2 ᠰᠠᠷ᠎ᠠ ᠶ᠋ᠢᠨ 4 ᠤ᠋ ᠡᠳᠦᠷ᠂ ᠰᠢᠨᠬᠤᠸᠠ ᠬᠤᠷᠢᠶ᠎ᠠ ᠶ᠋ᠢᠨ 《ᠳᠤᠮᠳᠠᠳᠤ ᠤᠯᠤᠰ ᠤ᠋ᠨ ᠲᠦᠷᠦᠯ ᠲᠡᠮᠳᠡᠭ ᠤ᠋ᠨ ᠪᠦᠬᠦ ᠪᠦᠮᠪᠦᠷᠴᠡᠭ ᠤ᠋ᠨ ᠠᠶᠠᠯᠠᠯ》 ᠤ᠋ᠨ ᠠᠵᠢᠯᠯᠠᠭ᠎ᠠ ᠶ᠋ᠢᠨ ᠡᠬᠢᠯᠡᠬᠦ ᠶᠤᠰᠤᠯᠠᠯ ᠶᠠᠪᠤᠭᠳᠠᠵᠤ᠂ ᠮᠠᠨ ᠤ᠋ ᠤᠷᠤᠨ ᠡᠴᠡ ᠪᠠᠶᠠᠨᠨᠠᠭᠤᠷ ᠬᠤᠳᠠ ᠶ᠋ᠢᠨ 《ᠲᠩᠷᠢ ᠶ᠋ᠢᠨ ᠬᠡᠰᠢᠭᠳᠦ ᠪᠤᠷᠤᠳᠤᠬᠤᠢ》 ᠤᠷᠤᠨ ᠪᠦᠰᠡ ᠶ᠋ᠢᠨ ᠨᠡᠢᠳᠡ ᠶ᠋ᠢᠨ ᠬᠡᠷᠡᠭᠯᠡᠭᠡᠨ ᠤ᠋ ᠲᠦᠷᠦᠯ ᠲᠡᠮᠳᠡᠭ ᠨᠢ ᠲᠤᠰ ᠠᠵᠢᠯᠯᠠᠭ᠎ᠠ ᠶ᠋ᠢᠨ ᠲᠦᠷᠦᠭᠦᠦ ᠪᠦᠯᠦᠭ ᠤ᠋ᠨ ᠬᠠᠮᠳᠤᠷᠠᠯᠴᠠᠭᠠᠨ ᠤ᠋ ᠬᠠᠨᠢᠳᠠᠨ ᠶ᠋ᠢᠡᠷ ᠭᠡᠷ᠎ᠠ ᠳᠤᠬᠢᠷᠠᠯᠴᠠᠪᠠ᠃ ᠡᠨᠡ ᠨᠢ 《ᠲᠩᠷᠢ ᠶ᠋ᠢᠨ ᠬᠡᠰᠢᠭᠳᠦ ᠪᠤᠷᠤᠳᠤᠬᠤᠢ》 ᠲᠦᠷᠦᠯ ᠲᠡᠮᠳᠡᠭ ᠤ᠋ᠨ ᠳᠡᠯᠡᠬᠡᠢᠵᠢᠯᠳᠡ ᠶ᠋ᠢᠨ ᠠᠶᠠᠨ ᠡᠬᠢᠯᠡᠭᠰᠡᠨ ᠢ᠋ ᠬᠠᠷᠠᠭᠤᠯᠤᠨ᠎ᠠ᠃
《ᠲᠩᠷᠢ ᠶ᠋ᠢᠨ ᠬᠡᠰᠢᠭᠳᠦ ᠪᠤᠷᠤᠳᠤᠬᠤᠢ》 ᠪᠤᠯ ᠪᠠᠶᠠᠨᠨᠠᠭᠤᠷ ᠬᠤᠳᠠ ᠵᠢᠨ ᠤᠷᠤᠨ ᠨᠤᠳᠤᠭ ᠤ᠋ᠨ ᠦᠪᠡᠷᠮᠢᠴᠡ ᠭᠠᠵᠠᠷ ᠵᠦᠢ ᠶ᠋ᠢᠨ ᠳᠠᠪᠠᠭᠤᠯᠢᠭ ᠪᠠ ᠨᠡᠭᠡᠭᠡᠯᠳᠡ ᠶ᠋ᠢᠨ ᠳᠠᠯᠳᠠ ᠬᠦᠴᠦᠨ ᠵᠢᠡᠨ ᠠᠰᠢᠭᠯᠠᠨ ᠡᠭᠦᠳᠦᠭᠰᠡᠨ ᠪᠦᠬᠦ ᠠᠵᠤ ᠦᠢᠯᠡᠰ᠂ ᠪᠦᠬᠦ ᠲᠦᠷᠦᠯ ᠵᠦᠢᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠤᠷᠤᠨ ᠪᠦᠰᠡ ᠶ᠋ᠢᠨ ᠨᠡᠢᠳᠡ ᠶ᠋ᠢᠨ ᠬᠡᠷᠡᠭᠯᠡᠭᠡᠨ ᠤ᠋ ᠲᠦᠷᠦᠯ ᠲᠡᠮᠳᠡᠭ ᠪᠤᠯᠤᠨ᠎ᠠ᠃ ᠪᠠᠶᠠᠨᠨᠠᠭᠤᠷ ᠬᠤᠳᠠ ᠲᠤᠰ ᠲᠦᠷᠦᠯ ᠲᠡᠮᠳᠡᠭ ᠢ᠋ ᠡᠭᠦᠳᠬᠦ ᠪᠡᠷ ᠳᠠᠮᠵᠢᠨ 《ᠠᠮᠤ ᠲᠤᠰᠤ᠂ ᠵᠢᠮᠢᠰ ᠢᠳᠡᠰᠢᠨ ᠨᠤᠭᠤᠭ᠎ᠠ᠂ ᠮᠢᠬ᠎ᠠ ᠰᠦ ᠨᠤᠤᠯᠤᠭᠤᠷ᠂ ᠬᠢᠲᠠᠳ(ᠮᠤᠩᠭᠤᠯ) ᠡᠮ ᠤ᠋ᠨ ᠮᠠᠲᠧᠷᠢᠶᠠᠯ᠂ ᠬᠠᠭᠤᠷᠤᠭᠰᠠᠨ ᠭᠤᠸ᠎ᠠ ᠶ᠋ᠢᠨ ᠦᠷ᠎ᠠ᠂ ᠨᠡᠷᠡᠵᠤ ᠪᠤᠯᠪᠠᠰᠤᠷᠠᠭᠤᠯᠤᠭᠰᠠᠨ ᠪᠦᠲᠦᠭᠡᠭᠳᠡᠭᠦᠨ᠂ ᠦᠨᠳᠦᠰᠦᠳᠡᠨ ᠤ᠋ ᠦᠪᠡᠷᠮᠢᠴᠡ ᠤᠨᠴᠠᠯᠢᠭᠳᠦ ᠪᠦᠲᠦᠭᠡᠭᠳᠡᠭᠦᠨ》 ᠵᠡᠷᠭᠡ 7 ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠢ᠋ ᠬᠦᠭᠵᠢᠭᠦᠯᠦᠨ ᠪᠤᠵᠠᠭᠠᠢᠷᠠᠭᠤᠯᠪᠠ᠃ ᠤᠳᠤᠬᠠᠨ ᠪᠤᠯᠳᠠᠯ᠎ᠠ 22 ᠠᠵᠤ ᠠᠬᠤᠢᠯᠠᠯ ᠤ᠋ᠨ 157 ᠵᠦᠢᠯ ᠤ᠋ᠨ ᠪᠦᠲᠦᠭᠡᠭᠳᠡᠭᠦᠨ ᠲᠤᠰ ᠲᠦᠷᠦᠯ ᠲᠡᠮᠳᠡᠭ ᠢ᠋ ᠬᠡᠷᠡᠭᠯᠡᠬᠦ ᠡᠷᠬᠡ ᠶ᠋ᠢ ᠤᠯᠵᠤ᠂ ᠲᠦᠷᠦᠯ ᠲᠡᠮᠳᠡᠭ ᠤ᠋ᠨ ᠦᠷᠳᠡᠭ ᠨᠢ 325.62 ᠳ᠋ᠦᠩᠰᠢᠭᠤᠷ ᠲᠦᠭᠦᠷᠢᠭ ᠲᠤ᠌ ᠬᠦᠷᠴᠠᠢ᠃ ᠲᠤᠰ ᠲᠦᠷᠦᠯ ᠲᠡᠮᠳᠡᠭ ᠨᠢ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠶ᠋ᠢᠨ ᠬᠠᠮᠤᠭ ᠤ᠋ᠨ ᠨᠦᠯᠦᠭᠡᠯᠡᠬᠦ ᠬᠦᠴᠦᠨ ᠲᠠᠢ ᠲᠦᠷᠦᠯ ᠲᠡᠮᠳᠡᠭ᠂ ᠳᠤᠮᠳᠠᠳᠤ ᠤᠯᠤᠰ ᠤ᠋ᠨ ᠬᠦᠳᠡᠭᠡ ᠠᠵᠤ ᠠᠬᠤᠢ ᠶ᠋ᠢᠨ ᠪᠦᠲᠦᠭᠡᠭᠳᠡᠭᠦᠨ ᠤ᠋ ᠵᠠᠭᠤᠨ ᠬᠦᠴᠦᠷᠬᠡᠭ ᠲᠦᠯᠦᠭᠡᠯᠡᠬᠦ ᠴᠢᠨᠠᠷᠳᠠᠢ ᠲᠦᠷᠦᠯ ᠲᠡᠮᠳᠡᠭ ᠵᠡᠷᠭᠡ ᠢᠷᠠᠭᠤ ᠠᠯᠳᠠᠷ ᠢ᠋ ᠬᠦᠷᠳᠡᠵᠦ᠂ ᠲᠦᠷᠦᠯ ᠲᠡᠮᠳᠡᠭᠳᠤ ᠪᠦᠲᠦᠭᠡᠭᠳᠡᠭᠦᠨ ᠨᠢ ᠳᠠᠪᠤᠨ ᠶᠡᠬᠡ ᠲᠢᠪ ᠤ᠋ᠨ 102 ᠤᠯᠤᠰ ᠪᠠ ᠭᠠᠵᠠᠷ ᠤᠷᠤᠨ ᠳ᠋ᠤ ᠪᠤᠷᠤᠯᠠᠭᠤᠯᠤᠭᠳᠠᠵᠤ ᠪᠠᠢᠨ᠎ᠠ᠃
ᠤᠢᠯᠠᠭᠠᠭᠰᠠᠨ ᠵᠢᠡᠷ᠂ ᠰᠢᠨᠬᠤᠸᠠ ᠬᠤᠷᠢᠶ᠎ᠠ ᠶ᠋ᠢᠨ 《ᠳᠤᠮᠳᠠᠳᠤ ᠤᠯᠤᠰ ᠤ᠋ᠨ ᠲᠦᠷᠦᠯ ᠲᠡᠮᠳᠡᠭ ᠤ᠋ᠨ ᠪᠦᠬᠦ ᠪᠦᠮᠪᠦᠷᠴᠡᠭ ᠤ᠋ᠨ ᠠᠶᠠᠯᠠᠯ》 ᠤ᠋ᠨ ᠠᠵᠢᠯᠯᠠᠭ᠎ᠠ ᠨᠢ ᠪᠦᠬᠦ ᠳᠡᠯᠡᠬᠡᠢ ᠶ᠋ᠢᠨ ᠰᠦᠯᠵᠢᠶᠡᠨ ᠬᠡᠷᠡᠭᠯᠡᠭᠴᠢᠳ ᠬᠢᠭᠡᠳ ᠭᠠᠳᠠᠭᠠᠳᠦ ᠶ᠋ᠢᠨ ᠵᠠᠬ᠎ᠠ ᠳᠡᠯᠭᠡᠭᠦᠷ ᠲᠤ᠌ ᠬᠠᠨᠳᠤᠭᠤᠯᠤᠨ᠂ ᠳᠤᠮᠳᠠᠳᠤ ᠤᠯᠤᠰ ᠤ᠋ᠨ ᠲᠦᠷᠦᠯ ᠲᠡᠮᠳᠡᠭ ᠤ᠋ᠨ ᠦᠯᠢᠭᠡᠷ ᠢ᠋ ᠶᠠᠷᠢᠵᠤ᠂ ᠳᠤᠮᠳᠠᠳᠤ ᠤᠯᠤᠰ ᠤ᠋ᠨ ᠲᠦᠷᠦᠯ ᠲᠡᠮᠳᠡᠭ ᠤ᠋ᠨ ᠤᠯᠠᠨ ᠤᠯᠤᠰ ᠲᠡᠬᠢ ᠨᠦᠯᠦᠭᠡᠯᠡᠬᠦ ᠬᠦᠴᠦᠨ ᠪᠠ ᠮᠠᠭᠳᠠᠭᠠᠯ ᠬᠦᠴᠦᠨ ᠢ᠋ ᠪᠦᠬᠦ ᠲᠠᠯ᠎ᠠ ᠪᠡᠷ ᠳᠡᠭᠡᠭᠰᠢᠯᠡᠬᠦᠯᠬᠦ ᠳ᠋ᠤ ᠬᠦᠴᠦᠨ ᠨᠡᠮᠡᠷᠢᠯᠡᠬᠦ ᠵᠢ ᠵᠤᠷᠢᠪᠠ᠃