ᠯᠢ ᠳ᠋ᠦᠩ ᠰᠢᠦᠢ ᠶᠠᠷᠢᠶ᠎ᠠ ᠲᠠᠯᠪᠢᠵᠠᠢ
2 ᠰᠠᠷ᠎ᠠ ᠵᠢᠨ 11 ᠤ᠋ ᠡᠳᠦᠷ᠂ ᠪᠦᠬᠦ ᠤᠷᠤᠨᠤ ᠵᠤᠬᠢᠶᠠᠨ ᠪᠠᠢᠭᠤᠯᠬᠤ ᠬᠡᠯᠳᠡᠰ ᠤ᠋ᠨ ᠲᠠᠷᠤᠭ᠎ᠠ ᠨᠠᠷ ᠤ᠋ᠨ ᠬᠤᠷᠠᠯ ᠬᠦᠬᠡᠬᠤᠳᠠ ᠳ᠋ᠸ᠋ ᠬᠤᠷᠠᠯᠳᠤᠵᠠᠢ᠃ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠪᠠᠢᠩᠭᠤ ᠵᠢᠨ ᠬᠡᠰᠢᠬᠦᠨ᠂ ᠵᠤᠬᠢᠶᠠᠨ ᠪᠠᠢᠭᠤᠯᠬᠤ ᠬᠡᠯᠳᠡᠰ ᠤ᠋ᠨ ᠲᠠᠷᠤᠭ᠎ᠠ ᠯᠢ ᠳ᠋ᠦᠩ ᠰᠢᠦᠢ ᠬᠤᠷᠠᠯ ᠳ᠋ᠸ᠋ ᠤᠷᠤᠯᠴᠠᠬᠰᠠᠨ ᠪᠦᠬᠡᠳ ᠶᠠᠷᠢᠶ᠎ᠠ ᠲᠠᠯᠪᠢᠵᠠᠢ᠃
ᠬᠤᠷᠠᠯ ᠡᠴᠨ᠂ ᠪᠦᠬᠦ ᠤᠯᠤᠰ ᠤ᠋ᠨ ᠵᠤᠬᠢᠶᠠᠨ ᠪᠠᠢᠭᠤᠯᠬᠤ ᠬᠡᠯᠳᠡᠰ ᠤ᠋ᠨ ᠲᠠᠷᠤᠭ᠎ᠠ ᠨᠠᠷ ᠤ᠋ᠨ ᠬᠤᠷᠠᠯ ᠤ᠋ᠨ ᠵᠤᠷᠢᠬ ᠰᠠᠨᠠᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠳᠠ ᠵᠢ ᠪᠦᠬᠦ ᠲᠠᠯ᠎ᠠ ᠪᠡᠷ ᠨᠠᠢᠳᠠᠪᠤᠷᠢᠵᠢᠭᠤᠯᠵᠤ᠂ ᠴᠢᠨᠠᠷ ᠰᠠᠢᠳᠠᠢ ᠵᠤᠬᠢᠶᠠᠨ ᠪᠠᠢᠭᠤᠯᠬᠤ ᠠᠵᠢᠯ ᠵᠢᠡᠷ ᠦᠪᠡᠷᠳᠡᠬᠡᠨ ᠵᠠᠰᠠᠬᠤ ᠤᠷᠤᠨ ᠤ᠋ ᠴᠢᠨᠠᠷ ᠰᠠᠢᠳᠠᠢ ᠬᠦᠭᠵᠢᠯᠳᠡ ᠳ᠋ᠸ᠋ ᠦᠢᠯᠡᠴᠢᠯᠡᠨ ᠪᠠᠳᠤᠯᠠᠬᠤ ᠬᠡᠷᠡᠭᠳᠡᠢ᠃ ᠦᠵᠡᠯ ᠰᠠᠨᠠᠭ᠎ᠠ ᠤᠯᠤᠰ ᠲᠦᠷᠦ ᠵᠢᠨ ᠪᠠᠢᠭᠤᠯᠤᠯᠳᠠ ᠵᠢ ᠴᠢᠩᠭ᠎ᠠ ᠪᠤᠳᠠᠳᠠᠢ ᠰᠠᠢᠳᠤᠷ ᠠᠳᠬᠤᠵᠤ᠂ ᠵᠦᠪ ᠤᠨᠤᠪᠴᠢᠳᠠᠢ ᠠᠵᠢᠯ ᠤ᠋ᠨ ᠪᠦᠳᠦᠮᠵᠢ ᠵᠢᠨ ᠲᠤᠬᠠᠢ ᠦᠵᠡᠯᠳᠡ ᠵᠢ ᠪᠤᠢ ᠪᠤᠯᠭᠠᠨ ᠦᠢᠯᠡᠳᠦᠯᠬᠡᠵᠢᠬᠦᠯᠵᠦ᠂ ᠲᠦᠪ ᠤ᠋ᠨ ᠲᠤᠭᠤᠷᠢᠨ ᠪᠠᠢᠴᠠᠭᠠᠬᠤ ᠲᠤᠭᠤᠢᠯᠠᠩ ᠤ᠋ᠨ ᠬᠠᠷᠢᠭᠤ ᠲᠤᠰᠬᠠᠬᠰᠠᠨ ᠰᠠᠨᠠᠯ ᠵᠢᠡᠷ ᠴᠡᠭᠴᠡᠯᠡᠨ ᠵᠠᠰᠠᠬᠤ ᠵᠢ ᠪᠦᠬᠦ ᠬᠦᠴᠦᠨ ᠵᠢᠡᠷ ᠰᠠᠢᠳᠤᠷ ᠠᠳᠬᠤᠵᠤ᠂ ᠬᠤᠳᠠ ᠰᠢᠶᠠᠨ ᠰᠢᠶᠠᠩ ᠤ᠋ᠨ ᠤᠳᠤᠷᠢᠳᠬᠤ ᠪᠠᠬ ᠤ᠋ᠨ ᠬᠤᠭᠤᠴᠠᠭ᠎ᠠ ᠰᠤᠯᠢᠬᠤ ᠵᠢ ᠨᠠᠷᠢᠨ ᠨᠢᠮᠪᠠᠢ ᠵᠤᠬᠢᠶᠠᠨ ᠪᠠᠢᠭᠤᠯᠤᠨ ᠶᠠᠪᠤᠬᠳᠠᠭᠤᠯᠵᠤ᠂ ᠺᠠᠳ᠋ᠷ ᠤ᠋ᠨ ᠬᠠᠮᠢᠶᠠᠷᠤᠯᠳᠠ ᠬᠢᠨᠠᠯᠳᠠ ᠵᠢᠨ ᠨᠡᠪᠳᠡᠯᠬᠦ ᠬᠦᠴᠦᠨ ᠪᠠ ᠪᠦᠳᠦᠮᠵᠢᠳᠦ ᠴᠢᠨᠠᠷᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠤᠯᠠᠨ ᠠᠷᠭ᠎ᠠ ᠬᠡᠮᠵᠢᠶ᠎ᠡ ᠵᠢ ᠵᠡᠷᠬᠡ ᠪᠡᠷ ᠬᠡᠷᠡᠭᠯᠡᠨ᠂ ᠺᠠᠳ᠋ᠷ ᠤ᠋ᠨ ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠢᠯᠭ᠎ᠠ ᠭᠠᠷᠭᠠᠬᠤ ᠵᠢ ᠵᠤᠷᠢᠬᠵᠢᠭᠤᠯᠤᠨ᠂ ᠡᠯ᠎ᠡ ᠬᠦᠷᠢᠶᠡᠨ ᠤ᠋ ᠦᠨᠳᠦᠰᠦᠨ ᠱᠠᠳᠤᠨ ᠤ᠋ ᠨᠠᠮ ᠤ᠋ᠨ ᠵᠤᠬᠢᠶᠠᠨ ᠪᠠᠢᠭᠤᠯᠤᠯᠳᠠ ᠵᠢᠨ ᠪᠠᠢᠭᠤᠯᠤᠯᠳᠠ ᠪᠠ ᠨᠠᠮ ᠤ᠋ᠨ ᠬᠡᠰᠢᠬᠦᠨ ᠤ᠋ ᠡᠩᠨᠡᠬᠡ ᠵᠢᠨ ᠪᠠᠢᠭᠤᠯᠤᠯᠳᠠ ᠵᠢ ᠯᠠᠪᠳᠠᠭᠤᠨ ᠪᠠᠳᠤᠳᠠᠢ ᠠᠬᠢᠭᠤᠯᠵᠤ᠂ ᠴᠢᠳᠠᠪᠤᠷᠢᠳᠠᠨᠢ ᠤᠷᠤᠭᠤᠯᠤᠨ ᠠᠪᠴᠢᠷᠠᠬᠤ ᠬᠦᠮᠦᠵᠢᠬᠦᠯᠬᠦ ᠦᠯᠡᠳᠡᠬᠡᠨ ᠬᠡᠷᠡᠭᠯᠡᠬᠦ ᠪᠦᠬᠦ ᠬᠡᠯᠬᠢᠶ᠎ᠡ ᠵᠢᠨ ᠠᠵᠢᠯᠢ ᠰᠢᠯᠢᠳᠡᠭᠵᠢᠬᠦᠯᠦᠨ᠂ ᠵᠤᠬᠢᠶᠠᠨ ᠪᠠᠢᠭᠤᠯᠬᠤ ᠠᠵᠢᠯ ᠤ᠋ᠨ ᠰᠢᠨ᠎ᠡ ᠪᠠᠢᠳᠠᠯ ᠢ ᠲᠠᠰᠤᠷᠠᠯᠳᠠ ᠦᠬᠡᠢ ᠡᠬᠦᠳᠦᠨ ᠨᠡᠬᠡᠬᠡᠬᠦ ᠬᠡᠷᠡᠭᠳᠡᠢ᠃ ᠬᠡᠯᠳᠡᠰᠢ ᠪᠦᠬᠦ ᠲᠠᠯ᠎ᠠ ᠪᠡᠷ ᠴᠢᠩᠭ᠎ᠠ ᠵᠠᠰᠠᠬᠤ ᠵᠢ ᠡᠴᠦᠰ ᠲᠤᠨᠢ ᠲᠤᠯᠳᠠᠯ᠎ᠠ ᠴᠢᠩᠭᠠᠷᠠᠭᠤᠯᠤᠨ᠂ ᠦᠵᠦᠬᠦᠷ ᠲᠤᠨᠢ ᠬᠦᠷᠳᠡᠯ᠎ᠡ ᠲᠤᠭᠤᠰᠢᠯᠠᠭᠤᠯᠬᠤ ᠵᠢ ᠠᠬᠢᠭᠤᠯᠵᠤ᠂ ᠵᠢᠱ᠌ᠢᠶᠡᠴᠢ ᠰᠠᠯᠠᠭ᠎ᠠ ᠮᠦᠴᠢᠷ ᠪᠠ ᠰᠢᠯᠭᠠᠷᠠᠬᠰᠠᠨ ᠡᠩᠨᠡᠬᠡ ᠵᠢᠨ ᠪᠦᠳᠦᠬᠡᠨ ᠪᠠᠢᠭᠤᠯᠤᠯᠳᠠ ᠵᠢ ᠦᠷᠬᠦᠯᠵᠢᠯᠡᠨ ᠬᠦᠨᠵᠡᠬᠡᠢᠷᠡᠬᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃
ᠬᠤᠷᠠᠯ ᠲᠡᠭᠡᠷ᠎ᠡ᠂ ᠬᠦᠬᠡᠬᠤᠳᠠ ᠵᠢᠨ ᠨᠠᠮ ᠤ᠋ᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ᠂ ᠪᠤᠭᠤᠳᠤ ᠬᠤᠳᠠ ᠵᠢᠨ ᠨᠠᠮ ᠤ᠋ᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ᠂ ᠰᠢᠯᠢ ᠵᠢᠨ ᠭᠤᠤᠯ ᠠᠢᠮᠠᠬ ᠤ᠋ᠨ ᠨᠠᠮ ᠤ᠋ᠨ ᠬᠤᠷᠢᠶ᠎ᠠ ᠵᠢᠨ ᠵᠤᠬᠢᠶᠠᠨ ᠪᠠᠢᠭᠤᠯᠬᠤ ᠬᠡᠯᠳᠡᠰ᠂ ᠦᠪᠡᠷᠲᠡᠭᠡᠨ ᠵᠠᠰᠠᠬᠤ ᠤᠷᠤᠨᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯᠤᠨ ᠲᠢᠩᠬᠢᠮ᠂ ᠦᠪᠦᠷ ᠮᠤᠩᠭᠤᠯ ᠤ᠋ᠨ ᠠᠵᠤ ᠦᠢᠯᠡᠳᠪᠦᠷᠢ ᠵᠢᠨ ᠶᠡᠬᠡ ᠰᠤᠷᠭᠠᠭᠤᠯᠢ᠂ ᠦᠪᠦᠷ ᠮᠤᠩᠭᠤᠯ ᠤ᠋ᠨ ᠰᠢᠨᠬᠤᠸᠠ ᠲᠠᠷᠬᠠᠭᠠᠯᠳᠠ ᠵᠢᠨ ᠪᠦᠯᠦᠭᠯᠡᠯ ᠵᠡᠷᠬᠡ 6 ᠨᠢᠬᠡᠴᠢ ᠰᠠᠨᠠᠯ ᠵᠢᠡᠨ ᠰᠤᠯᠢᠯᠴᠠᠬᠤ ᠦᠬᠡ ᠬᠡᠯᠡᠵᠡᠢ᠃