ᠵᠡᠬᠦᠨᠭᠠᠷ ᠬᠤᠰᠢᠭᠤ 45 ᠠᠭᠤᠷᠬᠠᠢ ᠵᠢᠨ ᠮᠠᠰᠢᠨ ᠲᠡᠷᠭᠡ ᠵᠢ ᠮᠣᠩᠭᠣᠯ ᠤᠯᠤᠰ ᠲᠤ᠌ ᠭᠠᠷᠭᠠᠵᠠᠢ
2026-02-13 10:16:02
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠵᠡᠭᠦᠨᠭᠠᠷ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠡᠴᠠ ᠣᠢᠯᠠᠭᠠᠭᠰᠠᠨ ᠶ᠋ᠢᠡᠷ᠂ ᠥᠪᠥᠷ ᠮᠣᠩᠭᠣᠯ ᠤ᠋ᠨ ᠲᠢᠶᠧ ᠴᠧᠨ ᠣᠶᠤᠨᠴᠢ ᠲᠣᠨᠣᠭᠯᠠᠯ ᠤ᠋ᠨ ᠬᠢᠵᠠᠭᠠᠷᠲᠤ ᠺᠣᠮᠫᠠᠨᠢ ᠵᠢᠨ ᠦᠢᠯᠡᠳᠪᠦᠷᠢᠯᠡᠭᠰᠡᠨ ᠲᠦᠷᠦᠭᠦᠦ ᠪᠦᠯᠦᠭ᠎ᠦᠨ 45 ᠥᠷᠭᠡᠨ ᠪᠡᠶᠡᠲᠦ ᠠᠭᠤᠷᠬᠠᠢ ᠵᠢᠨ ᠮᠠᠰᠢᠨ ᠲᠡᠷᠭᠡ ᠵᠢ ᠤᠢᠷ᠎ᠠ᠎ᠳᠤ ᠮᠣᠩᠭᠣᠯ ᠤᠯᠤᠰ ᠲᠤ᠌ ᠭᠠᠷᠭᠠᠬᠤ ᠪᠡᠷ ᠲᠡᠭᠡᠭᠡᠪᠦᠷᠢᠯᠡᠵᠦ ᠡᠬᠢᠯᠡᠵᠠᠢ᠃ ᠡᠨᠡ ᠨᠢ ᠪᠣᠬᠢᠷᠲᠤᠯ ᠦᠭᠡᠢ ᠣᠶᠤᠨᠲᠤ ᠠᠭᠤᠷᠬᠠᠢ ᠵᠢᠨ ᠬᠦᠷᠢᠶ᠎ᠠ ᠴᠠᠷᠠᠭ᠎ᠠ ᠳ᠋ᠡᠬᠢ ᠳᠡᠭᠡᠳᠦ ᠰᠢᠨ᠎ᠡ ᠮᠡᠷᠭᠡᠵᠢᠯ ᠤ᠋ᠨ ᠠᠵᠤ ᠠᠬᠤᠢᠯᠠᠯ ᠤ᠋ᠨ ᠣᠯᠠᠨ ᠤᠯᠤᠰ ᠤ᠋ᠨ ᠵᠠᠬ᠎ᠠ ᠳᠡᠯᠭᠡᠭᠦᠷ ᠢ᠋ ᠠᠮᠵᠢᠯᠲᠠ ᠲᠠᠢ ᠨᠡᠭᠡᠭᠡᠭᠰᠡᠨ ᠢ᠋ ᠬᠠᠷᠠᠭᠤᠯᠵᠤ ᠪᠠᠢᠨ᠎ᠠ᠃

ᠲᠣᠰ ᠤᠳᠠᠭ᠎ᠠ ᠎ᠶᠢᠨ ᠭᠠᠳᠠᠭᠠᠳᠤ ᠳ᠋ᠤ ᠭᠠᠷᠭᠠᠬᠤ ᠠᠭᠤᠷᠬᠠᠢ ᠶ᠋ᠢᠨ ᠮᠠᠰᠢᠨ ᠲᠡᠷᠭᠡ ᠨᠢ ᠮᠣᠩᠭᠣᠯ ᠤᠯᠤᠰ ᠤ᠋ᠨ ᠠᠭᠤᠷᠬᠠᠢ ᠵᠢᠨ ᠣᠷᠣᠨ ᠤ᠋ ᠪᠤᠳᠤᠯᠢᠶᠠᠨᠲᠠᠢ ᠠᠵᠢᠯᠯᠠᠭᠠᠨ ᠤ᠋ ᠪᠠᠢᠳᠠᠯ ᠳ᠋ᠤ ᠴᠢᠭᠯᠡᠭᠦᠯᠦᠨ᠂ ᠳᠠᠬᠢᠨ ᠳᠠᠪᠲᠠᠨ ᠪᠠᠢᠴᠠᠭᠠᠨ ᠰᠤᠳᠤᠯᠤᠯᠲᠠ ᠬᠢᠭᠰᠡᠨ ᠤ᠋ ᠳᠠᠷᠠᠭ᠎ᠠ᠂ ᠲᠤᠬᠠᠢ ᠵᠢᠨ ᠭᠠᠵᠠᠷ ᠤ᠋ᠨ ᠨᠡᠭᠦᠷᠡᠰᠦᠨ ᠠᠭᠤᠷᠬᠠᠢ ᠵᠢᠨ ᠠᠵᠤ ᠠᠬᠤᠢᠯᠠᠯ ᠤ᠋ᠨ ᠪᠣᠳᠠᠲᠤ ᠡᠵᠡᠩᠨᠡᠯᠲᠡ ᠵᠢᠨ ᠬᠡᠷᠡᠭᠴᠡᠭᠡ ᠱᠠᠭᠠᠷᠳᠠᠯᠭ᠎ᠠ ᠲᠠᠢ ᠨᠠᠷᠢᠯᠢᠭ᠋ ᠣᠨᠣᠴᠠᠲᠠᠢ ᠵᠤᠯᠭᠠᠭᠤᠯᠤᠨ ᠦᠢᠯᠡᠳᠦᠭᠰᠡᠨ ᠲᠤᠰᠬᠠᠢ ᠦᠢᠯᠡᠳᠬᠦᠨ ᠪᠠᠢᠵᠤ᠂ ᠭᠤᠤᠯᠳᠠᠭᠤ 95 ᠲᠣᠨ ᠤ᠋ ᠲᠠᠰ᠂ 110 ᠲᠣᠨ ᠤ᠋ ᠲᠠᠰ ᠤ᠋ᠨ ᠬᠣᠶᠠᠷ ᠲᠡᠷᠭᠡᠨ ᠤ᠋ ᠬᠡᠯᠪᠡᠷᠢ ᠵᠢ ᠬᠠᠮᠤᠷᠴᠤ᠂ ᠠᠶᠤᠯᠭᠦᠢ ᠴᠢᠨᠠᠷ ᠪᠠ ᠥᠨᠳᠥᠷ ᠪᠦᠲᠦᠮᠵᠢᠲᠡᠢ ᠴᠢᠨᠠᠷ ᠶ᠋ᠢᠡᠷ ᠴᠢᠩᠭ᠎ᠠ ᠪᠠᠢᠳᠠᠭ᠃ ᠳᠤᠰ ᠺᠤᠮᠫᠠᠨᠢ ᠨᠢ ᠵᠡᠭᠦᠨᠭᠠᠷ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠋ ᠤ᠋ᠨ ᠠᠵᠤ ᠦᠢᠯᠡᠰ ᠤ᠋ᠨ ᠪᠣᠢᠵᠢᠭᠤᠯᠤᠯᠲᠠ ᠵᠢᠨ ᠳᠠᠪᠠᠭᠤᠯᠢᠭ᠋ ᠵᠢᠴᠢ ᠣᠷᠳᠣᠰ ᠤ᠋ᠨ ᠰᠢᠨ᠎ᠡ ᠡᠨᠧᠷᠭᠢ ᠵᠢᠨ ᠲᠥᠷᠥ ᠵᠢᠨ ᠪᠣᠳᠣᠯᠭ᠎ᠠ ᠵᠢᠨ ᠴᠡᠪᠡᠷ ᠠᠰᠢᠭ᠋ ᠲᠤ᠌ ᠲᠦᠰᠢᠭᠯᠡᠨ᠂ ᠮᠡᠷᠭᠡᠵᠢᠯ ᠤ᠋ᠨ ᠰᠢᠨ᠎ᠡ ᠵᠢ ᠡᠬᠦᠳᠴᠤ᠂ ᠵᠠᠬᠢᠶᠠᠯᠠᠭ᠎ᠠ ᠵᠢ ᠨᠢ ᠦᠨᠳᠦᠰᠦᠯᠡᠨ ᠦᠢᠯᠡᠳᠪᠦᠷᠢᠯᠡᠬᠦ ᠵᠢ ᠪᠡᠶᠡᠯᠡᠬᠦᠯᠦᠨ᠂ ᠤᠯᠠᠨ ᠤᠯᠤᠰ ᠤ᠋ᠨ ᠵᠠᠬ᠎ᠠ ᠳᠡᠯᠭᠡᠭᠦᠷ ᠢ᠋ ᠠᠮᠵᠢᠯᠳᠠ ᠳᠠᠢ ᠨᠡᠭᠡᠭᠡᠵᠡᠢ᠃

ᠤᠢᠯᠠᠭᠠᠭᠰᠠᠨ ᠶ᠋ᠢᠡᠷ᠂ ᠡᠨᠡ ᠬᠦ᠌  45 ᠠᠭᠤᠷᠬᠠᠢ ᠵᠢᠨ ᠮᠠᠰᠢᠨ ᠲᠡᠷᠭᠡ ᠵᠢ ᠮᠣᠩᠭᠣᠯ ᠤᠯᠤᠰ ᠤ᠋ᠨ ᠬᠤᠷ᠎ᠠ ᠠᠭᠤᠷᠬᠠᠢ ᠵᠢᠨ ᠦᠢᠯᠡᠰ ᠤ᠋ᠨ ᠬᠢᠵᠠᠭᠠᠷᠲᠤ ᠺᠣᠮᠫᠠᠨᠢ ᠳ᠋ᠤ ᠬᠡᠷᠡᠭᠯᠡᠬᠦ ᠪᠣᠯᠣᠨ᠎ᠠ᠃ ᠬᠣᠶᠠᠷ ᠲᠠᠯ᠎ᠠ ᠪᠠᠷ ᠶ᠋ᠢᠡᠨ ᠨᠢᠭᠡᠨᠲᠡ ᠭᠦᠨᠵᠡᠭᠡᠢ ᠬᠠᠮᠲᠤᠷᠠᠯᠴᠠᠭ᠎ᠠ ᠪᠡᠨ ᠤᠷᠢᠳᠴᠢᠯᠠᠨ ᠪᠠᠢᠷᠢᠰᠢᠭᠤᠯᠵᠤ᠂ ᠣᠳᠣᠬᠠᠨ ᠳ᠋ᠤ ᠬᠣᠶᠠᠳᠤᠭᠠᠷ ᠪᠦᠯᠦᠭ ᠤ᠋ᠨ ᠦᠢᠯᠡᠳᠬᠦᠨ ᠤ᠋ ᠭᠠᠳᠠᠭᠠᠳᠤ ᠭᠠᠷᠭᠠᠯᠲᠠ ᠵᠢᠨ ᠪᠡᠯᠡᠳᠬᠡᠯ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ᠂ ᠵᠢᠱ᠌ᠢᠯᠲᠡ ᠪᠡᠷ 2026 ᠣᠨ ᠤ᠋ ᠳᠡᠭᠡᠷ᠎ᠡ ᠬᠠᠭᠠᠰ ᠵᠢᠯ ᠳ᠋ᠤ ᠲᠤᠰᠢᠶᠠᠵᠤ ᠳᠠᠭᠤᠰᠬᠠᠬᠤ ᠪᠣᠯᠣᠨ᠎ᠠ᠃ ᠮᠣᠩᠭᠣᠯ ᠤᠯᠤᠰ ᠤ᠋ᠨ ᠬᠤᠷ᠎ᠠ ᠠᠭᠤᠷᠬᠠᠢ ᠵᠢᠨ ᠦᠢᠯᠡᠰ ᠤ᠋ᠨ ᠬᠢᠵᠠᠭᠠᠷᠳᠤ ᠺᠤᠮᠫᠠᠨᠢ ᠶ᠋ᠢᠨ ᠳᠡᠳ᠋ ᠶᠡᠷᠦᠩᠬᠡᠢ ᠳᠠᠭᠠᠭᠠᠮᠠᠯ  ᠯᠢ ᠽᠢ ᠯᠢᠶᠠᠩ ᠢᠯᠡᠷᠭᠡᠢᠯᠡᠬᠦ᠎ᠳᠡᠭᠡᠨ᠂ ᠬᠣᠶᠠᠷ ᠲᠠᠯ᠎ᠠ ᠪᠠᠷ ᠶ᠋ᠢᠡᠨ ᠣᠷᠳᠣ᠌ ᠬᠤᠭᠤᠴᠠᠭᠠᠨ ᠤ᠋ ᠬᠠᠮᠲᠤᠷᠠᠯᠴᠠᠭᠠᠨ ᠤ᠋ ᠬᠠᠮᠲᠤ ᠵᠢᠨ ᠲᠠᠨᠢᠯᠲᠠ ᠲᠠᠢ ᠪᠣᠯᠵᠤ᠂ ᠵᠢᠱ᠌ᠢᠯᠲᠡ ᠪᠡᠷ 2026 ᠣᠨ ᠤ᠋ 6 ᠰᠠᠷ᠎ᠠ ᠡᠴᠠ 7 ᠰᠠᠷ᠎ᠠ ᠵᠢᠨ ᠬᠣᠭᠣᠷᠣᠨᠳᠤ ᠳᠠᠬᠢᠨ 20 ︱30 ᠠᠭᠤᠷᠬᠠᠢ ᠵᠢᠨ ᠮᠠᠰᠢᠨ ᠳᠡᠷᠭᠡ  ᠠᠷᠠᠯᠵᠢᠶᠠᠯᠠᠬᠤ ᠪᠡᠷ ᠳᠤᠭᠳᠠᠵᠠᠢ ᠭᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号