ᠦᠪᠦᠷ ᠮᠤᠡᠭᠭᠤᠯ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠵᠢᠯ᠎ᠤᠨ ᠲᠤᠬᠠᠢ ᠪᠠᠢᠷᠢᠯᠠᠭᠤᠯᠤᠯᠲᠠ ᠬᠢᠵᠡᠢ
2026-02-13 09:19:08
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠨ ᠨᠢᠭᠡᠳᠦᠭᠡᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠲᠤᠰᠭᠠᠶ ᠪᠠᠯᠠ ᠮᠥᠩᠭᠥ᠎ᠶ᠋ᠢᠨ ᠬᠠᠮᠢᠶᠠᠷᠤᠯᠲᠠ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌ ᠲᠦᠷᠢᠮᠵᠢᠯ᠂ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠭᠤᠷᠪᠠᠨ ᠭᠤᠤᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂  ᠬᠦᠷᠢᠶᠡᠯᠡᠩ ᠲᠣᠭᠣᠷᠢᠭ᠎ᠤᠨ ᠴᠢᠨᠠᠷ  ᠰᠠᠢᠲᠠᠶ ᠬᠥᠭ᠌ᠵᠢᠯᠲᠡ᠎ᠶ᠋ᠢ ᠠᠬᠢᠭᠤᠯᠵᠠᠢ᠃

ᠬᠤᠷᠠᠯ ᠡᠴᠠ᠂ 2024 ᠣᠨ᠎ᠠᠴᠠ 2025 ᠣᠨ ᠪᠣᠯᠲᠠᠯ᠎ᠠ ᠦᠪᠦᠷ ᠮᠤᠩᠭᠤᠯ ᠨᠡᠢᠲᠡ 27 ᠳ᠋ᠦᠩᠱᠢᠭᠤᠷ ᠲᠥᠭᠥᠷᠢᠭ᠎ᠦᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢᠨ ᠲᠤᠰᠭᠠᠶ ᠪᠠᠯᠠ ᠮᠥᠩᠭᠥ᠌ ᠲᠣᠬᠢᠷᠠᠭᠤᠯᠵᠤ᠂ 12 ᠠᠢᠮᠠᠭ ᠬᠣᠲᠠ ᠵᠢᠴᠢ 1 ᠲᠤᠰᠠᠭᠠᠷ ᠲᠥᠯᠥᠪᠯᠡᠭᠡᠳᠤ ᠬᠣᠲᠠ᠎ᠶ᠋ᠢᠨ 24 ᠬᠦᠷᠢᠶᠡᠯᠡᠩ ᠲᠣᠭᠣᠷᠢᠭ᠎ᠤᠨ 71 ᠰᠠᠭᠤᠷᠢ ᠲᠥᠬᠥᠭᠡᠷᠦᠮᠵᠢ᠎ᠶ᠋ᠢᠨ ᠲᠥᠷᠥᠯ ᠵᠦᠶ᠋ᠯ᠎ᠢ ᠬᠡᠷᠡᠭ᠌ᠯᠡᠭ᠌ᠰᠡᠨ ᠪᠠᠢᠳᠠᠯ᠎ᠢ ᠮᠡᠳᠡᠭᠳᠡᠵᠦ᠂ ᠲᠤᠰᠭᠠᠶ ᠵᠦᠢᠯ᠎ᠦᠨ ᠪᠡᠯᠡ ᠮᠥᠩᠭᠥ᠎ᠶ᠋ᠢ ᠬᠡᠷᠡᠭ᠌ᠯᠡᠬᠦ᠌ ᠶᠠᠪᠤᠴᠠ᠎ᠳᠤ ᠱᠢᠬᠠᠨ ᠡᠵᠡᠯᠡᠵᠦ᠍ ᠳᠤᠮᠳᠠ᠎ᠠᠴᠠ ᠨᠢ ᠲᠠᠰᠤᠳᠠᠨ ᠦᠯᠡᠳᠡᠭᠡᠬᠦ᠌᠂ ᠪᠠᠭᠤᠯᠭᠠᠨ ᠥᠭ᠌ᠬᠦ ᠨᠢ ᠬᠣᠵᠢᠭ᠍ᠳᠠᠬᠤ᠂ ᠲᠥᠷᠥᠯ ᠵᠦᠢᠯ᠎ᠢ ᠲᠥᠯᠥᠪᠯᠡᠭᠡ᠎ᠶ᠋ᠢᠨ ᠴᠠᠭ ᠬᠤᠭᠤᠴᠠᠭ᠎ᠠ ᠶᠣᠰᠣᠭᠠᠷ ᠦᠯᠦ ᠳᠠᠭᠤᠰᠬᠠᠬᠤ᠂ ᠣᠷᠣᠨ ᠨᠤᠲᠤᠭ᠎ᠤᠨ ᠢᠵᠢ ᠪᠦᠷᠢᠳᠦᠭᠦᠯᠬᠦ᠌ ᠵᠦᠢᠯ ᠳᠤᠲᠠᠭ᠍ᠳᠠᠵᠤ ᠪᠠᠢᠭ᠎ᠠ ᠵᠡᠷᠭᠡ ᠳᠣᠪᠣᠢᠮ᠎ᠠ ᠠᠰᠠᠭᠤᠳᠠᠯ ᠣᠷᠣᠱᠢᠵᠤ᠂ ᠬᠡᠰᠡᠭ ᠲᠥᠷᠥᠯ ᠵᠦᠢᠯ᠎ᠦᠨ ᠪᠡᠯᠡ ᠮᠥᠩᠭᠥ᠌ ᠬᠠᠷᠢᠶ᠎ᠠ ᠭᠠᠵᠠᠷ᠎ᠤᠨ ᠡᠳ᠋᠎ᠦᠨ ᠵᠠᠰᠠᠭ᠎ᠤᠨ ᠳᠡᠰ ᠳᠠᠪᠬᠤᠷᠭ᠎ᠠ᠎ᠳᠤ ᠬᠣᠴᠣᠷᠴᠤ᠌᠂ ᠪᠦᠲᠦᠭᠡᠨ ᠪᠠᠢᠭᠤᠯᠤᠯᠲᠠ᠎ᠶ᠋ᠢᠨ ᠠᠬᠢᠴᠠ᠎ᠶ᠋ᠢ ᠨᠥᠯᠥᠭᠡᠯᠡᠵᠦ᠍ ᠪᠠᠢᠨ᠎ᠠ ᠬᠡᠵᠠᠢ᠃

ᠬᠤᠷᠠᠯ᠎ᠠᠴᠠ᠂ 2026 ᠣᠨ᠎ᠤ ᠡᠩ᠎ᠦᠨ ᠵᠢᠭᠡᠯᠡᠯᠭᠡ᠎ᠶ᠋ᠢᠨ ᠲᠡᠮᠳᠡᠭ᠌ᠲᠦ᠍᠎ᠪᠡᠷ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠱᠢᠭ ᠣᠷᠣᠯᠭ᠎ᠠ ᠦᠭᠡᠢ ᠰᠠᠭᠤᠷᠢ ᠲᠥᠬᠥᠭᠡᠷᠦᠮᠵᠢ᠎ᠶ᠋ᠢᠨ ᠲᠦᠷᠦᠯ ᠵᠦᠢᠯ᠎ᠢ ᠲᠡᠮᠵᠢᠵᠤ᠂ ᠡᠯ᠎ᠡ ᠠᠢᠮᠠᠭ ᠬᠤᠳᠠ ᠲᠦᠷᠦᠯ ᠵᠦᠢᠯ᠎ᠢ ᠮᠡᠳᠡᠭᠦᠯᠬᠦ᠌ ᠲᠠᠪᠴᠠᠩ᠎ᠠᠴᠠ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠱᠢᠭ ᠣᠯᠵᠠᠪᠤᠷᠢ ᠪᠦᠬᠦᠢ ᠰᠠᠭᠤᠷᠢ ᠲᠥᠬᠥᠭᠡᠷᠦᠮᠵᠢ᠎ᠶ᠋ᠢᠨ ᠲᠦᠷᠦᠯ ᠵᠦᠢᠯ᠎ᠢ ᠬᠠᠰᠤᠵᠤ ᠂ ᠪᠡᠯᠡ ᠮᠥᠩᠭᠥ᠎ᠶ᠋ᠢᠨ ᠳᠠᠪᠬᠤᠷ ᠳᠡᠮᠵᠢᠯᠭᠡ᠎ᠡᠴᠡ ᠵᠠᠢᠯᠠᠰᠭᠢᠵᠦ᠂ 《ᠪᠡᠯᠡ ᠮᠥᠩᠭᠥ᠌ ᠲᠦᠷᠦᠯ ᠵᠦᠢᠯ᠎ᠢ ᠲᠠᠭᠠᠬᠤ》 ᠵᠢ ᠴᠢᠩᠭ᠎ᠠ ᠬᠡᠷᠡᠭ᠌ᠵᠢᠭᠦᠯᠵᠦ᠍᠂ ᠲᠤᠰᠭᠠᠢ ᠵᠣᠭᠣᠰ᠎ᠢ ᠲᠤᠰᠭᠠᠢ ᠬᠡᠷᠡᠭ᠌ᠯᠡᠬᠦ᠌᠎ᠶ᠋ᠢ ᠪᠠᠲᠤᠯᠠᠬᠤ ᠬᠡᠷᠡᠭ᠌ᠲᠡᠢ᠃ ᠡᠭᠦᠨ᠎ᠦ ᠬᠠᠮᠲᠤ᠂ 2026 ᠣᠨ᠎ᠤ ᠲᠤᠰᠭᠠᠶ ᠵᠦᠶ᠋ᠯ᠎ᠦᠨ ᠪᠠᠯᠠ ᠮᠥᠩᠭᠥ᠎ᠶ᠋ᠢᠨ ᠬᠤᠪᠢᠶᠠᠷᠢᠯᠠᠯᠲᠠ᠎ᠶ᠋ᠢ ᠲᠤᠰᠭᠠᠶ ᠵᠦᠶ᠋ᠯ᠎ᠦᠨ ᠪᠠᠯᠠ ᠮᠥᠩᠭᠥ᠎ᠶ᠋ᠢ ᠬᠡᠷᠡᠭ᠌ᠯᠡᠬᠦ᠌ ᠶᠠᠪᠤᠴᠠ᠎ᠳᠤ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ ᠪᠠ ᠨᠡᠭᠡᠭᠡᠨ ᠬᠥᠭ᠌ᠵᠢᠭᠦᠯᠬᠦ᠌ ᠣᠷᠣᠨ᠎ᠤ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ ᠠᠵᠢᠯᠯᠠᠭ᠎ᠠ᠎ᠪᠠᠷ ᠬᠦᠴᠦᠨ ᠦᠬᠡᠢ ᠪᠤᠯᠭᠠᠬᠰᠠᠨ ᠦᠷ᠎ᠡ ᠳ᠋ᠦᠩ᠎ᠲᠡᠶ ᠬᠣᠯᠪᠣᠭ᠍ᠳᠠᠭᠤᠯᠵᠤ᠂ ᠳᠡᠮᠵᠢᠬᠦ᠌ ᠲᠣᠭ᠎ᠠ ᠬᠡᠮᠵᠢᠶ᠎ᠡ᠎ᠶ᠋ᠢ ᠵᠣᠬᠢᠰᠲᠠᠶ ᠬᠠᠷᠭᠤᠭᠤᠯᠤᠨ ᠬᠠᠰᠤᠬᠤ ᠪᠤᠶᠤ ᠬᠦᠴᠦᠨ ᠥᠬᠡᠶ ᠪᠣᠯᠭᠠᠬᠤ ᠬᠡᠷᠡᠭᠳᠠᠢ ᠬᠡᠵᠦ ᠲᠤᠳᠤᠷᠬᠠᠢᠯᠠᠵᠠᠢ᠃

ᠬᠤᠷᠠᠯ᠎ᠡᠴᠠ᠂ ᠡᠯ᠎ᠡ ᠠᠢᠮᠠᠭ ᠬᠣᠲᠠ ᠲᠤᠰᠭᠠᠶ ᠪᠠᠯᠠ ᠮᠥᠩᠭᠥ᠎ᠶ᠋ᠢ ᠴᠢᠩᠭ᠎ᠠ ᠬᠠᠮᠢᠶᠠᠷᠤᠨ ᠡᠵᠡᠮᠳᠡᠵᠦ᠍᠂ ᠪᠠᠯᠠ ᠮᠥᠩᠭᠥ᠎ᠶ᠋ᠢ ᠰᠠᠭᠠᠲᠠᠭᠠᠭ᠍ᠰᠠᠨ ᠵᠡᠷᠭᠡ ᠠᠰᠠᠭᠤᠳᠠᠯ᠎ᠢ ᠲᠠᠷᠤᠢ᠎ᠳᠤᠨᠢ ᠬᠡᠷᠡᠭ᠌ᠵᠢᠭᠦᠯᠵᠦ᠍ ᠪᠠᠷᠢᠨ ᠥᠭᠡᠷᠡᠴᠢᠯᠡᠵᠦ᠍᠂ ᠳ᠋ᠦᠩᠨᠡᠨ ᠱᠢᠯᠵᠢᠭᠦᠯᠵᠦ᠍ ᠪᠣᠶ ᠪᠣᠯᠤᠭ᠍ᠰᠠᠨ ᠦᠯᠡᠳᠡᠪᠦᠷᠢ ᠪᠠᠯᠠ ᠮᠥᠩᠭᠥ᠎ᠶ᠋ᠢ ᠬᠠᠮᠢᠶ᠎ᠠ ᠪᠥᠬᠥᠶ ᠬᠦᠷᠢᠶᠡᠯᠡᠩ ᠲᠣᠭᠣᠷᠢᠭ᠎ᠤᠨ ᠲᠦᠷᠢᠮᠵᠢᠯ ᠶᠣᠰᠣᠭᠠᠷ ᠲᠤᠰᠭᠠᠶ ᠪᠠᠯᠠ ᠮᠥᠩᠭᠥ᠎ᠶ᠋ᠢ ᠬᠣᠷᠢᠶᠠᠨ ᠠᠪᠬᠤ ᠬᠡᠷᠡᠭ᠌ᠲᠡᠶ; ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌᠎ᠶ᠋ᠢ ᠲᠤᠢᠯ᠎ᠤᠨ ᠣᠨᠣᠪᠴᠢᠲᠠᠶ᠎ᠪᠠᠷ ᠠᠬᠢᠭᠤᠯᠵᠤ᠂ ᠰᠣᠬᠣᠷ ᠪᠠᠯᠠᠶ᠎ᠪᠠᠷ ᠭᠤᠶᠤᠴᠢᠯᠠᠨ ᠮᠡᠳᠡᠭᠦᠯᠬᠦ᠌᠎ᠡᠴᠡ ᠪᠣᠯᠵᠣ ᠡᠳ᠋ ᠬᠥᠷᠥᠩᠭᠡ᠎ᠶ᠋ᠢ ᠰᠤᠯᠠ ᠲᠠᠯᠪᠢᠵᠤ ᠪᠦᠷᠢᠯᠭᠡᠬᠦ᠌᠎ᠶ᠋ᠢ ᠡᠷᠡᠰ ᠬᠣᠷᠢᠭ᠍ᠯᠠᠬᠤ ᠬᠡᠷᠡᠭᠳᠡᠢ; ᠨᠡᠭᠡᠭᠡᠯᠲᠡ᠎ᠶ᠋ᠢᠨ ᠲᠣᠭᠣᠷᠢᠭ᠎ᠤᠨ ᠬᠡᠷᠡᠭ᠎ᠢᠶᠡᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠵᠤ ᠲᠦᠷᠬᠡᠨ ᠴᠡᠭ᠌ᠴᠡᠯᠡᠨ ᠰᠠᠢᠵᠢᠷᠠᠭᠤᠯᠵᠤ᠂ ᠬᠡᠰᠡᠭ ᠠᠢᠮᠠᠭ ᠬᠣᠲᠠ᠂ ᠬᠦᠷᠢᠶᠡᠯᠡᠩ ᠲᠣᠭᠣᠷᠢᠭ᠎ᠤᠨ ᠴᠡᠭ᠌ᠴᠡᠯᠡᠨ ᠰᠠᠢᠵᠢᠷᠠᠭᠤᠯᠬᠤ ᠠᠬᠢᠴᠠ ᠤᠳᠠᠭᠠᠨ ᠪᠠᠢᠵᠤ᠂ ᠴᠠᠭ ᠲᠤᠬᠠᠶ᠎ᠳᠤᠨᠢ ᠬᠦᠴᠦᠨ ᠥᠬᠡᠶ ᠪᠣᠯᠭᠠᠬᠤ ᠬᠡᠷᠡᠭᠳᠡᠢ ᠬᠡᠵᠦ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号