ᠥᠪᠥᠷ ᠮᠣᠩᠭᠣᠯ᠎ᠤᠨ ᠪᠣᠬᠢᠷᠲᠤᠯ ᠥᠬᠡᠶ ᠡᠨᠧᠷᠭᠢ᠎ᠶ᠋ᠢᠨ ᠠᠵᠤ ᠦᠶ᠋ᠯᠡᠰ᠎ᠦᠨ ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠠᠵᠢᠯ ᠱᠢᠪᠲᠤᠯᠤᠯᠲᠠ᠎ᠲᠠᠶ ᠪᠣᠯᠪᠠ
2026-02-13 09:14:49
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠤᠷ ᠮᠤᠨᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠬᠤᠳᠠᠯᠳᠤᠭᠠᠨ ᠤ᠋ ᠶᠠᠪᠤᠳᠡᠯ ᠤ᠋ᠨ ᠲᠢᠨᠭᠬᠢᠮ ᠡᠴᠨ ᠤᠢᠯᠠᠭᠠᠭᠰᠠᠨ ᠢ᠋ᠢᠡᠷ᠂ 2025 ᠣᠨ᠎ᠳᠤ ᠥᠪᠥᠷ ᠮᠣᠩᠭᠣᠯ᠎ᠤᠨ ᠪᠣᠬᠢᠷᠲᠤᠯ ᠥᠬᠡᠶ ᠡᠨᠧᠷᠭᠢ᠎ᠶ᠋ᠢᠨ ᠠᠵᠤ ᠦᠶ᠋ᠯᠡᠰ᠎ᠦᠨ ᠠᠷᠠᠯᠵᠢᠶᠠᠴᠢᠨ ᠤᠷᠢᠵᠤ ᠪᠡᠯᠡ ᠮᠦᠨᠭᠬᠦ ᠤᠷᠤᠭᠤᠯᠤᠨ ᠠᠪᠴᠢᠷᠠᠬᠤ ᠠᠵᠢᠯ ᠱᠢᠪᠲᠤᠯᠤᠯᠲᠠ᠎ᠲᠠᠶ ᠪᠣᠯᠪᠠ᠃ ᠦᠪᠤᠷ ᠮᠤᠨᠭᠭᠤᠯ ᠪᠣᠬᠢᠷᠲᠤᠯ ᠥᠬᠡᠶ ᠴᠠᠬᠢᠯᠭᠠᠨ᠎ᠢ ᠨᠢᠭᠡᠳᠦᠯᠲᠡᠶ ᠲᠦᠯᠦᠪᠵᠢᠬᠦᠯᠦᠨ ᠠᠷᠠᠯᠵᠢᠶᠠᠴᠢᠨ ᠤᠷᠢᠬᠤ ᠡᠷᠴᠢᠮ᠎ᠢᠶᠡᠨ ᠴᠢᠩᠭᠠᠷᠠᠭᠤᠯᠵᠤ᠂ ᠪᠣᠬᠢᠷᠲᠤᠯ ᠥᠬᠡᠶ ᠴᠠᠬᠢᠯᠭᠠᠨ᠎ᠤ ᠳᠠᠪᠠᠭᠤᠯᠢᠭ᠎ᠢᠶᠠᠷ ᠠᠴᠢᠶᠠᠯᠠᠪᠤᠷᠢ ᠪᠤᠯᠭᠠᠨ ᠬᠠᠮᠢᠶ᠎ᠠ  ᠪᠥᠬᠥᠶ  ᠥᠨᠳᠥᠷ ᠡᠨᠧᠷᠭᠢᠲᠦ ᠠᠵᠤ ᠦᠶ᠋ᠯᠡᠰ᠎ᠦᠨ 258 ᠲᠥᠷᠥᠯ ᠵᠦᠶ᠋ᠯ ᠳ᠋ᠤ᠌ ᠰᠢᠨ᠎ᠡ ᠪᠡᠷ ᠬᠡᠷ᠎ᠡ ᠲᠣᠭ᠍ᠲᠠᠵᠤ᠂ 2024 ᠤᠨ ᠤ᠋ ᠬᠢ᠎ᠡᠴᠡ 25.4% ᠪᠠᠷ ᠨᠡᠮᠡᠭ᠌ᠳᠡᠪᠡ᠃ ᠲᠦᠩᠯᠢᠶᠣᠤ ᠬᠣᠲᠠ᠎ᠶ᠋ᠢᠨ ᠸᠠᠨᠠᠳᠢ ᠲᠢᠲ᠋ᠠᠨ᠎ᠤ ᠱᠢᠨ᠎ᠡ ᠮᠠᠲ᠋ᠧᠷᠢᠶᠠᠯ ᠵᠢᠴᠢ ᠡᠨᠧᠷᠭᠢ ᠬᠠᠳᠠᠭᠠᠯᠠᠬᠤ ᠳ᠋ᠢᠶᠠᠨ ᡂᠢ᠎ᠶ᠋ᠢ ᠨᠢᠭᠡ  ᠴᠣᠭ᠍ᠴᠠᠵᠢᠭᠤᠯᠬᠤ ᠲᠥᠷᠥᠯ ᠵᠦᠶ᠋ᠯ᠂ ᠠᠯᠠᠱᠠ ᠠᠢᠮᠠᠭ᠎ᠤᠨ ᠯᠦᠩ ᠵᠢᠶ ᠪᠤᠬᠢᠷᠳᠤᠯ ᠦᠬᠡᠢ ᠴᠠᠬᠢᠯᠭᠠᠨ ᠮᠧᠲ᠋ᠢᠯ ᠠᠯᠺᠣᠣᠯ᠎ᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ᠂ ᠣᠷᠳᠣᠰ᠎ᠤᠨ ᠵᠥᠩ ᠲᠢᠶᠠᠨ ᠾᠧ ᠴᠤᠸᠠᠩ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ᠎ᠶ᠋ᠢ ᠪᠠᠭᠤᠷᠠᠭᠤᠯᠤᠨ ᠲᠠᠰ ᠳᠡᠪᠱᠢᠭᠦᠯᠬᠦ᠌ ᠥᠭᠡᠷᠡᠴᠢᠯᠡᠯᠲᠡ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠵᠡᠷᠭᠡ ᠴᠢᠬᠤᠯᠠ ᠶᠡᠬᠡ ᠲᠥᠷᠥᠯ ᠵᠦᠶ᠋ᠯ᠎ᠳᠦ ᠠᠮᠵᠢᠯᠲᠠ᠎ᠲᠠᠶ ᠭᠡᠷ᠎ᠡ ᠲᠣᠭ᠍ᠲᠠᠪᠠ᠃

ᠡᠨᠡ ᠵᠢᠯ ᠤ᠋ᠨ 1 ᠰᠠᠷ᠎ᠠ᠎ᠶ᠋ᠢᠨ 13 ᠎ᠤ᠋ ᠡᠳᠦᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠨᠭ᠌ ᠭᠠᠭᠴᠡ ᠴᠠᠬᠢᠯᠭᠠᠨ ᠬᠦᠴᠦᠨ᠎ᠦ ᠬᠡᠷᠡᠭ᠌ᠯᠡᠭ᠌ᠴᠢ᠎ᠶ᠋ᠢᠨ ᠪᠣᠬᠢᠷᠲᠤᠯ ᠥᠬᠡᠶ ᠴᠠᠬᠢᠯᠭᠠᠨ᠎ᠢ ᠱᠢᠭᠤᠳ ᠵᠠᠯᠭᠠᠬᠤ ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠬᠤ ᠬᠡᠷᠡᠭ᠌ᠵᠢᠭᠦᠯᠬᠦ᠌ ᠲᠥᠰᠦᠯ (ᠲᠤᠷᠱᠢᠨ ᠬᠡᠷᠡᠭ᠌ᠵᠢᠭᠦᠯᠬᠦ᠌)》 ᠎ᠢ᠋ ᠵᠢᠩᠬᠢᠨᠢ᠎ᠪᠡᠷ ᠨᠡᠢᠲᠡᠯᠡᠪᠡ᠃ ᠡᠨᠡ ᠨᠢ ᠠᠵᠤ ᠠᠬᠤᠢᠯᠠᠯ᠎ᠤ᠋ᠨ 《ᠪᠤᠬᠢᠷᠳᠤᠯ ᠦᠬᠡᠢ ᠴᠠᠬᠢᠯᠭᠠᠨ ᠬᠡᠷᠡᠭ᠌ᠯᠡᠬᠦ᠌᠎ᠳᠦ ᠬᠦᠴᠢᠷ᠂ ᠪᠤᠬᠢᠷᠳᠤᠯ ᠦᠬᠡᠢ ᠴᠠᠬᠢᠯᠭᠠᠨ ᠬᠡᠷᠡᠭ᠌ᠯᠡᠬᠦ᠌᠎ᠳᠦ ᠦᠨᠡᠲᠡᠶ》 ᠪᠠᠢᠬᠤ ᠠᠰᠠᠭᠤᠳᠠᠯ ᠢ᠋ ᠰᠢᠢᠳᠪᠤᠷᠢᠯᠡᠬᠦ ᠪᠤᠯᠤᠨ᠎ᠡ᠃ ᠴᠠᠬᠢᠯᠭᠠᠨ ᠵᠠᠳᠠᠯᠤᠯ᠎ᠤᠨ ᠬᠦᠩᠭᠡᠨᠴᠠᠭᠠᠨ᠂ ᠲᠡᠮᠦᠷ᠎ᠦᠨ ᠬᠠᠢᠯᠤᠰᠢ᠂ ᠲᠣᠭ᠎ᠠ ᠪᠠᠷᠢᠮᠲᠠ᠎ᠶ᠋ᠢᠨ ᠲᠥᠪ ᠵᠡᠷᠭᠡ ᠴᠠᠬᠢᠯᠭᠠᠨ ᠶᠡᠬᠡ ᠬᠡᠷᠡᠭᠯᠡᠬᠦ ᠠᠵᠤ ᠠᠬᠤᠢᠯᠡᠯ ᠳ᠋ᠤ᠌ ᠠᠪᠴᠤ᠌ ᠬᠡᠯᠡᠪᠡᠯ᠂ ᠥᠩᠭᠡᠷᠡᠭ᠌ᠰᠡᠨ᠎ᠳᠦ  ᠪᠤᠬᠢᠷᠳᠤᠯ ᠦᠬᠡᠢ ᠴᠠᠬᠢᠯᠭᠠᠨ ᠬᠡᠷᠡᠭ᠌ᠯᠡᠵᠦ᠍ ᠪᠣᠯᠬᠤ ᠪᠠᠢᠭ᠍ᠰᠠᠨ ᠴᠤ᠌ ᠮᠥᠨ ᠯᠡ ᠰᠦᠯᠵᠢᠶᠡᠨ᠎ᠦ ᠰᠦᠢᠳᠭᠡᠯ ᠲᠤᠰᠢᠶᠠᠬᠤ ᠵᠢᠴᠢ ᠲᠣᠭ᠍ᠲᠠᠭᠤᠨ ᠪᠤᠰᠤ ᠪᠤᠬᠢᠷᠳᠤᠯ ᠦᠬᠡᠢ ᠴᠠᠬᠢᠯᠭᠠᠨ᠎ᠤ ᠬᠠᠩᠭᠠᠯᠭ᠎ᠠ᠎ᠶ᠋ᠢ ᠡᠭᠦᠷᠭᠡᠯᠡᠬᠦ᠌ ᠴᠢᠬᠤᠯᠠᠲᠠᠶ ᠪᠠᠢᠪᠠ᠃ ᠭᠡᠲᠡᠯ᠎ᠡ ᠥᠪᠥᠷ ᠮᠣᠩᠭᠣᠯ 《ᠲᠠᠨᠭ᠌ ᠭᠠᠭ᠍ᠴᠠ ᠴᠠᠬᠢᠯᠭᠠᠨ ᠬᠦᠴᠦᠨ᠎ᠦ ᠬᠡᠷᠡᠭ᠌ᠯᠡᠭ᠌ᠴᠢ᠎ᠶ᠋ᠢᠨ ᠪᠤᠬᠢᠷᠳᠤᠯ ᠦᠬᠡᠢ ᠴᠠᠬᠢᠯᠭᠠᠨ᠎ᠢ ᠱᠢᠭᠤᠳ ᠵᠠᠯᠭᠠᠬᠤ》 ᠠᠷᠭ᠎ᠠ ᠮᠠᠶᠢᠭ᠎ᠢᠶᠠᠷ ᠳᠠᠮᠵᠢᠭᠤᠯᠤᠨ᠂ ᠱᠢᠨ᠎ᠡ ᠡᠨᠧᠷᠭᠢ᠎ᠶ᠋ᠢ ᠣᠯᠠᠨ ᠨᠡᠢᠲᠡ᠎ᠶ᠋ᠢᠨ ᠲᠣᠮᠣ ᠴᠠᠬᠢᠯᠭᠠᠨ ᠲᠤᠤᠷ᠎ᠢᠶᠠᠷ 《ᠳᠠᠮᠵᠢᠭᠤᠯᠬᠤ》 ᠪᠠᠢᠭᠰᠠᠠ ᠡᠴᠡ ᠱᠢᠭᠤᠳ ᠲᠤᠰᠭᠠᠶ ᠤᠲᠠᠰᠤ᠎ᠪᠠᠷ ᠳᠠᠮᠵᠢᠭᠤᠯᠤᠨ ᠲᠣᠮᠣ ᠬᠡᠯᠪᠡᠷᠢ᠎ᠶ᠋ᠢᠨ ᠠᠵᠤ ᠦᠶ᠋ᠯᠡᠳᠪᠦᠷᠢ᠎ᠶ᠋ᠢᠨ ᠬᠡᠷᠡᠭ᠌ᠯᠡᠭ᠌ᠴᠢ᠎ᠳᠦ ᠬᠦᠷᠬᠡᠬᠦ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号