ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠡᠷᠲᠡᠬᠡᠨ ᠲᠥᠯᠥᠪᠵᠢᠭᠦᠯᠵᠦ᠍᠂ ᠡᠷᠲᠡᠬᠡᠨ ᠪᠠᠢᠷᠢᠯᠠᠭᠤᠯᠵᠤ᠂ ᠬᠠᠷᠢᠶ᠎ᠠ ᠨᠢᠰᠭᠡᠯ ᠤ᠋ᠨ ᠪᠠᠭᠤᠳᠠᠯ ᠤ᠋ᠨ ᠠᠭᠠᠷ ᠤ᠋ᠨ ᠠᠶᠠᠯᠠᠯ ᠤ᠋ᠨ ᠱᠤᠭᠤᠮ ᠤ᠋ᠨ ᠲᠤᠤᠷ ᠤ᠋ᠨ ᠪᠠᠢᠷᠢᠱᠢᠯ ᠢ᠋ ᠪᠥᠬᠥ᠌ ᠲᠠᠯ᠎ᠠ ᠪᠠᠷ ᠱᠢᠯᠢᠳᠡᠭ᠌ᠵᠢᠭᠦᠯᠤᠨ᠂ ᠣᠷᠣᠨ ᠤ᠋ ᠳᠣᠲᠣᠷ᠎ᠠ ᠭᠠᠳᠠᠨᠠᠬᠢ ᠶ᠋ᠢ ᠬᠣᠯᠪᠣᠭ᠍ᠰᠠᠨ 《ᠠᠭᠠᠷᠤᠨ ᠵᠠᠮ》 ᠢ᠋ ᠤᠯᠠᠮ ᠨᠢᠭᠡ ᠠᠯᠬᠤᠮ ᠨᠢᠭ᠍ᠲᠠ ᠰᠦᠯᠵᠢᠵᠤ᠂ ᠥᠷᠭᠡᠨ ᠣᠯᠠᠨ ᠠᠶᠠᠨᠴᠢᠳ ᠲᠦ᠍ ᠴᠠᠭᠠᠨ ᠰᠠᠷ᠎ᠠ ᠢ᠋ᠢᠨ ᠵᠦᠭᠡᠭᠡᠪᠦᠷᠢ ᠶ᠋ᠢᠨ ᠳᠥᠭᠥᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠡᠭᠭᠠᠵᠤ ᠪᠠᠢᠨ᠎ᠠ᠃
ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠲᠡᠭᠡᠭᠡᠪᠦᠷᠢ ᠢ᠋ᠢᠨ ᠬᠦᠴᠦᠨ ᠢ᠋ ᠢᠳᠡᠪᠬᠢᠲᠡᠶ ᠵᠣᠬᠢᠴᠠᠭᠤᠯᠵᠤ᠂ 2 ᠰᠠᠷ᠎ᠠ ᠢ᠋ᠢᠨ 6 ᠡᠴᠡ ᠡᠬᠢᠯᠡᠨ ᠬᠥᠬᠡᠬᠣᠲᠠ ᠡᠴᠡ ᠱᠢᠶᠠᠩᠭᠠᠩ ᠬᠦᠷᠬᠦ᠌ ᠠᠶᠠᠯᠠᠯ ᠤ᠋ᠨ ᠱᠤᠭᠤᠮ ᠤ᠋ᠨ ᠠᠶᠠᠯᠠᠯ ᠢ᠋ ᠰᠡᠷᠭᠦᠭᠡᠬᠦ᠌ ᠢ᠋ᠢᠨ ᠬᠠᠮᠲᠤ ᠱᠧᠨᠵᠧᠨ᠂ ᠭᠤᠸᠠᠩᠵᠧᠦ᠂ ᠵᠦᠬᠠᠢ ᠵᠡᠷᠭᠡ ᠭᠠᠵᠠᠷ ᠲᠦ᠍ ᠬᠦᠷᠬᠦ ᠠᠶᠠᠯᠠᠯ ᠤ᠋ᠨ ᠱᠤᠭᠤᠮ ᠢ᠋ ᠱᠢᠨ᠎ᠡ ᠪᠡᠷ ᠨᠡᠮᠡᠵᠦ᠍᠂ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠳ᠋ᠤ ᠬᠥᠷᠬᠥ᠌ ᠡᠭᠡᠯᠵᠢ ᠢ᠋ᠢᠨ ᠨᠢᠰᠭᠡᠯ ᠢ᠋ ᠭᠤᠤᠯᠳᠠᠯᠭ᠎ᠠ ᠲᠠᠶ ᠨᠡᠮᠡᠭᠳᠡᠭᠦᠯᠪᠠ᠃ ᠡᠬᠦᠨ ᠤ᠋ ᠬᠠᠮᠳᠤ ᠪᠸᠢ᠌ᠬᠠᠢ᠂ ᠱᠢᠱᠤᠸᠠᠩᠪᠠᠨᠨᠠ ᠵᠡᠷᠭᠡ ᠠᠭᠠᠷ ᠤ᠋ᠨ ᠠᠶᠠᠯᠠᠯ ᠤ᠋ᠨ ᠱᠤᠭᠤᠮ ᠢ᠋ ᠱᠢᠨ᠎ᠡ ᠪᠡᠷ ᠨᠡᠮᠡᠭ᠌ᠰᠡᠨ ᠪᠥᠭᠡᠳ ᠬᠠᠩᠵᠧᠦ᠂ ᠴᠧᠩᠳᠦ᠋᠂ ᠴᠦᠩᠴᠢᠩ᠂ ᠵᠢᠨᠠᠨ᠂ ᠴᠠᠩᠱᠠ᠂ ᠲᠢᠶᠠᠨᠵᠢᠨ ᠵᠡᠷᠭᠡ ᠳ᠋ᠤ ᠬᠦᠷᠬᠦ ᠬᠠᠯᠠᠮᠱᠢᠯ ᠡᠭᠡᠯᠵᠢ ᠢ᠋ᠢᠨ ᠨᠢᠰᠭᠡᠯ ᠢ᠋ ᠨᠡᠮᠡᠭᠳᠡᠭᠦᠯᠵᠤ᠂ ᠠᠶᠠᠨᠴᠢᠳ ᠲᠤ᠌ ᠨᠠᠩ ᠡᠯᠪᠡᠭ ᠪᠠᠶᠠᠯᠢᠭ ᠰᠣᠩᠭᠣᠯᠲᠠ ᠬᠠᠡᠭᠭᠠᠵᠠᠢ᠃ ᠪᠠᠰᠠ 《ᠭᠤᠤᠯ ᠱᠤᠭᠤᠮ ᠪᠠ ᠰᠠᠯᠪᠤᠷᠢ ᠱᠤᠭᠤᠮ᠂ ᠪᠥᠬᠥ᠌ ᠲᠤᠤᠷ ᠢ᠋ ᠬᠣᠯᠪᠣᠬᠤ》 ᠪᠠᠢᠯᠳᠤᠬᠤ ᠪᠣᠳᠣᠯᠭ᠎ᠠ ᠶ᠋ᠢ ᠲᠤᠭᠤᠰᠢᠯᠠᠭᠤᠯᠵᠤ ᠂ ᠣᠷᠣᠨ ᠤ᠋ ᠳᠣᠲᠣᠷᠠᠬᠢ ᠠᠭᠠᠷ ᠤ᠋ᠨ ᠠᠶᠠᠯᠠᠯ ᠤ᠋ᠨ ᠲᠤᠤᠷ ᠢ᠋ ᠱᠢᠯᠢᠳᠡᠭ᠌ᠵᠢᠭᠦᠯᠦᠨ᠂ ᠤᠯᠠᠭᠠᠨᠬᠠᠳᠠ᠂ ᠬᠠᠢᠯᠠᠷ᠂ ᠮᠠᠨᠵᠤᠤᠷ᠂ ᠵᠠᠯᠠᠨ ᠠᠢᠯ ᠵᠡᠷᠭᠡ ᠭᠠᠵᠠᠷ ᠲᠦ᠍ ᠬᠥᠷᠬᠥ᠌ ᠡᠭᠡᠯᠵᠢ ᠢ᠋ᠢᠨ ᠨᠢᠰᠭᠡᠯ ᠢ᠋ ᠨᠡᠮᠡᠭᠳᠡᠭᠦᠯᠪᠠ ᠃
ᠣᠢᠯᠠᠭᠠᠭ᠍ᠰᠠᠨ ᠢ᠋ᠢᠡᠷ᠂ 2026 ᠣᠨ ᠤ᠋ ᠴᠠᠭᠠᠨ ᠰᠠᠷ᠎ᠠ ᠢ᠋ᠢᠨ ᠵᠥᠭᠡᠭᠡᠪᠦᠷᠢ ᠢ᠋ᠢᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠨᠢᠰᠭᠡᠯ ᠤ᠋ᠨ ᠪᠠᠭᠤᠳᠠᠯ ᠤ᠋ᠨ ᠪᠦᠯᠦᠭ᠌ᠯᠡᠯ ᠤ᠋ᠨ ᠡᠳᠦᠷ ᠳᠤᠮᠳᠠᠴᠢ ᠢ᠋ᠢᠨ ᠡᠭᠡᠯᠵᠢ ᠢ᠋ᠢᠨ ᠨᠢᠰᠭᠡᠯ ᠤ᠋ᠨ ᠲᠣᠭ᠎ᠠ ᠵᠢᠱ᠌ᠢᠯᠲᠡ ᠪᠡᠷ 681 ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠢ᠋ᠢᠨ ᠠᠶᠠᠨᠴᠢᠳ ᠤ᠋ᠨ ᠲᠣᠭ᠎ᠠ ᠵᠢᠱ᠌ᠢᠯᠲᠡ ᠪᠡᠷ 6.6 ᠲᠦᠮᠡᠨ ᠬᠥᠮᠦᠨ ᠤᠳᠠᠭ᠎ᠠ ᠳ᠋ᠤ ᠬᠥᠷᠬᠥ᠌ ᠪᠣᠯᠤᠨ᠎ᠠ᠃ ᠡᠭᠦᠨ ᠳ᠋ᠤ ᠬᠥᠬᠡᠬᠣᠲᠠ ᠢ᠋ᠢᠨ ᠨᠢᠰᠭᠡᠯ ᠤ᠋ᠨ ᠪᠠᠭᠤᠳᠠᠯ ᠤ᠋ᠨ ᠡᠳᠦᠷ ᠳᠤᠮᠳᠠᠴᠢ ᠢ᠋ᠢᠨ ᠡᠭᠡᠯᠵᠢ ᠢ᠋ᠢᠨ ᠨᠢᠰᠭᠡᠯ ᠤ᠋ᠨ ᠲᠣᠭ᠎ᠠ ᠵᠢᠱ᠌ᠢᠯᠲᠡ ᠪᠡᠷ 317 ᠤᠳᠠᠭ᠎ᠠ ᠳ᠋ᠤ ᠬᠦᠷᠴᠦ᠍᠂ ᠡᠳᠦᠷ ᠳᠤᠮᠳᠠᠴᠢ ᠢ᠋ᠢᠨ ᠠᠶᠠᠨᠴᠢᠳ ᠤ᠋ᠨ ᠲᠣᠭ᠎ᠠ ᠵᠢᠱ᠌ᠢᠯᠲᠡ ᠪᠡᠷ 3.4 ᠲᠦᠮᠡᠨ ᠬᠥᠮᠦᠨ ᠤᠳᠠᠭ᠎ᠠ ᠳ᠋ᠤ ᠬᠥᠷᠬᠥ᠌ ᠪᠣᠯᠤᠨ᠎ᠠ᠃