ᠰᠢ ᠵᠢᠨ ᠫᠢᠩ ᠤᠯᠤᠰ ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ ᠎ᠦᠨ ᠠᠵᠢᠯ ᠎ᠳᠤ ᠴᠢᠬᠤᠯᠠ ᠵᠢᠭᠠᠪᠤᠷᠢ ᠥᠭ᠌ᠴᠦ ᠴᠢᠬᠤᠯᠠᠴᠢᠯᠠᠭ᠍ᠰᠠᠨ ᠨᠢ ᠰᠠᠭᠤᠷᠢ ᠰᠤᠳᠤᠯᠭᠠᠨ ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠪᠠᠷᠠᠯᠠᠯᠳᠤ ᠴᠢᠨᠠᠷᠲᠠᠶ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠬᠠᠵᠤ ᠥᠷᠭᠡᠨ ᠣᠯᠠᠨ ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤ ᠠᠵᠢᠯᠲᠠᠨ ᠎ᠤ ᠱᠢᠨᠵᠢᠯᠡᠬᠦ᠌ ᠤᠬᠠᠭᠠᠨ ᠎ᠤ ᠨᠣᠶᠠᠨ ᠣᠷᠭᠢᠯ᠎ᠳᠤ ᠵᠣᠷᠢᠭ᠍ᠲᠠᠶ ᠠᠪᠠᠷᠢᠵᠤ ᠨᠠᠩ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠬᠤ᠎ᠶ᠋ᠢ ᠳᠡᠮᠵᠢᠬᠦ ᠬᠡᠷᠡᠭᠳᠡᠢ
2026-02-13 10:23:14
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ ᠎ᠤᠨ ᠲᠡᠷᠢᠭᠦᠯᠡᠭ᠌ᠴᠢ᠂ ᠲᠥᠪ᠎ᠦᠨ ᠴᠡᠷᠢᠭ ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠣᠢᠷ᠎ᠠ᠎ᠳᠤ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ ᠎ᠦᠨ ᠠᠵᠢᠯ ᠎ᠳᠤ ᠴᠢᠬᠤᠯᠠ ᠵᠢᠭᠠᠪᠤᠷᠢ ᠥᠭ᠌ᠴᠦ᠂ ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ ᠎ᠤ ᠰᠠᠭᠤᠷᠢ ᠮᠥᠩᠭᠥᠨ᠎ᠦ ᠵᠥᠪᠯᠡᠯ ᠪᠠᠢᠭᠤᠯᠤᠭ᠍ᠳᠠᠭ᠍ᠰᠠᠨ 40 ᠵᠢᠯ᠎ᠦᠨ ᠲᠤᠷᠰᠢ᠂ ᠰᠠᠭᠤᠷᠢ ᠰᠤᠳᠤᠯᠭᠠᠨ ᠎ᠢ ᠠᠬᠢᠭᠤᠯᠬᠤ᠂ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠱᠢᠨ᠎ᠡ ᠠᠶᠠᠨ ᠎ᠳᠤ᠂ ᠲᠠ ᠨᠠᠷ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠱᠢᠨ᠎ᠡ ᠨᠢᠭᠡᠨ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠬᠤᠪᠢᠰᠭᠠᠯ ᠪᠠ ᠠᠵᠤ ᠦᠢᠯᠡᠰ᠎ᠦᠨ ᠬᠤᠪᠢᠰᠤᠯᠲᠠ᠎ᠶ᠋ᠢᠨ ᠲᠡᠦᠬᠡᠳᠤ ᠠᠵᠠ ᠲᠣᠬᠢᠶᠠᠯ ᠎ᠢ ᠠᠮᠵᠢᠵᠤ᠂《ᠳᠦᠷᠪᠡ ᠎ᠳᠦ ᠬᠠᠨᠳᠤᠭᠤᠯᠬᠤ》ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠵᠤ᠂ ᠰᠠᠭᠤᠷᠢ ᠰᠤᠳᠤᠯᠭᠠᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠪᠠᠷᠠᠯᠠᠯᠳᠤ ᠴᠢᠨᠠᠷ᠂ ᠱᠢᠰᠲ᠋ᠧᠮᠵᠢᠭ᠌ᠰᠡᠨ ᠪᠠᠢᠷᠢᠯᠠᠭᠤᠯᠤᠯᠲᠠ ᠵᠢ ᠴᠢᠩᠭᠠᠳᠬᠠᠵᠤ᠂ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠡᠳ᠋ ᠮᠦᠨᠭᠭᠦ ᠪᠡᠷ ᠲᠤᠰᠠᠯᠠᠬᠤ ᠱᠢᠰᠲ᠋ᠧᠮ ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠮᠦᠨᠭᠭᠦ ᠪᠡᠷ ᠲᠤᠰᠠᠯᠠᠬᠤ ᠴᠢᠳᠠᠪᠤᠷᠢ ᠎ᠶ᠋ᠢ ᠳᠡᠭᠡᠭ᠌ᠰᠢᠯᠡᠭᠦᠯᠵᠦ᠂ ᠰᠠᠢ᠌ᠨ ᠰᠠᠢᠬᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠢ ᠠᠬᠤᠢ ᠎ᠶ᠋ᠢ ᠪᠤᠢ ᠪᠣᠯᠭᠠᠬᠤ᠎ᠶ᠋ᠢ ᠠᠬᠢᠭᠤᠯᠵᠤ᠂ ᠣᠯᠠᠨ ᠤᠯᠤᠰ᠎ᠤᠨ ᠬᠠᠮᠲᠤᠷᠠᠯᠴᠠᠭᠠᠨ᠎ᠤ ᠣᠷᠣᠨ ᠵᠠᠶ ᠎ᠶ᠋ᠢ ᠥᠷᠭᠡᠳᠭᠡᠵᠦ᠂ ᠥᠷᠭᠡᠨ ᠣᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠎ᠤ ᠱᠢᠨᠵᠢᠯᠡᠬᠦ᠌ ᠤᠬᠠᠭᠠᠨ ᠎ᠤ ᠨᠣᠶᠠᠨ ᠣᠷᠭᠢᠯ ᠎ᠳᠤ ᠵᠣᠷᠢᠭ᠍ᠲᠠᠶ ᠠᠪᠠᠷᠢᠬᠤ᠂ ᠨᠠᠩ ᠣᠯᠠᠨ ᠤᠤᠭᠠᠯ ᠡᠭᠦᠳᠦᠯᠲᠡ᠎ᠶ᠋ᠢᠨ ᠴᠢᠨᠠᠷᠲᠠᠶ ᠦᠷ᠎ᠡ ᠪᠦᠲᠦᠭᠡᠯ ᠭᠠᠷᠭᠠᠬᠤ ᠶ᠋ᠢ ᠳᠡᠮᠵᠢᠵᠦ᠂ ᠥᠨᠳᠥᠷ  ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠷᠬᠡᠭ ᠤᠯᠤᠰ ᠎ᠢ ᠪᠦᠲᠦᠭᠡᠨ ᠪᠠᠢᠭᠤᠯᠬᠤ᠎ᠶ᠋ᠢ ᠠᠬᠢᠭᠤᠯᠬᠤ᠎ᠶ᠋ᠢᠨ ᠲᠥᠯᠥᠭᠡ ᠨᠠᠩ ᠶᠡᠬᠡ ᠬᠤᠪᠢ ᠨᠡᠮᠡᠷᠢ ᠦᠵᠡᠭᠦᠯᠬᠦ᠌ ᠵᠢ ᠬᠦᠰᠡᠵᠤ ᠪᠠᠢᠨ᠎ᠠ ᠭᠡᠵᠦ ᠴᠢᠬᠤᠯᠠᠴᠢᠯᠠᠪᠠ᠃

ᠤᠯᠤᠰ᠎ᠤᠨ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ 1986 ᠣᠨ ᠎ᠤ 2 ᠰᠠᠷ᠎ᠠ᠎ᠳᠤ ᠪᠠᠢᠭᠤᠯᠤᠭ᠍ᠳᠠᠵᠤ᠂ 40 ᠵᠢᠯ ᠎ᠦᠨ ᠬᠥᠭ᠌ᠵᠢᠯᠲᠡ᠎ᠪᠡᠷ ᠳᠠᠮᠵᠢᠨ᠂ ᠤᠯᠤᠰ ᠎ᠡᠴᠡ ᠥᠷᠭᠡᠨ ᠤᠯᠠᠨ ᠱᠢᠨᠵᠢᠯᠡᠬᠦ᠌ ᠤᠬᠠᠭᠠᠨ ᠎ᠤ ᠰᠤᠳᠤᠯᠭᠠᠨ ᠎ᠤ ᠠᠵᠢᠯᠳᠠᠨ᠎ᠤ ᠰᠠᠭᠤᠷᠢ ᠰᠤᠳᠤᠯᠭᠠᠨ ᠥᠷᠨᠢᠭᠦᠯᠬᠦ᠌᠎ᠳᠦ ᠡᠳ᠋ ᠮᠦᠨᠭᠭᠦ ᠪᠡᠷ ᠲᠤᠰᠠᠯᠠᠬᠤ ᠴᠢᠬᠤᠯᠠ ᠠᠷᠭ᠎ᠠ ᠵᠠᠮ ᠪᠣᠯᠤᠭ᠍ᠰᠠᠨ ᠪᠠᠢᠨ᠎ᠠ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 2 ᠰᠠᠷ᠎ᠠ᠎ᠶ᠋ᠢᠨ 12 ᠎ᠤ᠋ᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号