2026 ᠤᠨ᠎ᠳᠦ ᠬᠦᠬᠡᠬᠤᠳᠠ ᠵᠢᠨ ᠡᠯ᠎ᠠ ᠱᠠᠳᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠰᠠᠯᠠᠭ᠎ᠠ ᠮᠦᠴᠢᠷ 7 ᠲᠠᠯ᠎ᠠ᠎ᠶ᠋ᠢᠨ ᠠᠵᠢᠯ᠎ᠢ ᠰᠠᠢᠲᠤᠷ ᠬᠢᠬᠦ ᠪᠡᠷ ᠪᠤᠢ
2026-02-13 09:41:06
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠬᠦᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ ᠤ᠋ᠨ ᠠᠵᠢᠯ᠎ᠤᠨ ᠬᠤᠷᠠᠯ ᠡᠴᠨ ᠤᠢᠯᠠᠭᠠᠬᠰᠠᠨ ᠵᠢᠡᠷ᠂ ᠨᠢᠳᠤᠨᠤᠨ ᠬᠦᠬᠡᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠴᠡᠷᠢᠭ᠎ᠦᠨ ᠠᠯᠪᠠ᠎ᠡᠴᠠ ᠬᠠᠯᠠᠭ᠍ᠳᠠᠭ᠍ᠰᠠᠳ᠎ᠤᠨ ᠠᠵᠢᠯ᠂ ᠬᠣᠶᠠᠷ ᠎ᠢ  ᠬᠦᠷᠢᠶᠡᠯᠡᠬᠦ᠌ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ 《ᠪᠥᠬᠥ᠌ ᠣᠷᠣᠨ᠎ᠤ ᠡᠮᠦᠨ᠎ᠡ᠎ᠨᠢ ᠬᠣᠱᠢᠭᠤᠷᠠᠵᠤ᠂ ᠥᠯᠢᠭᠡᠷ ᠳᠠᠭᠤᠷᠢᠶᠠᠯ ᠪᠣᠯᠵᠣ᠂ ᠪᠥᠬᠥ᠌ ᠤᠯᠤᠰ᠎ᠲᠤ ᠲᠡᠷᠢᠭᠦᠨ᠎ᠦ᠎ᠬᠢ ᠪᠣᠯᠬᠤ᠎ᠪᠠᠷ ᠴᠢᠷᠮᠠᠢᠬᠤ᠂ ᠲᠥᠷᠥᠯ ᠲᠡᠮᠳᠡᠭ ᠢ᠋ ᠡᠭᠦᠳᠬᠦ᠌》 ᠬᠠᠷᠠᠯᠲᠠ᠎ᠶ᠋ᠢ ᠲᠣᠭ᠍ᠲᠠᠭᠠᠵᠤ᠂ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃

2026 ᠣᠨ ᠳ᠋ᠤ ᠬᠦᠬᠡᠬᠤᠳᠠ ᠵᠢᠨ ᠡᠯ᠎ᠠ ᠱᠠᠳᠤᠨ ᠤ᠋ ᠴᠡᠷᠢᠭ ᠤ᠋ᠨ ᠠᠯᠪᠠ ᠡᠴᠨ ᠬᠠᠯᠠᠬᠳᠠᠬᠰᠠᠳ ᠤ᠋ᠨ ᠶᠠᠪᠤᠳᠠᠯ ᠤ᠋ᠨ ᠰᠠᠯᠠᠭ᠎ᠠ ᠮᠦᠴᠢᠷ 7 ᠲᠠᠯ᠎ᠠ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠴᠢᠷᠮᠠᠢᠨ ᠪᠡᠶᠡᠯᠡᠭᠦᠯᠬᠦ᠌ ᠪᠤᠯᠤᠨ᠎ᠠ᠃ ᠲᠤᠬᠠᠢᠯᠠᠪᠠᠯ ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ; ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠬᠦᠲᠦᠯᠦᠨ ᠳᠠᠭᠠᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ; ᠤᠨᠤᠴᠠᠳᠠᠢ ᠪᠡᠷ ᠬᠦᠴᠦᠨ ᠣᠯᠭᠣᠬᠤ᠎ᠳᠤ ᠰᠠᠭᠤᠷᠢᠯᠠᠵᠤ᠂ ᠲᠥᠪᠬᠢᠨᠡᠭᠦᠯᠵᠦ ᠠᠵᠢᠯ ᠣᠯᠭᠣᠬᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠤᠨ᠎ᠠ; ᠰᠠᠭᠤᠷᠢ᠎ᠶ᠋ᠢ ᠪᠠᠲᠤᠳᠭᠠᠨ ᠦᠨᠳᠦᠰᠦ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ ᠦᠨᠳᠦᠰᠦᠨ ᠱᠠᠲᠤᠨ᠎ᠤ ᠦᠢᠯᠡᠴᠢᠯᠡᠭᠡᠨ᠎ᠦ ᠠᠵᠢᠯ᠎ᠤᠨ ᠨᠠᠷᠢᠯᠢᠭ ᠪᠥᠭᠡᠳ ᠳᠥᠭᠥᠮ ᠳᠥᠲᠡ ᠪᠠᠢᠬᠤ᠎ᠶ᠋ᠢ ᠰᠡᠳᠭᠢᠯ ᠲᠠᠯᠪᠢᠨ ᠠᠬᠢᠭᠤᠯᠤᠨ᠎ᠠ; ᠲᠣᠭ᠍ᠲᠠᠭᠤᠨ ᠤ᠋ ᠬᠣᠷᠢᠭ᠎ᠠ ᠱᠤᠭᠤᠮ᠎ᠢ ᠪᠠᠲᠤ ᠰᠠᠬᠢᠵᠤ᠂ ᠡᠷᠬᠡ ᠠᠱᠢᠭ᠎ᠢ ᠪᠠᠲᠤᠯᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠬᠦᠴᠦᠯᠡᠨ ᠠᠬᠢᠭᠤᠯᠤᠨ᠎ᠠ; ᠴᠡᠷᠢᠭ ᠠᠩᠭᠢ ᠪᠠ ᠣᠷᠣᠨ ᠨᠤᠲᠤᠭ᠎ᠤᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠬᠣᠶᠠᠷ᠎ᠢ ᠬᠦᠷᠢᠶᠡᠯᠡᠬᠦ᠌ ᠠᠵᠢᠯ᠎ᠤᠨ ᠱᠢᠨ᠎ᠡ ᠳᠠᠪᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠤᠨ᠎ᠠ; ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠤᠯᠤᠰ ᠲᠦᠷᠦ᠍ ᠪᠠᠲᠤ ᠴᠢᠩᠭ᠎ᠠ᠂ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ᠂ ᠰᠤᠷᠲᠠᠯ ᠰᠠᠢ᠌ᠨ ᠥᠨᠳᠥᠷ ᠬᠡᠪ ᠪᠣᠯᠪᠠᠰᠤᠷᠠᠯ᠎ᠲᠠᠶ ᠺᠠᠳ᠋ᠷ᠎ᠤᠨ ᠡᠩᠨᠡᠭᠡ᠎ᠶ᠋ᠢ ᠪᠠᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号