ᠦᠪᠦᠷ ᠮᠤᠩᠭᠤᠯ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠭᠦᠯᠵᠦ ᠤᠯᠠᠨ ᠲᠦᠮᠡᠨ᠎ᠤ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠢᠢᠳᠪᠦᠷᠢᠯᠡᠨ᠎ᠡ
2026-02-13 10:29:01
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

2 ᠰᠠᠷ᠎ᠠ ᠵᠢᠨ 11᠎ᠤ᠋ ᠡᠳᠦᠷ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠬᠡᠷ 《1571》 ᠠᠵᠢᠯ᠎ᠤᠨ ᠪᠠᠢᠷᠢᠯᠠᠭᠤᠯᠤᠯᠳᠠ ᠵᠢ ᠳᠤᠭᠤᠰᠢᠯᠠᠭᠤᠯᠵᠤ᠂ ᠦᠪᠦᠷ ᠮᠤᠩᠭᠤᠯ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ ᠰᠢᠷᠢᠰ ᠰᠤᠨᠢᠨ ᠮᠡᠳᠡᠬᠡ ᠨᠡᠢᠳᠡᠯᠡᠬᠦ ᠬᠤᠷᠠᠯ᠎ᠤᠨ ᠬᠤᠶᠠᠳᠡᠬᠢ ᠳᠠᠯᠠᠪᠠᠢ ᠬᠤᠷᠠᠯ ᠬᠤᠷᠠᠯᠳᠤᠭᠤᠯᠵᠤ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ ᠵᠢᠴᠢ ᠦᠪᠡᠷᠳᠡᠬᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠬᠡᠮ᠎ᠤᠨ ᠪᠠᠳᠤᠯᠠᠭ᠎ᠠ ᠵᠢᠨ ᠲᠢᠩᠬᠢᠮ᠂ ᠡᠷᠡᠬᠦᠯ ᠬᠠᠮᠠᠭᠠᠯᠠᠯ ᠪᠠ ᠡᠷᠡᠬᠦᠯ ᠮᠡᠳᠤ ᠵᠢᠨ ᠵᠦᠪᠯᠡᠯ᠂ ᠵᠠᠬ᠎ᠠ ᠳᠡᠯᠬᠡᠬᠦᠷ᠎ᠤᠨ ᠬᠢᠨᠠᠨ ᠬᠠᠮᠢᠶᠠᠷᠤᠯᠳᠠ ᠵᠢᠨ ᠳᠤᠪᠴᠢᠶ᠎ᠠ ᠵᠡᠷᠬᠡ ᠰᠠᠯᠠᠭ᠎ᠠ ᠮᠦᠴᠢᠷ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠢ ᠤᠷᠢᠵᠤ᠂ 2026 ᠤᠨ ᠳ᠋ᠤ ᠦᠪᠦᠷ ᠮᠤᠩᠭᠤᠯ᠎ᠤᠨ ᠠᠷᠠᠳ ᠲᠤ᠌ ᠪᠤᠳᠠᠳᠤ ᠶᠠᠪᠤᠳᠠᠯ ᠬᠢᠬᠦ ᠪᠠ ᠢᠯᠠᠩᠭᠤᠶ᠎ᠠ ᠴᠠᠭᠠᠨ ᠰᠠᠷ᠎ᠠ ᠵᠢᠨ ᠬᠤᠭᠤᠴᠠᠭᠠᠨ ᠳ᠋ᠤ ᠠᠷᠠᠳ᠎ᠤᠨ ᠰᠡᠳᠬᠢᠯ᠎ᠢ ᠳᠤᠯᠠᠭᠠᠴᠠᠭᠤᠯᠬᠤ ᠠᠵᠢᠯ᠎ᠤᠨ ᠳᠤᠬᠠᠢ ᠬᠠᠮᠢᠶ᠎ᠠ ᠪᠦᠬᠦᠢ ᠪᠠᠢᠳᠠᠯ᠎ᠢ ᠳᠠᠨᠢᠯᠴᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ ᠳ᠋ᠤ᠂ 《ᠠᠷᠠᠳ᠎ᠤᠨ ᠠᠮᠢᠳᠤᠷᠠᠯ᠎ᠢ ᠴᠢᠬᠤᠯᠠᠴᠢᠯᠠᠬᠤ ᠵᠢ ᠢᠮᠠᠭᠲᠠ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠲᠠᠰᠤᠷᠠᠯᠲᠠ ᠦᠭᠡᠢ ᠴᠢᠩᠭᠠᠷᠠᠭᠤᠯᠬᠤ》 ᠵᠢ 7 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢᠨ ᠨᠢᠭᠡ ᠪᠣᠯᠭᠠᠨ ᠤᠬᠠᠭᠠᠯᠠᠨ ᠲᠥᠯᠥᠪᠯᠡᠵᠦ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》᠎ᠢ᠋ ᠬᠡᠷᠡᠭᠵᠢᠭᠦᠯᠬᠦ᠎ᠪᠡᠷ ᠳᠤᠭᠳᠠᠵᠠᠢ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠡᠴᠡ ᠠᠵᠢᠯ᠎ᠤᠨ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠨᠠᠷᠢᠯᠢᠭ᠍ᠵᠢᠭᠤᠯᠵᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠪᠠᠢᠩᠭᠤᠵᠢᠭᠤᠯᠤᠨ ᠬᠡᠷᠡᠭᠵᠢᠭᠦᠯᠬᠦ᠎ᠶᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ 2026 ᠣᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠴᠢᠨᠠᠷ ᠰᠠᠢᠲᠠᠢ ᠪᠡᠶᠡᠯᠡᠭᠦᠯᠦᠨ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠳ᠎ᠢ ᠨᠢᠬᠡᠳ ᠨᠢᠬᠡᠳ ᠵᠢᠡᠷ ᠰᠠᠢᠲᠤᠷ ᠬᠢᠬᠦ᠎ᠪᠡᠷ ᠳᠠᠮᠵᠢᠨ᠂ ᠠᠷᠠᠳ ᠣᠯᠠᠨ᠎ᠤ ᠦᠨᠡᠨ ᠪᠣᠳᠠᠲᠠᠢ ᠬᠦᠷᠲᠡᠮᠵᠢ᠎ᠶᠢᠨ ᠲᠥᠷᠥᠭᠳᠡᠯ᠎ᠢ ᠳᠡᠬᠡᠭᠰᠢᠯᠡᠬᠦᠯᠵᠦ᠂ ᠠᠷᠠᠳ᠎ᠤᠨ ᠠᠮᠢᠳᠤᠷᠠᠯ᠎ᠤᠨ ᠦᠢᠯᠡᠰ᠎ᠦᠨ ᠰᠠᠢᠨ ᠡᠬᠢᠯᠡᠯᠲᠡ᠎ᠲᠠᠢ ᠪᠣᠯᠬᠤ᠎ᠶᠢ ᠦᠨᠡᠨᠬᠦ ᠪᠠᠲᠤᠯᠠᠨ᠎ᠠ᠃

ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠣᠷᠣᠯᠭ᠎ᠠ᠎ᠶᠢ ᠨᠡᠮᠡᠭᠳᠡᠭᠦᠯᠬᠦ ᠢᠨᠵᠧᠨᠧᠷᠢᠩ᠎ᠢ ᠬᠡᠷᠡᠭᠵᠢᠬᠦᠯᠵᠦ᠂ 《ᠬᠦᠳᠡᠯᠮᠦᠷᠢᠯᠡᠬᠦ ᠪᠠᠷ ᠲᠡᠳᠬᠦᠮᠵᠢ᠎ᠶᠢ ᠣᠷᠣᠯᠠᠭᠤᠯᠬᠤ》 ᠪᠠᠷ ᠳᠠᠮᠵᠢᠨ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨ᠋ᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠬᠥᠳᠡᠯᠮᠦᠷᠢ ᠦᠢᠯᠡᠴᠢᠯᠡᠭᠡᠨ᠎ᠦ ᠬᠥᠯᠥᠰᠦ ᠣᠯᠭᠣᠮᠵᠢ᠎ᠶᠢ 20 ᠳ᠋ᠦᠩᠰᠢᠭᠤᠷ ᠲᠥᠭᠥᠷᠢᠭ᠎ᠡᠴᠡ ᠳᠡᠭᠡᠭᠰᠢ ᠬᠦᠷᠳᠡᠬᠡᠨ᠎ᠡ; ᠴᠠᠯᠢᠩ ᠥᠷᠢᠲᠦᠬᠦ ᠪᠠ ᠳᠠᠭᠠᠳᠬᠠᠯ ᠥᠷᠢᠲᠦᠬᠦ ᠵᠡᠷᠭᠡ ᠠᠰᠠᠭᠤᠳᠠᠯ᠎ᠢ ᠴᠡᠭᠴᠡᠯᠡᠨ ᠵᠠᠰᠠᠵᠤ᠂ ᠬᠥᠯᠥᠰᠦᠨ ᠠᠵᠢᠯᠴᠢᠨ᠎ᠤ ᠴᠠᠯᠢᠩ᠎ᠢ ᠴᠠᠭ ᠲᠤᠬᠠᠢ ᠳ᠋ᠤᠨᠢ ᠥᠭᠬᠦ᠎ᠶᠢ ᠪᠠᠲᠤᠯᠠᠨ᠎ᠠ; ᠴᠠᠯᠢᠩ᠎ᠢ ᠵᠦᠢ ᠵᠣᠬᠢᠰᠲᠠᠢ ᠨᠡᠮᠡᠭᠳᠡᠭᠦᠯᠬᠦ ᠲᠣᠭᠲᠠᠴᠠ᠎ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ᠎ᠶᠢ ᠲᠣᠬᠢᠷᠠᠭᠤᠯᠬᠤ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠴᠠᠯᠢᠩ᠎ᠢ ᠬᠠᠮᠲᠤ᠎ᠪᠠᠷ ᠵᠥᠪᠳᠡᠯᠴᠡᠬᠦ᠎ᠶᠢ ᠠᠬᠢᠭᠤᠯᠤᠨ᠎ᠠ; ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠬᠠᠯ᠎ᠤᠨ ᠰᠠᠭᠤᠷᠢ ᠨᠠᠰᠤᠵᠢᠯ᠎ᠤᠨ ᠮᠥᠩᠭᠥ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠵᠦ᠂ ᠨᠠᠰᠤᠵᠢᠯ᠎ᠤᠨ ᠦᠨᠳᠦᠰᠦᠨ ᠠᠰᠠᠷᠠᠮᠵᠢ᠂ ᠡᠮ ᠡᠮᠨᠡᠯᠭᠡ᠎ᠶᠢᠨ ᠳᠠᠭᠠᠳᠬᠠᠯ᠎ᠳᠤ ᠣᠷᠣᠯᠴᠠᠬᠤ ᠨᠤᠷᠮ᠎ᠠ᠎ᠶᠢ 95% ᠡᠴᠡ ᠳᠡᠭᠡᠭᠰᠢ᠎ᠳᠦ ᠬᠦᠷᠬᠡᠨ᠎ᠡ᠃

ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠪᠦᠬᠦ ᠵᠢᠯ᠎ᠳᠦ ᠬᠤᠳᠠ ᠪᠠᠯᠭᠠᠰᠤᠨ᠎ᠤ 18 ᠲᠦᠮᠡ᠎ᠭᠠᠷᠤᠢ ᠬᠥᠮᠥᠨ᠎ᠳᠦ ᠰᠢᠨ᠎ᠡ᠎ᠪᠡᠷ ᠠᠵᠢᠯ ᠤᠯᠭᠤᠨ᠎ᠠ᠃ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠪᠠᠷ ᠳᠡᠮᠵᠢᠵᠦ᠂ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢ 50 ᠲᠦᠮᠡ᠎ᠭᠠᠷᠤᠢ ᠨᠡᠢᠲᠡᠯᠡᠵᠦ᠂ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ 4.5 ᠲᠦᠮᠡ ᠭᠠᠷᠭᠠᠨ᠎ᠠ᠃ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ 40 ᠲᠦᠮᠡᠨ ᠬᠥᠮᠥᠨ ᠤᠳᠠᠭ᠎ᠠ ᠳ᠋ᠤ ᠬᠦᠷᠳᠡᠬᠡᠨ᠎ᠡ᠃ 《ᠠᠵᠢᠯ ᠣᠯᠭᠣᠯᠳᠠ ᠵᠢᠨ ᠥᠪᠥᠷ ᠮᠣᠩᠭᠣᠯ》᠎ᠤ᠋ᠨ ᠰᠦᠯᠵᠢᠶᠡᠨ ᠳᠡᠭᠡᠷᠡᠬᠢ ᠠᠵᠢᠯ ᠡᠷᠢᠬᠦ ᠲᠠᠪᠴᠠᠩ᠎ᠤᠨ ᠦᠢᠯᠡᠴᠢᠯᠡᠭᠡᠨ᠎ᠦ ᠴᠢᠳᠠᠮᠵᠢ᠎ᠶᠢ ᠰᠢᠯᠢᠳᠡᠭᠵᠢᠭᠦᠯᠵᠦ᠂ 《ᠭᠡᠷ᠎ᠦᠨ ᠡᠭᠦᠳᠡᠨ᠎ᠳᠡᠬᠢ》 ᠠᠵᠢᠯ ᠣᠯᠭᠣᠬᠤ ᠦᠢᠯᠡᠴᠢᠯᠡᠭᠡᠨ᠎ᠦ ᠥᠷᠲᠡᠭᠡ᠎ᠶᠢ 500 ᠰᠢᠨ᠎ᠡ᠎ᠪᠡᠷ ᠪᠠᠢᠭᠤᠯᠤᠨ᠎ᠠ᠃

ᠰᠤᠷᠭᠠᠨ ᠬᠥᠮᠦᠵᠢᠯ᠎ᠦᠨ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠬᠦᠯᠵᠦ᠂ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ᠎ᠦᠨ ᠪᠦᠷᠬᠦᠴᠡ ᠵᠢ 93% ᠠ᠋ᠴᠠ ᠳᠡᠭᠡᠭᠰᠢ᠎ᠳᠦ ᠬᠦᠷᠦᠭᠦᠯᠬᠦ᠂ 30 ᠬᠣᠰᠢᠭᠤ ᠰᠢᠶᠠᠨ (ᠬᠣᠲᠠ᠂ ᠲᠣᠭᠣᠷᠢᠭ᠋)᠎ᠢ ᠤᠯᠤᠰ᠎ᠤᠨ ᠰᠢᠶᠠᠨ᠎ᠤ ᠬᠡᠪᠴᠢᠶᠡᠨ᠎ᠦ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠦᠭᠵᠢᠯᠳᠡ ᠵᠢᠨ ᠰᠢᠶᠠᠨ᠎ᠤ ᠬᠢᠨᠠᠨ ᠲᠣᠭᠲᠠᠭᠠᠯᠲᠠ ᠵᠢ ᠦᠩᠬᠡᠷᠡᠬᠦᠯᠬᠦ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠣᠷᠣᠭ᠍ᠴᠢ ᠡᠯᠰᠡᠬᠦ ᠲᠥᠯᠥᠪᠯᠡᠭᠡ᠎ᠶᠢ 5000 ᠨᠡᠮᠡᠭᠳᠡᠬᠦᠯᠬᠦ ᠵᠢ ᠠᠬᠢᠭᠤᠯᠤᠨ᠎ᠠ; ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠬᠦᠯᠦᠨ ᠦᠷᠬᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠲᠦᠮᠵᠢᠲᠡᠢ ᠵᠣᠯᠭᠠᠭᠤᠯᠤᠭᠰᠠᠨ ᠬᠣᠰᠢᠭᠤ ᠰᠢᠶᠠᠨ᠎ᠤ ᠰᠤᠷᠭᠠᠭᠤᠯᠢ᠎ᠳᠤ ᠪᠠᠢᠭ᠎ᠠ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠂ ᠬᠡᠦᠬᠡᠳ᠎ᠤᠨ ᠴᠡᠴᠡᠷᠯᠢᠭ᠎ᠲᠦ ᠪᠠᠢᠭ᠎ᠠ ᠬᠡᠦᠬᠡᠳ᠎ᠲᠦ ᠡᠳᠦᠷ ᠪᠦᠷᠢ 《ᠨᠢᠭᠡ ᠴᠣᠮᠣ᠌ ᠰᠦ》 ᠬᠠᠩᠭᠠᠨ᠎ᠠ᠃

ᠡᠮᠴᠢᠯᠡᠭᠡᠨ᠎ᠦ ᠰᠡᠷᠭᠡᠢᠯᠡᠨ ᠵᠠᠰᠠᠬᠤ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠢᠨᠵᠧᠨᠧᠷᠢᠩ᠎ᠢ ᠬᠡᠷᠡᠭᠵᠢᠭᠦᠯᠵᠦ᠂ ᠤᠯᠤᠰ᠎ᠤᠨ ᠣᠷᠣᠨ ᠪᠦᠰᠡ᠎ᠶᠢᠨ ᠡᠮᠴᠢᠯᠡᠭᠡᠨ᠎ᠦ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠤᠰᠬᠠᠢ ᠰᠠᠯᠠᠭ᠎ᠠ᠎ᠶᠢᠨ ᠣᠷᠣᠨ ᠪᠦᠰᠡ᠎ᠶᠢᠨ ᠡᠮᠴᠢᠯᠡᠭᠡᠨ᠎ᠦ ᠲᠦᠪ᠎ᠢ ᠰᠠᠢᠳᠤᠷ ᠡᠷᠬᠢᠯᠡᠵᠦ᠂ ᠪᠥᠬᠥ ᠣᠷᠣᠨ᠎ᠤ ᠭᠤᠷᠪᠠᠳᠤᠭᠠᠷ ᠳᠡᠰ᠎ᠤᠨ ᠬᠢᠲᠠᠳ ᠡᠮᠨᠡᠯᠭᠡ (ᠮᠣᠩᠭᠣᠯ ᠡᠮᠨᠡᠯᠭᠡ) ᠵᠢᠨ ᠡᠮᠨᠡᠯᠭᠡ᠎ᠶᠢᠨ ᠬᠣᠷᠢᠶ᠎ᠠ᠎ᠳᠤ ᠴᠥᠮ ᠰᠥᠨᠢ᠎ᠶᠢᠨ ᠡᠭᠦᠳᠡᠨ ᠡᠮᠨᠡᠯᠭᠡ᠂ ᠪᠠᠶᠠᠷ ᠳᠤᠷᠠᠰᠬᠠᠯ᠎ᠤᠨ ᠡᠳᠦᠷ᠎ᠦᠨ ᠡᠭᠦᠳᠡᠨ ᠡᠮᠨᠡᠯᠭᠡ ᠨᠡᠬᠡᠬᠡᠨ᠎ᠡ; ᠪᠥᠬᠥ ᠣᠷᠣᠨ᠎ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ᠎ᠶᠢᠨ ᠴᠠᠭᠠᠨ ᠬᠠᠷᠠᠩ ᠡᠪᠡᠳᠴᠢᠲᠡᠨ᠎ᠳᠦ ᠰᠦᠢᠳᠬᠡᠯ ᠬᠤᠷᠢᠶᠠᠬᠤ ᠦᠭᠡᠢ᠎ᠪᠡᠷ ᠬᠠᠷᠠᠭ᠎ᠠ ᠣᠷᠣᠭᠤᠯᠬᠤ ᠮᠡᠰᠡ ᠵᠠᠰᠠᠯ᠎ᠢ 2000 ᠬᠢᠵᠦ ᠦᠭᠬᠦᠨ᠎ᠡ᠂ 《ᠬᠣᠶᠠᠷ ᠥᠮᠡᠨ》 ᠳ᠋ᠤ ᠨᠡᠷᠪᠡᠭᠳᠡᠭᠰᠡᠨ ᠡᠮᠡᠭᠲᠡᠢᠴᠦᠳ᠎ᠲᠦ ᠬᠥᠮᠥᠨ ᠪᠦᠷᠢ 1 ᠲᠦᠮᠡᠨ ᠲᠥᠭᠥᠷᠢᠭ᠎ᠦᠨ ᠳᠤᠰᠠᠯᠠᠮᠵᠢ ᠬᠦᠷᠲᠡᠭᠡᠨ᠎ᠡ᠃

ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠰᠢᠰᠲᠧᠮ᠎ᠢ ᠰᠢᠯᠢᠳᠡᠭᠵᠢᠭᠦᠯᠬᠦ ᠢᠨᠵᠧᠨᠧᠷᠢᠩ᠎ᠢ ᠬᠡᠷᠡᠭᠵᠢᠭᠦᠯᠵᠦ᠂ 20 ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠲᠣᠣᠷ᠎ᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ; ᠭᠡᠷ᠎ᠲᠡᠬᠡᠨ ᠰᠠᠭᠤᠬᠤ᠎ᠪᠠᠷ ᠰᠠᠭᠤᠷᠢ ᠪᠣᠯᠭᠠᠭᠰᠠᠨ᠂ ᠨᠡᠢᠭᠡᠮ ᠲᠣᠭᠣᠷᠢᠭ᠋᠎ᠢᠶᠠᠷ ᠲᠦᠰᠢᠭ ᠪᠣᠯᠭᠠᠭᠰᠠᠨ᠂ ᠪᠠᠢᠭᠤᠯᠤᠮᠵᠢ᠎ᠪᠡᠷ ᠲᠤᠯᠭᠠᠭᠤᠷᠢᠯᠠᠭᠤᠯᠤᠭᠰᠠᠨ᠂ ᠡᠮᠴᠢᠯᠡᠭᠡ ᠰᠤᠪᠢᠯᠠᠯᠲᠠ᠎ᠶᠢ ᠤᠶᠠᠯᠳᠤᠭᠤᠯᠤᠭᠰᠠᠨ ᠨᠠᠰᠤᠵᠢᠯ᠎ᠤᠨ ᠦᠢᠯᠡᠴᠢᠯᠡᠭᠡᠨ᠎ᠦ ᠬᠠᠩᠭᠠᠯᠭ᠎ᠠ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠭᠡᠷ᠎ᠲᠡᠬᠡᠨ ᠰᠠᠭᠤᠵᠤ ᠪᠠᠢᠭ᠎ᠠ ᠨᠠᠰᠤᠲᠠᠢᠴᠤᠳ᠎ᠢ ᠠᠰᠠᠷᠠᠬᠤ 《ᠨᠢᠭᠡ ᠮᠥᠴᠡ》 ᠵᠢᠨ ᠦᠢᠯᠡᠴᠢᠯᠡᠭᠡᠨ᠎ᠦ ᠲᠣᠭᠣᠷᠢᠭ᠋᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠭᠡᠷ ᠪᠦᠯᠢ᠎ᠶᠢᠨ ᠨᠠᠰᠤᠵᠢᠯ᠎ᠤᠨ ᠠᠰᠠᠷᠠᠮᠵᠢ᠎ᠶᠢᠨ ᠤᠷᠤ ᠵᠢ 7000 ᠪᠠᠢᠭᠤᠯᠤᠨ᠎ᠠ; ᠳᠤᠮᠳᠠ ᠵᠡᠷᠭᠡ᠎ᠡᠴᠡ ᠳᠡᠭᠡᠭᠰᠢᠬᠢ ᠪᠡᠶ᠎ᠠ ᠪᠠᠨ ᠳᠠᠭᠠᠭᠠᠬᠤ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠲᠤ ᠨᠠᠰᠤᠵᠢᠯ᠎ᠤᠨ ᠠᠰᠠᠷᠠᠮᠵᠢ᠎ᠶᠢᠨ ᠦᠢᠯᠡᠴᠢᠯᠡᠭᠡᠨ᠎ᠦ ᠬᠡᠷᠡᠭᠯᠡᠭᠡᠨ᠎ᠦ ᠨᠥᠬᠥᠪᠦᠷᠢ ᠤᠯᠭᠤᠨ᠎ᠠ᠃

ᠦᠷᠡᠵᠢᠯᠳᠠ᠎ᠳᠤ ᠨᠦᠬᠦᠷᠰᠡᠭ ᠬᠡᠯᠪᠡᠷᠢ ᠵᠢᠨ ᠨᠡᠢᠭᠡᠮ᠎ᠦᠨ ᠪᠠᠢᠭᠤᠯᠤᠯᠲᠠ᠎ᠶᠢᠨ ᠢᠨᠵᠧᠨᠧᠷᠢᠩ᠎ᠢ ᠬᠡᠷᠡᠭᠵᠢᠬᠦᠯᠵᠦ᠂ ᠨᠢᠯᠬ᠎ᠠ ᠬᠡᠦᠬᠡᠳ᠎ᠲᠦ ᠪᠧᠨᠽᠧᠨ᠋ᠳᠤ ᠫᠷᠤᠫᠠ ᠺᠧᠲ᠋ᠤᠨᠳᠤ ᠰᠢᠬᠡᠰᠦᠨ ᠡᠪᠡᠳᠴᠢᠨ ᠵᠡᠷᠭᠡ ᠡᠪᠡᠳᠴᠢᠨ ᠡᠮᠭᠡᠭ᠎ᠢ ᠰᠢᠭ᠌ᠰᠢᠨ ᠪᠠᠢᠴᠠᠭᠠᠬᠤ ᠦᠢᠯᠡᠴᠢᠯᠡᠭᠡ᠎ᠶᠢ ᠰᠦᠢᠳᠬᠡᠯ ᠬᠤᠷᠢᠶᠠᠬᠤ ᠦᠭᠡᠢ᠎ᠪᠡᠷ ᠬᠠᠩᠭᠠᠨ᠎ᠠ; ᠡᠭᠦᠳᠡᠨ ᠡᠮᠨᠡᠯᠭᠡ᠎ᠳ᠋ᠡᠬᠢ ᠬᠥᠩᠭᠡᠵᠢᠬᠦ᠎ᠡᠴᠡ ᠡᠮᠦᠨᠡᠬᠢ ᠪᠠᠢᠴᠠᠭᠠᠯᠲᠠ᠎ᠶᠢᠨ ᠦᠨᠳᠦᠰᠦᠨ ᠦᠢᠯᠡᠴᠢᠯᠡᠭᠡ ᠵᠢᠨ ᠵᠠᠷᠤᠳᠠᠯ ᠵᠢᠴᠢ ᠬᠥᠩᠭᠡᠵᠢᠬᠦ ᠡᠴᠡ ᠪᠤᠯᠤᠭᠰᠠᠨ ᠲᠥᠷᠥ᠎ᠶᠢᠨ ᠪᠣᠳᠣᠯᠭ᠎ᠠ᠎ᠶᠢᠨ ᠬᠡᠪᠴᠢᠶᠡᠨ ᠳᠣᠲᠣᠷᠠᠬᠢ ᠡᠮᠨᠡᠯᠭᠡ᠎ᠳᠦ ᠰᠠᠭᠤᠭᠰᠠᠨ ᠡᠮᠴᠢᠯᠡᠭᠡᠨ᠎ᠦ ᠵᠠᠷᠤᠳᠠᠯ᠎ᠢ ᠪᠥᠬᠥ ᠲᠣᠭ᠎ᠠ᠎ᠪᠠᠷ ᠳᠠᠩᠰᠠ ᠳᠠᠢᠯᠵᠤ ᠦᠭᠬᠦᠨ᠎ᠡ; ᠲᠦᠬᠡᠮᠡᠯ ᠬᠠᠷᠠᠭᠠᠯᠵᠠᠯ ᠦᠵᠡᠬᠦᠯᠬᠦ ᠬᠡᠦᠬᠡᠳ ᠰᠠᠭᠠᠲᠠᠭᠤᠯᠬᠤ ᠪᠠ ᠬᠡᠦᠬᠡᠳ ᠰᠠᠭᠠᠲᠠᠭᠤᠯᠬᠤ ᠬᠡᠦᠬᠡᠳ᠎ᠤᠨ ᠴᠡᠴᠡᠷᠯᠢᠭ᠎ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠵᠢ ᠬᠥᠭᠵᠢᠭᠦᠯᠵᠦ᠂ ᠨᠡᠢᠭᠡᠮ ᠲᠣᠭᠣᠷᠢᠭ᠋᠎ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠦ ᠪᠠᠢᠭᠤᠯᠤᠮᠵᠢ᠎ᠵᠢᠨ ᠬᠣᠰᠢᠭᠤ ᠰᠢᠶᠠᠨ (ᠬᠣᠲᠠ᠂ ᠲᠣᠭᠣᠷᠢᠭ᠋) ᠪᠦᠬᠦᠳᠡ ᠳ᠋ᠤ ᠪᠦᠷᠬᠦᠬᠦᠯᠬᠦ ᠵᠢ  ᠪᠡᠶᠡᠯᠡᠭᠦᠯᠵᠦ᠂ ᠲᠦᠬᠡᠮᠡᠯ ᠬᠠᠷᠠᠭᠠᠯᠵᠠᠯ᠎ᠤᠨ ᠴᠢᠨᠠᠷᠲᠠᠢ ᠬᠡᠦᠬᠡᠳ᠎ᠦᠨ ᠴᠡᠴᠡᠷᠯᠢᠭ᠎ᠦᠨ ᠪᠦᠷᠬᠦᠴᠡ᠎ᠶᠢᠨ ᠨᠣᠷᠮ᠎ᠠ᠎ᠶᠢ 93% ᠠ᠋ᠴᠠ ᠳᠡᠭᠡᠭᠰᠢ᠎ᠳᠦ ᠬᠦᠷᠦᠭᠦᠯᠦᠨ᠎ᠡ᠃

ᠵᠠᠮ ᠬᠠᠷᠢᠯᠴᠠᠭᠠᠨ᠎ᠤ ᠰᠠᠭᠠᠳ ᠦᠭᠡᠢ ᠨᠡᠪᠲᠡᠷᠡᠬᠦ ᠢᠨᠵᠧᠨᠧᠷᠢᠩ᠎ᠢ ᠬᠡᠷᠡᠭᠵᠢᠭᠦᠯᠵᠦ᠂ ᠬᠣᠲᠠ᠎ᠶᠢᠨ ᠭᠣᠣᠯᠳᠠᠯᠭ᠎ᠠ᠎ᠲᠠᠢ ᠣᠷᠣᠨ ᠪᠦᠰᠡ᠎ᠶᠢᠨ ᠵᠠᠮ ᠬᠠᠷᠢᠯᠴᠠᠭᠠᠨ᠎ᠤ ᠨᠡᠪᠲᠡᠷᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠠᠵᠢᠯᠯᠠᠭ᠎ᠠ᠎ᠶᠢ ᠥᠷᠨᠢᠭᠦᠯᠵᠦ ᠂ ᠵᠠᠮ ᠬᠠᠷᠢᠯᠴᠠᠭᠠᠨ᠎ᠤ ᠣᠷᠭᠢᠯ ᠦᠶ᠎ᠡ᠎ᠳᠦ ᠲᠦᠭᠵᠢᠷᠡᠬᠦ᠂ ᠳᠤᠷ᠎ᠠ᠎ᠪᠠᠷ᠎ᠢᠶᠠᠨ ᠰᠦᠢᠳᠬᠡᠯ ᠬᠤᠷᠢᠶᠠᠬᠤ᠂ ᠲᠡᠷᠭᠡ ᠵᠣᠭᠰᠤᠭᠠᠬᠤ᠎ᠳᠤ ᠬᠦᠴᠢᠷᠲᠡᠢ ᠪᠠᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠨᠠᠮᠳᠠᠭᠤᠯᠤᠨ᠎ᠠ; ᠵᠠᠰᠠᠮᠠᠯ ᠵᠠᠮ᠎ᠤᠨ ᠠᠮᠤᠷ ᠲᠦᠪᠰᠢᠨ ᠠᠮᠢ ᠨᠠᠰᠤ ᠵᠢ ᠬᠠᠮᠠᠭᠠᠯᠠᠬᠤ ᠢᠨᠵᠧᠨᠧᠷᠢᠩ᠎ᠢ 1500 ᠺᠢᠯᠣᠮᠧᠲᠷ ᠬᠡᠷᠡᠭᠵᠢᠭᠦᠯᠦᠨ᠎ᠡ; ᠮᠤᠬᠤᠷ ᠵᠠᠮ᠎ᠢ ᠨᠠᠪᠲᠠᠷᠡᠭᠦᠯᠵᠦ ᠂ ᠬᠣᠲᠣᠭᠣᠷ ᠭᠠᠵᠠᠷ᠎ᠢ ᠵᠠᠰᠠᠨ ᠰᠡᠯᠪᠢᠵᠦ᠂ ᠨᠥᠬᠥᠴᠡᠯ ᠪᠦᠷᠢᠳᠦᠭᠰᠡᠨ ᠲᠡᠷᠭᠡᠨ ᠥᠷᠲᠡᠭᠡ ᠂ ᠨᠢᠰᠬᠡᠯ᠎ᠦᠨ ᠪᠠᠭᠤᠳᠠᠯ᠎ᠤᠨ ᠰᠦᠯᠵᠢᠶ᠎ᠡ᠎ᠪᠡᠷ ᠪᠣᠯᠵᠣᠬᠤ ᠲᠤᠰᠬᠠᠢ ᠲᠡᠷᠭᠡ ᠵᠣᠭᠰᠣᠬᠤ ᠭᠠᠵᠠᠷ ᠪᠠᠶ᠋ᠢᠭᠤᠯᠬᠤ᠎ᠶᠢ ᠠᠬᠢᠭᠤᠯᠤᠨ᠎ᠠ᠃

ᠵᠥᠷᠢᠴᠡᠯ ᠵᠢᠭᠤᠷᠠᠯᠳᠤᠭᠠᠨ᠎ᠢ ᠤᠯᠠᠨ ᠡᠰᠢᠵᠢᠭᠦᠯᠦᠨ ᠰᠢᠢᠳᠪᠦᠷᠢᠯᠡᠬᠦ ᠢᠨᠵᠧᠨᠧᠷᠢᠩ᠎ᠢ ᠬᠡᠷᠡᠭᠵᠢᠬᠦᠯᠵᠦ᠂ ᠬᠤᠳᠠ ᠬᠥᠳᠡᠭᠡ᠎ᠶᠢᠨ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠦᠢᠯᠡᠴᠢᠯᠡᠭᠡᠨ᠎ᠦ ᠲᠣᠣᠷ᠎ᠢ ᠪᠦᠷᠢᠨ ᠪᠦᠷᠬᠦᠬᠦᠯᠬᠦ ᠵᠢ ᠠᠬᠢᠭᠤᠯᠤᠨ᠎ᠠ; ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭᠠᠨ᠎ᠤ ᠡᠶᠡᠳᠡᠭᠦᠯᠭᠡ᠂ ᠬᠠᠤᠯᠢ ᠴᠠᠭᠠᠵᠠ᠎ᠶᠢᠨ ᠡᠶᠡᠳᠡᠭᠦᠯᠭᠡ᠎ᠶᠢᠨ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠭᠡᠷ ᠪᠦᠯᠢ᠂ ᠬᠥᠷᠰᠢ ᠵᠡᠷᠭᠡᠯᠡᠳᠡᠭᠡ᠎ᠶᠢᠨ ᠵᠥᠷᠢᠴᠡᠯ ᠪᠠ ᠭᠠᠵᠠᠷ ᠰᠢᠷᠣᠢ ᠬᠠᠳᠤᠯᠠᠩ ᠪᠡᠯᠴᠢᠭᠡᠷ᠎ᠦᠨ ᠵᠠᠭᠠᠭ ᠬᠢᠵᠠᠭᠠᠷ᠂ ᠳᠠᠭᠠᠭᠠᠴᠢᠯᠠᠭᠤᠯᠤᠨ ᠰᠢᠯᠵᠢᠬᠦᠯᠬᠦ᠂ ᠲᠠᠲᠠᠪᠤᠷᠢᠯᠠᠨ ᠡᠵᠡᠯᠡᠬᠦ ᠨᠥᠬᠥᠪᠦᠷᠢ ᠵᠡᠷᠭᠡ ᠵᠠᠭᠤᠷᠠᠯᠳᠤᠭᠠᠨ᠎ᠢ ᠴᠠᠭ ᠲᠤᠬᠠᠢ ᠳ᠋ᠤᠨᠢ ᠵᠢᠭ᠍ᠰᠠᠭᠠᠨ ᠪᠠᠢᠴᠠᠭᠠᠵᠤ ᠰᠢᠢᠳᠪᠦᠷᠢᠯᠡᠨ᠎ᠡ; 《12348》 ᠵᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠬᠠᠯᠠᠮᠰᠢᠯ ᠤᠲᠠᠰᠤ᠎ᠶᠢᠨ ᠲᠥᠷᠥᠯ ᠲᠡᠮᠳᠡᠭᠲᠦ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠣᠯᠠᠨ ᠲᠦᠮᠡᠨ᠎ᠳᠦ 《7×24 ᠴᠠᠭ》 ᠤ᠋ᠨ ᠪᠥᠬᠥ ᠵᠢᠯ᠎ᠳᠦ ᠠᠮᠠᠷᠠᠯᠲᠠ ᠦᠭᠡᠢ ᠰᠦᠢᠳᠬᠡᠯ ᠬᠤᠷᠢᠶᠠᠬᠤ ᠦᠭᠡᠢ ᠬᠠᠤᠯᠢ ᠴᠠᠭᠠᠵᠠ᠎ᠶᠢᠨ ᠯᠠᠪᠯᠠᠭ᠎ᠠ ᠬᠠᠩᠭᠠᠨ᠎ᠠ᠃

ᠬᠡᠷᠡᠭᠯᠡᠭᠴᠢᠳ᠎ᠦᠨ ᠡᠷᠬᠡ ᠠᠰᠢᠭ᠋ ᠢ᠋ ᠬᠠᠮᠠᠭᠠᠯᠠᠬᠤ ᠢᠨᠵᠧᠨᠧᠷᠢᠩ ᠢ᠋ ᠬᠡᠷᠡᠭᠵᠢᠬᠦᠯᠵᠦ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠬᠡᠷᠡᠭᠯᠡᠭᠴᠢᠳ᠎ᠦᠨ ᠨᠡᠢᠭᠡᠮᠯᠢᠭ᠎ᠦᠨ ᠵᠣᠬᠢᠶᠠᠨ ᠪᠠᠢᠭᠤᠯᠤᠯᠲᠠ ᠶ᠋ᠢ ᠲᠡᠭᠦᠯᠳᠡᠷᠵᠢᠭᠦᠯᠦᠨ ᠦᠢᠯᠡᠳᠦᠯ ᠢ᠋ ᠨᠢ ᠭᠦᠢᠴᠡᠳ ᠪᠠᠳᠠᠷᠠᠭᠤᠯᠤᠨ᠎ᠠ; ᠢᠳᠡᠭᠡᠨ᠎ᠦ ᠠᠮᠤᠷ ᠲᠦᠪᠰᠢᠨ᠂ ᠦᠨ᠎ᠡ ᠬᠠᠩᠰᠢ᠎ᠶᠢᠨ ᠬᠠᠤᠯᠢ ᠠ᠋ᠴᠠ ᠵᠥᠷᠢᠴᠡᠭᠰᠡᠨ᠂ ᠬᠤᠳᠠᠯ ᠬᠠᠭᠤᠷᠮᠠᠭ᠎ᠢᠶᠠᠷ ᠡᠷᠬᠡ᠎ᠳᠦ ᠬᠠᠯᠳᠠᠭᠰᠠᠨ  ᠵᠡᠷᠭᠡ ᠬᠠᠯᠠᠮᠰᠢᠯ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠵᠤ᠂ 《ᠰᠠᠨᠠᠭ᠎ᠠ ᠠᠮᠤᠷ ᠬᠡᠷᠡᠭᠯᠡᠭᠡ》᠂ 《ᠪᠤᠳᠠᠳᠤ ᠴᠤᠭᠴᠠ ᠳ᠋ᠤ ᠰᠢᠯᠲᠠᠭᠠᠨ ᠦᠭᠡᠢ᠎ᠪᠡᠷ ᠪᠠᠷᠠᠭ᠎ᠠ ᠪᠤᠴᠠᠭᠠᠬᠤ》 ᠬᠣᠣᠰ ᠠᠮᠠᠯᠠᠯᠲᠠ᠎ᠶᠢ ᠬᠡᠷᠡᠭᠵᠢᠭᠦᠯᠦᠨ᠎ᠡ; ᠲᠠᠷᠢᠶᠠᠯᠠᠩ᠎ᠤᠨ ᠪᠥᠭᠡᠮ᠎ᠢᠶᠡᠷ ᠬᠤᠳᠠᠯᠳᠤᠬᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠲᠠᠷᠢᠶᠠᠯᠠᠩ᠎ᠤᠨ ᠪᠦᠲᠦᠭᠡᠭᠳᠡᠬᠦᠨ᠎ᠤ ᠢᠳᠡᠬᠡᠨ᠎ᠢ ᠡᠳᠦᠷ ᠪᠦᠷᠢ ᠰᠢᠯᠭᠠᠨ ᠪᠠᠢᠴᠠᠭᠠᠨ᠎ᠠ᠃ ᠬᠡᠷᠡᠭᠯᠡᠭᠡᠨ᠎ᠦ ᠵᠠᠭᠠᠯᠳᠤᠯᠭ᠎ᠠ᠎ᠶᠢ ᠲᠦᠷᠭᠡᠨ ᠰᠢᠢᠳᠪᠦᠷᠢᠯᠡᠬᠦ ᠲᠣᠭᠲᠠᠴᠠ᠎ᠶᠢ ᠲᠡᠭᠦᠯᠳᠡᠷᠵᠢᠭᠦᠯᠵᠦ᠂ ᠡᠷᠬᠡ᠎ᠪᠡᠨ ᠬᠠᠮᠠᠭᠠᠯᠠᠬᠤ ᠥᠪᠡᠷ᠎ᠦᠨ ᠦᠷᠳᠡᠭ᠎ᠢ ᠪᠠᠭᠤᠷᠠᠭᠤᠯᠤᠨ᠎ᠠ᠃

ᠬᠤᠳᠠ ᠬᠥᠳᠡᠭᠡ᠎ᠶᠢᠨ ᠬᠥᠮᠥᠰ᠎ᠦᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠬᠤ ᠢᠨᠵᠧᠨᠧᠷᠢᠩ᠎ᠢ ᠬᠡᠷᠡᠭᠵᠢᠭᠦᠯᠵᠦ᠂ ᠬᠤᠳᠠ᠎ᠶᠢᠨ ᠨᠤᠷᠠᠬᠤ ᠠᠶᠤᠯ ᠲᠠᠢ ᠬᠠᠭᠤᠴᠢᠨ ᠭᠡᠷ ᠪᠠᠢᠰᠢᠩ ᠪᠣᠯᠣᠨ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ᠎ᠶᠢ ᠲᠦᠷᠭᠡᠳᠬᠡᠵᠦ᠂ ᠤᠰᠤ ᠴᠠᠬᠢᠯᠭᠠᠨ ᠳᠤᠯᠠᠭᠠᠯᠠᠭ᠎ᠠ᠎ᠶᠢᠨ ᠲᠣᠣᠷ ᠵᠡᠷᠭᠡ᠎ᠶᠢᠨ ᠪᠦᠲᠦᠭᠡᠨ ᠪᠠᠢᠭᠤᠯᠤᠯᠲᠠ᠎ᠶᠢᠨ ᠲᠡᠰ ᠳᠡᠪᠰᠢᠬᠦ᠎ᠶᠢ ᠲᠦᠷᠭᠡᠳᠬᠡᠵᠦ᠂ ᠣᠷᠣᠨ ᠰᠠᠭᠤᠴᠠ᠎ᠶᠢᠨ ᠴᠠᠬᠢᠯᠭᠠᠨ ᠱᠠᠲᠤ᠎ᠶᠢ 500 ᠡᠴᠡ ᠳᠡᠭᠡᠭᠰᠢ ᠨᠡᠮᠡᠵᠦ ᠤᠭᠰᠠᠷᠠᠬᠤ ᠪᠤᠶᠤ ᠰᠢᠨᠡᠳᠬᠡᠵᠦ᠂ ᠣᠶᠤᠨᠴᠢ ᠢᠯᠴᠢ ᠬᠠᠩᠭᠠᠬᠤ ᠥᠭᠡᠷᠡᠴᠢᠯᠡᠯᠲᠡ᠎ᠶᠢᠨ ᠲᠠᠯᠠᠪᠠᠢ᠎ᠶᠢ 500 ᠲᠦᠮᠡᠨ ᠲᠡᠭᠰᠢ ᠳᠥᠷᠪᠡᠯᠵᠢᠨ ᠮᠧᠲ᠋ᠷ ᠡᠴᠡ ᠳᠡᠬᠡᠭᠰᠢ ᠳ᠋ᠤ ᠬᠦᠷᠬᠡᠵᠦ᠂ ᠨᠢᠭᠡ ᠪᠦᠯᠦᠭ ᠮᠠᠯᠵᠢᠬᠤ ᠲᠠᠷᠢᠶᠠᠯᠠᠬᠤ ᠣᠷᠣᠨ᠎ᠤ ᠤᠰᠤ ᠬᠠᠩᠭᠠᠬᠤ᠎ᠶᠢ ᠪᠠᠲᠤᠯᠠᠬᠤ ᠢᠨᠵᠧᠨᠧᠷᠢᠩ᠎ᠢ ᠡᠬᠢᠯᠡᠬᠦᠯᠵᠦ᠂ 1500 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ᠎ᠢ ᠰᠡᠯᠪᠢᠨ ᠵᠠᠰᠠᠵᠤ᠂ 8900 ᠡᠷᠦᠬᠡ᠎ᠶᠢᠨ ᠨᠤᠷᠠᠬᠤ ᠠᠶᠤᠯ ᠲᠠᠢ ᠭᠡᠷ ᠪᠠᠢᠰᠢᠩ᠎ᠢ ᠰᠢᠨᠡᠳᠬᠡᠨ ᠵᠠᠰᠠᠬᠤ᠎ᠶᠢ ᠬᠡᠷᠡᠭᠵᠢᠭᠦᠯᠦᠨ᠎ᠡ; ᠬᠣᠲᠠ ᠪᠠᠯᠭᠠᠰᠤᠨ᠎ᠤ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠭᠡᠷ ᠪᠦᠯᠢ᠎ᠶᠢᠨ ᠲᠦᠷᠢᠶᠡᠰᠦᠯᠡᠬᠦ ᠨᠥᠬᠥᠪᠦᠷᠢ ᠵᠢ1.6 ᠲᠦᠮᠡᠨ ᠡᠷᠦᠬᠡ᠎ᠳᠦ ᠳᠠᠷᠬᠠᠭᠠᠨ᠎ᠠ᠃

ᠴᠠᠭᠠᠨ ᠰᠠᠷ᠎ᠠ ᠤᠢᠷᠠᠳᠬᠤ ᠪᠡᠷ᠂ ᠦᠪᠡᠷᠳᠡᠬᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠵᠠᠬ᠎ᠠ ᠳᠡᠯᠭᠡᠭᠦᠷ᠎ᠦᠨ ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ᠎ᠦᠨ ᠠᠵᠢᠯ ᠢ᠋ ᠨᠢᠭᠡᠳᠦᠯᠲᠡᠢ ᠲᠥᠯᠥᠪᠯᠡᠨ ᠰᠠᠢᠲᠤᠷ ᠬᠢᠵᠦ᠂ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠠᠶᠠᠷ ᠵᠢᠷᠭᠠᠯ᠎ᠲᠠᠢ ᠠᠮᠤᠷ ᠠᠮᠤᠭᠤᠯᠠᠩ ᠪᠠᠶᠠᠷ᠎ᠤᠨ ᠡᠳᠦᠷ ᠢ᠋ ᠥᠩᠭᠡᠷᠡᠭᠦᠯᠬᠦ᠎ᠶᠢ ᠦᠨᠡᠨ ᠬᠦ᠌ ᠪᠠᠳᠤᠯᠠᠨ᠎ᠠ᠃ ᠦᠨᠳᠦᠰᠦᠨ ᠵᠦᠢᠯ᠎ᠤᠨ ᠪᠠᠲᠤᠯᠠᠭ᠎ᠠ᠎ᠶᠢ ᠰᠠᠢᠲᠤᠷ ᠬᠢᠵᠦ᠂ ᠴᠠᠭᠠᠨ ᠰᠠᠷ᠎ᠠ ᠠ᠋ᠴᠠ ᠡᠮᠦᠨ᠎ᠡ ᠪᠥᠬᠥ ᠣᠷᠣᠨ᠎ᠤ 172.6 ᠲᠦᠮᠡᠨ ᠬᠦᠴᠢᠷᠳᠡᠯᠲᠡᠢ ᠣᠯᠠᠨ ᠲᠦᠮᠡᠨ᠎ᠳᠦ ᠬᠤᠶᠠᠳᠤᠭᠠᠷ ᠰᠠᠷ᠎ᠠ᠎ᠶᠢᠨ ᠠᠪᠤᠷᠠᠨ ᠲᠤᠰᠠᠯᠠᠬᠤ ᠮᠥᠩᠭᠥ᠎ᠶᠢ ᠴᠠᠭ ᠲᠤᠬᠠᠢ ᠳ᠋ᠤᠨᠢ 8.19 ᠳ᠋ᠦᠩᠰᠢᠭᠤᠷ ᠲᠦᠬᠦᠷᠢᠭ ᠭᠦᠢᠴᠡᠳ ᠳᠠᠷᠬᠠᠭᠠᠨ᠎ᠠ᠃ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠳᠤᠯᠠᠵᠤ᠂ ᠨᠡᠭᠦᠷᠡᠰᠦ ᠴᠠᠬᠢᠯᠭᠠᠨ ᠲᠣᠰᠣ᠌ ᠬᠡᠢ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠰᠠᠢᠲᠤᠷ ᠬᠢᠵᠦ᠂ ᠴᠠᠭᠠᠨ ᠰᠠᠷ᠎ᠠ᠎ᠶᠢᠨ ᠴᠢᠬᠤᠯᠠ ᠠᠷᠠᠳ᠎ᠤᠨ ᠠᠮᠢᠳᠤᠷᠠᠯ᠎ᠤᠨ ᠪᠠᠷᠠᠭ᠎ᠠ ᠲᠠᠸᠠᠷ᠎ᠤᠨ ᠬᠠᠩᠭᠠᠯᠭ᠎ᠠ ᠲᠣᠭᠲᠠᠭᠤᠨ᠂ ᠦᠨ᠎ᠡ ᠬᠠᠩᠰᠢ ᠲᠣᠭᠲᠠᠭᠤᠨ ᠪᠠᠢᠬᠤ᠎ᠶᠢ ᠪᠠᠲᠤᠯᠠᠨ᠎ᠠ᠃ ᠤᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠵᠤ᠂ 《ᠴᠠᠭᠠᠨ ᠰᠠᠷ᠎ᠠ᠎ᠪᠠᠨ ᠪᠠᠶᠠᠷ ᠬᠥᠷ᠎ᠲᠠᠢ᠎ᠥᠩᠭᠡᠷᠡᠭᠦᠯᠬᠦ》 ᠵᠡᠷᠭᠡ ᠡᠯ᠎ᠡ ᠲᠦᠷᠦᠯ᠎ᠦᠨ ᠠᠵᠢᠯᠯᠠᠭ᠎ᠠ᠎ᠶᠢ 110 ᠭᠠᠷᠤᠢ ᠵᠦᠢᠯ᠎ᠵᠣᠬᠢᠶᠠᠨ ᠪᠠᠢᠭᠤᠯᠤᠨ ᠥᠷᠨᠢᠭᠦᠯᠦᠨ᠎ᠠ᠃ ᠶᠠᠪᠤᠵᠤ ᠰᠠᠭᠤᠬᠤ  ᠵᠠᠮ ᠬᠠᠷᠢᠯᠴᠠᠭᠠᠨ᠎ᠤ ᠦᠢᠯᠡᠴᠢᠯᠡᠭᠡ᠎ᠶᠢ ᠰᠢᠯᠢᠳᠡᠭᠵᠢᠭᠦᠯᠵᠦ᠂ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳ᠋ᠤ ᠵᠢᠵᠢᠭ ᠬᠡᠯᠪᠡᠷᠢ᠎ᠶᠢᠨ ᠠᠶᠠᠨᠴᠢᠳ᠎ᠤᠨ ᠮᠠᠰᠢᠨ ᠲᠡᠷᠭᠡ᠎ᠡᠴᠡ ᠰᠦᠢᠳᠬᠡᠯ ᠬᠤᠷᠢᠶᠠᠬᠤ ᠦᠬᠡᠢ ᠲᠦᠷᠦ ᠵᠢᠨ ᠪᠤᠳᠤᠯᠭ᠎ᠠ ᠵᠢ ᠨᠠᠢᠳᠠᠪᠤᠷᠢᠵᠢᠭᠤᠯᠵᠤ᠂ ᠲᠦᠷᠬᠡᠨ᠎ᠤ ᠵᠠᠰᠠᠮᠠᠯ ᠵᠠᠮ᠎ᠤᠨ ᠦᠢᠯᠡᠴᠢᠯᠡᠭᠡᠨ᠎ᠦ ᠲᠣᠭᠣᠷᠢᠭ᠋᠎ᠤᠨ ᠴᠠᠬᠢᠯᠭᠠᠨ ᠴᠡᠨᠡᠭᠯᠡᠬᠦ ᠵᠡᠷᠭᠡ ᠦᠢᠯᠡᠴᠢᠯᠡᠭᠡᠨ᠎ᠦ ᠲᠦᠬᠦᠬᠡᠷᠦᠮᠵᠢ᠎ᠶᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠴᠠᠭ ᠬᠤᠭᠤᠴᠠᠭ᠎ᠠ᠂ ᠬᠠᠯᠠᠮᠰᠢᠯ ᠵᠠᠮ ᠱᠤᠭᠤᠮ ᠵᠢᠴᠢ ᠪᠣᠶ᠋ᠢᠳᠠ ᠪᠥᠭᠯᠡᠭᠦᠦ ᠭᠠᠵᠠᠷ ᠣᠷᠣᠨ᠎ᠤ ᠲᠡᠭᠡᠭᠡᠪᠦᠷᠢ᠎ᠶᠢᠨ ᠬᠦᠴᠦᠨ᠎ᠦ ᠲᠣᠬᠢᠷᠠᠭᠤᠯᠤᠯᠲᠠ᠎ᠶᠢ ᠬᠥᠳᠡᠯᠦᠩᠭᠦᠢ᠎ᠪᠡᠷ ᠰᠢᠯᠢᠳᠡᠭᠵᠢᠭᠦᠯᠦᠨ᠂ ᠣᠯᠠᠨ ᠲᠦᠮᠡᠨ᠎ᠦ ᠶᠠᠪᠤᠵᠤ ᠰᠠᠭᠤᠬᠤ᠎ᠶᠢᠨ ᠠᠮᠤᠷ ᠲᠦᠪᠰᠢᠨ ᠲᠦᠷᠭᠡᠨ ᠤᠷᠤᠭᠰᠢᠳᠠᠢ  ᠪᠠᠢᠬᠤ ᠵᠢ ᠪᠠᠲᠤᠯᠠᠨ᠎ᠠ ᠃ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠠᠭᠤᠷᠬᠠᠢ᠂ ᠡᠨᠧᠷᠭᠢ᠂ ᠬᠢᠮᠢ᠎ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠣᠣᠯᠳᠠᠯᠭ᠎ᠠ᠎ᠲᠠᠢ ᠠᠵᠢᠯ ᠲᠦᠷᠦᠯ ᠪᠠ 《ᠶᠢᠰᠦᠨ ᠪᠠᠭ᠎ᠠ ᠲᠠᠯᠠᠪᠤᠷ》 ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠠᠶᠤᠯᠭᠦᠢ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠬᠤᠸᠠᠷ ᠫᠤᠤᠵᠢᠩ᠎ᠤᠨ ᠠᠶᠤᠯᠬᠦᠢ᠎ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠪᠤᠳᠠᠳᠠᠢ ᠨᠠᠢᠳᠠᠪᠤᠷᠢᠵᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号