ᠲᠦᠷᠦᠬᠦᠬᠡᠨ᠂ ᠦᠪᠡᠷᠲᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠡᠴᠡ ᠭᠤᠤᠯᠯᠠᠨ ᠡᠷᠬᠢᠯᠡᠭᠰᠡᠨ 《ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠬᠠᠨᠢᠲᠠᠨ᠎ᠤ ᠲᠥᠯᠥᠪᠯᠡᠭᠡ》 ᠠᠶᠠᠯᠠᠯ ᠬᠠᠮᠠᠭᠠᠯᠠᠬᠤ ᠬᠠᠢᠷ᠎ᠠ ᠬᠠᠯᠠᠮᠵᠢ ᠬᠦᠷᠭᠡᠬᠦ᠌ ᠦᠶ᠋ᠯᠡᠴᠢᠯᠡᠭᠡ ᠡᠬᠢᠯᠡᠬᠦ᠌ ᠶᠣᠰᠣᠯᠠᠯ ᠬᠥᠬᠡᠬᠣᠲᠠ᠎ᠶ᠋ᠢᠨ ᠰᠠᠢᠬᠠᠨ ᠲᠣᠭᠣᠷᠢᠭ᠎ᠤᠨ ᠰᠢᠶᠠᠨ ᠹᠸᠩ ᠯᠸ᠋ ᠪᠠᠭ᠎ᠠ ᠰᠤᠷᠭᠠᠭᠤᠯᠢ᠎ᠳᠤ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠡᠢᠭᠡᠮ᠎ᠦᠨ ᠠᠵᠢᠯ᠎ᠤᠨ ᠬᠡᠯᠳᠡᠰ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠂ ᠠᠵᠢᠯᠴᠢᠨ᠎ᠤ ᠡᠪᠯᠡᠯ᠂ ᠡᠮᠡᠭ᠌ᠲᠡᠢᠴᠦᠳ᠎ᠦᠨ ᠬᠣᠯᠪᠣᠭ᠎ᠠ᠂ ᠬᠣᠢᠴᠢ ᠦᠶ᠎ᠡ᠎ᠶ᠋ᠢᠨ ᠬᠢᠨᠢ ᠬᠠᠯᠠᠮᠵᠢᠯᠠᠬᠤ ᠵᠥᠪᠯᠡᠯ ᠵᠡᠷᠭᠡ ᠨᠢᠭᠡᠴᠢ᠎ᠶ᠋ᠢᠨ ᠬᠠᠷᠢᠭᠤᠴᠠᠯᠭᠠᠲᠠᠨ ᠨᠥᠬᠥᠳ᠂ ᠵᠠᠯᠠᠭᠤ ᠰᠠᠢ᠌ᠨ ᠲᠤᠷᠠᠴᠤᠳ᠂ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠦᠷ᠎ᠡ ᠬᠡᠦᠬᠡᠳ᠎ᠦᠨ ᠲᠥᠯᠥᠭᠡᠯᠡᠭ᠌ᠴᠢ ᠨᠢᠭᠡ ᠲᠠᠩᠬᠢᠮ᠎ᠳᠤ ᠴᠤᠭ᠍ᠯᠠᠷᠠᠵᠤ᠂ ᠡᠨᠡ ᠬᠦ᠌ ᠬᠠᠯᠠᠭᠤᠨ ᠳᠤᠯᠠᠭᠠᠨ ᠴᠠᠭ ᠮᠥᠴᠡ᠎ᠶ᠋ᠢ ᠬᠠᠮᠲᠤ᠎ᠪᠠᠷ ᠦᠩᠭᠡᠷᠡᠭᠡᠪᠡ᠃
ᠲᠤᠰ ᠦᠢᠯᠡᠴᠢᠯᠡᠭᠡ ᠨᠢ ᠱᠢᠨ᠎ᠡ᠎ᠪᠡᠷ ᠠᠵᠢᠯ ᠣᠯᠤᠭ᠍ᠰᠠᠨ ᠬᠥᠮᠦᠰ᠎ᠦᠨ ᠦᠷ᠎ᠡ ᠬᠡᠦᠬᠡᠳ ᠵᠢᠡᠨ 《ᠠᠰᠠᠷᠠᠨ ᠬᠠᠷᠠᠭᠠᠯᠵᠠᠬᠤ᠎ᠳᠤ ᠬᠦᠴᠢᠷᠲᠡᠶ᠂ ᠪᠠᠷ᠎ᠠ ᠪᠣᠯᠬᠤ᠎ᠳᠤ ᠬᠦᠴᠢᠷᠲᠡᠶ》 ᠪᠠᠢᠬᠤ ᠵᠡᠷᠭᠡ ᠪᠠᠴᠢᠮᠳᠠᠵᠦ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠪᠡᠷ ᠭᠤᠤᠯ ᠵᠤᠷᠢᠯᠲᠠ ᠪᠡᠨ ᠪᠤᠯᠭᠠᠵᠤ᠂ ᠪᠥᠬᠥ᠌ ᠣᠷᠣᠨ᠎ᠤ ᠬᠡᠪᠴᠢᠶᠡᠨ᠎ᠳᠦ ᠡᠬᠢᠯᠡᠭᠦᠯᠦᠨ ᠬᠡᠷᠡᠭ᠌ᠵᠢᠭᠦᠯᠪᠡ᠃ ᠦᠪᠡᠷᠲᠡᠭᠡᠨ ᠵᠠᠰᠠᠬᠤ ᠤᠷᠤᠨ᠎ᠤ ᠡᠪᠯᠡᠯ᠎ᠤᠨ ᠬᠤᠷᠢᠶ᠎ᠠ ᠡᠨᠡ ᠬᠦ᠌ ᠠᠵᠢᠯ᠎ᠢ ᠥᠪᠡᠷᠲᠡᠭᠡᠨ ᠵᠠᠰᠠᠬᠤ ᠣᠷᠣᠨ᠎ᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠤ᠋ᠨ ᠠᠭᠤᠯᠭ᠎ᠠ᠎ᠳᠤ ᠤᠷᠤᠭᠤᠯᠵᠤ᠂ ᠪᠠᠭᠠᠴᠤᠳ ᠬᠡᠦᠬᠡᠳ᠎ᠤᠨ ᠪᠠᠶᠠᠷ ᠬᠥᠷ᠎ᠲᠡᠶ ᠦᠰᠦᠨ ᠪᠣᠢᠵᠢᠬᠤ᠎ᠳᠤ ᠬᠠᠯᠠᠭᠤᠨ ᠳᠤᠯᠠᠭᠠᠨ ᠪᠠᠲᠤᠯᠠᠭ᠎ᠠ ᠬᠠᠩᠭᠠᠬᠤ᠎ᠶ᠋ᠢ ᠵᠤᠷᠢᠪᠠ᠃
ᠡᠬᠢᠯᠡᠯᠲᠠ ᠵᠢᠨ ᠶᠣᠰᠣᠯᠠᠯ ᠲᠡᠭᠡᠷ᠎ᠡ᠂ ᠬᠤᠷᠠᠯ᠎ᠳᠤ ᠣᠷᠣᠯᠴᠠᠭ᠍ᠰᠠᠳ ᠬᠠᠮᠲᠤ᠎ᠪᠠᠷ ᠬᠡᠦᠬᠡᠳ᠎ᠦᠳ᠎ᠲᠦ ᠬᠠᠢᠷ᠎ᠠ ᠬᠠᠯᠠᠮᠵᠢ᠎ᠶ᠋ᠢᠨ ᠪᠣᠭ᠍ᠴᠣ ᠲᠦᠭᠡᠭᠡᠵᠦ᠍᠂ ᠳᠣᠲᠣᠨᠣ ᠬᠠᠯᠠᠮᠵᠢᠯᠠᠯ ᠬᠦᠷᠭᠡᠪᠡ᠃ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠬᠤ ᠭᠣᠭ᠍ᠴᠣᠭ᠎ᠠ᠎ᠳᠤ᠂ ᠪᠢᠴᠢᠬᠠᠨ ᠤᠬᠠᠭᠤᠯᠤᠨ ᠲᠠᠢᠯᠪᠤᠷᠢᠯᠠᠭ᠍ᠴᠢ ᠭᠦᠨ ᠰᠡᠳᠭᠢᠯᠭᠡ᠎ᠲᠡᠶ ᠪᠡᠷ ᠠᠯᠢ ᠤᠯᠠᠨ ᠠᠮᠢᠳᠤᠯᠢᠭ ᠵᠢᠱ᠌ᠢᠢ᠎ᠡ᠎ᠪᠡᠷ᠂ ᠠᠳᠠᠯᠢ ᠪᠤᠰᠤ ᠴᠠᠭ ᠦᠶ᠎ᠡ᠎ᠶ᠋ᠢᠨ ᠤᠯᠤᠰ᠎ᠢᠶᠠᠨ ᠬᠠᠢᠷᠠᠯᠠᠬᠤ ᠦᠵᠡᠯ᠎ᠦᠨ ᠪᠠᠶᠠᠯᠢᠭ ᠠᠭᠤᠯᠤᠭ᠍ᠳᠠᠬᠤᠨ ᠪᠣᠯᠤᠨ ᠬᠦᠴᠦᠷᠬᠡᠭ ᠶᠡᠬᠡ ᠬᠦᠴᠦᠨ᠎ᠢ ᠠᠮᠢᠳᠤᠯᠢᠭ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ ᠪᠠᠭᠠᠴᠤᠳ᠎ᠤᠨ ᠴᠤᠭ ᠵᠢᠪᠬᠤᠭ᠎ᠠ ᠪᠣᠯᠤᠨ ᠡᠭᠦᠷᠭᠡᠯᠡᠯ᠎ᠢ ᠳᠠᠮᠵᠢᠭᠤᠯᠵᠤ᠂ ᠪᠦᠬᠦ᠌ ᠲᠠᠯᠠᠪᠠᠢ᠎ᠶ᠋ᠢᠨ ᠬᠠᠮᠲᠤ᠎ᠶ᠋ᠢᠨ ᠬᠦᠷᠢᠶᠡᠯᠡᠯ᠎ᠢ ᠤᠯᠪᠠ᠃ ᠲᠤᠬᠠᠶ᠎ᠶ᠋ᠢᠨ ᠲᠠᠯᠠᠪᠠᠶ᠎ᠳᠤ ᠪᠠᠰᠠ ᠲᠥᠷᠥᠯ ᠵᠦᠶ᠋ᠯ᠎ᠦᠨ ᠲᠤᠰᠭᠠᠶ ᠲᠤᠱᠢᠶᠠᠯᠲᠠᠨ᠂ ᠲᠥᠷᠥᠯ ᠵᠦᠶ᠋ᠯ᠎ᠦᠨ ᠬᠠᠷᠢᠭᠤᠴᠠᠯᠭᠠᠲᠠᠨ ᠵᠢᠴᠢ ᠠᠩᠭᠢ᠎ᠶ᠋ᠢᠨ ᠡᠷᠬᠢᠯᠡᠭ᠌ᠴᠢ᠎ᠳᠦ ᠤᠷᠢᠨ ᠬᠡᠷᠡᠭ᠌ᠯᠡᠬᠦ᠌ ᠦᠨᠡᠮᠯᠡᠯ ᠣᠯᠭᠣᠵᠤ᠂ ᠤᠷᠢᠭ᠍ᠳᠠᠭ᠍ᠰᠠᠳᠤᠨ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠭᠢᠯᠭᠡ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠵᠣᠷᠢᠭ᠍ᠵᠢᠭᠤᠯᠵᠤ᠂ ᠡᠯ᠎ᠡ ᠵᠦᠶ᠋ᠯ᠎ᠦᠨ ᠦᠶ᠋ᠯᠡᠴᠢᠯᠡᠭᠡᠨ᠎ᠦ ᠠᠵᠢᠯ᠎ᠢ ᠰᠡᠳᠭᠢᠯ ᠳᠡᠯᠪᠢᠨ ᠬᠠᠢᠷ᠎ᠠ ᠰᠡᠳᠭᠢᠯᠭᠡ᠎ᠲᠡᠶ᠎ᠪᠡᠷ ᠰᠠᠢᠲᠤᠷ ᠬᠢᠪᠠ᠃ ᠣᠨᠴᠠᠯᠢᠭ᠍ᠲᠤ ᠬᠢᠴᠢᠶᠡᠯ᠎ᠦᠨ ᠦᠵᠡᠭᠦᠯᠭᠡ᠎ᠶ᠋ᠢᠨ ᠭᠣᠭ᠍ᠴᠣᠭ᠎ᠠ᠎ᠳᠤ᠂ ᠬᠡᠦᠬᠡᠳ᠎ᠦᠳ ᠰᠠᠢᠨ ᠲᠤᠷᠠᠴᠤᠳ᠎ᠤᠨ ᠳᠠᠭᠠᠭᠤᠯᠭ᠎ᠠ ᠳᠤᠤᠷ᠎ᠠ ᠬᠠᠷᠢᠯᠴᠠᠨ ᠦᠶ᠋ᠯᠡᠳᠦᠯᠴᠡᠬᠦ᠌ ᠬᠢᠴᠢᠶᠡᠯ᠎ᠳᠦ ᠣᠷᠣᠯᠴᠠᠵᠤ᠂ ᠨᠠᠢᠳᠠᠨ ᠬᠠᠮᠢᠶᠠᠷᠤᠭᠤᠯᠬᠤ ᠦᠶ᠋ᠯᠡᠴᠢᠯᠡᠭᠡᠨ᠎ᠦ ᠰᠣᠨᠢᠷᠬᠠᠯᠲᠤ ᠴᠢᠨᠠᠷ ᠪᠠ ᠬᠡᠷᠡᠭ᠌ᠯᠡᠭᠡᠨ᠎ᠦ ᠴᠢᠨᠠᠷ᠎ᠢ ᠭᠦᠶ᠋ᠴᠡᠳ ᠣᠢᠯᠠᠭᠠᠪᠠ᠃