19.07 ᠳ᠋ᠦᠩᠰᠢᠭᠤᠷ ᠲᠦᠭᠦᠷᠢᠭ ᠤ᠋ᠨ ᠪᠡᠯᠡ ᠮᠦᠩᠬᠦ ᠤᠷᠤᠭᠤᠯᠤᠨ ᠬᠦᠳᠡᠭᠡ ᠲᠤᠰᠬᠤᠨ ᠤ᠋ ᠴᠠᠬᠢᠯᠭᠠᠨ ᠲᠤᠤᠷ ᠢ᠋ ᠰᠢᠯᠢᠳᠡᠭᠵᠢᠬᠦᠯᠪᠠ
2026-02-13 12:02:48
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠵᠠᠰᠠᠭ ᠤ᠋ᠨ ᠤᠷᠳᠤᠨ ᠤ᠋ ᠰᠤᠨᠢᠨ ᠮᠡᠳᠡᠭᠡ ᠶ᠋ᠢᠨ ᠠᠯᠪᠠᠨ ᠭᠡᠷ ᠤ᠋ᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠢᠳᠡᠯᠡᠬᠦ ᠬᠤᠷᠠᠯ ᠡᠴᠡ ᠤᠢᠯᠠᠭᠠᠭᠰᠠᠨ ᠶ᠋ᠢᠡᠷ᠂ ᠤᠯᠤᠰ ᠤ᠋ᠨ ᠴᠠᠬᠢᠯᠭᠠᠨ ᠲᠤᠤᠷ ᠤ᠋ᠨ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠬᠦᠴᠦᠨ ᠤ᠋ ᠬᠢᠵᠠᠭᠠᠷᠳᠦ ᠺᠤᠮᠫᠠᠨᠢ 2025 ᠤᠨ ᠳ᠋ᠤ ᠨᠡᠢᠳᠡ 19.07 ᠳ᠋ᠦᠩᠰᠢᠭᠤᠷ ᠲᠦᠭᠦᠷᠢᠭ ᠤ᠋ᠨ ᠪᠡᠯᠡ ᠮᠦᠩᠬᠦ ᠤᠷᠤᠭᠤᠯᠵᠤ ᠬᠦᠳᠡᠭᠡ ᠲᠤᠰᠬᠤᠨ ᠤ᠋ ᠴᠠᠬᠢᠯᠭᠠᠨ ᠲᠤᠤᠷ ᠢ᠋ ᠪᠠᠬᠢᠵᠢᠭᠦᠯᠦᠨ ᠰᠢᠯᠢᠳᠡᠭᠵᠢᠭᠦᠯᠬᠦ ᠢᠨᠵᠧᠨᠧᠷᠢᠩ ᠢ᠋ ᠬᠡᠷᠡᠭᠵᠢᠭᠦᠯᠵᠤ᠂ ᠬᠠᠷᠢᠶ᠎ᠠ ᠭᠠᠵᠠᠷ ᠤ᠋ᠨ ᠵᠢᠡᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠴᠢᠩᠭ᠎ᠠ ᠡᠷᠴᠢᠮᠳᠠᠢ ᠴᠠᠬᠢᠯᠭᠠᠨ ᠬᠦᠴᠦᠨ ᠤ᠋ ᠪᠠᠳᠤᠯᠠᠭ᠎ᠠ ᠬᠠᠩᠭᠠᠪᠠ᠃

ᠤᠢᠯᠠᠭᠠᠭᠰᠠᠨ ᠶ᠋ᠢᠡᠷ᠂ 2025 ᠤᠨ ᠳ᠋ᠤ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠬᠦᠴᠦᠨ ᠤ᠋ ᠬᠢᠵᠠᠭᠠᠷᠳᠦ ᠺᠤᠮᠫᠠᠨᠢ ᠬᠦᠳᠡᠭᠡ ᠲᠤᠰᠬᠤᠨ ᠤ᠋ 10 ᠺᠢᠯᠤᠸᠤᠯᠲ ᠤ᠋ᠨ ᠴᠠᠬᠢᠯᠭᠠᠨ ᠱᠤᠭᠤᠮ ᠢ᠋ 4573 ᠺᠢᠯᠤᠮᠧᠲᠷ ᠰᠢᠨ᠎ᠠ ᠪᠡᠷ ᠪᠠᠢᠭᠤᠯᠤᠭᠰᠠᠨ ᠪᠤᠶᠤ ᠦᠭᠡᠷᠡᠴᠢᠯᠡᠨ ᠪᠠᠢᠭᠤᠯᠵᠤ᠂ ᠨᠡᠢᠳᠡ ᠪᠠᠭᠳᠠᠭᠠᠮᠵᠢ ᠨᠢ 38.86 ᠲᠦᠮᠡᠨ ᠺᠢᠯᠤᠸᠤᠯᠲ ᠠᠮᠫᠧᠷ ᠲᠤ᠌ ᠬᠦᠷᠬᠦ ᠴᠠᠬᠢᠯᠭᠠᠨ ᠬᠤᠪᠢᠰᠬᠠᠭᠤᠷ ᠢ᠋ 1478 ᠰᠠᠭᠤᠷᠢ ᠳᠤᠬᠢᠷᠠᠭᠤᠯᠤᠨ ᠪᠠᠢᠷᠢᠯᠠᠭᠤᠯᠪᠠ᠃ ᠳᠤᠤᠷ᠎ᠠ ᠬᠦᠴᠦᠳᠡᠯ ᠤ᠋ᠨ ᠴᠠᠬᠢᠯᠭᠠᠨ ᠱᠤᠭᠤᠮ ᠢ᠋ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠦᠷᠨᠢᠭᠦᠯᠵᠦ᠂ 166 ᠰᠠᠭᠤᠷᠢ ᠬᠦᠴᠦᠳᠡᠯ ᠦᠭᠡᠷᠡᠴᠢᠯᠡᠭᠦᠷ ᠪᠠ 465 ᠰᠠᠭᠤᠷᠢ ᠵᠡᠷᠭᠡᠴᠡᠭᠡ ᠬᠤᠯᠪᠤᠯᠳᠠ ᠶ᠋ᠢᠨ ᠠᠵᠢᠯᠭᠦᠢ ᠴᠢᠳᠠᠯ ᠤ᠋ᠨ ᠨᠦᠬᠦᠪᠤᠷᠢ ᠲᠦᠭᠦᠭᠡᠷᠦᠮᠵᠢ ᠶ᠋ᠢ ᠨᠡᠮᠡᠵᠦ ᠤᠭᠰᠠᠷᠠᠬᠤ ᠪᠡᠷ ᠳᠠᠮᠵᠢᠨ ᠲᠠᠷᠢᠶᠠᠯᠠᠩ ᠤ᠋ᠨ ᠤᠰᠤᠯᠠᠯᠳᠠ ᠪᠠ ᠴᠠᠬᠢᠯᠭᠠᠨ ᠶ᠋ᠢᠡᠷ ᠲᠤᠯᠠᠭᠠᠯᠠᠭ᠎ᠠ ᠬᠠᠩᠭᠠᠬᠤ ᠴᠠᠬᠢᠯᠭᠠᠨ ᠬᠡᠷᠡᠭᠰᠡᠬᠦ ᠤᠷᠬᠢᠯ ᠬᠤᠭᠤᠴᠠᠭ᠎ᠠ ᠶ᠋ᠢᠨ ᠴᠠᠬᠢᠯᠭᠠᠨ ᠬᠠᠩᠭᠠᠯᠭ᠎ᠠ ᠶ᠋ᠢ ᠪᠠᠳᠤᠯᠠᠪᠠ᠃ ᠡᠭᠦᠨ ᠤ᠋ ᠬᠠᠮᠳᠤ 5 ᠴᠠᠬᠢᠯᠭᠠᠨ ᠬᠦᠴᠦᠨ ᠤ᠋ 《ᠨᠢᠩᠵᠢᠨ ᠰᠡᠳᠬᠢᠯ ᠤ᠋ᠨ ᠬᠠᠮ ᠳᠡᠯᠭᠡᠭᠦᠷ》 ᠢ᠋ ᠪᠠᠢᠭᠤᠯᠤᠨ ᠡᠵᠡᠩᠨᠡᠬᠦ ᠪᠡᠷ ᠳᠠᠮᠵᠢᠨ ᠬᠦᠳᠡᠭᠡ ᠲᠤᠰᠬᠤᠨ ᠤ᠋ ᠪᠤᠯᠪᠠᠰᠤᠨ ᠰᠤᠷᠳᠠᠯ ᠤ᠋ᠨ ᠪᠠᠢᠭᠤᠯᠤᠯᠳᠠ ᠪᠠ ᠬᠦᠳᠡᠭᠡ ᠲᠤᠰᠬᠤᠨ ᠤ᠋ ᠵᠠᠰᠠᠯᠳᠠ ᠶ᠋ᠢᠨ ᠰᠢᠯᠢᠳᠡᠭᠵᠢᠯ ᠢ᠋ ᠠᠬᠢᠭᠤᠯᠵᠠᠢ᠃ ᠪᠠᠰᠠ ᠬᠡᠷᠡᠭᠯᠡᠭᠡ ᠪᠡᠷ ᠬᠠᠪᠰᠤᠷᠤᠨ ᠳᠡᠳᠬᠦᠬᠦ ᠠᠷᠭ᠎ᠠ ᠪᠡᠷ ᠶᠠᠳᠠᠭᠤ ᠡᠴᠡ ᠠᠩᠬᠢᠵᠢᠷᠠᠭᠰᠠᠨ ᠭᠠᠵᠠᠷ ᠤᠷᠤᠨ ᠤ᠋ ᠤᠨᠴᠠᠯᠢᠭᠳᠤ ᠪᠦᠲᠦᠭᠡᠭᠳᠡᠭᠦᠨ ᠢ᠋ 1701 ᠲᠦᠮᠡᠨ ᠲᠦᠭᠦᠷᠢᠭ ᠬᠤᠳᠠᠯᠳᠤᠨ ᠠᠪᠴᠤ᠂ ᠶᠠᠳᠠᠭᠤ ᠡᠴᠡ ᠠᠩᠬᠢᠵᠢᠷᠠᠭᠰᠠᠨ ᠭᠠᠵᠠᠷ ᠤᠷᠤᠨ ᠤ᠋ ᠠᠵᠤ ᠦᠢᠯᠡᠰ ᠤ᠋ᠨ ᠬᠦᠭᠵᠢᠯᠳᠡ ᠪᠠ ᠠᠵᠤ ᠠᠬᠤᠢ ᠶ᠋ᠢᠨ ᠨᠡᠮᠡᠭᠳᠡᠯ ᠳ᠋ᠤ ᠬᠦᠴᠦᠨ ᠨᠡᠮᠡᠷᠢᠯᠡᠪᠡ᠃

ᠤᠳᠤᠬᠠᠨ ᠳ᠋ᠤ ᠦᠪᠦᠷ ᠮᠤᠩᠭᠤᠯ ᠤ᠋ᠨ ᠵᠡᠭᠦᠨ ᠪᠡᠶ᠎ᠠ ᠶ᠋ᠢᠨ ᠴᠠᠬᠢᠯᠭᠠᠨ ᠲᠤᠤᠷ ᠤ᠋ᠨ ᠴᠠᠬᠢᠯᠭᠠᠨ ᠢ᠋ ᠬᠡᠷᠡᠭᠰᠡᠬᠦ ᠪᠠᠭ᠎ᠠ ᠵᠢᠵᠢᠭ ᠠᠵᠤ ᠠᠬᠤᠢᠯᠠᠯ ᠤ᠋ᠨ ᠬᠢᠨ ᠴᠠᠬᠢᠯᠭᠠᠨ ᠬᠡᠷᠡᠭᠰᠡᠬᠦ ᠭᠠᠷᠳᠠᠮ ᠭᠦᠢᠴᠡᠳᠭᠡᠬᠦ ᠦᠶᠡᠰ ᠦᠨᠳᠤᠰᠤᠨ ᠳ᠋ᠡᠬᠡᠨ 《ᠨᠢᠭᠡ ᠤᠳᠠᠭ᠎ᠠ ᠴᠤ᠌ ᠭᠦᠶᠦᠬᠦ ᠴᠢᠬᠤᠯᠠ ᠦᠭᠡᠢ》 ᠪᠤᠯᠵᠤ᠂ ᠴᠠᠬᠢᠯᠭᠠᠨ ᠵᠠᠯᠭᠠᠭᠤᠯᠬᠤ ᠳ᠋ᠤ ᠬᠡᠷᠡᠭᠰᠡᠬᠦ ᠬᠤᠭᠤᠴᠠᠭ᠎ᠠ ᠨᠢ 6 ᠠᠵᠢᠯᠯᠠᠬᠤ ᠡᠳᠦᠷ ᠪᠤᠯᠳᠠᠯ᠎ᠠ ᠪᠤᠭᠤᠨᠢᠰᠤᠨ᠂ ᠦᠩᠭᠡᠷᠡᠭᠰᠡᠨ ᠤ᠋ ᠬᠢ ᠡᠴᠡ 50% ᠪᠡᠷ ᠪᠤᠭᠤᠨᠢᠰᠴᠠᠢ᠃ ᠦᠨᠳᠦᠷ ᠬᠦᠴᠦᠳᠡᠯ ᠤ᠋ᠨ ᠭᠠᠭᠴᠠ ᠬᠢᠭᠡᠳ ᠬᠤᠤᠰ ᠴᠠᠬᠢᠯᠭᠠᠨ ᠡᠭᠦᠰᠭᠡᠭᠴᠢ ᠪᠠᠢᠷᠢᠯᠠᠭᠤᠯᠬᠤ ᠭᠠᠷᠳᠠᠮ ᠭᠦᠢᠴᠡᠳᠭᠡᠬᠦ ᠳ᠋ᠤ ᠬᠡᠷᠡᠭᠰᠡᠬᠦ ᠴᠠᠭ ᠨᠢ ᠲᠤᠰᠪᠤᠷᠢ 10 ᠠᠵᠢᠯᠯᠠᠬᠤ ᠡᠳᠦᠷ ᠪᠠ 12 ᠠᠵᠢᠯᠯᠠᠬᠤ ᠡᠳᠦᠷ ᠤ᠋ᠨ ᠲᠤᠳᠤᠷ᠎ᠠ ᠪᠤᠯᠭᠠᠨ ᠪᠤᠭᠤᠨᠢᠰᠴᠤ᠂ ᠲᠠᠷᠢᠶᠠᠯᠠᠬᠤ ᠡᠷᠦᠬᠡ ᠶ᠋ᠢᠨ ᠴᠠᠬᠢᠯᠭᠠᠨ ᠬᠠᠩᠭᠠᠬᠤ ᠬᠡᠷᠡᠭᠴᠡᠭᠡ ᠶ᠋ᠢ ᠳᠠᠷᠤᠢ ᠳᠦᠷᠭᠡᠨ ᠪᠠᠢᠴᠠᠭᠠᠨ ᠳᠠᠷᠤᠢ ᠲᠦᠷᠭᠡᠨ ᠳᠤᠭᠳᠠᠭᠠᠬᠤ ᠶ᠋ᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号