ᠰᠥᠨᠢᠳ ᠪᠠᠷᠠᠭᠤᠨ ᠬᠣᠱᠢᠭᠤ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ ᠪᠤᠢ
2026-02-13 09:47:24
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠲᠤᠰᠭᠠᠶ ᠠᠵᠢᠯᠯᠠᠭ᠎ᠠ ᠵᠢᠨ ᠶᠠᠪᠤᠴᠠ᠎ᠳᠤ᠂ ᠰᠥᠨᠢᠳ ᠪᠠᠷᠠᠭᠤᠨ ᠬᠣᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ 《ᠲᠥᠷᠥᠯ ᠵᠦᠶ᠋ᠯ᠎ᠢᠶᠡᠷ ᠭᠤᠤᠯ ᠪᠣᠯᠭᠠᠬᠤ》ᠪᠠᠢᠯᠳᠤᠬᠤ ᠪᠣᠳᠣᠯᠭ᠎ᠠ᠎ᠶ᠋ᠢᠨ ᠲᠣᠭᠣᠷᠢᠨ᠎ᠳᠤ ᠰᠤᠷᠲᠠᠯ᠎ᠤᠨ ᠪᠠᠢᠭᠤᠯᠤᠯᠲᠠ᠎ᠶ᠋ᠢ ᠬᠢᠨᠠᠨ ᠵᠥᠪᠱᠢᠶᠡᠷᠡᠬᠦ᠌ ᠪᠣᠭᠣᠮᠲᠠ ᠱᠢᠪᠲᠤᠯᠬᠤ᠎ᠯᠤᠭ᠎ᠠ  ᠭᠦᠨᠵᠡᠭᠡᠶ ᠠᠭᠤᠰᠤᠯᠴᠠᠭᠤᠯᠵᠤ᠂ 《ᠰᠠᠭᠤᠷᠢ᠎ᠶ᠋ᠢ ᠪᠡᠬᠢᠵᠢᠭᠦᠯᠬᠦ᠂ ᠱᠢᠨ᠎ᠡ ᠠᠷᠭ᠎ᠠ ᠵᠠᠮ ᠰᠦᠪᠡᠭᠴᠢᠯᠡᠬᠦ᠂ ᠳᠤᠮᠳᠠ ᠤᠷᠤᠰᠭᠠᠯ᠎ᠳᠤ ᠣᠷᠣᠭᠤᠯᠬᠤ》 ᠬᠠᠷᠠᠯᠲᠠ᠎ᠶ᠋ᠢ ᠲᠣᠭ᠍ᠲᠠᠭᠠᠵᠤ᠂ 《ᠭᠤᠷᠪᠠ᠎ᠶ᠋ᠢ ᠳᠠᠬᠢᠨ᠎ᠢᠶᠠᠷ ᠨᠡᠮᠡᠭ᠌ᠳᠡᠭᠦᠯᠬᠦ᠌》 ᠲᠥᠯᠥᠪᠯᠡᠭᠡ᠎ᠳᠤ ᠬᠦᠴᠦᠨ ᠵᠢᠡᠨ ᠲᠦᠪᠯᠡᠷᠡᠭᠦᠯᠦᠨ᠂ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠂ ᠲᠥᠷᠥᠯ ᠵᠦᠶ᠋ᠯ᠎ᠦᠨ ᠪᠠᠢᠭᠤᠯᠤᠯᠲᠠ᠎ᠶ᠋ᠢᠨ 《ᠬᠤᠷᠳᠤᠴᠠ᠎ᠶ᠋ᠢ ᠲᠦᠷᠭᠡᠳᠭᠡᠬᠦ᠌》 ᠵᠢ ᠠᠬᠢᠭᠤᠯᠵᠠᠢ᠃

ᠲᠤᠰᠭᠠᠶ ᠠᠵᠢᠯᠯᠠᠭ᠎ᠠ ᠵᠢᠨ ᠶᠠᠪᠤᠴᠠ᠎ᠳᠤ᠂ ᠲᠤᠰ ᠬᠣᠱᠢᠭᠤᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠵᠣᠬᠢᠶᠠᠨ ᠪᠠᠢᠭᠤᠯᠤᠯᠲᠠ᠎ᠶ᠋ᠢᠨ ᠲᠠᠯ᠎ᠠ ᠪᠡᠷ ᠨᠢᠭ᠍ᠲᠠ ᠴᠢᠩᠭ᠎ᠠ ᠪᠠᠲᠤᠯᠠᠭ᠎ᠠ ᠬᠠᠩᠭᠠᠨ᠂ 《ᠨᠠᠶ᠋ᠮᠠᠨ ᠨᠢᠭᠡ》 ᠵᠢᠨ ᠠᠷᠭ᠎ᠠ ᠬᠡᠮᠵᠢᠶ᠎ᠡ ᠬᠢᠭᠡᠳ 《ᠨᠢᠭᠡ ᠬᠠᠷᠠᠭᠠᠯᠵᠠᠭᠰᠠᠨ》 ᠦᠶ᠋ᠯᠡᠴᠢᠯᠡᠭᠡᠨ᠎ᠦ ᠲᠤᠰᠭᠠᠶ ᠠᠩᠭᠢ᠎ᠶ᠋ᠢᠨ ᠲᠣᠭ᠍ᠲᠠᠴᠠ᠎ᠶ᠋ᠢ ᠨᠠᠢᠳᠠᠪᠤᠷᠢᠵᠢᠭᠤᠯᠵᠦ᠂ 《ᠨᠢᠭᠡ ᠲᠥᠷᠥᠯ ᠵᠦᠢᠯ᠂ ᠨᠢᠭᠡ ᠭᠠᠵᠠᠷ᠎ᠤᠨ ᠳᠡᠰ᠎ᠤᠨ ᠤᠳᠤᠷᠢᠳᠤᠯᠭ᠎ᠠ᠂ ᠲᠤᠰᠭᠠᠶ ᠳᠤᠭᠤᠢᠯᠠᠩ᠂ ᠪᠦᠬᠦ ᠶᠠᠪᠤᠴᠠ ᠵᠢ ᠬᠠᠷᠢᠭᠤᠴᠠᠨ ᠲᠠᠭᠤᠰᠬᠠᠬᠤ》 ᠬᠠᠷᠢᠭᠤᠴᠠᠯᠭ᠎ᠠ ᠵᠢ ᠲᠤᠳᠤᠷᠬᠠᠢᠯᠠᠵᠦ᠂ 48 ᠭᠣᠣᠯᠳᠠᠯᠭ᠎ᠠ᠎ᠲᠠᠶ ᠲᠥᠷᠥᠯ ᠵᠦᠢᠯ᠎ᠦᠨ ᠡᠭᠦᠷᠭᠡ ᠵᠢ ᠨᠠᠷᠢᠯᠢᠭ ᠲᠤᠳᠤᠷᠬᠠᠢ ᠬᠤᠪᠢᠶᠠᠷᠢᠯᠠᠨ ᠲᠤᠭᠳᠠᠭᠠᠵᠠᠢ᠃ ᠠᠢᠮᠠᠭ᠎ᠤᠨ ᠲᠡᠰ᠎ᠤᠨ ᠲᠥᠷᠥᠯ ᠵᠦᠢᠯ᠎ᠢ  ᠭᠠᠷᠠᠭ ᠪᠦᠷᠢ ᠲᠤᠬᠢᠷᠠᠭᠤᠯᠬᠤ᠂ ᠬᠣᠱᠢᠭᠤᠨ᠎ᠤ ᠲᠡᠰ᠎ᠤᠨ ᠲᠥᠷᠥᠯ ᠵᠦᠶ᠋ᠯ᠎ᠢ ᠰᠠᠷ᠎ᠠ ᠪᠦᠷᠢ ᠲᠣᠬᠢᠷᠠᠭᠤᠯᠬᠤ ᠵᠢ ᠬᠡᠷᠡᠭᠵᠢᠭᠦᠯᠵᠦ᠂ 《ᠲᠡᠭᠡᠷ᠎ᠠ ᠲᠤᠤᠷ᠎ᠠ ᠱᠠᠳᠤ ᠪᠤᠯᠤᠨ ᠪᠦᠬᠦᠯᠢ ᠴᠤᠭᠴᠠ ᠪᠡᠷ ᠵᠢᠠᠨ ᠬᠤᠯᠪᠤᠭᠠᠯᠠᠨ ᠠᠬᠢᠭᠤᠯᠬᠤ》 ᠦᠶ᠋ᠯᠡᠴᠢᠯᠡᠭᠡᠨ᠎ᠦ ᠪᠠᠢᠷᠢᠱᠢᠯ᠎ᠢ ᠪᠦᠷᠢᠯᠳᠦᠭᠦᠯᠦᠨ᠂ ᠣᠳᠣᠬᠠᠨ᠎ᠳᠤ ᠱᠢᠨ᠎ᠡ᠎ᠪᠡᠷ ᠪᠠᠢᠭᠤᠯᠬᠤ ᠪᠡᠷ ᠪᠤᠢ 8 ᠲᠦᠷᠦᠯ ᠵᠦᠢᠯ ᠨᠢ ᠭᠠᠷ ᠭᠦᠢᠴᠡᠳᠭᠡᠯ ᠵᠢᠡᠨ ᠪᠦᠬᠦᠨ᠎ᠢ ᠳᠠᠭᠤᠰᠬᠠᠭᠠᠳ ᠪᠦᠲᠦᠭᠡᠨ ᠪᠠᠢᠭᠤᠯᠵᠦ ᠡᠬᠢᠯᠡᠭᠰᠡᠨ ᠪᠠᠢᠨ᠎ᠠ᠃

ᠰᠥᠨᠢᠳ ᠪᠠᠷᠠᠭᠤᠨ ᠬᠣᠱᠢᠭᠤᠨ᠎ᠤ ᠡᠯ᠎ᠡ ᠰᠠᠯᠠᠭ᠎ᠠ ᠮᠥᠴᠢᠷ ᠥᠨᠳᠥᠷ ᠪᠦᠲᠦᠮᠵᠢᠲᠡᠶ ᠬᠢᠨᠠᠨ ᠵᠥᠪᠱᠢᠶᠡᠷᠡᠬᠦ᠌ ᠶᠠᠪᠤᠴᠠ᠎ᠪᠠᠷ ᠳᠠᠮᠵᠢᠨ᠂ 《ᠬᠦᠴᠢᠷ ᠠᠰᠠᠭᠤᠳᠠᠯ》 ᠤ᠋ᠨ ᠪᠤᠭᠤᠮᠢ ᠵᠢ ᠡᠪᠳᠡᠵᠦ᠂ ᠠᠵᠤ ᠠᠬᠤᠢᠯᠠᠯ᠎ᠢ ᠤᠷᠢᠳᠴᠢᠯᠠᠨ ᠵᠢᠯᠣᠭᠣᠳᠴᠤ᠌  ᠲᠥᠷᠥᠯ  ᠵᠦᠶ᠋ᠯ ᠲᠣᠭ᠍ᠲᠠᠭᠠᠬᠤ᠂ ᠣᠶ ᠱᠢᠭᠤᠶ ᠨᠤᠲᠤᠭ ᠪᠡᠯᠴᠢᠭᠡᠷ᠎ᠢ ᠲᠠᠲᠠᠪᠤᠷᠢᠯᠠᠨ ᠬᠡᠷᠡᠭ᠌ᠯᠡᠬᠦ᠌ ᠵᠡᠷᠭᠡ ᠭᠠᠷᠳᠠᠮ᠎ᠢ ᠭᠦᠢᠴᠡᠳᠭᠡᠪᠡ᠃ 《ᠳᠥᠷᠪᠡ᠎ᠶ᠋ᠢ ᠦᠨᠳᠦᠰᠦᠨ ᠱᠠᠲᠤᠨ᠎ᠳᠤ ᠪᠠᠭᠤᠯᠭᠠᠬᠤ》 ᠰᠤᠷᠲᠠᠯ᠎ᠢ ᠪᠠᠳᠠᠷᠠᠭᠤᠯᠤᠨ᠂ ᠬᠢᠨᠠᠨ ᠵᠥᠪᠱᠢᠶᠡᠷᠡᠬᠦ᠌᠎ᠳᠦ ᠬᠦᠴᠢᠷᠲᠡᠶ ᠠᠰᠠᠭᠤᠳᠠᠯ᠎ᠢ ᠲᠤᠬᠠᠶ᠎ᠶ᠋ᠢᠨ ᠭᠠᠵᠠᠷ᠎ᠲᠤᠨᠢ ᠱᠢᠶ᠋ᠳᠪᠦᠷᠢᠯᠡᠵᠦ᠂ ᠰᠠᠯᠠᠭ᠎ᠠ ᠮᠥᠴᠢᠷ ᠨᠢᠭᠡᠳᠦᠯᠳᠡᠢ ᠠᠵᠢᠯᠯᠠᠬᠤ᠂ ᠨᠡᠢᠯᠡᠭᠦᠯᠦᠨ ᠬᠢᠨᠠᠨ ᠵᠥᠪᠱᠢᠶᠡᠷᠡᠬᠦ᠌᠎ᠶ᠋ᠢ ᠬᠡᠷᠡᠭ᠌ᠵᠢᠭᠦᠯᠵᠠᠢ᠃ ᠴᠢᠬᠤᠯᠠ ᠶᠡᠬᠡ ᠲᠥᠷᠥᠯ ᠵᠦᠶ᠋ᠯ᠎ᠳᠦ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠵᠦ᠍᠂ ᠳᠤᠲᠠᠭ᠍ᠳᠠᠯ᠎ᠢ᠎ᠨᠢ ᠪᠠᠭ᠍ᠲᠠᠭᠠᠵᠤ  ᠭᠥᠯᠢᠶᠡᠨ ᠠᠪᠴᠤ᠌ ᠱᠢᠶ᠋ᠳᠪᠦᠷᠢᠯᠡᠬᠦ᠌᠎ᠶ᠋ᠢ ᠠᠬᠢᠭᠤᠯᠪᠠ᠃

ᠡᠭᠦᠨ᠎ᠳᠦ᠂ ᠮᠧᠩ ᠨᠧᠩ᠎ᠤᠨ ᠰᠦᠨᠢᠳ ᠪᠠᠷᠠᠭᠤᠨ ᠬᠤᠰᠢᠭᠤᠨ᠎ᠤ 100 ᠲᠦᠮᠡᠨ ᠺᠢᠯᠦᠸᠠᠲ᠎ᠤᠨ ᠰᠠᠯᠬᠢᠨ ᠬᠦᠴᠦᠨ᠎ᠤ ᠴᠠᠬᠢᠯᠭᠠᠨ ᠡᠨ᠋ᠸᠷᠭᠢ  ᠨᠥᠭᠡᠴᠡᠯᠡᠬᠦ᠌ ᠲᠥᠷᠥᠯ ᠵᠦᠢᠯ 7 ᠡᠳᠦᠷ᠎ᠦᠨ ᠳᠣᠲᠣᠷ᠎ᠠ 65 ᠬᠡᠰᠡᠭ  ᠨᠤᠲᠤᠭ ᠪᠡᠯᠴᠢᠭᠡᠷ᠎ᠲᠠᠲᠠᠪᠤᠷᠢᠯᠠᠬᠤ ᠨᠥᠬᠥᠪᠥᠷᠢ ᠵᠢᠨ ᠠᠵᠢᠯ᠎ᠢ ᠪᠡᠶᠡᠯᠡᠭᠦᠯᠵᠦ᠍᠂ 2 ᠰᠠᠷ᠎ᠠ᠎ᠶ᠋ᠢᠨ ᠳᠠᠷᠠᠭ᠎ᠠ ᠠᠵᠢᠯ ᠵᠢᠠᠨ ᠡᠬᠢᠯᠡᠭᠦᠯᠬᠦ ᠪᠡᠷ ᠪᠤᠢ᠃ 310 ᠨᠡᠭᠦᠷᠡᠰᠦᠲᠥ᠋ᠷᠥᠭ᠌ᠴᠢ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ ᠵᠠᠭᠤᠨ ᠡᠳᠦᠷ᠎ᠲᠦ ᠠᠵᠢᠯ᠎ᠢᠶᠠᠨ ᠡᠬᠢᠯᠡᠭᠦᠯᠵᠦ᠍᠂ ᠪᠥᠬᠥ᠌ ᠬᠣᠱᠢᠭᠤᠨ᠎ᠤ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌ ᠴᠠᠭ ᠨᠢ ᠳᠤᠮᠳᠠᠴᠢ᠎ᠪᠠᠷ 50% ᠪᠡᠷ ᠪᠤᠭᠤᠨᠢᠰᠤᠨ᠂ ᠭᠠᠷᠳᠠᠮ ᠪᠦᠷᠢᠳᠦᠭᠰᠡᠨ ᠨᠣᠷᠮ᠎ᠠ ᠨᠢ 100%᠎ᠳᠤ ᠬᠥᠷᠴᠠᠢ᠃

ᠰᠥᠨᠢᠳ ᠪᠠᠷᠠᠭᠤᠨ ᠬᠣᠱᠢᠭᠤ ᠵᠠᠰᠠᠭ ᠪᠠ ᠠᠵᠤ ᠠᠬᠤᠢᠯᠠᠯ᠎ᠤᠨ ᠬᠠᠷᠢᠯᠴᠠᠨ ᠬᠣᠯᠪᠣᠭᠠᠯᠠᠬᠤ᠎ᠶ᠋ᠢ ᠨᠢᠭ᠍ᠲᠠᠷᠠᠭᠤᠯᠵᠤ᠂ ᠨᠡᠪᠲᠡᠷᠡᠯᠴᠡᠬᠦ᠎ᠳᠤ ᠬᠦᠴᠢᠷ ᠠᠰᠠᠭᠤᠳᠠᠯ᠎ᠢ ᠰᠢᠢᠳᠪᠦᠷᠢᠯᠡᠨ᠂ ᠲᠥᠷᠥᠯ ᠵᠦᠶ᠋ᠯ᠎ᠢ ᠲᠥᠬᠥᠷᠵᠢᠭᠦᠯᠦᠨ ᠦᠶ᠋ᠯᠡᠴᠢᠯᠡᠬᠦ᠎ᠳᠤ 《ᠴᠠᠭ ᠲᠤᠬᠠᠶ᠎ᠳᠤᠨᠢ ᠵᠣᠬᠢᠴᠠᠭᠤᠯᠤᠨ᠂ ᠡᠳᠦᠷ ᠪᠦᠷᠢ ᠮᠡᠳᠡᠭᠦᠯᠵᠦ᠍᠂ ᠭᠠᠷᠠᠭ ᠪᠦᠷᠢ ᠲᠣᠬᠢᠷᠠᠭᠤᠯᠬᠤ》 ᠵᠢ ᠪᠡᠶᠡᠯᠡᠭᠦᠯᠪᠡ᠂ ᠠᠵᠤ ᠠᠬᠤᠢᠯᠠᠯ᠎ᠤᠨ ᠬᠦᠰᠡᠯ ᠬᠡᠷᠡᠭᠴᠡᠭᠡ᠎ᠶ᠋ᠢ ᠲᠥᠷᠥᠯ ᠬᠤᠪᠢᠶᠠᠨ ᠱᠢᠶ᠋ᠳᠪᠦᠷᠢᠯᠡᠵᠦ᠍᠂ ᠡᠩ᠎ᠦᠨ ᠠᠰᠠᠭᠤᠳᠠᠯ᠎ᠢ ᠮᠡᠳᠡᠭᠦᠯᠬᠦ᠌᠎ᠶ᠋ᠢᠨ ᠳᠠᠭᠠᠤ ᠱᠢᠶ᠋ᠳᠪᠦᠷᠢᠯᠡᠵᠦ᠍᠂ ᠪᠤᠳᠤᠯᠢᠶᠠᠨᠲᠠᠶ ᠠᠰᠠᠭᠤᠳᠠᠯ᠎ᠢ 48 ᠴᠠᠭ᠎ᠤᠨ ᠳᠣᠲᠣᠷ᠎ᠠ ᠡᠮᠬᠢᠯᠡᠬᠦ ᠶ᠋ᠢᠨ ᠬᠠᠮᠲᠤ ᠲᠥᠰᠦᠯ ᠳᠤᠷᠠᠳᠴᠤ᠌᠂ ᠠᠵᠤ ᠠᠬᠤᠢᠯᠠᠯ᠎ᠤᠨ ᠭᠠᠷ ᠭᠦᠢᠴᠡᠳᠭᠡᠯ ᠬᠢᠬᠦ ᠶᠠᠪᠤᠴᠠ ᠵᠢ ᠲᠦᠭᠦᠮᠴᠢᠯᠡᠵᠠᠢ᠃ ᠪᠦᠷᠢᠳᠭᠡᠯ᠎ᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ᠎ᠳᠤ ᠰᠥᠨᠢᠳ ᠪᠠᠷᠠᠭᠤᠨ ᠬᠣᠱᠢᠭᠤᠨ᠎ᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ 37.4 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠡᠮᠡᠭ᠌ᠳᠡᠯ᠎ᠦᠨ ᠬᠤᠷᠳᠤᠴᠠ᠎ᠨᠢ 43.1% ᠳ᠋ᠤ ᠬᠦᠷᠴᠦ᠍᠂ ᠪᠥᠬᠥ᠌ ᠵᠢᠯ᠎ᠦᠨ ᠡᠭᠦᠷᠭᠡ᠎ᠪᠡᠨ 116.8% ᠪᠡᠷ  ᠪᠡᠶᠡᠯᠡᠭᠦᠯᠵᠦ᠍᠂ ᠥᠪᠥᠷ ᠮᠣᠩᠭᠣᠯ᠎ᠤᠨ ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠲᠤᠰᠭᠠᠶ ᠠᠵᠢᠯᠯᠠᠭ᠎ᠠ᠎ᠶ᠋ᠢ ᠱᠢᠶ᠋ᠳᠪᠦᠷᠢᠯᠡᠬᠦ᠌᠎ᠳᠦ ᠦᠨᠳᠦᠰᠦᠨ ᠱᠠᠲᠤᠨ᠎ᠤ ᠦᠶ᠋ᠯᠡᠳᠦᠯᠭᠡ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号