢᠵᠦ᠍᠂ ᠨᠡᠮᠡᠭᠦᠷᠢ᠎ᠶ᠋ᠢ ᠰᠠᠯᠭᠠᠨ ᠥᠭ᠌ᠬᠦ ᠴᠠᠭ ᠳᠠᠷᠠᠭᠠᠯᠠᠯ᠎ᠢ ᠱᠢᠯᠢᠳᠡᠭ᠌ᠵᠢᠭᠦᠯᠦᠨ᠂ ᠨᠡᠮᠡᠭᠦᠷᠢ᠎ᠶ᠋ᠢ ᠮᠡᠬᠡᠯᠡᠵᠦ᠍ ᠵᠠᠯᠭᠢᠬᠤ ᠪᠠ 《ᠤᠷᠢᠳ᠎ᠢᠶᠠᠷ ᠦᠨ᠎ᠡ᠎ᠶ᠋ᠢ᠎ᠨᠢ ᠥᠰᠭᠡᠵᠦ᠍ ᠳᠠᠷᠠᠭ᠎ᠠ᠎ᠨᠢ ᠨᠡᠮᠡᠭᠦᠷᠢ ᠥᠭ᠌ᠬᠦ》 ᠵᠡᠷᠭᠡ ᠳᠦᠷᠢᠮ ᠲᠣᠭ᠍ᠲᠠᠭᠠᠯ ᠪᠠ ᠬᠠᠤᠯᠢ ᠴᠠᠭᠠᠵᠠ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠭᠦᠨ᠎ᠡ᠃ ᠬᠡᠷᠡᠭ᠌ᠯᠡᠭᠡ᠎ᠶ᠋ᠢ ᠬᠦᠭ᠌ᠵᠢᠭᠡᠬᠦ᠌ ᠲᠤᠰᠭᠠᠢ ᠠᠵᠢᠯᠯᠠᠭ᠎ᠠ᠎ᠨᠢ ᠭᠦᠨᠵᠡᠭᠡᠢᠷᠡᠭᠦᠯᠦᠨ ᠬᠡᠷᠡᠭ᠌ᠵᠢᠭᠦᠯᠵᠦ᠍᠂ ᠬᠡᠷᠡᠭ᠌ᠯᠡᠭ᠌ᠴᠢᠳ᠎ᠲᠤ ᠱᠢᠭᠤᠳ ᠣᠯᠭᠤᠬᠤ ᠲᠦᠭᠡᠮᠡᠯ ᠬᠠᠷᠠᠭᠠᠯᠵᠠᠯᠲᠤ ᠲᠦᠷᠦ᠍᠎ᠶ᠋ᠢᠨ ᠪᠤᠳᠤᠯᠭ᠎ᠠ᠎ᠶ᠋ᠢᠨ ᠡᠷᠴᠢᠮ᠎ᠢᠶᠠᠨ ᠴᠢᠩᠭᠠᠷᠠᠭᠤᠯᠵᠤ᠂ ᠬᠡᠷᠡᠭ᠌ᠯᠡᠭᠡ᠎ᠶ᠋ᠢᠨ ᠬᠦᠷᠢᠶ᠎ᠡ ᠴᠠᠷᠠᠭᠠᠨ᠎ᠳᠠᠬᠢ ᠵᠤᠬᠢᠰ ᠦᠭᠡᠢ ᠬᠢᠵᠠᠭᠠᠷᠯᠠᠯ᠎ᠢ ᠦᠭᠡᠢᠰᠭᠡᠨ᠎ᠡ᠃ ᠡᠨᠧᠷᠭᠢ᠂ ᠡᠬᠢ ᠪᠠᠶᠠᠯᠢᠭ᠂ ᠦᠢᠯᠡᠳᠪᠦᠷᠢᠯᠡᠯ ᠤᠨ ᠬᠡᠷᠡᠭ᠌ᠰᠡᠯ ᠵᠡᠷᠭᠡ ᠥᠷᠭᠡᠨ ᠬᠡᠷᠡᠭ᠌ᠴᠡᠭᠡᠨ᠎ᠤ ᠲᠠᠸᠠᠷ᠎ᠤᠨ ᠡᠵᠡᠩᠨᠡᠯᠲᠡ᠎ᠶ᠋ᠢᠨ ᠬᠡᠪᠴᠢᠶᠡᠵᠢᠯ᠎ᠢ ᠥᠷᠭᠡᠳᠭᠡᠨ᠂ ᠦᠢᠯᠡᠳᠪᠦᠷᠢᠯᠡᠬᠦ᠌ ᠠᠵᠤ ᠠᠬᠤᠢᠯᠠᠯ᠎ᠤᠨ ᠦᠢᠯᠡᠳᠪᠦᠷᠢᠯᠡᠯ ᠪᠠ ᠪᠣᠷᠣᠯᠠᠭᠤᠯᠭ᠎ᠠ᠎ᠪᠠᠨ ᠰᠠᠯᠭᠠᠬᠤ᠎ᠶ᠋ᠢ ᠬᠡᠷᠡᠭ᠌ᠵᠢᠭᠦᠯᠬᠦ᠌᠎ᠶ᠋ᠢ᠎ᠨᠢ ᠳᠡᠮᠵᠢᠵᠦ᠍᠂ ᠪᠣᠯᠪᠠᠰᠤᠷᠠᠭᠤᠯᠤᠭ᠍ᠰᠠᠨ ᠲᠣᠰᠤ ᠪᠠ ᠬᠡᠮᠵᠢᠯᠲᠡ᠎ᠶ᠋ᠢᠨ ᠪᠡᠯᠡᠳᠭᠡᠮᠵᠢ᠎ᠶ᠋ᠢᠨ ᠲᠠᠯ᠎ᠠ᠎ᠪᠠᠷ᠎ᠬᠢ 《ᠬᠠᠤᠯᠢ ᠪᠤᠰᠤ ᠦᠢᠯᠡ ᠠᠵᠢᠯᠯᠠᠭ᠎ᠠ᠎ᠳᠤ ᠴᠣᠬᠢᠯᠲᠠ ᠥᠭ᠌ᠴᠦ ᠬᠠᠤᠯᠢ᠎ᠠᠴᠠ ᠵᠥᠷᠢᠴᠡᠭ᠌ᠰᠡᠨᠢ ᠵᠠᠰᠠᠬᠤ》 ᠶ᠋ᠢ ᠦᠷᠭᠦᠯᠵᠢᠯᠡᠨ ᠥᠷᠨᠢᠭᠦᠯᠦᠨ᠎ᠡ᠃ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠨᠠᠢᠳᠠᠨ ᠰᠠᠭᠠᠲᠠᠭᠤᠯᠬᠤ᠂ ᠬᠡᠷ ᠠᠬᠤᠢ ᠵᠡᠷᠭᠡ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠨ ᠴᠢᠨᠠᠷ ᠴᠢᠨᠰᠠᠭ᠎ᠠ ᠶ᠋ᠢ ᠨᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠣᠶᠣᠨᠴᠢ ᠬᠡᠷ᠎ᠤᠨ ᠬᠡᠷᠡᠭ᠌ᠰᠡᠯ᠂ ᠠᠮᠠᠷᠠᠯᠲᠠ᠎ᠶ᠋ᠢᠨ ᠡᠳᠦᠷ᠎ᠤᠨ ᠠᠵᠤ ᠠᠬᠤᠶ᠂ ᠰᠥᠨᠢ᠎ᠶ᠋ᠢᠨ ᠬᠡᠷᠡᠭ᠌ᠯᠡᠭᠡ᠂ ᠲᠣᠭ᠍ᠯᠠᠯᠲᠠ᠎ᠶ᠋ᠢᠨ ᠠᠵᠤ ᠠᠬᠤᠶ᠂ ᠪᠡᠶ᠎ᠡ᠎ᠶ᠋ᠢᠨ ᠲᠠᠮᠢᠷ ᠤᠨ ᠤᠷᠤᠯᠳᠤᠭᠠᠨ ᠵᠡᠷᠭᠡ ᠱᠢᠨ᠎ᠡ ᠨᠡᠮᠡᠭ᠌ᠳᠡᠯ᠎ᠤᠨ ᠴᠡᠭ᠎ᠢ ᠪᠤᠢᠵᠢᠭᠤᠯᠤᠨ ᠪᠣᠵᠠᠭᠠᠢ᠌ᠷᠠᠭᠤᠯᠤᠨᠠ᠃ ᠬᠤᠳᠠᠯᠳᠤᠭᠠᠨ᠎ᠤ ᠨᠡᠷᠡᠲᠦ ᠲᠡᠮᠳᠡᠭ ᠪᠦᠬᠦᠢ ᠲᠥᠷᠦᠭᠦᠴᠢ ᠳᠡᠯᠭᠡᠭᠦᠷ᠂ ᠳᠡᠭᠡᠳᠦ ᠴᠢᠳᠠᠪᠬᠢᠲᠦ ᠵᠢᠵᠢᠭ᠌ᠯᠡᠨ ᠬᠤᠳᠠᠯᠳᠤᠬᠤ ᠬᠤᠱᠢᠭᠤᠴᠢ ᠳᠡᠯᠭᠡᠭᠦᠷ ᠵᠡᠷᠭᠡ᠎ᠶ᠋ᠢ ᠬᠦᠴᠦᠯᠡᠨ ᠣᠷᠣᠭᠤᠯᠵᠤ ᠠᠪᠴᠢᠷᠠᠨ᠂ ᠨᠡᠩ ᠣᠯᠠᠨ ᠠᠮᠢᠳᠤᠷᠠᠯ᠎ᠤᠨ ᠦᠨᠥᠷ ᠠᠮᠲᠠ᠂ ᠨᠤᠲᠤᠭ᠎ᠤᠨ ᠥᠨᠥᠷ ᠠᠮᠲᠠ᠂ ᠴᠠᠭ᠎ᠤᠨ ᠱᠢᠨ᠎ᠡ ᠥᠩᠭᠡ ᠪᠦᠬᠦᠢ ᠬᠡᠷᠡᠭ᠌ᠯᠡᠭᠡ᠎ᠶ᠋ᠢᠨ ᠱᠢᠨ᠎ᠡ ᠠᠬᠤᠢ ᠪᠠᠢᠳᠠᠯ᠎ᠢ ᠪᠦᠢᠵᠢᠭᠤᠯᠤᠨᠠ᠃ ᠬᠤᠶᠠᠷ᠎ᠲᠤ ᠪᠦᠲᠦᠮᠵᠢᠲᠦ ᠪᠡᠯᠡ ᠣᠷᠣᠭᠤᠯᠤᠯᠲᠠ᠎ᠶ᠋ᠢ ᠥᠷᠭᠡᠳᠭᠡᠨ᠎ᠡ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠱᠢᠭ᠍ᠯᠠᠯᠲᠠ᠂ ᠮᠡᠳᠡᠭᠡ ᠵᠠᠩᠭᠢ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠍᠂ ᠨᠠᠩ ᠣᠯᠠᠨ ᠲᠥᠷᠥᠯ ᠵᠦᠢᠯ᠎ᠢ ᠲᠥᠪ᠎ᠤᠨ ᠲᠥᠰᠦᠪ᠎ᠲᠠᠬᠢ ᠪᠠᠯᠠ ᠣᠷᠣᠭᠤᠯᠤᠯᠲᠠ᠂ ᠤᠯᠤᠰ᠎ᠤᠨ ᠬᠡᠲᠦ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠵᠡᠷᠭᠡ᠎ᠶ᠋ᠢᠨ ᠳᠡᠮᠵᠢᠬᠦ᠌ ᠬᠡᠪᠴᠢᠶᠡᠨ᠎ᠳᠤ ᠣᠷᠣᠭᠤᠯᠬᠤ᠎ᠶ᠋ᠢ ᠠᠬᠢᠭᠤᠯᠤᠨ᠎ᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠴᠢᠬᠤᠯᠠ ᠶᠡᠭᠡ ᠲᠥᠷᠥᠯ ᠵᠦᠢᠯ᠎ᠳᠤ ᠣᠷᠣᠯᠴᠠᠬᠤ ᠣᠷᠳᠣ ᠬᠤᠭᠤᠴᠠᠭᠠᠨ᠎ᠤ ᠪᠦᠲᠦᠮᠵᠢᠲᠦ ᠲᠣᠭ᠍ᠲᠠᠴᠠ᠂ ᠲᠥᠷᠥ᠎ᠶ᠋ᠢᠨ ᠪᠣᠳᠣᠯᠭ᠎ᠠ᠎ᠶ᠋ᠢᠨ ᠨᠡᠪᠲᠡᠷᠡᠯᠴᠡᠭᠡ ᠬᠢᠭᠡᠳ ᠱᠢᠭᠤᠳ ᠬᠦᠷᠭᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ ᠤᠨ 《ᠨᠢᠭᠡ ᠴᠢᠬᠤᠯᠠ ᠨᠢᠭᠡ ᠭᠤᠣᠯᠳᠠᠯᠭ᠎ᠠ》 ᠶ᠋ᠢᠨ ᠪᠥᠲᠥᠭᠡᠨ ᠪᠠᠢᠭᠤᠯᠤᠯᠲᠠ᠎ᠳᠤ ᠣᠷᠣᠯᠴᠠᠬᠤ᠎ᠶ᠋ᠢ᠎ᠨᠢ ᠳᠡᠮᠵᠢᠨ᠎ᠡ᠃ ᠴᠢᠬᠤᠯᠠ ᠶᠡᠭᠡ ᠲᠥᠷᠥᠯ ᠵᠦᠢᠯ᠎ᠢ ᠬᠤᠯᠪᠣᠭᠠᠯᠠᠨ ᠬᠢᠨᠠᠵᠤ ᠵᠥᠪᠱᠢᠶᠡᠷᠡᠬᠦ᠌ ᠲᠣᠭ᠍ᠲᠠᠴᠠ᠎ᠶ᠋ᠢ ᠰᠠᠢᠲᠤᠷ ᠬᠡᠷᠡᠭ᠌ᠯᠡᠵᠦ᠍᠂ ᠪᠦᠬᠦ᠌ ᠵᠢᠯ ᠳᠤ ᠴᠢᠬᠤᠯᠠ ᠶᠡᠭᠡ ᠲᠥᠷᠥᠯ ᠵᠦᠢᠯ᠎ᠢ 3600 ᠣᠷᠴᠢᠮ ᠬᠡᠷᠡᠭ᠌ᠵᠢᠭᠦᠯᠬᠦ᠂ ᠲᠦᠮᠡᠨ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢᠬᠢ ᠪᠡᠯᠡ ᠣᠷᠣᠭᠤᠯᠤᠯᠲᠠ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠨ᠎ᠠ᠃ ᠪᠤᠭᠤᠲᠤ᠎ᠠᠴᠠ ᠢᠷᠭᠠᠶ ᠬᠥᠷᠬᠦ᠌ ᠲᠦᠷᠭᠡᠨ᠎ᠤ ᠲᠡᠮᠦᠷ ᠵᠠᠮ᠎ᠤᠨ ᠢᠷᠭᠠᠶ᠎ᠠᠴᠠ ᠪᠠᠶᠠᠨᠬᠤᠲᠠ ᠬᠥᠷᠬᠦ᠌ ᠰᠠᠯᠪᠤᠷᠢ ᠱᠤᠭᠤᠮ᠂ ᠲᠠᠢᠽᠢ ᠬᠤᠲᠠ᠎ᠠᠴᠠ ᠱᠢᠯᠢ᠎ᠶ᠋ᠢᠨ ᠬᠤᠲᠠ ᠬᠥᠷᠬᠦ᠌ ᠲᠡᠮᠦᠷ ᠵᠠᠮ᠎ᠢ ᠪᠠᠢᠭᠤᠯᠵᠤ ᠳᠠᠭᠤᠰᠭᠠᠨ᠂ ᠵᠢᠨᠢᠩ᠎ᠠᠴᠠ ᠲᠦᠩᠯᠢᠶᠣᠤ ᠬᠥᠷᠬᠦ᠌ ᠲᠡᠮᠦᠷ ᠵᠠᠮ ᠤᠨ ᠬᠥᠳᠡᠯᠭᠡᠭᠦᠷᠲᠦ ᠲᠡᠷᠭᠡ ᠨᠡᠪᠲᠡᠷᠡᠭᠦᠯᠬᠦ᠌᠎ᠪᠠᠷ ᠥᠭᠡᠷᠡᠴᠢᠯᠡᠨ ᠱᠢᠨᠡᠳᠭᠡᠬᠦ᠌ ᠢᠨᠵᠧᠨᠧᠷᠢᠩ᠎ᠢ ᠪᠡᠶᠡᠯᠡᠭᠦᠯᠵᠦ᠍᠂ ᠱᠢᠯᠢ᠎ᠶ᠋ᠢᠨ ᠭᠤᠤᠯ ᠠᠢᠮᠠᠭ᠂ ᠠᠯᠠᠱᠠ ᠠᠢᠮᠠᠭ᠎ᠢᠶᠠᠷ ᠬᠦᠳᠡᠯᠭᠡᠭᠦᠷᠲᠦ ᠲᠡᠷᠭᠡ ᠠᠶᠠᠯᠠᠭᠤᠯᠬᠤ᠎ᠶ᠋ᠢ ᠪᠡᠶᠡᠯᠡᠭᠦᠯᠦᠨ᠎ᠡ᠃ ᠯᠢᠨ ᠾᠧ᠎ᠠᠴᠠ ᠬᠠᠮᠢ ᠬᠦᠷᠬᠦ᠌ ᠲᠡᠮᠦᠷ ᠵᠠᠮ᠂ ᠤᠯᠠᠭᠠᠨᠬᠤᠲᠠ᠎ᠠᠴᠠ ᠷᠠᠱᠢᠶᠠᠨ ᠬᠦᠷᠬᠦ᠌ ᠲᠡᠮᠦᠷ ᠵᠠᠮ᠂ ᠹᠦ᠋ ᠢᠤᠢ᠎ᠠᠴᠠ ᠵᠠᠭ᠍ᠳᠠᠴᠢ ᠬᠦᠷᠬᠦ᠌ ᠲᠡᠮᠦᠷ ᠵᠠᠮ᠎ᠢ ᠲᠦᠷᠭᠡᠳᠭᠡᠨ ᠪᠦᠲᠦᠭᠡᠨ ᠪᠠᠢᠭᠤᠯᠤᠨ᠎ᠠ᠃ ᠪᠤᠭᠤᠲᠤ᠎ᠠᠴᠠ ᠣᠷᠳᠣᠰ᠂ ᠲᠡᠮᠡᠭᠡᠲᠦ ᠬᠦᠷᠬᠦ᠌ ᠲᠦᠷᠭᠡᠨ᠎ᠤ ᠲᠡᠮᠦᠷ ᠵᠠᠮ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠬᠥᠬᠡᠬᠤᠲᠠ᠎ᠠᠴᠠ ᠪᠤᠭᠤᠲᠤ ᠬᠦᠷᠬᠦ᠌ ᠲᠦᠷᠭᠡᠨ᠎ᠤ ᠲᠡᠮᠦᠷ ᠵᠠᠮ᠂ ᠬᠠᠷᠪᠢᠨ᠎ᠠᠴᠠ ᠮᠠᠨᠵᠤᠤᠷ ᠬᠦᠷᠬᠦ᠌ ᠲᠡᠮᠦᠷ ᠵᠠᠮ (ᠴᠢᠴᠢᠬᠠᠷ ᠬᠠᠢᠯᠠᠷ ᠮᠠᠨᠵᠤᠤᠷ᠎ᠤᠨ ᠬᠡᠰᠡᠭ) ᠤᠨ ᠬᠦᠳᠡᠯᠭᠡᠭᠦᠷᠲᠦ ᠲᠡᠷᠭᠡ ᠠᠶᠠᠯᠠᠭᠤᠯᠬᠤ ᠪᠠᠷ ᠦᠭᠡᠷᠡᠴᠢᠯᠡᠨ ᠱᠢᠨᠡᠳᠭᠡᠬᠦ᠌ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ᠎ᠢ ᠠᠬᠢᠭᠤᠯᠤᠨ᠎ᠠ᠃ ᠲᠦᠷᠭᠡᠨ᠎ᠤ ᠵᠠᠰᠠᠮᠠᠯ ᠵᠠᠮ ᠪᠠ ᠤᠯᠤᠰ ᠮᠤᠵᠢ᠎ᠶ᠋ᠢᠨ ᠭᠤᠣᠯ ᠱᠤᠭᠤᠮ ᠢ 1500 ᠺᠢᠯᠣᠮᠧᠲᠷ ᠱᠢᠨ᠎ᠡ᠎ᠪᠠᠷ ᠠᠵᠢᠯ ᠡᠬᠢᠯᠡᠭᠦᠯᠦᠨ᠂ ᠬᠥᠳᠡᠭᠡ ᠲᠣᠰᠭᠤᠨ᠎ᠤ ᠵᠠᠰᠠᠮᠠᠯ ᠵᠠᠮ ᠢ 5000 ᠺᠢᠯᠣᠮᠧᠲᠷ ᠱᠢᠨ᠎ᠡ᠎ᠪᠠᠷ ᠥᠭᠡᠷᠡᠴᠢᠯᠡᠨ ᠪᠠᠢᠭᠤᠯᠤᠨ᠎ᠠ᠃ ᠱᠧᠩ ᠯᠧ ᠣᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠱᠢᠯᠵᠢᠭᠦᠯᠦᠨ ᠠᠵᠢᠯᠯᠠᠭᠤᠯᠬᠤ ᠠᠵᠢᠯ᠎ᠢ ᠰᠠᠢᠲᠤᠷ ᠬᠢᠵᠦ᠍᠂ ᠬᠦᠢᠰᠦ ᠪᠣᠯᠬᠤ ᠴᠢᠳᠠᠮᠵᠢ᠎ᠶ᠋ᠢ᠎ᠨᠢ ᠴᠢᠩᠭᠠᠷᠠᠭᠤᠯᠤᠨ᠂ ᠠᠭᠠᠷ ᠠᠶᠠᠯᠠᠯ᠎ᠤᠨ ᠱᠤᠭᠤᠮ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠠᠢᠮᠠᠭ ᠬᠤᠲᠠ᠎ᠶ᠋ᠢ ᠣᠷᠣᠨ᠎ᠤ ᠲᠥᠪ᠎ᠲᠠᠢ ᠬᠤᠯᠪᠤᠬ᠍ᠰᠠᠨ ᠪᠠ ᠠᠢᠮᠠᠭ ᠬᠤᠲᠠ ᠶ᠋ᠢ ᠤᠯᠤᠰ᠎ᠤᠨ ᠳᠣᠲᠣᠭᠠᠳᠤ᠎ᠶ᠋ᠢᠨ ᠴᠢᠬᠤᠯᠠ ᠬᠦᠢᠰᠦ᠎ᠲᠠᠢ ᠬᠤᠯᠪᠣᠭ᠍ᠰᠠᠨ ᠠᠭᠠᠷ ᠠᠶᠠᠯᠠᠯ᠎ᠤᠨ ᠲᠣᠣᠷ᠎ᠢ ᠪᠦᠷᠢᠯᠳᠦᠭᠦᠯᠤᠨ᠎ᠠ᠃ ᠴᠤᠤᠯ ᠭᠤᠣᠯ᠎ᠤᠨ ᠤᠰᠤ ᠶ᠋ᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠌ ᠵᠢᠴᠢ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ ᠢ ᠪᠠᠢᠭᠤᠯᠵᠤ ᠳᠠᠭᠤᠰᠭᠠᠨ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠢ ᠤᠳᠤᠬᠢᠴᠢᠯᠠᠬᠤ᠎ᠪᠠᠷ ᠥᠭᠡᠷᠡᠴᠢᠯᠡᠨ ᠱᠢᠨᠡᠳᠭᠡᠬᠦ᠂ ᠥᠪᠦᠷᠵᠢᠯᠠᠭ᠎ᠠ ᠴᠥᠭᠦᠷᠥᠮ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ᠎ᠤᠳ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ ᠬᠠᠲᠤᠨ ᠭᠤᠣᠯ᠎ᠤᠨ ᠥᠪᠥᠷ ᠮᠣᠩᠭᠤᠯ᠎ᠳᠠᠬᠢ ᠬᠡᠰᠡᠭ᠎ᠤᠨ ᠭᠤᠣᠯ᠎ᠤᠨ ᠵᠠᠮ᠎ᠢ ᠵᠠᠰᠠᠬᠤ ᠢᠨᠵᠧᠨᠧᠷᠢᠩ᠎ᠢ ᠬᠡᠷᠡᠭ᠌ᠵᠢᠭᠦᠯᠦᠨ᠂ ᠶᠡᠭᠡ ᠲᠦᠷᠭᠡᠨ ᠭᠤᠣᠯ ᠪᠠ ᠮᠠᠢᠳᠠᠷᠢ ᠭᠤᠤ ᠵᠡᠷᠭᠡ 13 ᠭᠤᠣᠯ ᠮᠥᠷᠡᠨ᠂ 300 ᠵᠤᠷᠪᠤᠰ ᠳᠤᠮᠳᠠ ᠬᠡᠯᠪᠡᠷᠢ᠎ᠠᠴᠠ ᠳᠡᠭᠡᠭ᠌ᠰᠢᠬᠢ ᠢᠳᠡᠭ᠌ᠳᠡᠭ᠌ᠰᠡᠨ ᠭᠤᠤ᠎ᠶ᠋ᠢᠨ ᠵᠠᠰᠠᠯᠲᠠ᠎ᠶ᠋ᠢ ᠥᠷᠨᠢᠭᠦᠯᠵᠦ᠍᠂ ᠬᠠᠷᠬᠤᠰᠤ ᠨᠠᠭᠤᠷ ᠵᠡᠷᠭᠡ ᠣᠷᠣᠨ ᠪᠦᠰᠡ᠎ᠳᠠᠬᠢ ᠤᠰᠤᠨ᠎ᠳᠤ ᠡᠪᠳᠡᠭ᠌ᠳᠡᠭ᠌ᠰᠡᠨ ᠪᠠᠷᠢᠯᠭᠠᠨᠤᠭᠤᠳᠢ ᠵᠠᠰᠠᠨ ᠰᠡᠷᠭᠦᠭᠡᠬᠦ᠌ ᠠᠵᠢᠯ᠎ᠢ ᠦᠶᠡᠷ᠎ᠤᠨ ᠬᠤᠭᠤᠴᠠᠭᠠᠨ᠎ᠠᠴᠠ ᠡᠮᠦᠨ᠎ᠡ ᠳᠠᠭᠤᠰᠭᠠᠨ᠎ᠠ᠃ ᠬᠤᠲᠠ᠎ᠶ᠋ᠢᠨ ᠱᠢᠨᠡᠴᠢᠯᠡᠯᠲᠡ᠎ᠶ᠋ᠢ ᠶᠡᠭᠡ᠎ᠪᠠᠷ ᠠᠬᠢᠭᠤᠯᠤᠨ᠂ ᠰᠠᠢᠵᠢᠷᠠᠭᠤᠯᠬᠤ ᠴᠢᠨᠠᠷᠲᠠᠢ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠨᠡᠮᠡᠭ᠌ᠳᠡᠭᠦᠯᠦᠨ᠎ᠡ᠃ ᠪᠠᠷᠢᠯᠭ᠎ᠠ᠎ᠶ᠋ᠢᠨ ᠠᠵᠤ ᠠᠬᠤᠢᠯᠠᠯ᠎ᠢ ᠵᠢᠭᠠᠨ ᠵᠢᠯᠤᠭᠤᠳᠴᠤ᠌ ᠪᠠᠢᠭᠠᠳ ᠬᠢᠷᠢ ᠴᠢᠳᠠᠮᠵᠢ᠎ᠶ᠋ᠢ᠎ᠨᠢ ᠳᠡᠭᠡᠭ᠌ᠰᠢᠯᠡᠭᠦᠯᠦᠨ᠂ ᠬᠦᠮᠦᠷᠭᠡ ᠪᠦᠷᠢᠳᠭᠡᠯ᠎ᠳᠤ ᠤᠷᠤᠭᠤᠯᠵᠤ᠂ ᠵᠠᠮ ᠬᠠᠷᠢᠯᠴᠠᠭ᠎ᠠ᠂ ᠤᠰᠤᠨ ᠠᠱᠢᠭ᠍ᠯᠠᠯᠲᠠ᠂ ᠠᠭᠤᠷᠬᠠᠶ᠂ ᠠᠵᠤ ᠦᠢᠯᠡᠳᠪᠦᠷᠢ᠂ ᠣᠷᠴᠢᠨ ᠲᠣᠭᠤᠷᠢᠨ ᠵᠡᠷᠭᠡ᠎ᠶ᠋ᠢᠨ ᠲᠤᠰᠭᠠᠶ ᠮᠡᠷᠭᠡᠵᠢᠯ᠎ᠤᠨ ᠢᠨᠵᠧᠨᠧᠷᠢᠩ᠎ᠢ ᠳᠠᠭᠠᠭᠠᠴᠢᠯᠠᠬᠤ ᠴᠢᠳᠠᠪᠤᠷᠢ᠎ᠶ᠋ᠢ᠎ᠨᠢ ᠳᠡᠭᠡᠭ᠌ᠰᠢᠯᠡᠭᠦᠯᠦᠨ᠎ᠡ᠃ ᠭᠤᠷᠪᠠ᠎ᠳᠤ ᠬᠠᠨᠳᠤᠯᠭ᠎ᠠ᠎ᠲᠠᠢ᠎ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠎ᠠ᠃ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ᠎ᠤ ᠭᠤᠷᠪᠠᠯᠵᠢᠨ ᠬᠤᠢᠭ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠂ ᠵᠡᠭᠦᠨ ᠬᠤᠢᠲᠤ ᠣᠷᠣᠨ᠎ᠤ ᠭᠤᠷᠪᠠᠨ ᠮᠣᠵᠢ᠂ ᠴᠧᠩᠳᠦ᠋ ᠴᠦᠩᠴᠢᠩ ᠵᠡᠷᠭᠡ ᠣᠷᠣᠨ ᠪᠦᠰᠡ᠎ᠯᠦᠭᠡ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠪᠥᠬᠦ᠌ ᠤᠯᠤᠰ᠎ᠤᠨ ᠠᠵᠤ ᠦᠢᠯᠡᠳᠪᠦᠷᠢ ᠬᠤᠳᠠᠯᠳᠤᠭ᠎ᠠ᠎ᠶ᠋ᠢᠨ ᠬᠤᠯᠪᠤᠭᠠᠲᠤ ᠬᠤᠷᠠᠯ᠎ᠤᠨ ᠨᠠᠷᠠᠲᠤ ᠠᠵᠤ ᠠᠬᠤᠢᠯᠠᠯ ᠢᠶᠠᠷ ᠥᠪᠥᠷ ᠮᠣᠩᠭᠤᠯ᠎ᠤᠨ ᠴᠢᠨᠠᠷ ᠰᠠᠢᠲᠠᠶ ᠬᠥᠭ᠌ᠵᠢᠯᠲᠡ ᠶ᠋ᠢ ᠲᠤᠰᠠᠯᠠᠭᠤᠯᠤᠨ ᠠᠬᠢᠭᠤᠯᠬᠤ ᠠᠵᠢᠯᠯᠠᠭ᠎ᠠ᠎ᠶ᠋ᠢ ᠡᠷᠬᠢᠯᠡᠨ᠎ᠡ᠃ ᠤᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠎ᠳᠤ ᠵᠤᠷᠢᠬ᠍ᠵᠢᠭᠤᠯᠬᠤ ᠪᠠ ᠴᠠᠭᠠᠵᠠᠯᠠᠬᠤ ᠵᠦᠢᠯᠡᠰ᠎ᠤᠨ ᠲᠣᠳᠣᠷᠬᠠᠢ ᠬᠠᠭᠤᠳᠠᠰᠤ᠎ᠶ᠋ᠢ ᠨᠠᠢᠳᠠᠪᠤᠷᠢᠵᠢᠭᠤᠯᠵᠤ᠂ ᠨᠡᠮᠡᠭ᠌ᠳᠡᠯ ᠲᠥᠷᠥᠯ ᠵᠦᠢᠯ᠎ᠢ ᠨᠠᠷᠢᠯᠢᠬ ᠣᠨᠣᠴᠠᠲᠠᠢ᠎ᠪᠠᠷ ᠣᠷᠣᠭᠤᠯᠤᠨ ᠠᠪᠴᠢᠷᠠᠬᠤ᠂ ᠭᠡᠷ᠎ᠡ ᠳᠣᠭ᠍ᠲᠠᠭ᠍ᠰᠠᠨ ᠲᠥᠷᠥᠯ ᠵᠦᠢᠯ᠎ᠢ ᠪᠣᠲᠠᠲᠠᠢᠵᠢᠭᠤᠯᠤᠨ ᠤᠯᠠᠷᠢᠭᠤᠯᠬᠤ᠂ ᠪᠦᠲᠦᠭᠡᠨ ᠪᠠᠢᠭᠤᠯᠵᠤ ᠪᠠᠢᠭ᠎ᠠ ᠲᠥᠷᠥᠯ ᠵᠦᠢᠯ᠎ᠢ ᠪᠠᠢᠭᠤᠯᠵᠤ ᠳᠠᠭᠤᠰᠭᠠᠭᠠᠳ ᠦᠢᠯᠡᠳᠪᠦᠷᠢᠯᠡᠬᠦ᠌ ᠴᠢᠳᠠᠪᠤᠷᠢ᠎ᠳᠤ ᠬᠦᠷᠦᠭᠦᠯᠬᠦ᠌ᠶ᠋ᠢ ᠴᠢᠬᠤᠯᠠᠴᠢᠯᠠᠨ᠎ᠠ᠃
(ᠲᠦᠷᠪᠡ) ᠥᠭᠡᠷᠡᠴᠢᠯᠡᠯᠲᠡ ᠱᠢᠪᠲᠣᠯᠣᠯᠲᠠᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠥᠪᠱᠢᠨᠲᠥ᠍ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠪᠠᠢᠭᠤᠯᠤᠯ ᠢ ᠪᠠᠢᠭᠤᠯᠤᠨ᠎ᠠ᠃ ᠨᠢᠭᠡ᠎ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠎ᠡ᠃ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ᠎ᠳᠤ ᠶᠡᠭᠡ ᠵᠣᠭᠤᠰ ᠵᠠᠷᠤᠴᠠᠭᠤᠯᠬᠤ ᠴᠢᠬᠤᠯᠠ ᠦᠭᠡᠢ᠂ ᠭᠡᠪᠡᠴᠦ᠍ ᠰᠠᠢᠨ ᠰᠠᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠥᠨᠳᠥᠷ ᠦᠷ᠎ᠡ ᠠᠱᠢᠭ ᠠᠪᠴᠢᠷᠠᠨ᠎ᠠ᠃ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠵᠦᠢᠯᠡᠰ᠎ᠤᠨ ᠬᠠᠰᠤᠵᠤ ᠪᠣᠯᠬᠤ᠎ᠶ᠋ᠢ᠎ᠨᠢ ᠬᠠᠰᠤᠬᠤ᠂ ᠲᠠᠯᠪᠢᠬᠤ ᠶᠣᠰᠣᠲᠠᠶ᠎ᠶ᠋ᠢ᠎ᠨᠢ ᠲᠠᠯᠪᠢᠬᠤ᠂ ᠤᠷᠢᠳ᠎ᠢᠶᠠᠷ ᠬᠠᠰᠤᠵᠤ ᠳᠠᠷᠠᠭ᠎ᠠ᠎ᠳᠤ᠎ᠨᠢ ᠲᠠᠯᠪᠢᠬᠤ᠂ ᠰᠦᠯᠵᠢᠶ᠎ᠡ᠎ᠪᠠᠷ ᠭᠦᠢᠴᠡᠳᠭᠡᠬᠦ᠌᠎ᠶ᠋ᠢ ᠠᠬᠢᠭᠤᠯᠵᠤ᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌》 ᠭᠤᠤᠯᠳᠠᠯᠭ᠎ᠠ ᠪᠣᠯᠬᠤ ᠵᠦᠢᠯᠡᠰ᠎ᠢ ᠠᠬᠢᠭᠠᠳ 20 ᠭᠠᠷᠭᠠᠨ᠎ᠠ᠃ ᠳᠦᠷᠢᠮ ᠲᠣᠭ᠍ᠲᠠᠭᠠᠯ᠎ᠠᠴᠠ ᠵᠦᠷᠢᠴᠡᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠵᠡᠷᠭᠡ ᠠᠰᠠᠭᠤᠳᠠᠯ᠎ᠢ ᠭᠦᠨᠵᠡᠭᠡᠢ ᠴᠡᠭ᠌ᠴᠡᠯᠡᠨ ᠵᠠᠰᠠᠵᠤ᠂ ᠳᠤᠷ᠎ᠠ᠎ᠪᠠᠷ ᠰᠦᠢᠳᠭᠡᠯ ᠬᠤᠷᠢᠶᠠᠬᠤ᠂ ᠳᠤᠷ᠎ᠠ᠎ᠪᠠᠷ ᠵᠣᠭᠤᠰ ᠲᠣᠷᠭᠠᠬᠤ᠂ ᠳᠤᠷ᠎ᠠ᠎ᠪᠠᠷ ᠪᠠᠢᠴᠠᠭᠠᠬᠤ᠂ ᠳᠤᠷ᠎ᠠ᠎ᠪᠠᠷ ᠪᠢᠲᠡᠭᠦᠮᠵᠢᠯᠡᠬᠦ᠌ ᠵᠢᠴᠢ ᠳᠦᠷᠢᠮ ᠳᠣᠭ᠍ᠲᠠᠭᠠᠯᠠᠴᠠ ᠵᠦᠷᠢᠴᠡᠨ ᠣᠨᠳᠣᠣ ᠭᠠᠵᠠᠷ᠎ᠲᠤ ᠬᠠᠤᠯᠢ ᠬᠡᠷᠡᠭ᠌ᠵᠢᠭᠦᠯᠬᠦ᠂ ᠠᠱᠢᠭ ᠬᠠᠷᠠᠬᠤ ᠴᠢᠨᠠᠷᠲᠠᠢ᠎ᠪᠠᠷ ᠬᠠᠤᠯᠢ ᠬᠡᠷᠡᠭ᠌ᠵᠢᠭᠦᠯᠬᠦ᠂ ᠬᠠᠭᠤᠮᠠᠭᠠᠢ ᠪᠦᠳᠦᠭᠦᠯᠢᠭ᠎ᠢᠶᠠᠷ ᠬᠠᠤᠯᠢ ᠬᠡᠷᠡᠭ᠌ᠵᠢᠭᠦᠯᠬᠦ᠌ ᠵᠡᠷᠭᠡ ᠳᠣᠪᠦ᠋ᠢᠮᠠ ᠠᠰᠠᠭᠤᠳᠠᠯ᠎ᠢ ᠪᠠᠢᠩᠭᠤᠱᠢᠭᠤᠯᠤᠨ ᠴᠡᠭ᠌ᠴᠡᠯᠡᠨ ᠵᠠᠰᠠᠵᠤ᠂ ᠠᠵᠤ ᠠᠬᠤᠢᠯᠠᠯ ᠡᠵᠡᠩᠨᠡᠭ᠌ᠴᠢᠳ᠎ᠤᠨ ᠪᠡᠶ᠎ᠡ᠎ᠶ᠋ᠢᠨ ᠪᠠ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠬᠠᠤᠯᠢ ᠶᠣᠰᠣᠭᠠᠷ ᠬᠠᠮᠠᠭᠠᠯᠠᠨ᠎ᠠ᠃ ᠭᠤᠲᠤᠯ᠎ᠤᠨ᠎ᠢᠶᠠᠨ ᠵᠣᠬᠢᠷᠠᠬᠤ ᠡᠰᠡᠬᠦ᠌ ᠶ᠋ᠢ ᠡᠮᠦᠰᠦᠭ᠌ᠰᠡᠨ ᠬᠥᠮᠥᠨ ᠬᠠᠮᠤᠭ᠎ᠠᠴᠠ ᠲᠣᠳᠣᠷᠬᠠᠢ ᠮᠡᠳᠡᠨ᠎ᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠰᠠᠢᠨ ᠡᠰᠡᠬᠦ᠌᠎ᠶ᠋ᠢ ᠠᠵᠤ ᠠᠬᠤᠢᠯᠠᠯ ᠣᠢ᠌ᠯᠠᠭᠠᠨ᠎ᠠ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠢᠶᠠᠷ ᠭᠤᠤᠯ ᠴᠣᠭ᠍ᠴᠠ ᠪᠣᠯᠭᠠᠭ᠍ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠎ᠤᠨ ᠬᠢᠨᠠᠨ ᠱᠢᠨᠵᠢᠬᠦ᠌ ᠲᠣᠭ᠍ᠲᠠᠯᠴᠠᠭ᠎ᠠ᠎ᠶ᠋ᠢ ᠪᠠᠢᠭᠤᠯᠵᠤ᠂ ᠬᠤᠳᠠᠯᠳᠤᠭ᠎ᠠ᠎ᠶ᠋ᠢ ᠡᠷᠬᠢᠮᠯᠡᠬᠦ᠂ ᠬᠤᠳᠠᠯᠳᠤᠭ᠎ᠠ᠎ᠶ᠋ᠢ ᠴᠢᠬᠤᠯᠠᠴᠢᠯᠠᠬᠤ᠂ᠬᠤᠳᠠᠯᠳᠤᠭᠠᠴᠢᠨ᠎ᠢ ᠳᠣᠲᠣᠨᠣᠴᠢᠯᠠᠬᠤ᠂ ᠬᠤᠳᠠᠯᠳᠤᠭᠠᠴᠢᠨ᠎ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠣᠯᠭᠠᠨ᠂ ᠡᠯ᠎ᠡ ᠲᠦᠷᠦᠯ᠎ᠤᠨ ᠠᠵᠤ ᠠᠬᠤᠢ᠌ᠯᠠᠯ᠎ᠢ ᠦᠪᠦᠷ ᠮᠤᠩᠭᠤᠯ᠎ᠳᠤ ᠠᠵᠢᠯ ᠶᠠᠪᠤᠳᠠᠯ ᠭᠦᠢᠴᠡᠳᠭᠡᠬᠦ᠌᠎ᠳᠤ ᠤᠷᠤᠬ᠍ᠰᠢ᠎ᠲᠠᠢ᠂ ᠪᠡᠯᠡ ᠤᠷᠤᠭᠤᠯᠬᠤ᠎ᠳᠤ ᠰᠠᠨᠠᠭ᠎ᠠ ᠠᠮᠤᠷ᠂ ᠡᠵᠡᠩᠨᠡᠯᠲᠡ ᠬᠢᠬᠦ᠌᠎ᠳᠤ ᠰᠡᠳᠭᠢᠯ ᠲᠠᠭᠠᠯᠠᠮᠵᠢᠲᠠᠢ᠂ ᠬᠦᠭ᠌ᠵᠢᠭᠦᠯᠬᠦ᠌᠎ᠳᠤ ᠰᠠᠨᠠᠭ᠎ᠠ ᠠᠮᠤᠷ ᠪᠠᠢᠯᠭᠠᠨ᠎ᠠ᠃ ᠬᠤᠶᠠᠷ᠎ᠲᠤ ᠤᠯᠤᠰ᠎ᠤᠨ ᠥᠮᠴᠢᠯᠡᠯᠲᠦ ᠡᠳ᠋ ᠬᠦᠷᠦᠩᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠠᠳᠠᠯᠢ ᠪᠤᠰᠤ ᠲᠥᠷᠥᠯ ᠬᠡᠯᠪᠡᠷᠢᠲᠦ ᠠᠵᠤ ᠠᠬᠤᠢᠯᠠᠯ ᠤᠨ ᠴᠢᠳᠠᠮᠵᠢ ᠶ᠋ᠢᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢ ᠪᠣᠯᠭᠠᠨ᠂ ᠭᠤᠤᠯ ᠪᠤᠰᠤ ᠦᠢᠯᠡᠰ ᠳᠠᠪᠠᠭᠤᠯᠢᠭ ᠪᠤᠰᠤ ᠲᠤᠬᠠᠢᠯᠠᠭ᠍ᠰᠠᠨ ᠠᠵᠢᠯ᠎ᠢ ᠲᠣᠳᠣᠷᠬᠠᠢ ᠬᠠᠭᠤᠳᠠᠰᠤᠨ᠎ᠠᠴᠠ ᠭᠠᠷᠭᠠᠬᠤ᠂ ᠴᠢᠨᠠᠷ ᠢᠵᠢᠯᠱᠢᠭ᠌ᠰᠡᠨ ᠲᠤᠬᠠᠢᠯᠠᠭ᠍ᠰᠠᠨ ᠠᠵᠢᠯ᠎ᠢ ᠳᠠᠬᠢᠨ ᠵᠣᠬᠢᠶᠠᠨ ᠪᠠᠢᠭᠤᠯᠵᠤ ᠨᠡᠢᠳᠭᠡᠬᠦ᠌᠎ᠶ᠋ᠢ ᠠᠬᠢᠭᠤᠯᠵᠤ᠂ 《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ》 ᠪᠠᠷ ᠠᠯᠳᠠᠭ᠍ᠳᠠᠯᠲᠠᠢ ᠠᠵᠤ ᠠᠬᠤᠢᠯᠠᠯ᠎ᠢ ᠵᠠᠰᠠᠬᠤ ᠠᠵᠢᠯ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠵᠡᠩᠨᠡᠯᠲᠡ᠎ᠶ᠋ᠢᠨ ᠴᠢᠨᠠᠷᠲᠠᠶ ᠤᠯᠤᠰ᠎ᠤᠨ ᠥᠮᠴᠢᠯᠡᠯᠲᠦ ᠡᠳ᠋ ᠬᠥᠷᠥᠩᠭᠡ᠎ᠶ᠋ᠢᠨ ᠲᠥᠪᠯᠡᠷᠡᠩᠭᠦᠢ ᠨᠢᠭᠡᠳᠦᠯᠲᠡᠶ ᠬᠢᠨᠠᠯᠲᠠ ᠬᠠᠮᠢᠶᠠᠷᠤᠯᠲᠠ᠎ᠶ᠋ᠢ ᠡᠮᠬᠢ ᠵᠢᠷᠤᠮ᠎ᠲᠠᠢ ᠠᠬᠢᠭᠤᠯᠵᠤ᠂ ᠰᠤᠯᠠ ᠲᠠᠯᠪᠢᠭ᠍ᠳᠠᠵᠤ ᠪᠠᠢᠭ᠎ᠠ ᠦᠷ᠎ᠡ ᠠᠱᠢᠭ᠎ᠢᠶᠠᠷ ᠳᠣᠤᠷ᠎ᠠ ᠡᠳ᠋ ᠬᠥᠷᠥᠩᠭᠡ᠎ᠶ᠋ᠢ ᠴᠢᠯᠦᠭᠡᠲᠡᠢ ᠭᠦᠢᠯᠭᠡᠭᠡᠯᠡᠨ ᠠᠱᠢᠭ᠍ᠯᠠᠬᠤ ᠦᠷ᠎ᠡ ᠠᠱᠢᠭ᠎ᠢ ᠳᠡᠭᠡᠭ᠌ᠰᠢᠯᠡᠭᠦᠯᠦᠨ᠎ᠡ᠃ ᠭᠤᠷᠪᠠ᠎ᠳᠤ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠪᠤᠢᠵᠢᠭᠤᠯᠤᠨ ᠪᠣᠵᠠᠭᠠᠢ᠌ᠷᠠᠭᠤᠯᠤᠨᠠ᠃ ᠬᠡᠪᠴᠢᠶᠡᠵᠢᠯ᠎ᠠᠴᠠ ᠳᠡᠭᠡᠭ᠌ᠰᠢᠬᠢ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠂ ᠬᠢᠷᠢ ᠴᠢᠳᠠᠮᠵᠢ᠎ᠠᠴᠠ ᠳᠡᠭᠡᠭ᠌ᠰᠢᠬᠢ ᠪᠠᠷᠢᠯᠭ᠎ᠠ᠎ᠶ᠋ᠢᠨ ᠦᠢᠯᠡᠰ᠎ᠤᠨ ᠠᠵᠤ ᠠᠬᠤᠢᠯᠠᠯ᠂ ᠬᠢᠵᠠᠭᠠᠷ ᠨᠤᠷᠮ᠎ᠠ᠎ᠠᠴᠠ ᠳᠡᠭᠡᠭ᠌ᠰᠢᠬᠢ ᠪᠦᠭᠡᠮ᠎ᠢᠶᠠᠷ ᠬᠤᠳᠠᠯᠳᠤᠬᠤ ᠪᠠ ᠵᠢᠵᠢᠭ᠌ᠯᠡᠨ ᠬᠤᠳᠠᠯᠳᠤᠬᠤ ᠬᠤᠨᠤᠭ ᠪᠠᠭᠤᠳᠠᠯ ᠬᠤᠭᠤᠯᠠ ᠤᠮᠳᠠᠭᠠᠨ᠎ᠤ ᠦᠢᠯᠡᠰ᠎ᠤᠨ ᠠᠵᠤ ᠠᠬᠤᠢᠯᠠᠯ᠂ ᠬᠡᠪᠴᠢᠶᠡᠵᠢᠯ᠎ᠠᠴᠠ ᠳᠡᠭᠡᠭ᠌ᠰᠢᠬᠢ ᠦᠢᠯᠡᠴᠢᠯᠡᠭᠡᠨ᠎ᠤ ᠦᠢᠯᠡᠰ᠎ᠤᠨ ᠠᠵᠤ ᠠᠬᠤᠢᠯᠠᠯ᠎ᠢ ᠱᠠᠲᠤᠯᠠᠨ ᠪᠤᠢᠵᠢᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ 《ᠵᠢᠵᠢᠭ ᠪᠢᠴᠢᠯ ᠠᠵᠤ ᠠᠬᠤᠢ᠌ᠯᠠᠯ᠎ᠢ ᠬᠡᠪᠴᠢᠶᠡᠵᠢᠯ᠎ᠠᠴᠠ ᠳᠡᠭᠡᠭ᠌ᠰᠢᠬᠢ ᠠᠵᠤ ᠠᠬᠤᠢ᠌ᠯᠠᠯ ᠪᠣᠯᠭᠠᠨ ᠳᠡᠪᠱᠢᠬᠦᠯᠬᠦ᠌》 ᠭᠤᠣᠯᠳᠠᠯᠭ᠎ᠠ ᠪᠣᠯᠬᠤ ᠠᠵᠤ ᠠᠬᠤᠢ᠌ᠯᠠᠯ᠎ᠤᠳ ᠢ ᠪᠦᠢᠵᠢᠭᠤᠯᠬᠤ ᠬᠦᠮᠦᠷᠭᠡ᠎ᠶ᠋ᠢ ᠪᠠᠢᠭᠤᠯᠤᠨ᠎ᠠ᠃ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠪᠠᠷᠢᠯ᠎ᠢᠶᠠᠷ ᠡᠨᠧᠷᠭᠢ᠎ᠶ᠋ᠢᠨ ᠥᠪᠡᠷ᠎ᠤᠨ ᠥᠷᠲᠡᠭ᠂ ᠪᠠᠷᠠᠭᠠᠨ᠎ᠤ ᠭᠦᠢᠯᠭᠡᠭᠡᠨ᠎ᠤ ᠥᠪᠡᠷ᠎ᠤᠨ ᠥᠷᠲᠡᠭ᠂ ᠪᠠᠯᠠ ᠲᠣᠬᠢᠷᠠᠭᠤᠯᠭ᠎ᠠ ᠶ᠋ᠢᠨ ᠥᠪᠡᠷ᠎ᠤᠨ ᠥᠷᠲᠡᠭ ᠢ ᠪᠠᠭᠤᠷᠠᠭᠤᠯᠵᠤ᠂ ᠨᠠᠩ ᠣᠯᠠᠨ ᠱᠢᠯᠢᠳᠡᠭ ᠠᠵᠤ ᠠᠬᠤᠢᠯᠠᠯ᠎ᠢ ᠡᠷᠡᠭᠦᠯ ᠵᠠᠬ᠎ᠠ ᠳᠡᠯᠭᠡᠭᠦᠷ᠎ᠤᠨ ᠲᠣᠭ᠍ᠲᠠᠴᠠ᠎ᠶ᠋ᠢᠨ ᠳᠤᠮᠳᠠ ᠬᠥᠭ᠌ᠵᠢᠨ ᠪᠣᠵᠠᠭᠠᠢ᠌ᠷᠠᠭᠤᠯᠵᠤ ᠴᠣᠯᠭᠤᠷᠠᠭᠤᠯᠤᠨᠠ᠃ ᠳᠥᠷᠪᠡ᠎ᠳᠤ ᠡᠳ᠋᠎ᠤᠨ ᠵᠠᠰᠠᠭ᠎ᠤᠨ ᠬᠦᠷᠢᠶ᠎ᠡ ᠴᠠᠷᠠᠭᠠᠨ᠎ᠳᠠᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ᠃ ᠲᠡᠭ ᠰᠠᠭᠤᠷᠢᠨ ᠲᠥᠰᠦᠪ᠎ᠢ ᠠᠢᠮᠠᠭ ᠬᠤᠲᠠ ᠨᠤᠭᠤᠳ ᠲᠤ ᠨᠡᠢᠳᠡᠮ ᠬᠠᠮᠤᠷᠤᠭᠤᠯᠬᠤ᠎ᠶ᠋ᠢ ᠠᠬᠢᠭᠤᠯᠵᠤ᠂ ᠤᠷᠢᠳ᠎ᠢᠶᠠᠷ ᠠᠵᠢᠯ ᠶᠠᠪᠤᠳᠠᠯ᠎ᠢᠶᠠᠨ ᠲᠣᠭ᠍ᠲᠠᠭᠠᠵᠤ ᠳᠠᠷᠠᠭ᠎ᠠ᠎ᠨᠢ ᠵᠠᠷᠤᠳᠠᠯ᠎ᠢᠶᠠᠨ ᠵᠥᠪᠯᠡᠬᠦ᠂ ᠤᠷᠢᠳ᠎ᠢᠶᠠᠷ ᠲᠥᠷᠥᠯ ᠵᠦᠢᠯ᠎ᠢᠶᠠᠨ ᠳᠣᠭ᠍ᠲᠠᠭᠠᠵᠤ ᠳᠠᠷᠠᠭ᠎ᠠ᠎ᠨᠢ ᠲᠥᠰᠦᠪ ᠲᠣᠭ᠍ᠲᠠᠭᠠᠬᠤ᠂ ᠤᠷᠢᠳ᠎ᠢᠶᠠᠷ ᠲᠥᠰᠦᠪ᠎ᠢᠶᠠᠨ ᠲᠣᠭ᠍ᠲᠠᠭᠠᠵᠤ ᠳᠠᠷᠠᠭ᠎ᠠ᠎ᠨᠢ ᠵᠠᠷᠤᠯᠭ᠎ᠠ ᠭᠠᠷᠭᠠᠬᠤ᠂ ᠲᠥᠰᠦᠪ ᠦᠭᠡᠢ ᠪᠣᠯ ᠵᠠᠷᠤᠯᠭ᠎ᠠ ᠡᠰᠡ ᠭᠠᠷᠭᠠᠬᠤ᠎ᠶ᠋ᠢ ᠪᠡᠶᠡᠯᠡᠭᠦᠯᠦᠨ᠎ᠡ᠃ ᠡᠳ᠋᠎ᠤᠨ ᠵᠠᠰᠠᠭ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠲᠡᠭᠦᠯᠳᠡᠷᠵᠢᠭᠦᠯᠦᠨ᠂ ᠠᠢᠮᠠᠭ ᠬᠤᠲᠠ ᠬᠢᠭᠡᠳ ᠬᠤᠱᠢᠭᠤ ᠱᠢᠶᠠᠨ ᠬᠤᠶᠠᠷ ᠱᠠᠲᠤᠨ᠎ᠤ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠱᠢᠯᠤᠭᠤᠳᠭᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ ᠠᠷᠪᠢᠴᠢ ᠭᠠᠮᠲᠠᠢ ᠠᠮᠢᠳᠤᠷᠠᠬᠤ᠎ᠳᠤ ᠳᠠᠳᠭᠤ ᠬᠡᠷᠡᠭ᠌ᠲᠡᠢ᠂ ᠵᠣᠭᠤᠰ ᠮᠥᠩᠭᠦ᠎ᠪᠠᠨ ᠣᠨᠢᠨ ᠳᠡᠭᠡᠷ᠎ᠡ᠎ᠨᠢ ᠵᠠᠷᠤᠴᠠᠭᠤᠯᠵᠤ᠂ ᠵᠠᠷᠤᠬᠤ ᠴᠢᠬᠤᠯᠠ ᠦᠭᠡᠢ ᠵᠣᠭᠤᠰ᠎ᠤᠨ ᠨᠢᠭᠡ ᠮᠥᠩᠭᠦ᠎ᠶ᠋ᠢ ᠴᠦ᠍ ᠳᠤᠷ᠎ᠠ᠎ᠪᠠᠷ ᠵᠠᠷᠤᠴᠠᠭᠤᠯᠵᠤ ᠪᠣᠯᠬᠤ ᠦᠭᠡᠢ᠃
(ᠲᠠᠪᠤ) ᠣᠷᠣᠨ ᠪᠦᠰᠡ ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠵᠣᠬᠢᠴᠠᠩᠭᠤᠢ ᠬᠥᠭ᠌ᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠨᠢᠭᠡ᠎ᠳᠤ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃ ᠵᠡᠭᠦᠨ ᠬᠡᠰᠡᠭ᠎ᠤᠨ ᠠᠢᠮᠠᠭ ᠬᠤᠲᠠᠨᠤᠭᠤᠳᠢ ᠪᠥᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠂ ᠤᠨᠴᠠᠯᠢᠬ᠍ᠳᠤ ᠠᠵᠤ ᠦᠢᠯᠡᠳᠪᠦᠷᠢ᠂ ᠵᠢᠭᠤᠯᠴᠢᠯᠠᠯ᠂ ᠥᠷᠭᠡᠨ ᠬᠡᠪᠴᠢᠶᠡᠨ᠎ᠤ ᠬᠢᠯᠢ᠎ᠶ᠋ᠢᠨ ᠪᠣᠭᠤᠮᠲᠠ᠎ᠶ᠋ᠢᠨ ᠠᠵᠤ ᠠᠬᠤᠶ ᠵᠡᠷᠭᠡ᠎ᠶ᠋ᠢᠨ ᠲᠣᠭᠤᠷᠢᠨ᠎ᠳᠤ ᠦᠷᠭᠦᠯᠵᠢᠯᠡᠨ ᠬᠦᠴᠦᠯᠡᠵᠦ᠍᠂ ᠵᠠᠮ ᠬᠠᠷᠢᠯᠴᠠᠭ᠎ᠠ᠂ ᠪᠠᠷᠠᠭᠠᠨ᠎ᠤ ᠭᠦᠢᠯᠭᠡᠭᠡ ᠵᠡᠷᠭᠡ ᠰᠠᠭᠤᠷᠢ ᠪᠡᠯᠡᠳᠭᠡᠮᠵᠢ᠎ᠶ᠋ᠢᠨ ᠳᠤᠲᠠᠭᠤᠳᠠᠯ ᠢ ᠨᠥᠬᠦᠪᠥᠷᠢᠯᠡᠨ᠎ᠡ᠃ ᠳᠤᠮᠳᠠ ᠬᠡᠰᠡᠭ᠎ᠤᠨ ᠠᠢᠮᠠᠭ ᠬᠤᠲᠠ᠎ᠨᠤᠭᠤᠳ᠎ᠤᠨ ᠨᠢᠷᠤᠭᠤᠪᠴᠢ ᠪᠣᠯᠬᠤ ᠦᠢᠯᠡᠳᠦᠯ᠎ᠢ ᠪᠠᠳᠠᠷᠠᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ᠎ᠤᠨ ᠨᠢᠭᠡ ᠴᠣᠭ᠍ᠴᠠᠵᠢᠭᠤᠯᠤᠭ᠍ᠰᠠᠨ ᠬᠦᠭ᠌ᠵᠢᠯᠲᠡ ᠪᠠ ᠬᠥᠬᠡᠬᠤᠲᠠ᠎ᠶ᠋ᠢᠨ ᠲᠣᠮᠣ ᠬᠤᠲᠠ᠎ᠶ᠋ᠢᠨ ᠲᠣᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠎ᠡ᠃ ᠪᠠᠷᠠᠭᠤᠨ ᠬᠡᠰᠡᠭ᠎ᠤᠨ ᠠᠢᠮᠠᠭ ᠬᠤᠲᠠ᠎ᠨᠤᠭᠤᠳ ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠵᠤ᠂ ᠣᠷᠣᠨ ᠪᠦᠰᠡ᠎ᠶ᠋ᠢᠨ ᠦᠷᠭᠦᠯᠵᠢᠯᠡᠬᠦ᠋ᠢᠴᠡ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠴᠢᠩᠭᠠᠷᠠᠭᠤᠯᠤᠨ᠎ᠠ᠃ ᠪᠤᠭᠤᠲᠤ᠎ᠶ᠋ᠢᠨ ᠠᠵᠤ ᠦᠢᠯᠡᠳᠪᠦᠷᠢ ᠶ᠋ᠢᠨ ᠬᠠᠭᠤᠴᠢᠨ ᠰᠠᠭᠤᠷᠢᠨ᠂ ᠦᠬᠠᠶ᠎ᠶ᠋ᠢᠨ ᠡᠬᠢ ᠪᠠᠶᠠᠯᠢᠭ ᠱᠢᠪᠬᠠᠷᠤᠭ᠍ᠰᠠᠨ ᠬᠡᠯᠪᠡᠷᠢᠲᠦ ᠬᠤᠲᠠ᠎ᠶ᠋ᠢᠨ ᠪᠤᠬᠢᠷᠲᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠤᠨ᠂ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ᠎ᠨᠢ ᠳᠡᠮᠵᠢᠨ᠎ᠡ᠃ ᠬᠤᠶᠠᠷ᠎ᠲᠤ ᠱᠢᠶᠠᠨ ᠤ ᠬᠤᠳᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠤᠳᠠ ᠪᠠᠯᠭᠠᠰᠤᠵᠢᠯᠳᠠ᠎ᠶ᠋ᠢᠨ ᠪᠦᠳᠦᠭᠡᠨ ᠪᠠᠢᠭᠤᠯᠤᠯᠲᠠ ᠪᠠ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠥᠪ ᠪᠣᠯᠬᠤ ᠬᠤᠲᠠ᠎ᠶ᠋ᠢᠨ ᠲᠣᠭᠤᠷᠢᠭ ᠬᠢᠭᠡᠳ ᠡᠷᠭᠢᠨ ᠲᠣᠭᠤᠷᠢᠨ ᠬᠤᠱᠢᠭᠤ ᠱᠢᠶᠠᠨ᠎ᠤ ᠬᠤᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ 《ᠨᠢᠭᠡ ᠱᠢᠶᠠᠨ᠎ᠳᠤ ᠨᠢᠭᠡ ᠠᠷᠭ᠎ᠠ ᠪᠣᠳᠣᠯᠭ᠎ᠠ》 ᠪᠠᠷ ᠱᠢᠶᠠᠨ᠎ᠤ ᠬᠡᠪᠴᠢᠶᠡᠨ᠎ᠤ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠢ ᠪᠣᠵᠠᠭᠠᠢ᠌ᠷᠠᠭᠤᠯᠤᠨᠠ᠃ 《ᠮᠢᠩᠭ᠎ᠠ ᠲᠦᠮᠡ᠎ᠶ᠋ᠢᠨ ᠢᠨᠵᠧᠨᠧᠷᠢᠩ》 ᠤᠨ ᠲᠤᠷᠱᠢᠯᠭ᠎ᠠ᠎ᠶ᠋ᠢ ᠭᠦᠨᠵᠡᠭᠡᠶ ᠰᠤᠷᠤᠯᠴᠠᠨ ᠬᠡᠷᠡᠭ᠌ᠯᠡᠵᠦ᠍᠂ ᠠᠵᠢᠯᠯᠠᠵᠤ ᠠᠮᠢᠳᠤᠷᠠᠬᠤ᠎ᠳᠤ ᠲᠣᠬᠢᠲᠠᠢ ᠦᠵᠡᠰᠭᠦᠯᠡᠩᠲᠦ ᠨᠠᠢᠷᠠᠮᠳᠠᠭᠤ ᠬᠥᠳᠡᠭᠡ ᠲᠣᠰᠭᠤᠨ᠎ᠤ ᠪᠥᠲᠥᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠢ᠎ᠪᠠᠷ ᠬᠡᠰᠡᠭ᠌ᠴᠢᠯᠡᠨ ᠠᠬᠢᠭᠤᠯᠤᠨ᠎ᠠ᠃ ᠣᠨᠣᠴᠠᠲᠠᠢ᠎ᠪᠠᠷ ᠬᠠᠪᠰᠤᠷᠤᠨ ᠲᠡᠳᠬᠦᠬᠦ᠌᠎ᠪᠠᠨ ᠪᠠᠢᠩᠭᠤᠱᠢᠭᠤᠯᠤᠨ ᠥᠷᠨᠢᠭᠦᠯᠵᠦ᠍᠂ ᠬᠡᠪᠴᠢᠶᠡᠵᠢᠯ᠎ᠤᠨ ᠴᠢᠨᠠᠷᠲᠠᠶ᠎ᠪᠠᠷ ᠪᠤᠴᠠᠭᠠᠳ ᠶᠠᠳᠠᠭᠤᠷᠠᠬᠤ ᠪᠠᠢᠳᠠᠯ ᠡᠭᠦᠰᠭᠦ ᠦᠭᠡᠢ ᠬᠤᠷᠢᠭ᠎ᠠ ᠱᠤᠭᠤᠮ ᠢ ᠪᠠᠲᠤᠰᠠᠬᠢᠨᠠ᠃ ᠬᠤᠶᠠᠳᠤᠭᠠᠷ ᠡᠭᠡᠯᠵᠢ᠎ᠶ᠋ᠢᠨ ᠭᠠᠵᠠᠷ ᠱᠢᠷᠤᠢ᠎ᠶ᠋ᠢᠨ ᠳᠠᠭᠠᠭᠠᠴᠢᠯᠠᠯᠲᠠ᠎ᠶ᠋ᠢ ᠤᠷᠲᠤᠳᠭᠠᠬᠤ ᠪᠦᠬᠦ᠋ᠢᠯᠡ ᠮᠤᠵᠢ ᠤᠷᠤᠨ᠎ᠤ ᠲᠤᠷᠱᠢᠯᠲᠠ ᠪᠠ ᠳᠥᠷᠪᠡᠳᠦᠭᠡᠷ ᠤᠳᠠᠭᠠᠨ ᠤ ᠪᠦᠬᠦ᠌ ᠤᠯᠤᠰ᠎ᠤᠨ ᠬᠥᠳᠡᠭᠡ ᠠᠵᠤ ᠠᠬᠤᠢ᠎ᠶ᠋ᠢᠨ ᠨᠡᠢᠳᠡᠮ ᠪᠠᠢᠴᠠᠭᠠᠯᠲᠠ᠎ᠶ᠋ᠢᠨ ᠬᠠᠮᠢᠶ᠎ᠠ ᠪᠦᠬᠦᠢ ᠠᠵᠢᠯ ᠢ ᠰᠠᠢᠲᠤᠷ ᠬᠢᠨ᠎ᠡ᠃ ᠭᠤᠷᠪᠠ᠎ᠳᠤ ᠬᠦᠷᠢᠶᠡᠯᠡᠩ ᠲᠣᠭᠤᠷᠢᠭ᠎ᠤᠨ ᠪᠠᠢᠷᠢ ᠲᠣᠭ᠍ᠲᠠᠭᠠᠯᠲᠠ ᠪᠠ ᠪᠠᠢᠷᠢᠱᠢᠭᠤᠯᠤᠯᠲᠠ ᠶ᠋ᠢ ᠱᠢᠯᠢᠳᠡᠭ᠌ᠵᠢᠭᠦᠯᠦᠨ᠎ᠡ᠃ ᠬᠦᠷᠢᠶᠡᠯᠡᠩ ᠲᠣᠭᠤᠷᠢᠭ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠢᠨᠡᠨ ᠱᠢᠨᠵᠢᠵᠦ᠍ ᠦᠨᠡᠯᠡᠨ ᠵᠢᠱ᠌ᠢᠬᠦ᠌ ᠳᠣᠭ᠍ᠲᠠᠯᠴᠠᠭᠠᠶ᠋ᠢ ᠪᠠᠢᠭᠤᠯᠤᠨ᠂ ᠬᠦᠴᠦ᠍᠎ᠪᠠᠨ ᠲᠥᠪᠯᠡᠷᠡᠭᠦᠯᠵᠦ᠍ ᠪᠠᠢᠭᠠᠳ ᠦᠢᠯᠡᠳᠬᠦᠨ᠎ᠤ ᠥᠷᠲᠡᠭ᠎ᠢᠶᠠᠷ ᠥᠨᠳᠥᠷ᠂ ᠳᠠᠯᠳᠠ ᠬᠦᠴᠦᠨ᠎ᠢᠶᠠᠷ ᠶᠡᠭᠡ ᠬᠦᠷᠢᠶᠡᠯᠡᠩ ᠲᠣᠭᠤᠷᠢᠭ᠎ᠤᠨ ᠬᠥᠭ᠌ᠵᠢᠯᠲᠡ᠎ᠶ᠋ᠢ ᠳᠡᠮᠵᠢᠵᠦ᠍᠂ ᠣᠷᠳᠣ ᠬᠤᠭᠤᠴᠠᠭ᠎ᠠ ᠪᠠᠷ ᠰᠠᠢᠵᠢᠷᠠᠯᠲᠠ ᠥᠬᠡᠶ᠂ ᠦᠢᠯᠡᠳᠬᠦᠨ ᠤ ᠥᠷᠲᠡᠭ ᠪᠠ ᠲᠥᠷᠥᠯ ᠵᠦᠢᠯ ᠴᠥᠭᠡᠨ ᠬᠦᠷᠢᠶᠡᠯᠡᠩ ᠲᠣᠭᠤᠷᠢᠭ᠎ᠢ ᠱᠢᠭ᠌ᠰᠢᠭ᠌ᠳᠡᠭᠦᠯᠦᠨ ᠪᠤᠴᠠᠭᠠᠨ ᠭᠠᠷᠭᠠᠨ᠎ᠠ᠃
(ᠵᠢᠷᠭᠤᠭ᠎ᠠ) ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ᠎ᠤᠨ ᠬᠦᠴᠦᠷᠬᠡᠭ ᠣᠷᠣᠨ᠎ᠢ ᠪᠥᠲᠥᠭᠡᠨ ᠪᠠᠢᠭᠤᠯᠤᠨ᠎ᠠ᠃ ᠨᠢᠭᠡ ᠳᠤ ᠨᠡᠢᠭᠡᠮ ᠵᠢᠷᠤᠮ᠎ᠤᠨ ᠭᠤᠣᠯᠯᠠᠭ᠍ᠴᠢ ᠥᠷᠲᠡᠭ᠎ᠤᠨ ᠦᠵᠡᠯᠲᠡ ᠶ᠋ᠢ ᠪᠠᠳᠠᠷᠠᠭᠤᠯᠤᠨ ᠦᠢᠯᠡᠳᠦᠯᠭᠡᠵᠢᠭᠦᠯᠦᠨ᠎ᠡ᠃ ᠨᠠᠮ᠎ᠤᠨ ᠱᠢᠨ᠎ᠡ ᠡᠭᠦᠳᠦᠯᠲᠡ᠎ᠲᠠᠢ ᠣᠨᠣᠯ᠎ᠤᠨ ᠰᠤᠷᠤᠯᠴᠠᠯᠭ᠎ᠠ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠨ᠂ ᠬᠤᠲᠠ ᠬᠥᠳᠡᠭᠡ᠎ᠶ᠋ᠢᠨ ᠣᠶᠣᠨ ᠤ ᠪᠣᠯᠪᠠᠰᠤᠨ ᠤ ᠪᠠᠢᠭᠤᠯᠤᠯᠲᠠ᠎ᠶ᠋ᠢ ᠨᠢᠭᠡᠲᠦᠯᠲᠡᠢ ᠲᠥᠯᠥᠪᠯᠡᠨ ᠠᠬᠢᠭᠤᠯᠵᠤ᠂ 《ᠮᠣᠩᠭᠤᠯ ᠮᠣᠷᠢᠨ᠎ᠤ ᠵᠣᠷᠢᠭ ᠰᠠᠨᠠᠭ᠎ᠠ》᠂ 《ᠭᠤᠷᠪᠠᠨ ᠤᠮᠠᠷᠠᠲᠤ᠎ᠶ᠋ᠢᠨ ᠵᠣᠷᠢᠭ ᠰᠠᠨᠠᠭ᠎ᠠ》 ᠶ᠋ᠢ ᠶᠡᠭᠡ᠎ᠪᠠᠷ ᠪᠠᠳᠠᠷᠠᠭᠤᠯᠤᠨ᠂ ᠬᠤᠪᠢᠰᠭᠠᠯᠴᠢ ᠰᠤᠶᠤᠯ᠂ ᠦᠨᠡᠨᠴᠢ ᠢᠲᠡᠭᠡᠮᠵᠢ᠎ᠶ᠋ᠢᠨ ᠰᠤᠶᠤᠯ᠂ ᠠᠷᠢᠭᠤᠨ ᠴᠢᠭᠡᠴᠢ᠎ᠶ᠋ᠢᠨ ᠰᠤᠶᠤᠯ᠎ᠢ ᠥᠷᠭᠡᠨ᠎ᠢᠶᠠᠷ ᠤᠬᠠᠭᠤᠯᠤᠨ᠎ᠠ᠃ ᠬᠤᠶᠠᠷ᠎ᠲᠤ ᠰᠣᠶᠣᠯ᠎ᠤᠨ ᠥᠪ᠎ᠢ ᠬᠠᠮᠠᠭᠠᠯᠠᠵᠤ ᠠᠱᠢᠭ᠍ᠯᠠᠬᠤ ᠪᠠᠨ ᠴᠢᠩᠭᠠᠷᠠᠭᠤᠯᠤᠨ᠎ᠠ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠬᠤᠩᠱᠠᠨ ᠰᠣᠶᠣᠯ᠎ᠤᠨ ᠪᠠᠭᠤᠷᠢ ᠶ᠋ᠢ ᠥᠪ ᠢᠶᠠᠷ ᠭᠤᠶᠤᠴᠢᠯᠠᠬᠤ᠎ᠪᠠᠨ ᠲᠦᠷᠭᠡᠳᠭᠡᠵᠦ᠍᠂ ᠴᠢᠨ ᠤ ᠴᠢᠭᠡ ᠵᠠᠮ᠎ᠤᠨ ᠪᠠᠭᠤᠷᠢ ᠵᠡᠷᠭᠡ ᠰᠤᠶᠤᠯ᠎ᠤᠨ ᠥᠪ᠎ᠢ ᠬᠠᠮᠠᠭᠠᠯᠠᠨ ᠤᠯᠠᠮᠵᠢᠯᠠᠬᠤ ᠪᠠ ᠠᠮᠢᠳᠤᠯᠢᠬ᠍ᠵᠢᠭᠤᠯᠤᠨ ᠠᠱᠢᠬ᠍ᠯᠠᠬᠤ᠎ᠶ᠋ᠢ ᠠᠬᠢᠭᠤᠯᠤᠨ᠂ ᠬᠠᠮᠪᠤ᠎ᠶ᠋ᠢᠨ ᠮᠠᠩᠬ᠎ᠠ᠎ᠶ᠋ᠢᠨ ᠬᠠᠭᠤᠴᠢ ᠰᠤᠳᠤᠯᠤᠯ᠎ᠤᠨ ᠪᠠᠭᠤᠷᠢ᠎ᠶ᠋ᠢᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠂ ᠳ᠋ᠠ ᠶᠣᠣ᠎ᠶ᠋ᠢᠨ ᠪᠠᠭᠤᠷᠢ᠎ᠶ᠋ᠢᠨ ᠴᠡᠴᠡᠷᠯᠢᠭ᠎ᠤᠨ ᠳᠡᠰ ᠳᠡᠪᠱᠢᠬᠦ᠌᠎ᠶ᠋ᠢ ᠠᠬᠢᠭᠤᠯᠵᠤ᠂ ᠳᠥᠷᠪᠡᠳᠦᠭᠡᠷ ᠤᠳᠠᠭᠠᠨ᠎ᠤ ᠪᠦᠬᠦ᠌ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯ᠎ᠤᠨ ᠨᠡᠢᠳᠡᠮ ᠪᠠᠢᠴᠠᠭᠠᠯᠲᠠ᠎ᠶ᠋ᠢᠨ ᠡᠭᠦᠷᠭᠡ᠎ᠶ᠋ᠢ ᠪᠡᠶᠡᠯᠡᠭᠦᠯᠵᠦ᠍᠂ ᠨᠡᠩ ᠣᠯᠠᠨ ᠲᠡᠦᠬᠡ᠎ᠶ᠋ᠢᠨ ᠳᠤᠷᠠᠰᠭᠠᠯᠲᠤ ᠵᠦᠢᠯ ᠪᠠ ᠰᠣᠶᠣᠯ᠎ᠤᠨ ᠥᠪ᠎ᠢ 《ᠠᠮᠢᠯᠠᠭᠤᠯᠤᠨ ᠬᠥᠭ᠌ᠵᠢᠭᠦᠯᠦᠨ᠎ᠡ》᠃ ᠭᠤᠷᠪᠠ᠎ᠳᠤ ᠱᠢᠯᠢᠳᠡᠭ ᠰᠤᠶᠤᠯ᠎ᠤᠨ ᠪᠦᠲᠦᠭᠡᠭ᠌ᠳᠡᠭᠦᠨ᠎ᠤ ᠬᠠᠩᠭᠠᠯᠭ᠎ᠠ᠎ᠶ᠋ᠢ ᠦᠷᠭᠡᠳᠭᠡᠨ᠎ᠡ᠃ ᠤᠯᠠᠭᠠᠨᠮᠥ᠋ᠴᠢᠷ ᠵᠡᠷᠭᠡ ᠤᠳᠭ᠎ᠠ ᠤᠷᠠᠯᠢᠭ᠎ᠤᠨ ᠪᠦᠯᠬᠦᠮ᠎ᠤᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠰᠤᠶᠤᠯ᠎ᠤᠨ ᠦᠢᠯᠡᠴᠢᠯᠡᠭᠡ᠎ᠶ᠋ᠢ ᠦᠨᠳᠦᠰᠦᠨ ᠱᠠᠲᠤ ᠲᠡᠢᠰᠢ ᠭᠦᠨᠵᠡᠭᠡᠢᠷᠡᠭᠦᠯᠬᠦ᠌᠎ᠶ᠋ᠢ ᠠᠬᠢᠭᠤᠯᠤᠨ᠂ ᠤᠳᠭ᠎ᠠ ᠤᠷᠠᠯᠢᠭ᠎ᠤᠨ ᠰᠣᠳᠣᠨ ᠪᠦᠲᠦᠭᠡᠯ ᠲᠤᠷᠪᠢᠯᠢᠬ ᠵᠣᠬᠢᠶᠠᠯ᠎ᠢ ᠨᠠᠩ ᠣᠯᠠᠨ ᠭᠠᠷᠭᠠᠨ᠎ᠠ᠃ 《ᠰᠣᠶᠣᠯ + ᠳ᠋ᠢᠭᠢᠲ》᠂ 《ᠬᠠᠷᠠᠭ᠎ᠠ ᠰᠣᠨᠣᠰᠭᠠᠯ + ᠵᠢᠭᠤᠯᠴᠢᠯᠠᠯ》 ᠵᠡᠷᠭᠡ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠪᠤᠢᠵᠢᠭᠤᠯᠤᠨ ᠬᠥᠭ᠌ᠵᠢᠭᠦᠯᠵᠦ᠍᠂ ᠬᠡᠲᠦ ᠲᠣᠳᠣ ᠬᠠᠷᠠᠭ᠎ᠠ ᠰᠣᠨᠣᠰᠭᠠᠯ᠎ᠤᠨ ᠦᠢᠯᠡᠴᠢᠯᠡᠭᠡ᠎ᠶ᠋ᠢᠨ ᠪᠡᠶᠡᠴᠢᠯᠡᠨ ᠮᠡᠳᠡᠷᠡᠵᠦ᠍ ᠣᠢ᠌ᠯᠠᠭᠠᠬᠤ ᠵᠦᠢᠯ᠎ᠢ ᠨᠡᠩ ᠣᠯᠠᠨ ᠬᠠᠩᠭᠠᠨ᠎ᠠ᠃ 《5 · 18 ᠤ ᠣᠯᠠᠨ ᠤᠯᠤᠰ᠎ᠤᠨ ᠮᠦᠽᠧᠶ᠎ᠶ᠋ᠢᠨ ᠡᠳᠦᠷ》᠎ᠤᠨ ᠳᠤᠮᠳᠠᠳᠤ ᠤᠯᠤᠰ᠎ᠤᠨ ᠭᠤᠤᠯ ᠬᠤᠷᠠᠯ᠎ᠤᠨ ᠲᠠᠯᠠᠪᠤᠷ᠎ᠤᠨ ᠠᠵᠢᠯᠯᠠᠭ᠎ᠠ᠎ᠶ᠋ᠢ ᠰᠠᠢᠲᠤᠷ ᠳᠠᠭᠠᠭᠠᠨ ᠡᠷᠬᠢᠯᠡᠨ᠎ᠡ᠃ ᠳᠥᠷᠪᠡ᠎ᠳᠤ ᠰᠣᠶᠣᠯ ᠵᠢᠭᠤᠯᠴᠢᠯᠠᠯ᠎ᠤᠨ ᠭᠦᠨᠵᠡᠭᠡᠢ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠤᠨ᠎ᠠ᠃ ᠤᠯᠠᠭᠠᠶ᠎ᠶ᠋ᠢᠨ ᠣᠯᠠᠨ ᠲᠣᠬᠤᠢ᠂ ᠣᠯᠭᠤᠶᠠ ᠴᠠᠲᠠᠨ ᠠᠢᠮᠠᠭ᠎ᠢ ᠤᠯᠤᠰ᠎ᠤᠨ 5A ᠲᠡᠰ᠎ᠤᠨ ᠦᠵᠡᠮᠵᠢ᠎ᠶ᠋ᠢᠨ ᠣᠷᠣᠨ ᠪᠣᠯᠭᠠᠨ ᠡᠭᠦᠳᠦᠨ ᠪᠠᠢᠭᠤᠯᠬᠤ᠎ᠶ᠋ᠢ ᠠᠬᠢᠭᠤᠯᠵᠤ᠂ ᠣᠷᠳᠣᠰ᠎ᠤᠨ ᠬᠤᠸᠠ ᠯᠢᠶᠠᠨ᠂ ᠬᠥᠬᠡᠬᠤᠲᠠ᠎ᠶ᠋ᠢᠨ ᠴᠡᠯᠡᠭᠡᠷ ᠲᠠᠯ᠎ᠠ᠂ ᠱᠢᠯᠢ ᠶ᠋ᠢᠨ ᠭᠤᠤᠯ ᠤᠨ ᠲᠤᠯᠤᠨ ᠨᠠᠭᠤᠷ ᠵᠡᠷᠭᠡ ᠦᠵᠡᠮᠵᠢ ᠶ᠋ᠢᠨ ᠣᠷᠣᠨ᠎ᠢ ᠤᠯᠤᠰ᠎ᠤᠨ ᠲᠡᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠪᠣᠯᠭᠠᠨ ᠡᠭᠦᠳᠦᠨ ᠪᠠᠢᠭᠤᠯᠤᠨ᠎ᠠ᠃ ᠤᠷᠳᠤ ᠴᠠᠭᠠᠨ ᠬᠡᠷᠡᠮ᠂ ᠬᠠᠳᠤᠨ ᠭᠤᠣᠯ᠎ᠤᠨ ᠤᠯᠤᠰ ᠤᠨ ᠰᠣᠶᠣᠯ ᠤᠨ ᠴᠡᠴᠡᠷᠯᠢᠭ᠎ᠤᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠤᠨ᠎ᠠ᠃ 《ᠠᠶᠠᠯᠭᠤᠲᠤ ᠵᠢᠭᠤᠯᠴᠢᠯᠠᠯ ᠥᠪᠥᠷ ᠮᠣᠩᠭᠤᠯ》᠂ 《ᠳᠡᠯᠭᠡᠷ ᠨᠠᠭᠠᠳᠤᠮ》 ᠤᠨ ᠨᠠᠷᠠᠲᠤ ᠲᠡᠮᠳᠡᠭ᠎ᠢ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠂ ᠳᠤᠯᠤᠳᠤᠭᠠᠷ ᠬᠤᠭᠤᠴᠠᠭᠠᠨ᠎ᠤ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠴᠤᠬ᠍ᠯᠠᠭᠠᠨ ᠵᠢᠴᠢ ᠤᠨᠴᠠᠭᠠᠢ ᠤᠯᠢᠮᠫᠢᠺ ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠰᠠᠢᠲᠤᠷ ᠡᠷᠭᠢᠯᠡᠨ᠂ ᠳᠠᠭᠤᠤ ᠬᠥᠭ᠌ᠵᠢᠮ᠎ᠤᠨ ᠦᠳᠡᠱᠢᠯᠡᠭᠡ᠂ ᠠᠶ᠎ᠠ ᠳᠠᠭᠤᠨ᠎ᠤ ᠨᠠᠢᠷ᠂ ᠣᠨ ᠰᠣᠯᠢᠭ᠍ᠳᠠᠬᠤ ᠰᠥᠨᠢ᠎ᠶ᠋ᠢᠨ ᠨᠠᠢᠷ ᠪᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠦᠮᠪᠦᠭᠡ᠎ᠶ᠋ᠢᠨ ᠬᠡᠲᠦ ᠳᠡᠰ᠎ᠤᠨ ᠬᠤᠯᠪᠤᠭᠠᠳᠤ ᠤᠷᠤᠯᠳᠤᠭᠠᠨ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭ᠌ᠲᠡᠢ᠎ᠶ᠋ᠢᠨ ᠰᠠᠭ᠍ᠰᠤᠨ ᠪᠦᠮᠪᠦᠭᠡ᠎ᠶ᠋ᠢᠨ ᠬᠤᠯᠪᠤᠭᠠᠲᠤ ᠤᠷᠤᠯᠳᠤᠭᠠᠨ》᠂ ᠲᠠᠯ᠎ᠠ ᠨᠤᠲᠤᠭ᠎ᠤᠨ ᠲᠣᠰᠭᠤᠨ᠎ᠤ ᠠᠯᠠᠭᠠᠳᠠᠬᠤ ᠪᠦᠮᠪᠦᠭᠡ᠎ᠶ᠋ᠢᠨ ᠤᠷᠤᠯᠳᠤᠭᠠᠨ᠂ 《ᠮᠣᠩᠭᠤᠯ ᠮᠣᠷᠢᠨ᠎ᠤ ᠬᠡᠲᠦ ᠳᠡᠰ᠎ᠤᠨ ᠬᠤᠯᠪᠤᠭᠠᠲᠤ ᠤᠷᠤᠯᠳᠤᠭᠠᠨ》 ᠵᠡᠷᠭᠡ ᠤᠷᠤᠯᠳᠤᠭᠠᠨ ᠤ ᠠᠵᠢᠯᠯᠠᠭ᠎ᠠ᠎ᠶ᠋ᠢ ᠨᠠᠷᠢᠨ ᠨᠢᠮᠪᠠᠶ ᠵᠣᠬᠢᠶᠠᠨ ᠪᠠᠢᠭᠤᠯᠵᠤ᠂ ᠮᠥᠰᠥ᠍ ᠴᠠᠰᠤ᠂ ᠠᠷᠠᠳ᠎ᠤᠨ ᠵᠠᠩ ᠦᠢᠯᠡ ᠵᠡᠷᠭᠡ ᠣᠨᠴᠠᠯᠢᠭ᠍ᠲᠤ ᠵᠢᠭᠤᠯᠴᠢᠯᠠᠯ᠎ᠢ ᠪᠤᠵᠠᠭᠠᠢᠷᠠᠭᠤᠯᠤᠨ᠂ ᠲᠠᠷᠢᠶᠠᠯᠠᠩ ᠮᠠᠯ ᠠᠵᠤ ᠠᠬᠤᠢ ᠰᠤᠶᠤᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠭᠦᠨᠵᠡᠭᠡᠢ ᠠᠭᠤᠰᠤᠯᠴᠠᠭ᠍ᠰᠠᠨ ᠱᠢᠨ᠎ᠡ ᠠᠬᠤᠢ ᠪᠠᠢᠳᠠᠯ᠂ ᠱᠢᠨ᠎ᠡ ᠮᠡᠳᠡᠷᠡᠮᠵᠢ᠎ᠶ᠋ᠢ ᠪᠣᠢ ᠪᠣᠯᠭᠠᠨ᠎ᠠ᠃
(ᠳᠣᠯᠤᠭ᠎ᠠ) ᠠᠷᠠᠳ᠎ᠤᠨ ᠠᠮᠢᠳᠤᠷᠠᠯ ᠢ ᠬᠠᠮᠤᠭ᠎ᠠᠴᠠ ᠴᠢᠬᠤᠯᠠᠴᠢᠯᠠᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ ᠪᠠ ᠰᠠᠢᠵᠢᠷᠠᠭᠤᠯᠬᠤ ᠡᠷᠴᠢᠮ᠎ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠨᠢᠭᠡ ᠳᠤ ᠬᠤᠲᠠ ᠬᠥᠳᠡᠭᠡ ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠲᠠᠷᠢᠶᠠᠴᠢᠨ ᠮᠠᠯᠴᠢᠨ ᠬᠦᠴᠦ᠍ ᠶᠠᠪᠤᠭ᠍ᠰᠠᠳ᠎ᠤᠨ ᠴᠠᠯᠢᠩ᠎ᠢ ᠴᠠᠭ ᠲᠤᠬᠠᠶ᠎ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ᠎ᠶ᠋ᠢ ᠪᠠᠲᠤᠯᠠᠵᠤ᠂ ᠨᠠᠰᠤᠵᠢᠯ᠎ᠤᠨ ᠥᠨᠳᠥᠰᠦᠨ ᠳᠠᠭᠠᠳᠭᠠᠯ᠂ ᠦᠨᠳᠦᠰᠦᠨ ᠡᠮᠴᠢᠯᠡᠭᠡᠨ᠎ᠤ ᠳᠠᠭᠠᠳᠭᠠᠯ᠎ᠳᠤ ᠣᠷᠣᠯᠴᠠᠭ᠍ᠰᠠᠨ ᠨᠤᠷᠮ᠎ᠠ᠎ᠶ᠋ᠢ 95% ᠠᠴᠠ ᠳᠡᠭᠡᠭ᠌ᠰᠢ ᠳᠤ ᠳᠣᠭ᠍ᠲᠠᠪᠤᠷᠢᠵᠢᠭᠤᠯᠬᠤᠶ᠋ᠢ ᠦᠨᠡᠨ ᠬᠦ᠌ ᠪᠠᠲᠤᠯᠠᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ ᠤᠨ ᠨᠠᠰᠤᠵᠢᠯ᠎ᠤᠨ ᠳᠠᠭᠠᠳᠭᠠᠯ᠎ᠤᠨ ᠨᠠᠰᠤᠵᠢᠯ᠎ᠤᠨ ᠰᠠᠭᠤᠷᠢ ᠮᠥᠩᠭᠦᠨ᠎ᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠂ ᠴᠠᠯᠢᠩ ᠥᠷᠢᠲᠦᠵᠦ᠍ ᠳᠠᠭᠠᠳᠭᠠᠯ ᠥᠷᠢᠲᠦᠬᠦ᠂ ᠬᠠᠤᠯᠢ᠎ᠠᠴᠠ ᠵᠦᠷᠢᠴᠡᠵᠦ᠍ ᠠᠵᠢᠯᠲᠠᠨ ᠬᠠᠰᠤᠬᠤ ᠵᠡᠷᠭᠡ ᠠᠰᠠᠭᠤᠳᠠᠯ᠎ᠢ ᠵᠠᠰᠠᠬᠤ ᠠᠵᠢᠯ᠎ᠢ ᠥᠷᠨᠢᠭᠦᠯᠦᠨ᠎ᠡ᠃ ᠬᠤᠶᠠᠷ ᠲᠤ ᠠᠵᠢᠯ ᠤᠨ ᠪᠠᠢᠷᠢ ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠵᠦ᠍ ᠴᠢᠨᠠᠷ᠎ᠢ᠎ᠨᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠪᠤᠴᠠᠭᠠᠯᠲᠠ᠂ ᠭᠠᠢᠯᠢ ᠰᠦᠢᠳᠭᠡᠯ᠎ᠢ ᠬᠠᠰᠤᠨ ᠬᠡᠯᠲᠦᠷᠢᠭᠦᠯᠬᠦ᠌ ᠵᠡᠷᠭᠡ ᠲᠦᠷᠦ᠍᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢ ᠭᠦᠢᠴᠡᠳ ᠰᠠᠢᠲᠤᠷ ᠬᠡᠷᠡᠭ᠌ᠯᠡᠵᠦ᠍᠂ ᠠᠵᠢᠯ ᠮᠡᠷᠭᠡᠵᠢᠯ᠎ᠤᠨ ᠪᠣᠯᠪᠠᠰᠤᠷᠠᠯ᠎ᠢ 40 ᠲᠦᠮᠡᠨ ᠬᠦᠮᠦᠨ ᠤᠳᠠᠭ᠎ᠠ ᠥᠷᠨᠢᠭᠦᠯᠦᠨ᠂ 《ᠭᠡᠷ᠎ᠤᠨ ᠳᠡᠷᠭᠡᠲᠡᠬᠢ》 ᠠᠵᠢᠯ ᠣᠯᠭᠤᠬᠤ ᠦᠢᠯᠡᠴᠢᠯᠡᠭᠡᠨ᠎ᠤ ᠥᠷᠲᠡᠭᠡ᠎ᠶ᠋ᠢ 500 ᠱᠢᠨ᠎ᠡ᠎ᠪᠠᠷ ᠪᠠᠢᠭᠤᠯᠵᠤ᠂ 4000 ᠴᠡᠷᠢᠭ ᠤᠨ ᠠᠯᠪᠠ᠎ᠠᠴᠠ ᠬᠠᠯᠠᠭ᠍ᠳᠠᠭ᠍ᠰᠠᠳ ᠪᠠ 6500 ᠵᠡᠮᠳᠡᠭ᠌ᠴᠦᠳ ᠲᠤ ᠱᠢᠨ᠎ᠡ᠎ᠪᠠᠷ ᠠᠵᠢᠯ ᠣᠯᠭᠤᠨ᠎ᠠ᠃ ᠲᠦᠷᠭᠡᠨ ᠢᠯᠡᠭᠡᠯᠲᠡ ᠬᠦᠷᠭᠡᠭ᠌ᠴᠢ᠂ ᠵᠠᠬᠢᠶᠠᠯᠠᠭ᠎ᠠ᠎ᠶ᠋ᠢᠨ ᠬᠤᠭᠤᠯᠠ ᠬᠦᠷᠭᠡᠭ᠌ᠴᠢ᠂ ᠰᠦᠯᠵᠢᠶ᠎ᠡ᠎ᠪᠠᠷ ᠪᠣᠯᠵᠣᠬᠤ ᠲᠡᠷᠭᠡᠨ᠎ᠤ ᠵᠢᠯᠣᠭᠤᠴᠢ᠂ ᠠᠴᠢᠶᠠᠨ᠎ᠤ ᠮᠠᠱᠢᠨ ᠲᠡᠷᠭᠡᠨ ᠤ ᠵᠢᠯᠣᠭᠤᠴᠢ᠂ ᠬᠤᠪᠢ᠎ᠶ᠋ᠢᠨ ᠵᠠᠭᠤᠴᠢᠯᠠᠭᠤᠷ᠎ᠤᠨ ᠠᠵᠢᠯ ᠡᠷᠬᠢᠯᠡᠭ᠌ᠰᠡᠳ ᠵᠡᠷᠭᠡ ᠱᠢᠨ᠎ᠡ ᠬᠡᠯᠪᠡᠷᠢ᠎ᠪᠠᠷ ᠠᠵᠢᠯ ᠣᠯᠣᠭ᠍ᠰᠠᠨ ᠣᠯᠠᠨ ᠨᠡᠢᠲᠡ᠎ᠶ᠋ᠢᠨ ᠡᠷᠬᠡ ᠠᠱᠢᠭ᠎ᠢ᠎ᠨᠢ ᠪᠠᠲᠤᠯᠠᠬᠤ᠎ᠪᠠᠨ ᠴᠢᠩᠭᠠᠳᠭᠠᠵᠤ᠂ ᠴᠢᠷᠮᠠᠢᠨ ᠲᠡᠮᠡᠴᠡᠭ᠌ᠴᠢ ᠪᠦᠷᠢ᠎ᠳᠤ ᠬᠦᠨᠳᠦᠳᠭᠡᠯ᠂ ᠬᠠᠯᠠᠮᠵᠢᠯᠠᠯ ᠬᠦᠷᠲᠡᠭᠡᠨ᠎ᠡ᠃ ᠭᠤᠷᠪᠠ᠎ᠳᠤ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠰᠤᠷᠬᠤ ᠨᠠᠰᠤᠨ᠎ᠤ ᠬᠥᠮᠦᠨ ᠠᠮᠠ᠎ᠶ᠋ᠢᠨ ᠴᠡᠪᠡᠷ ᠣᠷᠣᠵᠤ ᠢᠷᠡᠭ᠌ᠰᠡᠨ ᠪᠠ ᠴᠡᠪᠡᠷ ᠭᠠᠳᠠᠭ᠍ᠰᠢ ᠶᠠᠪᠤᠭ᠍ᠰᠠᠨ ᠭᠠᠵᠠᠷ ᠣᠷᠣᠨ᠎ᠤ ᠰᠤᠷᠭᠠᠨ ᠬᠥᠮᠦᠵᠢᠯ᠎ᠤᠨ ᠡᠬᠢ ᠪᠠᠶᠠᠯᠢᠭ᠎ᠤᠨ ᠦᠯᠡᠭᠦᠦ ᠳᠤᠲᠠᠭᠤ᠎ᠳᠤ ᠲᠣᠬᠢᠷᠠᠭᠤᠯᠤᠯᠲᠠ ᠬᠢᠬᠦ᠌ ᠪᠠᠨ ᠴᠢᠩᠭᠠᠳᠭᠠᠵᠤ᠂ ᠡᠩ ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠶ᠋ᠢᠨ ᠰᠤᠷᠤᠭ᠍ᠴᠢ ᠡᠯᠰᠡᠬᠦ᠌ ᠲᠦᠯᠦᠪᠯᠡᠭᠡ᠎ᠳᠤ᠎ᠪᠠᠨ 5000 ᠰᠤᠷᠤᠬ᠍ᠴᠢ ᠨᠡᠮᠡᠵᠦ᠍ ᠡᠯᠰᠡᠨ᠎ᠡ᠃ 《ᠰᠤᠷᠤᠭ᠍ᠴᠢᠳ ᠤᠨ ᠤᠤᠭᠤᠬᠤ ᠰᠦ》 ᠶ᠋ᠢᠨ ᠲᠥᠯᠥᠪᠯᠡᠭᠡ᠎ᠶ᠋ᠢᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠰᠤᠷᠤᠭ᠍ᠴᠢ ᠶ᠋ᠢᠨ ᠭᠡᠨᠡᠳᠲᠡ ᠶ᠋ᠢᠨ ᠱᠢᠷᠬᠠᠲᠤᠯ ᠤᠨ ᠬᠠᠷᠢᠭᠤᠴᠠᠯᠭ᠎ᠠ᠎ᠶ᠋ᠢᠨ ᠳᠠᠭᠠᠳᠭᠠᠯ᠎ᠢ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠲᠤᠨ᠎ᠠᠴᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤ ᠪᠠ ᠲᠦᠭᠡᠮᠡᠯ ᠬᠠᠷᠠᠭᠠᠯᠵᠠᠯᠲᠤ ᠬᠡᠦᠬᠡᠳ᠎ᠤᠨ ᠴᠡᠴᠡᠷᠯᠢᠭ᠎ᠲᠤ ᠬᠦᠷᠲᠡᠯ᠎ᠡ ᠥᠷᠭᠡᠳᠭᠡᠨ᠎ᠡ᠃ ᠰᠤᠷᠭᠠᠭᠤᠯᠢ ᠶ᠋ᠢᠨ ᠬᠦᠷᠢᠶᠡᠨ ᠤ ᠠᠮᠤᠷ ᠲᠦᠪᠱᠢᠨ᠎ᠤ ᠪᠠᠢᠭᠤᠯᠤᠯᠲᠠ᠎ᠶ᠋ᠢ ᠴᠢᠩᠭᠠᠳᠭᠠᠵᠤ᠂ ᠰᠤᠷᠭᠠᠭᠤᠯᠢ ᠶ᠋ᠢᠨ ᠬᠦᠷᠢᠶᠠᠨ ᠤ ᠬᠦᠴᠦᠷᠬᠡᠭ᠌ᠯᠡᠯ ᠬᠢᠭᠡᠳ ᠰᠤᠷᠤᠭ᠍ᠴᠢ᠎ᠶ᠋ᠢᠨ ᠳᠣᠷᠣᠮᠵᠢᠯᠠᠯ᠎ᠢ ᠰᠡᠷᠭᠡᠢᠯᠡᠨ ᠵᠠᠰᠠᠨ᠎ᠠ᠃ ᠳᠥᠷᠪᠡ᠎ᠳᠤ ᠡᠮᠴᠢᠯᠡᠭᠡᠨ᠎ᠤ ᠰᠡᠷᠭᠡᠢᠯᠡᠬᠦ᠌ ᠵᠠᠰᠠᠬᠤ ᠡᠷᠡᠭᠦᠯᠵᠢᠭᠦᠯᠬᠦ᠌ ᠬᠠᠮᠢᠶᠠᠷᠬᠤ ᠦᠢᠯᠡᠴᠢᠯᠡᠭᠡᠨ᠎ᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠤ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠤᠰᠭᠠᠶ ᠰᠠᠯᠠᠭᠠᠨ᠎ᠤ ᠣᠷᠣᠨ ᠪᠦᠰᠡ᠎ᠶ᠋ᠢᠨ ᠡᠮᠴᠢᠯᠡᠭᠡᠨ ᠤ ᠲᠥᠪ ᠢ ᠰᠠᠢᠲᠤᠷ ᠪᠠᠢᠭᠤᠯᠤᠨ ᠠᠵᠢᠯᠯᠠᠭᠤᠯᠤᠨ᠎ᠠ᠃ ᠤᠵᠢᠭ ᠡᠪᠡᠳᠴᠢᠨ ᠢ ᠶᠡᠷᠦᠩᠬᠡᠢᠯᠡᠨ ᠰᠡᠷᠭᠡᠢᠯᠡᠨ ᠡᠵᠡᠮᠳᠡᠬᠦ᠌ ᠪᠠ ᠬᠠᠷᠱᠢᠮᠠᠲᠠᠭᠠᠶ ᠴᠢᠨᠠᠷᠲᠠᠢ ᠬᠠᠮᠠᠷ ᠤᠨ ᠥᠷᠪᠢᠰᠦᠯ᠂ ᠠᠶᠤᠩᠭᠠᠲᠤ ᠪᠣᠷᠣᠭᠠᠨ᠎ᠤ ᠠᠭ᠍ᠰᠠᠭᠠ ᠵᠡᠷᠭᠡ᠎ᠶ᠋ᠢ ᠰᠡᠷᠭᠡᠢᠯᠡᠨ ᠵᠠᠰᠠᠬᠤ ᠪᠠᠨ ᠴᠢᠩᠭᠠᠳᠭᠠᠨ᠎ᠠ᠃ ᠦᠨᠳᠦᠰᠦᠨ ᠡᠮᠴᠢᠯᠡᠭᠡᠨ᠎ᠤ ᠳᠠᠭᠠᠳᠭᠠᠯ᠎ᠢ ᠥᠪᠡᠷᠲᠡᠭᠡᠨ ᠵᠠᠰᠠᠬᠤ ᠣᠷᠣᠨ ᠤ ᠱᠠᠲᠤᠨ᠎ᠠᠴᠠ ᠨᠢᠭᠡᠳᠦᠯᠲᠡᠶ ᠲᠥᠯᠥᠪᠯᠡᠬᠦ᠌᠎ᠶ᠋ᠢ ᠠᠬᠢᠭᠤᠯᠵᠤ᠂ ᠣᠷᠳᠣ ᠬᠤᠭᠤᠴᠠᠭᠠᠨ᠎ᠤ ᠰᠤᠪᠢᠯᠠᠯᠲᠠ᠎ᠶ᠋ᠢᠨ ᠳᠠᠭᠠᠳᠭᠠᠯ᠎ᠤᠨ ᠲᠦᠷᠢᠮ᠎ᠤᠨ ᠪᠠᠢᠭᠤᠯᠤᠯᠲᠠ᠎ᠶ᠋ᠢ ᠠᠯᠬᠤᠮ ᠪᠦᠯᠦᠭ ᠬᠤᠪᠢᠶᠠᠵᠤ ᠠᠬᠢᠭᠤᠯᠤᠨ᠎ᠠ᠃ ᠴᠢᠰᠤᠨ ᠳᠠᠷᠤᠯᠲᠠ ᠥᠨᠳᠥᠷ᠂ ᠱᠢᠬᠢᠷ ᠱᠢᠵᠢᠩ ᠡᠪᠡᠳᠴᠢᠨ᠎ᠳᠤ ᠬᠡᠷᠡᠭ᠌ᠯᠡᠬᠦ᠌ ᠡᠮ ᠢ ᠡᠮᠴᠢᠯᠡᠭᠡᠨ᠎ᠤ ᠳᠠᠭᠠᠳᠭᠠᠯ᠎ᠳᠤ ᠨᠢᠭᠡᠲᠦᠯᠲᠡᠢ ᠲᠥᠯᠥᠪᠯᠡᠵᠦ᠍ ᠰᠦᠯᠵᠢᠶ᠎ᠡ᠎ᠪᠠᠷ ᠲᠣᠭᠠᠴᠠᠭ᠎ᠠ ᠬᠢᠬᠦ᠌ ᠲᠤᠷᠱᠢᠯᠲᠠ᠎ᠶ᠋ᠢᠨ ᠴᠡᠭ᠎ᠤᠨ ᠠᠵᠢᠯ᠎ᠢ ᠥᠷᠨᠢᠭᠦᠯᠦᠨ᠎ᠡ᠃ ᠲᠠᠪᠤ᠎ᠳᠤ ᠨᠠᠰᠤᠵᠢᠯ᠎ᠤᠨ ᠦᠨᠳᠦᠰᠦᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶ᠋ᠢ ᠱᠢᠯᠢᠳᠡᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ 20 ᠨᠠᠰᠤᠵᠢᠯ᠎ᠤᠨ ᠦᠢᠯᠡᠴᠢᠯᠡᠭᠡᠨ᠎ᠤ ᠲᠣᠣᠷ᠎ᠢ ᠲᠡᠭᠦᠯᠳᠡᠷᠵᠢᠭᠦᠯᠦᠨ ᠳᠡᠭᠡᠭ᠌ᠰᠢᠯᠡᠭᠦᠯᠵᠦ᠍᠂ ᠠᠮᠢᠳᠤᠷᠠᠯ᠎ᠤᠨ ᠴᠢᠳᠠᠪᠤᠷᠢ᠎ᠪᠠᠨ ᠳᠤᠮᠳᠠ ᠳᠡᠰ᠎ᠠᠴᠠ ᠳᠡᠭᠡᠭ᠌ᠰᠢ ᠠᠯᠳᠠᠭ᠍ᠰᠠᠨ ᠨᠠᠰᠤᠲᠠᠢᠴᠤᠳ᠎ᠲᠤ ᠨᠠᠰᠤᠵᠢᠯ᠎ᠤᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠨᠡᠮᠡᠭᠦᠷᠢ ᠲᠠᠷᠬᠠᠭᠠᠨ᠂ ᠭᠡᠷ᠎ᠲᠤ᠎ᠪᠠᠨ ᠠᠰᠠᠷᠠᠭᠤᠯᠬᠤ ᠨᠠᠰᠤᠵᠢᠯ ᠤᠨ 《ᠮᠦᠴᠡ᠎ᠶ᠋ᠢᠨ ᠵᠠᠢᠲᠠᠢ》 ᠦᠢᠯᠡᠴᠢᠯᠡᠭᠡᠨ ᠤ ᠲᠣᠭᠤᠷᠢᠭ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠦᠨ᠎ᠡ᠃ ᠵᠢᠷᠭᠤᠭ᠎ᠠ᠎ᠳᠤ ᠬᠦᠩᠭᠡᠵᠢᠯ ᠦᠷᠡᠵᠢᠯ᠎ᠢ ᠬᠠᠯᠠᠮᠵᠢᠯᠠᠬᠤ ᠡᠭᠡᠯᠢᠲᠡᠢ ᠨᠡᠢᠭᠡᠮ ᠤᠨ ᠪᠠᠢᠭᠤᠯᠤᠯᠲᠠ᠎ᠶ᠋ᠢᠨ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠦᠷᠡᠵᠢᠯ᠎ᠢ ᠳᠡᠮᠵᠢᠬᠦ᠌ ᠡᠯ᠎ᠡ ᠲᠥᠷᠥᠯ ᠤᠨ ᠲᠥᠷᠥ᠎ᠶ᠋ᠢᠨ ᠪᠣᠳᠣᠯᠭ᠎ᠠ ᠪᠠ ᠤᠷᠮᠠᠱᠢᠭᠤᠯᠬᠤ ᠠᠷᠭ᠎ᠠ ᠬᠡᠮᠵᠢᠶ᠎ᠡ᠎ᠶ᠋ᠢ ᠰᠠᠢᠲᠤᠷ ᠨᠠᠢᠳᠠᠪᠤᠷᠢᠵᠢᠭᠤᠯᠤᠨ᠂ ᠨᠢᠷᠠᠢ ᠬᠡᠦᠬᠡᠳ᠎ᠲᠤ ᠡᠪᠡᠳᠴᠢᠨ ᠡᠮᠭᠡᠭ᠎ᠢ ᠰᠦᠢᠳᠭᠡᠯ ᠬᠤᠷᠢᠶᠠᠬᠤ ᠦᠭᠡᠢ᠎ᠪᠠᠷ ᠱᠢᠭ᠌ᠰᠢᠨ ᠪᠠᠢᠴᠠᠭᠠᠬᠤ ᠦᠢᠯᠡᠴᠢᠯᠡᠭᠡ ᠬᠠᠩᠭᠠᠨ᠎ᠠ᠃ ᠲᠦᠭᠡᠮᠡᠯ ᠬᠠᠷᠠᠭᠠᠯᠵᠠᠯᠲᠤ ᠨᠡᠢᠳᠠᠨ ᠰᠠᠭᠠᠲᠠᠭᠤᠯᠬᠤ ᠪᠠ ᠨᠡᠢᠳᠠᠨ ᠬᠦᠮᠦᠵᠢᠭᠦᠯᠬᠦ᠌᠎ᠶ᠋ᠢ ᠨᠢᠭᠡ ᠴᠣᠭ᠍ᠴᠠᠵᠢᠭᠤᠯᠬᠤ ᠦᠢᠯᠡᠴᠢᠯᠡᠭᠡ᠎ᠶ᠋ᠢ ᠬᠥᠭ᠌ᠵᠢᠭᠦᠯᠵᠦ᠍᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠤᠬᠡᠳ᠎ᠤᠨ ᠴᠡᠴᠡᠷᠯᠢᠭ ᠤᠨ ᠬᠠᠮᠤᠷᠬᠤ ᠨᠣᠷᠮ᠎ᠠ᠎ᠶ᠋ᠢ 93% ᠠᠴᠠ ᠳᠡᠭᠡᠭ᠌ᠰᠢ᠎ᠳᠤ ᠬᠦᠷᠦᠭᠦᠯᠦᠨ᠎ᠡ᠃ ᠳᠣᠯᠤᠭ᠎ᠠ᠎ᠳᠤ ᠵᠠᠮ ᠬᠠᠷᠢᠯᠴᠠᠭ᠎ᠠ᠎ᠶ᠋ᠢ ᠰᠠᠭᠠᠳ ᠦᠭᠡᠶ ᠨᠡᠪᠲᠡᠷᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠣᠷᠭᠢᠯ ᠬᠤᠭᠤᠴᠠᠭᠠᠨ᠎ᠳᠠᠬᠢ ᠵᠠᠮ ᠤᠨ ᠲᠦᠭ᠌ᠵᠢᠷᠡᠯ ᠪᠠ ᠳᠤᠷ᠎ᠠ᠎ᠪᠠᠷ ᠰᠦᠢᠳᠭᠡᠯ ᠬᠤᠷᠢᠶᠠᠬᠤ᠂ ᠳᠤᠷ᠎ᠠ᠎ᠪᠠᠷ ᠲᠡᠷᠭᠡ ᠵᠣᠭ᠍ᠰᠣᠭᠠᠬᠤ ᠵᠡᠷᠭᠡ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠮᠤᠬᠤᠷ ᠵᠠᠮ᠎ᠢ ᠨᠡᠪᠲᠡᠷᠡᠭᠦᠯᠦᠨ᠂ ᠬᠡᠩᠬᠦᠯ ᠬᠤᠩᠬᠤᠯ ᠵᠠᠮ᠎ᠢ ᠰᠡᠯᠪᠢᠨ ᠵᠠᠰᠠᠵᠤ᠂ ᠨᠦᠭᠦᠴᠡᠯ ᠪᠦᠷᠢᠯᠳᠦᠭᠦᠯᠦᠭ᠌ᠰᠡᠨ ᠲᠡᠷᠭᠡᠨ ᠥᠷᠲᠡᠭᠡ᠂ ᠨᠢᠰᠭᠡᠯ᠎ᠤᠨ ᠪᠠᠭᠤᠳᠠᠯ᠎ᠳᠤ ᠰᠦᠯᠵᠢᠶ᠎ᠡ᠎ᠪᠠᠷ ᠪᠣᠯᠵᠤᠬᠤ ᠲᠡᠷᠭᠡᠨ᠎ᠤ ᠲᠤᠰᠭᠠᠢ ᠵᠣᠭ᠍ᠰᠤᠭᠠᠯᠤᠨ ᠲᠣᠭᠤᠷᠢᠭ ᠪᠠᠢᠭᠤᠯᠬᠤ᠎ᠶ᠋ᠢ ᠠᠬᠢᠭᠤᠯᠤᠨ᠎ᠠ᠃ ᠨᠠᠢ᠍ᠮᠠ᠎ᠳᠤ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠵᠢᠭᠦᠯᠦᠨ ᠱᠢᠢᠳᠪᠦᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠭᠡᠷ ᠪᠦᠯᠢ᠂ ᠬᠥᠷᠰᠢ ᠵᠡᠷᠭᠡᠯᠡᠳᠡᠭᠡ ᠵᠡᠷᠭᠡ᠎ᠶ᠋ᠢᠨ ᠵᠥᠷᠢᠴᠡᠯ ᠪᠠ ᠭᠠᠵᠠᠷ ᠱᠢᠷᠣᠢ ᠬᠠᠳᠤᠯᠠᠩ ᠪᠡᠯᠴᠢᠭᠡᠷ᠎ᠤᠨ ᠵᠠᠭᠠᠭ᠂ ᠳᠠᠭᠠᠭᠠᠴᠢᠯᠠᠭᠤᠯᠤᠨ ᠡᠷᠭᠢᠯᠳᠦᠭᠦᠯᠬᠦ᠂ ᠲᠠᠲᠠᠪᠤᠷᠢᠯᠠᠨ ᠡᠵᠡᠯᠡᠵᠦ᠍ ᠨᠡᠮᠡᠭᠦᠷᠢ ᠥᠭ᠌ᠬᠦ᠂ ᠬᠥᠳᠡᠯᠮᠦᠷᠢ ᠶ᠋ᠢᠨ ᠮᠠᠷᠭᠤᠯᠳᠤᠭᠠᠨ᠂ ᠠᠳᠠᠯ ᠠᠬᠤᠢ᠎ᠶ᠋ᠢᠨ ᠦᠢᠯᠡᠴᠢᠯᠡᠭᠡ ᠵᠡᠷᠭᠡ᠎ᠶ᠋ᠢᠨ ᠵᠠᠭᠤᠷᠠᠯᠳᠤᠭᠠᠨ ᠢ ᠴᠠᠭ ᠲᠤᠬᠠᠢᠳᠤᠨᠢ ᠵᠢᠭ᠍ᠰᠠᠭᠠᠨ ᠪᠠᠢᠴᠠᠭᠠᠵᠤ ᠱᠢᠢᠳᠪᠦᠷᠢᠯᠡᠨ᠂ ᠬᠤᠲᠠ ᠬᠥᠳᠡᠭᠡ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠦᠢᠯᠡᠴᠢᠯᠡᠭᠡᠨ᠎ᠤ ᠲᠣᠣᠷ᠎ᠢ ᠨᠡᠢᠳᠡᠮ ᠬᠠᠮᠤᠷᠤᠭᠤᠯᠬᠤ ᠶ᠋ᠢ ᠠᠬᠢᠭᠤᠯᠵᠤ᠂ ᠬᠠᠯᠠᠮᠱᠢᠯ ᠤᠲᠠᠰᠤ 12345 ᠶ᠋ᠢᠨ ᠣᠯᠠᠨ ᠲᠦᠮᠡᠨ ᠤ ᠭᠤᠮᠣᠳᠠᠯ ᠲᠣᠭᠠᠴᠢᠯᠲᠠ᠎ᠶ᠋ᠢ ᠱᠢᠢᠳᠪᠦᠷᠢᠯᠡᠬᠦ᠌ ᠬᠠᠨᠤᠮᠵᠢ᠎ᠶ᠋ᠢᠨ ᠬᠡᠮᠵᠢᠶ᠎ᠡ᠎ᠶ᠋ᠢ 90% ᠠᠴᠠ ᠳᠡᠭᠡᠭ᠌ᠰᠢ᠎ᠳᠤ ᠭᠦᠷᠦᠭᠦᠯᠦᠨ᠎ᠡ᠃ ᠶᠢᠰᠦ᠎ᠳᠤ ᠬᠡᠷᠡᠭ᠌ᠯᠡᠭ᠌ᠴᠢᠳ᠎ᠤᠨ ᠡᠷᠬᠡ ᠠᠱᠢᠭ᠎ᠢ ᠬᠠᠮᠠᠭᠠᠯᠠᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠨ᠂ ᠡᠯ᠎ᠡ ᠱᠠᠲᠤᠨ᠎ᠤ ᠬᠡᠷᠡᠭ᠌ᠯᠡᠭ᠌ᠴᠢᠳ᠎ᠤᠨ ᠨᠡᠢᠭᠡᠮᠯᠢᠭ᠎ᠤᠨ ᠵᠣᠬᠢᠶᠠᠨ ᠪᠠᠢᠭᠤᠯᠤᠯᠲᠠ᠎ᠶ᠋ᠢ ᠪᠦᠷᠢᠨᠱᠢᠭᠦᠯᠵᠦ᠍᠂ ᠢᠳᠡᠭᠡᠨ᠎ᠤ ᠵᠦᠢᠯ᠎ᠤᠨ ᠠᠮᠤᠷ ᠲᠦᠪᠱᠢᠨ᠂ ᠦᠨ᠎ᠡ ᠬᠠᠩᠰᠢ᠎ᠶ᠋ᠢᠨ ᠡᠮᠬᠢ ᠵᠢᠷᠤᠮ᠂ ᠬᠠᠭᠤᠷᠮᠠᠭ᠍ᠯᠠᠨ ᠡᠷᠬᠡ᠎ᠳᠤ ᠬᠠᠯᠳᠠᠬᠤ᠂ ᠵᠢᠩ ᠯᠠᠩ ᠳᠤᠲᠠᠬᠤ ᠵᠡᠷᠭᠡ ᠬᠠᠯᠠᠮᠱᠢᠯ ᠠᠰᠠᠭᠤᠳᠠᠯ᠎ᠤᠳ᠎ᠢ ᠲᠤᠰᠭᠠᠢ ᠴᠡᠭ᠌ᠴᠡᠯᠡᠨ ᠵᠠᠰᠠᠵᠤ᠂ 《ᠰᠠᠨᠠᠭ᠎ᠠ ᠠᠮᠤᠷ ᠬᠡᠷᠡᠭ᠌ᠯᠡᠭᠡ ᠬᠢᠬᠦ᠌》᠂ 《ᠰᠦᠯᠵᠢᠶᠡᠨ᠎ᠠᠴᠠ ᠭᠠᠳᠠᠭᠤᠷᠬᠢ ᠱᠢᠯᠲᠠᠭᠠᠨ ᠦᠭᠡᠢ᠎ᠪᠠᠷ ᠪᠠᠷᠠᠭ᠎ᠠ ᠪᠤᠴᠠᠭᠠᠬᠤ》 ᠬᠤᠣᠰ ᠠᠮᠠᠯᠠᠯᠲᠠ᠎ᠶ᠋ᠢ ᠬᠡᠷᠡᠭ᠌ᠵᠢᠭᠦᠯᠦᠨ᠂ ᠲᠠᠷᠢᠶᠠᠯᠠᠩ᠎ᠤᠨ ᠪᠦᠲᠦᠭᠡᠭ᠌ᠳᠡᠭᠦᠨ᠎ᠢ ᠪᠦᠭᠡᠮ᠎ᠢᠶᠠᠷ ᠬᠤᠳᠠᠯᠳᠤᠬᠤ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠲᠠᠬᠢ ᠢᠳᠡᠱᠢᠨᠤ ᠲᠠᠷᠢᠶᠠᠯᠠᠩ᠎ᠤᠨ ᠪᠦᠲᠦᠭᠡᠭ᠌ᠳᠡᠭᠦᠨ᠎ᠳᠤ 《ᠡᠳᠦᠷ ᠪᠦᠷᠢ ᠪᠠᠢᠴᠠᠭᠠᠯᠲᠠ ᠬᠢᠬᠦ᠌》 ᠶ᠋ᠢ ᠬᠡᠷᠡᠭ᠌ᠵᠢᠭᠦᠯᠦᠨ᠎ᠡ᠃ ᠠᠷᠪᠠ᠎ᠳᠤ ᠬᠤᠲᠠ ᠬᠥᠳᠡᠭᠡ᠎ᠶ᠋ᠢᠨ ᠣᠷᠣᠱᠢᠨ ᠰᠠᠭᠤᠷᠢᠱᠢᠬᠤ ᠣᠷᠴᠢᠨ ᠨᠥᠬᠦᠴᠡᠯ᠎ᠢ ᠥᠭᠡᠷᠡᠴᠢᠯᠡᠨ ᠰᠠᠢᠵᠢᠷᠠᠭᠤᠯᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ ᠬᠤᠲᠠ ᠪᠠᠯᠭᠠᠰᠤᠨ᠎ᠤ ᠨᠤᠷᠠᠬᠤ ᠠᠶᠤᠯᠲᠠᠢ ᠬᠠᠭᠤᠴᠢᠨ ᠭᠡᠷ ᠪᠠᠢᠱᠢᠩ ᠪᠠ ᠬᠠᠭᠤᠴᠢᠨ ᠰᠠᠭᠤᠭᠠᠯᠢ ᠲᠣᠭᠤᠷᠢᠭ᠂ ᠵᠡᠭᠡᠯᠢ ᠲᠣᠭᠤᠷᠢᠭ᠂ ᠦᠢᠯᠡᠳᠪᠦᠷᠢ᠎ᠶ᠋ᠢᠨ ᠲᠣᠭᠤᠷᠢᠭ᠂ ᠬᠤᠭᠤᠯᠠᠢ ᠭᠤᠤᠷᠰᠤ᠎ᠶ᠋ᠢᠨ ᠲᠣᠣᠷ᠎ᠢ ᠥᠭᠡᠷᠡᠴᠢᠯᠡᠨ ᠱᠢᠨᠡᠳᠭᠡᠬᠦ᠌᠎ᠶ᠋ᠢ ᠲᠦᠷᠭᠡᠳᠭᠡᠨ᠂ ᠦᠯᠡᠳᠡᠭᠡᠯ ᠲᠠᠸᠠᠷ᠎ᠤᠨ ᠭᠡᠷ ᠪᠠᠢᠱᠢᠩ᠎ᠢ ᠬᠤᠳᠠᠯᠳᠤᠨ ᠠᠪᠴᠤ᠌ ᠪᠠᠲᠤᠯᠠᠭ᠎ᠠ᠎ᠶ᠋ᠢᠨ ᠴᠢᠨᠠᠷᠲᠠᠢ ᠣᠷᠣᠨ ᠰᠠᠭᠤᠴᠠ᠂ ᠲᠥᠪᠬᠢᠨᠡᠭᠦᠯᠬᠦ᠌ ᠭᠡᠷ ᠪᠠᠢᠱᠢᠩ᠂ ᠴᠢᠳᠠᠪᠤᠷᠢᠲᠠᠨ᠎ᠳᠤ ᠬᠠᠩᠭᠠᠬᠤ ᠭᠡᠷ ᠪᠠᠢᠱᠢᠩ ᠵᠡᠷᠭᠡ᠎ᠳᠤ ᠬᠡᠷᠡᠭ᠌ᠯᠡᠬᠦ᠌᠎ᠶ᠋ᠢ ᠠᠬᠢᠭᠤᠯᠤᠨ᠎ᠠ᠃ ᠤᠰᠤ ᠴᠠᠬᠢᠯᠭᠠᠨ ᠬᠡᠢ ᠳᠤᠯᠠᠭᠠᠯᠠᠭ᠎ᠠ ᠰᠦᠯᠵᠢᠶ᠎ᠡ ᠵᠡᠷᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠳᠡᠰ ᠳᠡᠪᠱᠢᠭᠦᠯᠬᠦ᠌ ᠪᠠᠨ ᠲᠦᠷᠭᠡᠳᠭᠡᠨ᠂ ᠠᠳᠠᠯ ᠠᠬᠤᠢ᠎ᠶ᠋ᠢᠨ ᠦᠢᠯᠡᠴᠢᠯᠡᠭᠡᠨ ᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠨᠢ ᠥᠷᠨᠢᠭᠦᠯᠦᠨ᠎ᠡ᠃ ᠬᠤᠲᠠ᠎ᠶ᠋ᠢᠨ ᠦᠶᠡᠷ᠎ᠢ ᠰᠡᠷᠭᠡᠢᠯᠡᠵᠦ᠍ ᠤᠰᠤᠲᠤᠯ᠎ᠢ ᠵᠠᠯᠠᠬᠤ ᠪᠡᠯᠡᠳᠭᠡᠮᠵᠢ᠎ᠶ᠋ᠢᠨ ᠳᠤᠲᠠᠭᠤᠳᠠᠯ᠎ᠢ ᠨᠥᠬᠦᠪᠥᠷᠢᠯᠡᠵᠦ᠍᠂ ᠬᠥᠬᠡᠬᠤᠲᠠ᠂ ᠪᠤᠭᠤᠲᠤ᠌᠂ ᠤᠯᠠᠭᠠᠨᠴᠠᠪ ᠵᠡᠷᠭᠡ ᠭᠠᠵᠠᠷ᠎ᠤᠨ ᠭᠠᠮᠱᠢᠭ᠎ᠤᠨ ᠳᠠᠷᠠᠭᠠᠬᠢ ᠳᠠᠬᠢᠨ ᠪᠠᠢᠭᠤᠯᠬᠤ ᠠᠵᠢᠯ᠎ᠢ ᠰᠠᠢᠲᠤᠷ ᠬᠢᠨ᠎ᠡ᠃ ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠵᠢᠵᠢᠭ ᠰᠠᠵᠢᠭ ᠶᠠᠪᠤᠳᠠᠯ ᠪᠦᠬᠦᠨ᠎ᠳᠤ ᠬᠠᠢᠷ᠎ᠠ ᠬᠠᠯᠠᠮᠵᠢ᠎ᠶ᠋ᠢ ᠢᠯᠡᠳᠭᠡᠨ᠎ᠡ᠂ ᠲᠦᠷᠦ᠍᠎ᠶ᠋ᠢᠨ ᠪᠤᠳᠤᠯᠭ᠎ᠠ᠎ᠶ᠋ᠢ 《ᠢᠳᠡᠵᠦ᠍ ᠡᠮᠦᠰᠭᠦ ᠶᠠᠪᠤᠵᠤ ᠰᠠᠭᠤᠬᠤ》 ᠬᠦᠷᠲᠡᠯ᠎ᠡ ᠨᠠᠷᠢᠯᠢᠬ᠍ᠵᠢᠭᠤᠯᠵᠤ᠂ ᠬᠠᠢᠷ᠎ᠠ ᠬᠠᠯᠠᠮᠵᠢ᠎ᠪᠠᠨ 《ᠲᠦᠯᠡᠰᠢ ᠠᠮᠤ ᠲᠣᠰᠣ ᠳᠠᠪᠤᠰᠤ》 ᠳᠤ ᠬᠦᠷᠲᠡᠯ᠎ᠡ ᠠᠭᠤᠰᠭᠠᠵᠤ᠂ 《ᠪᠠᠭ᠎ᠠ ᠭᠡᠷ ᠪᠦᠯᠢ》 ᠨᠢᠭᠡ ᠪᠦᠷᠢ᠎ᠠᠴᠠ ᠠᠮᠢᠳᠤᠷᠠᠯ᠎ᠤᠨ ᠬᠠᠯᠠᠭᠤᠨ ᠠᠮᠢᠰᠭᠤᠯ ᠴᠠᠯᠭᠢᠪᠠᠯ᠂ ᠮᠠᠨ᠎ᠤ ᠡᠨᠡ ᠬᠦ᠌ 《ᠲᠣᠮᠣ ᠭᠡᠷ ᠪᠦᠯᠢ》 ᠰᠠᠶᠢ ᠡᠳᠦᠷ᠎ᠠᠴᠠ ᠡᠳᠦᠷ ᠥᠭᠡᠳᠡᠯᠡᠨ ᠮᠠᠨᠳᠤᠵᠤ ᠴᠢᠳᠠᠨ᠎ᠠ᠃
ᠳᠥᠷᠪᠡ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠠᠨ ᠵᠠᠰᠠᠭ᠎ᠤᠨ ᠣᠷᠳᠣᠨ᠎ᠤ ᠠᠵᠢᠯ᠎ᠤᠨ ᠡᠯ᠎ᠡ ᠲᠠᠯ᠎ᠠ ᠪᠥᠬᠦ᠌ ᠶᠠᠪᠤᠴᠠ᠎ᠳᠤ ᠲᠤᠭᠤᠱᠢᠯᠠᠭᠤᠯᠤᠨ᠎ᠠ
ᠱᠢᠨ᠎ᠡ ᠪᠠᠢᠳᠠᠯ ᠱᠢᠨ᠎ᠡ ᠡᠭᠦᠷᠭᠡ ᠵᠠᠰᠠᠭ᠎ᠤᠨ ᠣᠷᠳᠣᠨ᠎ᠤ ᠠᠵᠢᠯ᠎ᠳᠤ ᠱᠢᠨ᠎ᠡ᠎ᠪᠠᠷ ᠨᠠᠩ ᠥᠨᠳᠥᠷ ᠱᠠᠭᠠᠷᠳᠠᠯᠭ᠎ᠠ ᠳᠤᠷᠠᠳᠪᠠ᠃ ᠪᠢᠳᠡ 《ᠬᠤᠶᠠᠷ ᠢ ᠲᠣᠭ᠍ᠲᠠᠭᠠᠭ᠍ᠰᠠᠨ》᠎ᠤ ᠱᠢᠢᠳᠪᠦᠷᠢᠯᠡᠭ᠌ᠴᠢ ᠴᠢᠨᠠᠷᠲᠠᠶ ᠠᠴᠢ ᠬᠤᠯᠪᠣᠭ᠍ᠳᠠᠯ᠎ᠢ ᠭᠦᠨᠵᠡᠭᠡᠶ ᠤᠬᠠᠵᠤ᠂ 《ᠳᠥᠷᠪᠡᠨ ᠤᠬᠠᠮᠰᠠᠷ》 ᠢᠶᠠᠨ ᠴᠢᠩᠭᠠᠳᠭᠠᠨ᠂ 《ᠳᠥᠷᠪᠡᠨ ᠢᠲᠡᠭᠡᠯ》 ᠢᠶᠠᠨ ᠪᠠᠲᠤᠳᠭᠠᠵᠤ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠦᠨ᠂ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠲᠦᠨ ᠵᠦᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢ ᠪᠣᠳᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠤᠨ᠎ᠠ᠃ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠲᠤ ᠪᠠᠬᠢ ᠪᠣᠢ ᠪᠣᠯᠭᠠᠬᠤ ᠪᠠ ᠦᠢᠯᠡᠳᠦᠯᠭᠡᠵᠢᠭᠦᠯᠵᠦ᠍᠂ ᠠᠷᠠᠳ ᠲᠦᠮᠡᠨ᠎ᠤ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ᠂ ᠪᠣᠳᠠᠲᠠᠢ ᠠᠵᠢᠯᠯᠠᠵᠤ ᠪᠠᠢᠭᠠᠳ ᠵᠠᠰᠠᠭ ᠤᠨ ᠠᠵᠢᠯ ᠤᠨ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠠᠪᠤᠨ ᠳᠣᠣᠷ᠎ᠠ᠎ᠪᠠᠨ ᠠᠱᠢᠭ ᠣᠯᠬᠤ ᠶ᠋ᠢ ᠬᠥᠭᠡᠭᠡᠴᠡᠯᠳᠦᠬᠦ᠂ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠰᠣᠬᠤᠷ ᠪᠠᠯᠠᠢ᠎ᠪᠠᠷ ᠳᠡᠮᠡᠢ ᠠᠵᠢᠯᠯᠠᠬᠤ ᠶ᠋ᠢ ᠡᠰᠡᠷᠭᠦᠴᠡᠨ᠂ ᠦᠷᠡᠭ᠌ᠳᠡᠯ᠎ᠲᠠᠢ GDP᠂ ᠪᠣᠬᠢᠷᠲᠤᠯ᠎ᠲᠠᠢ GDP᠂ ᠬᠤᠯᠢᠴᠠ᠎ᠲᠠᠢ GDP ᠢ ᠡᠷᠡᠰ ᠲᠡᠪᠴᠢᠨ᠎ᠡ᠃ ᠨᠠᠮ ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠥᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠍᠂ ᠰᠤᠷᠤᠯᠴᠠᠯᠭ᠎ᠠ᠎ᠶ᠋ᠢ ᠶᠡᠭᠡ᠎ᠪᠠᠷ ᠡᠷᠬᠢᠮᠯᠡᠨ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠠᠷᠢᠭᠤᠨ ᠴᠢᠬᠡᠴᠢ ᠪᠠᠢᠵᠤ᠂ ᠵᠠᠰᠠᠭ᠎ᠤᠨ ᠣᠷᠳᠣᠨ᠎ᠤ ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠨ᠎ᠠ᠃ ᠨᠢᠭᠡ᠎ᠳᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠢᠭᠤᠯᠤᠨ᠎ᠠ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠭᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶᠠᠨ᠎ᠠᠴᠠ ᠬᠢᠨᠠᠯᠲᠠ ᠲᠠᠯᠪᠢᠬᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠪᠠ ᠡᠯ᠎ᠡ ᠲᠠᠯ᠎ᠠ᠎ᠶ᠋ᠢᠨ᠎ᠬᠢᠨ᠎ᠠᠴᠠ ᠬᠢᠨᠠᠯᠲᠠ ᠲᠠᠯᠪᠢᠬᠤ᠎ᠶ᠋ᠢ ᠰᠠᠨᠠᠭᠠᠴᠢᠯᠠᠭ᠎ᠠ᠎ᠠᠴᠠ᠎ᠪᠠᠨ ᠬᠦᠯᠢᠶᠡᠵᠦ᠍᠂ ᠬᠢᠨᠠᠨ ᠪᠣᠳᠣᠯᠲᠠ᠂ ᠲᠤᠭ᠎ᠠ ᠪᠦᠷᠢᠳᠭᠡᠯ ᠪᠠ ᠡᠳ᠋᠎ᠤᠨ ᠶᠠᠪᠤᠳᠠᠯ᠎ᠤᠨ ᠨᠢᠭ᠍ᠲᠠᠯᠠᠨ ᠪᠣᠳᠣᠯᠲᠠ᠎ᠪᠠᠷ ᠬᠢᠨᠠᠯᠲᠠ ᠲᠠᠯᠪᠢᠬᠤ᠎ᠶ᠋ᠢ ᠴᠢᠩᠭᠠᠳᠭᠠᠨ᠂ ᠵᠠᠰᠠᠭ ᠵᠠᠬᠢᠷᠭᠠᠨ᠎ᠤ ᠡᠷᠬᠡ᠎ᠶ᠋ᠢ ᠢᠮᠠᠭ᠍ᠲᠠ ᠬᠢᠨᠠᠯᠲᠠ᠎ᠶ᠋ᠢᠨ ᠳᠣᠣᠷ᠎ᠠ ᠬᠡᠷᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠠᠵᠢᠯ᠎ᠢ ᠬᠠᠤᠯᠢ᠎ᠪᠠᠷ ᠵᠠᠰᠠᠬᠤ ᠵᠠᠮ᠎ᠢᠶᠠᠷ ᠵᠠᠮᠨᠠᠭᠤᠯᠬᠤ ᠬᠡᠷᠡᠭ᠌ᠲᠡᠢ᠃ ᠬᠤᠶᠠᠷ᠎ᠲᠤ ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ᠎ᠢ ᠪᠠᠢᠭᠤᠯᠤᠨ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠢᠯᠡ ᠲᠣᠳᠣ ᠪᠠᠢᠬᠤ ᠬᠡᠮᠵᠢᠶ᠎ᠡ᠂ ᠲᠣᠭ᠍ᠲᠠᠪᠤᠷᠢᠲᠤ ᠴᠢᠨᠠᠷ ᠪᠠ ᠵᠢᠱ᠌ᠢᠬᠦ᠋ᠢᠴᠡ ᠴᠢᠨᠠᠷ᠎ᠢ ᠳᠡᠭᠡᠭ᠌ᠰᠢᠯᠡᠭᠦᠯᠵᠦ᠍᠂ ᠱᠢᠨ᠎ᠡ ᠲᠤᠱᠢᠶᠠᠯᠲᠠᠨ᠎ᠨᠢ ᠬᠠᠭᠤᠴᠢᠨ ᠲᠠᠩᠰᠠ᠎ᠶ᠋ᠢ ᠬᠠᠮᠢᠶᠠᠷᠴᠤ᠌᠂ ᠬᠡᠯᠡᠪᠡᠯ ᠦᠭᠡ ᠭᠢᠰᠭᠢᠪᠡᠯ ᠭᠠᠵᠠᠷ ᠬᠡᠮᠡᠵᠦ᠍᠂ ᠬᠡᠯᠡᠭ᠌ᠰᠡᠨ ᠦᠭᠡ᠎ᠪᠠᠨ ᠬᠡᠷᠡᠭ᠌ᠵᠢᠭᠦᠯᠦᠨ᠂ ᠦᠨᠡᠨᠴᠢ ᠢᠲᠡᠭᠡᠮᠵᠢᠲᠡᠢ ᠪᠠᠢᠵᠤ᠂ ᠬᠠᠷᠢᠯᠴᠠᠨ ᠢᠲᠡᠭᠡᠯᠴᠡᠬᠦ᠌᠎ᠪᠠᠨ ᠨᠡᠮᠡᠭ᠌ᠳᠡᠭᠦᠯᠦᠨ᠂ ᠦᠨᠡᠨᠴᠢ ᠢᠲᠡᠭᠡᠮᠵᠢᠲᠡᠢ ᠪᠠᠢᠬᠤ᠎ᠪᠠᠷ ᠠᠵᠤ ᠠᠬᠤᠢᠯᠠᠯ᠎ᠤᠨ ᠤᠷᠳᠤ ᠬᠤᠭᠤᠴᠠᠭ᠎ᠠ᠎ᠪᠠᠷ ᠬᠦᠭ᠌ᠵᠢᠬᠦ᠌ ᠢᠲᠡᠭᠡᠯ᠎ᠢ᠎ᠨᠢ ᠪᠠᠲᠤᠳᠭᠠᠨ᠎ᠠ᠃ ᠭᠤᠷᠪᠠ᠎ᠳᠤ ᠥᠨᠳᠥᠷ ᠪᠦᠲᠦᠮᠵᠢᠲᠡᠢ ᠵᠠᠰᠠᠭ ᠤᠨ ᠣᠷᠳᠣᠨ᠎ᠢ ᠪᠠᠢᠭᠤᠯᠤᠨ᠎ᠠ᠂ ᠡᠯ᠎ᠡ ᠵᠦᠢᠯ᠎ᠤᠨ ᠠᠵᠢᠯ᠎ᠳᠤ ᠴᠥᠮ ᠠᠰᠠᠭᠤᠳᠠᠯ᠎ᠢ ᠱᠢᠢᠳᠪᠦᠷᠢᠯᠡᠬᠦ᠌᠎ᠪᠠᠷ ᠤᠳᠤᠷᠢᠳᠤᠮᠵᠢ ᠪᠣᠯᠭᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠣᠳᠣᠯᠭ᠎ᠠ ᠲᠣᠭ᠍ᠲᠠᠭᠠᠨ᠂ ᠶᠠᠷᠱᠢᠭ ᠲᠦᠪᠡᠭ᠌ᠲᠡᠢ ᠵᠦᠢᠯ᠎ᠢ ᠲᠦᠭᠦᠮᠴᠢᠯᠡᠵᠦ᠍᠂ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠂ ᠲᠦᠷᠦᠯ ᠵᠦᠢᠯ᠎ᠢ ᠡᠬᠢᠯᠡᠭᠦᠯᠬᠦ᠂ ᠪᠡᠯᠡ ᠮᠥᠩᠭᠦ᠎ᠶ᠋ᠢ ᠰᠠᠯᠭᠠᠨ ᠥᠭ᠌ᠬᠦ ᠵᠡᠷᠭᠡ ᠠᠵᠢᠯ᠎ᠤᠨ ᠡᠷᠲᠡ᠎ᠠᠴᠠ ᠬᠢᠵᠦ᠍ ᠳᠡᠢᠯᠬᠦ᠌᠎ᠶ᠋ᠢ᠎ᠨᠢ ᠡᠷᠲᠡᠬᠡᠨ ᠬᠢᠵᠦ᠍᠂ ᠲᠦᠷᠭᠡᠨ ᠬᠢᠵᠦ᠍ ᠳᠡᠢᠯᠬᠦ᠌᠎ᠶ᠋ᠢ᠎ᠨᠢ ᠲᠦᠷᠭᠡᠬᠡᠨ ᠬᠢᠬᠦ᠌᠎ᠶ᠋ᠢ ᠦᠨᠡᠨ ᠬᠦ᠌ ᠪᠠᠲᠤᠯᠠᠵᠤ᠂ ᠵᠠᠰᠠᠭ᠎ᠤᠨ ᠣᠷᠳᠣᠨ᠎ᠤ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠳᠥᠷᠪᠡ᠎ᠳᠤ ᠠᠷᠢᠭᠤᠨ ᠴᠢᠬᠡᠴᠢ ᠵᠠᠰᠠᠭ᠎ᠤᠨ ᠣᠷᠳᠣᠨ᠎ᠢ ᠪᠠᠢᠭᠤᠯᠤᠨ᠎ᠠ᠂ ᠰᠦᠨ ᠱᠣᠣ ᠴᠧᠩ᠂ ᠸᠠᠩ ᠯᠢ ᠱᠢᠶᠠ᠎ᠶ᠋ᠢᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠢ ᠵᠦᠷᠢᠴᠡᠭ᠌ᠰᠡᠨ᠎ᠢᠶᠠᠷ ᠰᠡᠵᠢᠭ᠌ᠯᠡᠭ᠌ᠳᠡᠭ᠌ᠰᠡᠨ᠎ᠠᠴᠠ ᠭᠦᠨᠵᠡᠭᠡᠢ ᠰᠤᠷᠭᠠᠮᠵᠢ ᠠᠪᠴᠤ᠌᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠍᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠡᠷᠬᠡ ᠲᠦᠪᠯᠡᠷᠡᠭ᠌ᠰᠡᠨ᠂ ᠪᠠᠯᠠ ᠮᠥᠩᠭᠦ᠌ ᠲᠦᠪᠯᠡᠷᠡᠭ᠌ᠰᠡᠨ᠂ ᠡᠬᠢ ᠪᠠᠶᠠᠯᠢᠭ ᠲᠦᠪᠯᠡᠷᠡᠭ᠌ᠰᠡᠨ ᠬᠦᠷᠢᠶ᠎ᠡ ᠴᠠᠷᠠᠭᠠᠨ᠎ᠳᠠᠬᠢ ᠢᠯᠵᠢᠷᠡᠯ᠎ᠢ ᠴᠡᠭ᠌ᠴᠡᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠠᠮᠢ ᠠᠬᠤᠶ᠎ᠪᠠᠷ ᠬᠦᠲᠦᠯᠦᠮᠵᠢ ᠪᠣᠯᠭᠠᠵᠤ ᠰᠠᠢᠨ ᠰᠠᠢᠬᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ᠂ ᠵᠠᠰᠠᠭ᠎ᠤᠨ ᠶᠠᠪᠤᠳᠠᠯ᠎ᠤᠨ ᠣᠷᠴᠢᠨ ᠨᠥᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠥᠬᠦᠴᠡᠯ᠂ ᠲᠦᠷᠦ᠍᠎ᠶ᠋ᠢᠨ ᠪᠤᠳᠤᠯᠭ᠎ᠠ᠎ᠶ᠋ᠢᠨ ᠤᠷᠴᠢᠨ ᠨᠦᠭᠦᠴᠡᠯ᠎ᠢ ᠪᠣᠶ ᠪᠣᠯᠭᠠᠨ᠎ᠠ᠃ ᠲᠠᠪᠤ᠎ᠳᠤ ᠦᠢᠯᠡᠴᠢᠯᠡᠭᠡᠨ᠎ᠤ ᠬᠡᠯᠪᠡᠷᠢ᠎ᠶ᠋ᠢᠨ ᠵᠠᠰᠠᠭ᠎ᠤᠨ ᠣᠷᠳᠣᠨ᠎ᠢ ᠪᠠᠢᠭᠤᠯᠤᠨ᠎ᠠ᠂ ᠠᠷᠠᠳ᠎ᠤᠨ ᠬᠦᠰᠡᠯ᠎ᠢ ᠪᠡᠶᠡᠯᠡᠭᠦᠯᠬᠦ᠌᠎ᠪᠠᠷ ᠵᠠᠰᠠᠭ ᠶᠠᠪᠤᠭ᠍ᠳᠠᠭᠤᠯᠬᠤ᠎ᠶ᠋ᠢᠨ ᠴᠢᠭ᠌ᠯᠡᠯ ᠬᠠᠨᠳᠤᠰᠢ ᠪᠣᠯᠭᠠᠬᠤ᠎ᠶ᠋ᠢ ᠪᠠᠷᠢᠮᠲᠠᠯᠠᠵᠤ᠂ ᠢᠯᠡᠭᠦᠬᠡᠨ ᠣᠷᠣᠨ ᠪᠠᠢᠷᠢ᠎ᠪᠠᠨ ᠰᠣᠯᠢᠵᠤ ᠰᠡᠳᠭᠢᠨ ᠪᠣᠳᠣᠯᠬᠢᠯᠠᠵᠤ᠂ ᠦᠨᠳᠦᠰᠦᠨ ᠱᠠᠲᠤᠨ᠎ᠤ ᠬᠦᠴᠢᠷᠳᠡᠯ᠎ᠢ ᠢᠯᠡᠭᠦᠬᠡᠨ ᠬᠠᠯᠠᠮᠵᠢᠯᠠᠵᠤ᠂ ᠣᠯᠠᠨ ᠲᠦᠮᠡᠨ᠎ᠤ ᠪᠠᠴᠢᠮᠳᠠᠵᠤ ᠲᠦᠪᠡᠭ᠌ᠳᠡᠵᠦ᠍ ᠵᠤᠪᠠᠨᠢᠵᠤ ᠬᠦᠰᠡᠵᠦ᠍ ᠪᠠᠢᠭ᠎ᠠ ᠵᠦᠢᠯ ᠢ ᠦᠨᠡᠨ ᠬᠦ᠌ ᠱᠢᠢᠳᠪᠦᠷᠢᠯᠡᠨ᠂ ᠦᠨᠡᠨ ᠰᠡᠳᠭᠢᠯ᠎ᠠᠴᠠ᠎ᠪᠠᠨ ᠦᠨᠳᠦᠰᠦᠨ ᠱᠠᠲᠤ᠎ᠶ᠋ᠢ ᠬᠠᠪᠰᠤᠷᠴᠤ᠌ ᠪᠠᠢᠭᠠᠳ ᠠᠰᠠᠭᠤᠳᠠᠯ᠎ᠢ᠎ᠨᠢ ᠱᠢᠢᠳᠪᠦᠷᠢᠯᠡᠨ ᠥᠭ᠌ᠴᠦ᠂ ᠤᠯᠠᠨ ᠲᠦᠮᠡᠨ᠎ᠳᠤ ᠦᠢᠯᠡᠴᠢᠯᠡᠬᠦ᠂ ᠥᠨᠳᠥᠰᠦᠨ ᠱᠠᠲᠤᠨ᠎ᠳᠤ ᠦᠢᠯᠡᠴᠢᠯᠡᠬᠦ᠂ ᠬᠥᠭ᠌ᠵᠢᠯᠲᠡ᠎ᠳᠤ ᠦᠢᠯᠡᠴᠢᠯᠡᠬᠦ᠌᠎ᠶ᠋ᠢ ᠦᠨᠡᠨ ᠬᠦ᠌ ᠪᠡᠶᠡᠯᠡᠭᠦᠯᠦᠨ᠎ᠡ᠃
ᠲᠥᠯᠥᠭᠡᠯᠡᠭ᠌ᠴᠢᠳ ᠡ! ᠡᠨᠡ ᠵᠢᠯ ᠪᠣᠯ ᠶᠠᠭ ᠰᠠᠢᠬᠠᠨ ᠳᠤᠮᠳᠠᠳᠤ ᠤᠯᠤᠰ᠎ᠤᠨ ᠪᠢᠯᠢᠭ᠎ᠤᠨ ᠤᠯᠠᠷᠢᠯ᠎ᠤᠨ ᠮᠣᠷᠢᠨ ᠵᠢᠯ ᠪᠣᠯᠤᠨ᠎ᠠ᠂ ᠶᠡᠷᠦᠩᠬᠡᠢ ᠱᠦᠵᠢ ᠰᠢ᠎ᠶ᠋ᠢᠨ ᠫᠢᠩ ᠥᠪᠥᠷ ᠮᠣᠩᠭᠤᠯ ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠢ 《ᠲᠡᠰᠪᠦᠷᠢ ᠬᠠᠲᠠᠭᠤᠵᠢᠯᠲᠠᠢ᠎ᠪᠠᠷ ᠴᠤᠴᠠᠯᠲᠠ ᠦᠭᠡᠢ ᠤᠷᠤᠭ᠍ᠰᠢᠯᠠᠵᠤ ᠵᠣᠷᠢᠭ᠍ᠰᠠᠨᠳᠤᠪᠠᠨ ᠵᠠᠪᠠᠯ ᠬᠦᠷᠬᠦ᠌》 ᠮᠣᠩᠭᠤᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠭᠡ᠎ᠪᠠᠷ ᠪᠠᠳᠠᠷᠠᠭᠤᠯᠲᠤᠭᠠᠢ ᠭᠡᠵᠦ᠍ ᠣᠯᠠᠨᠲᠠ ᠵᠤᠷᠢᠬ᠍ᠵᠢᠭᠤᠯᠪᠠ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠵᠢᠭᠢᠭ᠌ᠰᠡᠨ ᠳᠥᠷᠥᠭᠡ᠎ᠪᠠᠨ ᠰᠤᠯᠠᠷᠠᠭᠤᠯᠬᠤ ᠦᠭᠡᠢ ᠣᠮᠤᠭ ᠵᠣᠷᠢᠭ ᠭᠠᠷᠭᠠᠵᠤ᠂ ᠲᠦᠮᠡᠨ ᠠᠭ᠍ᠲᠠ᠎ᠶ᠋ᠢᠨ ᠲᠦᠪᠡᠷᠭᠡᠨᠤ ᠰᠦᠷ ᠵᠢᠪᠬᠤᠭ᠎ᠠ᠎ᠶ᠋ᠢ ᠬᠥᠭ᠌ᠵᠢᠭᠡᠨ᠂ ᠴᠤᠴᠠᠯᠲᠠ ᠦᠭᠡᠢ ᠤᠷᠤᠭ᠍ᠰᠢᠯᠠᠬᠤ ᠡᠷᠴᠢ ᠬᠦᠴᠦ᠍᠎ᠪᠠᠨ ᠪᠠᠳᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠥᠬᠦ᠌ ᠬᠦᠴᠦᠨ ᠢᠶᠠᠷ ᠢᠶᠠᠨ ᠪᠡᠶᠡᠯᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠶ᠋ᠢᠨ ᠥᠪᠥᠷ ᠮᠣᠩᠭᠤᠯ ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠡᠭᠡᠶᠡ!
(ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠤᠷᠴᠢᠭᠤᠯᠭ᠎ᠠ ᠵᠢᠨ ᠭᠠᠵᠠᠷ ᠤᠷᠴᠢᠭᠤᠯᠪᠠ)
ᠳᠠᠭᠠᠯᠳᠤᠭᠤᠯᠤᠯ
2026 ᠣᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ
1. 《ᠬᠦᠳᠡᠯᠮᠦᠷᠢᠯᠡᠬᠦ᠌᠎ᠪᠠᠷ ᠲᠡᠳᠬᠦᠮᠵᠢ᠎ᠶ᠋ᠢ ᠣᠷᠣᠯᠠᠭᠤᠯᠬᠤ》 ᠪᠠᠷ ᠳᠠᠮᠵᠢᠭᠤᠯᠤᠨ 《ᠭᠤᠷᠪᠠᠨ ᠤᠮᠠᠷᠠᠲᠤ》 ᠶ᠋ᠢᠨ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠬᠥᠳᠡᠯᠮᠦᠷᠢ᠎ᠶ᠋ᠢᠨ ᠬᠠᠷᠠᠮᠵᠢ᠎ᠶ᠋ᠢ 20 ᠳ᠋ᠦᠩᠱᠢᠭᠤᠷ ᠲᠦᠭᠦᠷᠢᠭ᠎ᠠᠴᠠ ᠳᠡᠭᠡᠭ᠌ᠰᠢ ᠲᠠᠷᠬᠠᠭᠠᠨ᠎ᠠ; ᠠᠵᠢᠯ ᠠᠯᠳᠠᠯᠲᠠ᠎ᠶ᠋ᠢᠨ ᠳᠠᠭᠠᠳᠭᠠᠯ᠂ ᠠᠵᠢᠯ᠎ᠠᠴᠠ ᠪᠣᠯᠣᠭ᠍ᠰᠠᠨ ᠭᠡᠮᠲᠦᠯ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠥᠷᠭᠡᠳᠭᠡᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠭᠠᠯ᠎ᠤᠨ ᠨᠠᠰᠤᠵᠢᠯ᠎ᠤᠨ ᠰᠠᠭᠤᠷᠢ ᠮᠥᠩᠭᠦᠨ᠎ᠤ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠂ ᠣᠢ ᠱᠢᠭᠤᠢ ᠪᠠ ᠨᠤᠲᠤᠭ ᠪᠡᠯᠴᠢᠭᠡᠷ᠎ᠤᠨ ᠳᠤᠪᠴᠢᠶ᠎ᠠ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ)᠃
2. ᠬᠤᠲᠠ ᠪᠠᠯᠭᠠᠰᠣᠨ᠎ᠤ 18 ᠲᠦᠮᠡ᠎ᠠᠴᠠ ᠳᠡᠭᠡᠭ᠌ᠰᠢᠬᠢ ᠬᠦᠮᠦᠨ᠎ᠳᠤ ᠱᠢᠨ᠎ᠡ᠎ᠪᠠᠷ ᠠᠵᠢᠯ ᠣᠯᠭᠤᠵᠤ᠂ ᠠᠵᠢᠯ ᠣᠯᠭᠤᠬᠤ ᠠᠵᠢᠯ᠎ᠤᠨ ᠪᠠᠢᠷᠢ᠎ᠶ᠋ᠢ 50 ᠲᠦᠮᠡ᠎ᠠᠴᠠ ᠳᠡᠭᠡᠭ᠌ᠰᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠢ ᠠᠵᠢᠯ᠎ᠤᠨ ᠪᠠᠢᠷᠢ᠎ᠶ᠋ᠢ 4.5 ᠲᠦᠮᠡ ᠭᠠᠷᠭᠠᠵᠤ᠂ ᠠᠵᠢᠯ ᠮᠡᠷᠭᠡᠵᠢᠯ᠎ᠤᠨ ᠤᠷ᠎ᠠ ᠮᠡᠷᠭᠡᠱᠢᠯ᠎ᠤᠨ ᠪᠣᠯᠪᠠᠰᠤᠷᠠᠯ᠎ᠢ 40 ᠲᠦᠮᠡᠨ ᠬᠥᠮᠥᠨ ᠤᠳᠠᠭ᠎ᠠ ᠥᠷᠨᠢᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ)᠃
3. ᠰᠤᠷᠤᠭ᠍ᠴᠢ᠎ᠶ᠋ᠢᠨ ᠭᠡᠨᠡᠳᠲᠡ᠎ᠶ᠋ᠢᠨ ᠱᠢᠷᠬᠠᠲᠤᠯᠤᠨ ᠬᠠᠷᠢᠭᠤᠴᠠᠯᠭ᠎ᠠ᠎ᠶ᠋ᠢᠨ ᠳᠠᠭᠠᠳᠭᠠᠯ᠎ᠢ ᠠᠯᠪᠠᠨ ᠵᠢᠷᠤᠮ᠎ᠤᠨ ᠰᠤᠷᠭᠠᠨ ᠬᠦᠮᠦᠵᠢᠯ᠎ᠤᠨ ᠱᠠᠲᠤᠨ᠎ᠠᠴᠠ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤ ᠪᠠ ᠲᠦᠭᠡᠮᠡᠯ ᠬᠠᠷᠠᠭᠠᠯᠵᠠᠯᠲᠤ ᠬᠡᠦᠬᠡᠳ᠎ᠤᠨ ᠴᠡᠴᠡᠷᠯᠢᠭ᠎ᠲᠤ ᠬᠦᠷᠲᠡᠯ᠎ᠡ ᠥᠷᠭᠡᠳᠭᠡᠵᠦ᠍᠂ ᠳᠠᠭᠠᠳᠭᠠᠯ᠎ᠤᠨ ᠰᠦᠢᠳᠭᠡᠯ ᠰᠤᠷᠤᠭ᠍ᠴᠢ ᠪᠣᠯᠭᠠᠨ ᠵᠢᠯ ᠪᠦᠷᠢ 5 ᠲᠥᠭᠦᠷᠢᠭ ᠪᠠᠢᠭ᠍ᠰᠠᠨ᠎ᠢ ᠳᠡᠭᠡᠭ᠌ᠰᠢᠯᠡᠭᠦᠯᠦᠭᠡᠳ 10 ᠲᠥᠭᠦᠷᠢᠭ ᠪᠣᠯᠭᠠᠨ᠎ᠠ; ᠡᠩ᠎ᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠲᠦᠯᠦᠪᠯᠡᠭᠡ ᠳᠤ ᠪᠠᠨ 5000 ᠰᠤᠷᠤᠬ᠍ᠴᠢ ᠨᠡᠮᠡᠵᠦ᠍ ᠡᠯᠰᠡᠨ᠎ᠡ; ᠶᠠᠳᠠᠭᠤ᠎ᠠᠴᠠ ᠠᠩᠭᠢᠵᠢᠷᠠᠭᠤᠯᠬᠤ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢᠶᠠᠨ ᠪᠠᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠬᠤᠱᠢᠭᠤ ᠱᠢᠶᠠᠨ ᠤ ᠰᠤᠷᠭᠠᠭᠤᠯᠢ᠎ᠳᠤ ᠪᠠᠢᠭ᠎ᠠ ᠪᠠᠭ᠎ᠠ ᠰᠤᠷᠭᠠᠭᠤᠯᠢ᠎ᠶ᠋ᠢᠨ ᠰᠤᠷᠤᠭ᠍ᠴᠢ ᠪᠠ ᠴᠡᠴᠡᠷᠯᠢᠭ᠎ᠲᠤ ᠪᠠᠢᠭ᠎ᠠ ᠬᠡᠦᠬᠡᠳ᠎ᠲᠤ ᠡᠳᠦᠷ ᠪᠦᠷᠢ 《ᠨᠢᠭᠡ ᠴᠣᠮᠣ ᠰᠦ》 ᠬᠠᠩᠭᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠥᠵᠢᠯ᠎ᠤᠨ ᠲᠢᠩᠬᠢᠮ)᠃
4. ᠪᠦᠬᠦ᠌ ᠣᠷᠣᠨ᠎ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ᠎ᠶ᠋ᠢᠨ ᠴᠠᠭᠠᠨ ᠬᠠᠷᠠᠩ ᠡᠪᠡᠳᠴᠢᠲᠡᠨ᠎ᠳᠤ ᠮᠡᠰᠡ ᠵᠠᠰᠠᠯ᠎ᠢ ᠰᠦᠢᠳᠭᠡᠯ ᠬᠤᠷᠢᠶᠠᠬᠤ ᠦᠭᠡᠢ᠎ᠪᠠᠷ 2000 ᠬᠢᠨ᠎ᠡ᠂ 《ᠬᠤᠶᠠᠷ ᠵᠦᠢᠯ᠎ᠤᠨ ᠦᠮᠡᠨ ᠡᠪᠡᠳᠴᠢᠨ》 ᠳᠤ ᠨᠡᠷᠪᠡᠭ᠌ᠳᠡᠭ᠌ᠰᠡᠨ ᠡᠮᠡᠭ᠌ᠲᠡᠢ ᠪᠦᠷᠢ᠎ᠳᠤ ᠲᠦᠮᠡᠨ ᠲᠥᠭᠦᠷᠢᠭ᠎ᠤᠨ ᠲᠤᠰᠠᠯᠠᠮᠵᠢ ᠣᠯᠭᠤᠨ᠎ᠠ; ᠪᠦᠬᠦ᠌ ᠣᠷᠣᠨ᠎ᠤ ᠭᠤᠷᠪᠠᠳᠤᠭᠠᠷ ᠳᠡᠰ᠎ᠤᠨ ᠬᠢᠲᠠᠳ (ᠮᠣᠩᠭᠤᠯ) ᠡᠮᠨᠡᠯᠭᠡ᠎ᠶ᠋ᠢᠨ ᠬᠤᠷᠢᠶ᠎ᠠ᠎ᠳᠤ ᠴᠥᠮ ᠰᠥᠨᠢ᠎ᠶ᠋ᠢᠨ ᠡᠭᠦᠳᠡᠨ ᠡᠮᠨᠡᠯᠭᠡ᠂ ᠪᠠᠶᠠᠷ ᠠᠮᠠᠷᠠᠯᠲᠠ᠎ᠶ᠋ᠢᠨ ᠡᠳᠦᠷ᠎ᠤᠨ ᠡᠭᠦᠳᠡᠨ ᠡᠮᠨᠡᠯᠭᠡ ᠨᠡᠭᠡᠭᠡᠨ ᠲᠣᠬᠢᠷᠠᠭᠤᠯᠤᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠠᠭᠠᠨ ᠵᠠᠭᠠᠯᠮᠠᠢᠲᠠᠨ᠎ᠤ ᠨᠡᠢᠭᠡᠮᠯᠢᠭ᠂ ᠵᠡᠮᠳᠡᠭ᠌ᠴᠦᠳ᠎ᠤᠨ ᠬᠤᠯᠪᠣᠭᠠᠲᠤ ᠬᠤᠷᠠᠯ᠂ ᠡᠮᠡᠭ᠌ᠲᠡᠢᠴᠦᠳ᠎ᠤᠨ ᠬᠤᠯᠪᠤᠭᠠᠲᠤ ᠬᠤᠷᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ)᠃
5. ᠱᠢᠶᠠᠨ ᠱᠢᠶᠠᠩ ᠲᠣᠰᠭᠤᠨ ᠭᠤᠷᠪᠠᠨ ᠱᠠᠲᠤᠨ᠎ᠤ 20 ᠨᠠᠰᠤᠵᠢᠯ᠎ᠤᠨ ᠦᠢᠯᠡᠴᠢᠯᠡᠭᠡᠨ᠎ᠤ ᠲᠣᠣᠷ᠎ᠢ ᠲᠡᠭᠦᠯᠳᠡᠷᠵᠢᠭᠦᠯᠦᠨ ᠳᠡᠭᠡᠭ᠌ᠰᠢᠯᠡᠭᠦᠯᠵᠦ᠍᠂ ᠠᠮᠢᠳᠤᠷᠠᠯ᠎ᠤᠨ ᠴᠢᠳᠠᠪᠤᠷᠢ᠎ᠪᠠᠨ ᠳᠤᠮᠳᠠ ᠳᠡᠰ᠎ᠠᠴᠠ ᠳᠡᠭᠡᠭ᠌ᠰᠢ ᠠᠯᠳᠠᠭ᠍ᠰᠠᠨ ᠨᠠᠰᠤᠲᠠᠢᠴᠤᠳ᠎ᠲᠤ ᠨᠠᠰᠤᠵᠢᠯ᠎ᠤᠨ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠨᠡᠮᠡᠭᠦᠷᠢ ᠲᠠᠷᠬᠠᠭᠠᠨ᠂ ᠭᠡᠷ ᠪᠦᠯᠢ᠎ᠶ᠋ᠢᠨ ᠨᠠᠰᠤᠵᠢᠯ᠎ᠤᠨ ᠣᠷᠣ᠎ᠶ᠋ᠢ 7000 ᠭᠠᠷᠭᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ)᠃
6. ᠨᠢᠷᠠᠢ ᠬᠡᠦᠬᠡᠳ᠎ᠲᠤ ᠹᠧᠨᠢᠯ ᠺᠧᠲ᠋ᠤᠨ᠎ᠲᠤ ᠱᠢᠵᠢᠩ ᠵᠡᠷᠭᠡ ᠡᠪᠡᠳᠴᠢᠨ ᠡᠮᠭᠡᠭ ᠢ ᠰᠦᠢᠳᠭᠡᠯ ᠬᠤᠷᠢᠶᠠᠬᠤ ᠦᠭᠡᠢ᠎ᠪᠠᠷ ᠱᠢᠭ᠌ᠰᠢᠨ ᠪᠠᠢᠴᠠᠭᠠᠬᠤ ᠦᠢᠯᠡᠴᠢᠯᠡᠭᠡ ᠬᠠᠩᠭᠠᠵᠤ᠂ ᠡᠭᠦᠳᠡᠨ ᠡᠮᠨᠡᠯᠭᠡ᠎ᠳᠤ ᠬᠥᠩᠭᠡᠵᠢᠯ ᠠᠴᠠ ᠡᠮᠦᠨᠡᠬᠢ ᠪᠠᠢᠴᠠᠭᠠᠯᠲᠠ ᠬᠢᠭ᠌ᠰᠡᠨ ᠦᠨᠳᠦᠰᠦᠨ ᠦᠢᠯᠡᠴᠢᠯᠡᠭᠡᠨᠦᠭᠦᠳᠤᠨ ᠵᠠᠷᠤᠳᠠᠯ ᠵᠢᠴᠢ ᠬᠥᠩᠭᠡᠵᠢᠬᠦ᠌᠎ᠳᠤ ᠪᠤᠢ ᠪᠤᠯᠤᠬ᠍ᠰᠠᠨ ᠲᠥᠷᠥ᠎ᠶ᠋ᠢᠨ ᠪᠣᠳᠣᠯᠭ᠎ᠠ᠎ᠶ᠋ᠢᠨ ᠬᠡᠪᠴᠢᠶᠡᠨ᠎ᠳᠠᠬᠢ ᠡᠮᠨᠡᠯᠭᠡ᠎ᠳᠤ ᠰᠠᠭᠤᠭ᠍ᠰᠠᠨ ᠡᠮᠴᠢᠯᠡᠭᠡᠨ᠎ᠤ ᠵᠠᠷᠤᠳᠠᠯ ᠢ ᠪᠦᠬᠦ᠌ ᠲᠤᠭ᠎ᠠ᠎ᠪᠠᠷ᠎ᠨᠢ ᠳᠠᠩᠰᠠᠨ᠎ᠠᠴᠠ ᠲᠠᠢᠯᠵᠤ ᠥᠭ᠌ᠭᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠡᠮᠴᠢᠯᠡᠭᠡᠨ᠎ᠤ ᠪᠠᠲᠤᠯᠠᠭ᠎ᠠ᠎ᠶ᠋ᠢᠨ ᠲᠣᠪᠴᠢᠶ᠎ᠠ)᠃
7. ᠵᠠᠰᠠᠮᠠᠯ ᠵᠠᠮ᠎ᠤᠨ ᠠᠮᠤᠷ ᠲᠦᠪᠱᠢᠨ ᠠᠮᠢ ᠨᠠᠰᠤᠨ᠎ᠤ ᠬᠠᠮᠠᠭᠠᠯᠠᠯᠲᠠ᠎ᠶ᠋ᠢᠨ ᠢᠨᠵᠧᠨᠧᠷᠢᠩ᠎ᠢ 1500 ᠺᠢᠯᠣᠮᠧᠲᠷ ᠬᠡᠷᠡᠭ᠌ᠵᠢᠭᠦᠯᠦᠨ᠎ᠡ; ᠬᠤᠲᠠ᠎ᠶ᠋ᠢᠨ ᠭᠤᠣᠯᠳᠠᠯᠭ᠎ᠠ ᠪᠣᠯᠬᠤ ᠣᠷᠣᠨ ᠪᠦᠰᠡ᠎ᠶ᠋ᠢᠨ ᠵᠠᠮ ᠬᠠᠷᠢᠯᠴᠠᠭᠠᠨ᠎ᠤ ᠨᠡᠪᠲᠡᠷᠡᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠨᠢ ᠥᠷᠨᠢᠭᠦᠯᠵᠦ᠍᠂ ᠣᠷᠭᠢᠯ ᠬᠤᠭᠤᠴᠠᠭᠠᠨ᠎ᠳᠠᠬᠢ ᠵᠠᠮ᠎ᠤᠨ ᠲᠦᠭ᠌ᠵᠢᠷᠡᠯ᠂ ᠳᠤᠷ᠎ᠠ᠎ᠪᠠᠷ ᠰᠦᠢᠳᠭᠡᠯ ᠬᠤᠷᠢᠶᠠᠬᠤ᠂ ᠲᠡᠷᠭᠡ ᠵᠣᠭ᠍ᠰᠣᠭᠠᠬᠤ᠎ᠳᠤ ᠬᠦᠴᠢᠷᠲᠡᠢ ᠵᠡᠷᠭᠡ ᠠᠰᠠᠭᠤᠳᠠᠯ᠎ᠢ ᠪᠦᠲᠦᠮᠵᠢᠲᠡᠢ ᠨᠠᠮᠳᠠᠭᠠᠨ᠎ᠠ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ)᠃
8. ᠬᠤᠲᠠ ᠬᠥᠳᠡᠭᠡ᠎ᠳᠤ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠦᠢᠯᠡᠴᠢᠯᠡᠭᠡᠨ᠎ᠤ ᠲᠤᠤᠷ᠎ᠢ ᠨᠡᠢᠳᠡᠮ ᠬᠠᠮᠤᠷᠤᠭᠤᠯᠬᠤ᠎ᠶ᠋ᠢ ᠪᠡᠶᠡᠯᠡᠭᠦᠯᠦᠨ᠎ᠡ; ᠣᠯᠠᠨ ᠲᠦᠮᠡᠨ᠎ᠳᠤ 《7 × 24 ᠴᠠᠭ》 ᠤᠨ ᠪᠦᠬᠦ᠌ ᠵᠢᠯ᠎ᠳᠤ ᠠᠮᠠᠷᠠᠬᠤ ᠦᠭᠡᠢ ᠰᠦᠢᠳᠭᠡᠯ ᠬᠤᠷᠢᠶᠠᠬᠤ ᠦᠭᠡᠢ ᠬᠠᠤᠯᠢ ᠴᠠᠭᠠᠵᠠ᠎ᠶ᠋ᠢᠨ ᠵᠦᠪᠯᠡᠯᠭᠡ ᠬᠠᠩᠭᠠᠨ᠎ᠠ; ᠱᠢᠢᠳᠪᠦᠷᠢ ᠭᠠᠷᠭᠠᠯᠭᠠᠬᠤ ᠭᠤᠮᠣᠳᠠᠯ ᠲᠣᠭᠠᠴᠢᠯᠲᠠ᠎ᠶ᠋ᠢᠨ ᠲᠥᠷᠥᠯ ᠤᠨ ᠠᠩᠬ᠎ᠠ ᠤᠳᠠᠭ᠎ᠠ᠎ᠶ᠋ᠢᠨ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠨᠢᠭᠡ ᠯᠡ ᠤᠳᠠᠭ᠎ᠠ᠎ᠳᠤ ᠠᠷᠢᠯᠭᠠᠬᠤ ᠨᠣᠷᠮ᠎ᠠ᠎ᠶ᠋ᠢ 93% ᠠᠴᠠ ᠳᠡᠭᠡᠭ᠌ᠰᠢ᠎ᠳᠤ ᠬᠦᠷᠦᠭᠦᠯᠦᠨ᠎ᠡ (ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ᠎ᠶ᠋ᠢᠨ ᠲᠢᠩᠬᠢᠮ᠂ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ)᠃
9. ᠥᠪᠡᠷᠲᠡᠭᠡᠨ ᠵᠠᠰᠠᠬᠤ ᠣᠷᠣᠨ᠂ ᠠᠢᠮᠠᠭ ᠬᠤᠲᠠ᠂ ᠬᠤᠱᠢᠭᠤ ᠱᠢᠶᠠᠨ ᠭᠤᠷᠪᠠᠨ ᠱᠠᠲᠤᠨ᠎ᠤ ᠬᠡᠷᠡᠭ᠌ᠯᠡᠭ᠌ᠴᠢᠳ᠎ᠤᠨ ᠨᠡᠢᠭᠡᠮᠯᠢᠭ᠎ᠤᠨ ᠵᠣᠬᠢᠶᠠᠨ ᠪᠠᠢᠭᠤᠯᠤᠯᠲᠠ᠎ᠶ᠋ᠢ ᠪᠦᠷᠢᠨᠱᠢᠭᠦᠯᠵᠦ᠍᠂ 《ᠰᠠᠨᠠᠭ᠎ᠠ ᠠᠮᠤᠷ ᠬᠡᠷᠡᠭ᠌ᠯᠡᠭᠡ ᠬᠢᠬᠦ᠌》᠂ 《ᠰᠦᠯᠵᠢᠶᠡᠨ᠎ᠠᠴᠠ ᠭᠠᠳᠠᠭᠤᠷᠬᠢ ᠱᠢᠯᠲᠠᠭᠠᠨ ᠦᠭᠡᠢ᠎ᠪᠠᠷ ᠪᠠᠷᠠᠭ᠎ᠠ ᠪᠤᠴᠠᠭᠠᠬᠤ》 ᠬᠤᠣᠰ ᠠᠮᠠᠯᠠᠯᠳᠠ ᠵᠢ ᠬᠡᠷᠡᠭᠵᠢᠬᠦᠯᠵᠤ᠂ ᠲᠠᠷᠢᠶᠠᠯᠠᠩ᠎ᠤᠨ ᠪᠦᠳᠤᠬᠡᠭᠳᠡᠬᠦᠨᠢ ᠪᠦᠬᠡᠮ ᠵᠢᠡᠷ ᠬᠤᠳᠠᠯᠳᠤᠬᠤ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠲᠡᠯᠬᠡᠬᠦᠷ ᠲᠤ᠌ 《ᠡᠳᠤᠷ ᠪᠦᠷᠢ ᠪᠠᠢᠴᠠᠭᠠᠯᠳᠠ ᠬᠢᠬᠦ》 ᠵᠢ ᠪᠠᠶᠠᠯᠡᠬᠦᠯᠤᠨᠠ (ᠲᠦᠷᠤᠬᠦᠯᠡᠨ ᠬᠠᠷᠢᠭᠤᠴᠠᠬᠤ ᠨᠢᠬᠡᠴᠢ᠄ ᠦᠪᠡᠷᠳᠡᠬᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠨ ᠬᠠᠮᠢᠶᠠᠷᠤᠯᠳᠠ ᠵᠢᠨ ᠳᠤᠪᠴᠢᠶ᠎ᠠ )᠃
10. ᠬᠤᠳᠠ ᠪᠠᠯᠭᠠᠰᠤᠨ᠎ᠤ ᠤᠷᠤᠨ ᠰᠠᠭᠤᠴᠠ ᠵᠢᠨ ᠪᠠᠳᠤᠯᠠᠭ᠎ᠠ ᠵᠢᠨ ᠬᠡᠷ ᠪᠦᠯᠢ ᠵᠢᠨ ᠲᠦᠷᠢᠶᠠᠰᠤᠨ ᠨᠡᠮᠡᠬᠦᠷᠢ ᠵᠢ 1.6 ᠲᠦᠮᠡᠠ ᠡᠷᠤᠬᠡ᠎ᠳᠤ ᠲᠠᠷᠬᠠᠭᠠᠵᠤ᠂ ᠤᠷᠤᠨ ᠰᠠᠭᠤᠴᠠ ᠵᠢᠨ ᠴᠠᠬᠢᠯᠭᠠᠨ ᠱᠠᠳᠤ ᠵᠢ 500 ᠡᠴᠨ ᠲᠡᠬᠡᠭᠰᠢ ᠨᠡᠮᠡᠨ ᠤᠭᠰᠠᠷᠠᠬᠤ ᠪᠠ ᠰᠢᠨᠡᠳᠬᠡᠵᠤ᠂ ᠠᠳᠠᠯ ᠠᠬᠤᠢ ᠵᠢᠨ ᠤᠢᠯᠠᠴᠢᠯᠡᠬᠡᠨᠤ ᠴᠢᠨᠠᠷ ᠴᠢᠨᠰᠠᠭ᠎ᠠ ᠵᠢ ᠲᠡᠬᠡᠭᠰᠢᠯᠡᠬᠦᠯᠬᠦ ᠠᠵᠢᠯᠯᠠᠭ᠎ᠠ᠎ᠨᠢ ᠬᠡᠷᠡᠭᠵᠢᠬᠦᠯᠤᠨ᠎ᠠ (ᠲᠦᠷᠤᠬᠦᠯᠡᠨ ᠬᠠᠷᠢᠭᠤᠴᠠᠬᠤ ᠨᠢᠬᠡᠴᠢ᠄ ᠦᠪᠡᠷᠳᠡᠬᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠳᠠ ᠬᠦᠳᠡᠬᠡ ᠵᠢᠨ ᠪᠦᠳᠤᠬᠡᠨ ᠪᠠᠢᠭᠤᠯᠤᠯᠳᠠ ᠵᠢᠨ ᠲᠢᠩᠬᠢᠮ)᠃
(ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠤᠷᠴᠢᠭᠤᠯᠭ᠎ᠠ ᠵᠢᠨ ᠭᠠᠵᠠᠷ ᠤᠷᠴᠢᠭᠤᠯᠪᠠ)