ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠪᠠᠢᠭᠤᠯᠭ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠠᠵᠢᠯ᠎ᠤᠨ ᠬᠤᠷᠠᠯ ᠬᠤᠷᠠᠯᠳᠤᠭᠤᠯᠪᠠ
2026-02-13 10:23:59
ᠵᠣᠬᠢᠶᠠᠭ᠍ᠴᠢ᠄
ᠬᠤᠤ ᠵᠢᠶᠠ ᠯᠢ ᠸᠠᠩ ᠬᠤᠤ
ᠣᠩᠱᠢᠭ᠍ᠰᠠᠨ ᠣᠳᠠᠭ᠎ᠠ᠄
★★★☆☆

ᠵᠠᠩ ᠱᠤᠤ ᠴᠦᠨ ᠶᠠᠷᠢᠶ᠎ᠠ ᠲᠠᠯᠪᠢᠵᠤ  ᠵᠧᠩ ᠬᠣᠩ ᠹᠠᠨ  ᠳ᠋ᠢᠩ ᠰᠢᠸ᠋ ᠹᠸᠩ  

ᠯᠢ ᠢᠦᠢ ᠭᠠᠩ  ᠠᠢ ᠯᠢ ᠬᠤᠸᠠ  ᠯᠢ ᠪᠢᠩ ᠷᠦᠩ  ᠦ᠋ ᠶᠠᠨ ᠭᠠᠩ ᠣᠷᠣᠯᠴᠠᠵᠠᠢ


2 ᠰᠠᠷ᠎ᠠ᠎ᠶᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠪᠠᠢᠭᠤᠯᠭ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ ᠠᠵᠢᠯ᠎ᠤᠨ ᠬᠤᠷᠠᠯ ᠬᠤᠷᠠᠯᠳᠤᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭᠴᠢ ᠵᠠᠩ ᠱᠣᠸ᠋ ᠴᠦᠨ ᠬᠤᠷᠠᠯ ᠢ᠋ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠧᠩ ᠬᠣᠩ ᠹᠠᠨ᠂ ᠳ᠋ᠢᠩ ᠰᠢᠸ᠋ ᠹᠧᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ ᠬᠤᠷᠠᠯ᠎ᠳᠤ ᠣᠷᠣᠯᠴᠠᠵᠠᠢ᠃ ᠬᠤᠷᠠᠯ ᠡᠴᠡ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠲᠠᠪᠤᠳᠤᠭᠠᠷ ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠵᠤ᠂ 2025 ᠣᠨ᠎ᠤ ᠪᠠᠢᠭᠤᠯᠭ᠎ᠠ᠎ᠶᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠥᠷᠨᠢᠭᠦᠯᠦᠭᠰᠡᠨ ᠪᠠᠢᠳᠠᠯ᠎ᠢ ᠮᠡᠳᠡᠭᠳᠡᠪᠡ᠃

ᠬᠤᠷᠠᠯ ᠡᠴᠡ᠂ ᠪᠠᠢᠭᠤᠯᠭ᠎ᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠶᠢᠨ ᠲᠣᠭᠣᠷᠢᠨ᠎ᠳᠤ᠂ ᠤᠯᠤᠰ ᠲᠦᠷᠦ᠎ᠶᠢᠨ ᠪᠠᠢᠭᠤᠯᠤᠯᠲᠠ᠂ ᠴᠢᠳᠠᠪᠤᠷᠢ᠎ᠶᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ ᠪᠣᠯᠣᠨ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶᠢ ᠴᠢᠨᠠᠭᠰᠢᠳᠠ ᠴᠢᠩᠭᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠰᠢᠨ᠎ᠡ ᠦᠷ᠎ᠡ ᠪᠦᠲᠦᠮᠵᠢ᠎ᠪᠡᠷ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠬᠤ ᠬᠡᠷᠡᠭᠲᠡᠢ ᠬᠡᠵᠦ ᠱᠠᠭᠠᠷᠲᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号