ᠥᠪᠥᠷ ᠮᠣᠩᠭᠣᠯ ᠡᠪᠡᠳᠴᠢᠨ᠎ᠦ ᠲᠥᠷᠥᠯ ᠤ᠋ᠨ ᠬᠦᠷᠳᠡᠬᠡᠯ ᠲᠤᠭ᠎ᠠ ᠪᠡᠷ ᠰᠦᠢᠳᠬᠡᠯ ᠲᠤᠱᠢᠶᠠᠬᠤ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ ᠡᠷᠬᠢᠯᠡᠪᠡ
2026-02-13 09:57:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠡᠴᠨ ᠣᠢᠯᠠᠭᠠᠭ᠍ᠰᠠᠨ᠎ᠢᠶᠠᠷ᠂ ᠡᠪᠡᠳᠴᠢᠨ᠎ᠦ ᠲᠥᠷᠥᠯ ᠤ᠋ᠨ  ᠬᠦᠷᠳᠡᠬᠡᠯ ᠲᠤᠭ᠎ᠠ ᠪᠡᠷ ᠰᠦᠶ᠋ᠳᠭᠡᠯ ᠲᠤᠱᠢᠶᠠᠬᠤ (DIP) ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠪᠥᠬᠥ᠌ ᠣᠷᠣᠨ᠎ᠤ ᠡᠮ ᠡᠮᠨᠡᠯᠬᠡ ᠵᠢᠨ ᠲᠠᠭᠠᠳᠬᠠᠯ ᠤ᠋ᠨ ᠰᠠᠭᠤᠷᠢ ᠮᠥᠩᠭᠥ᠎ᠶ᠋ᠢ ᠢᠯᠭᠠᠷᠠᠭᠤᠯᠤᠨ ᠪᠤᠲᠤᠬᠤ 《ᠭᠤᠷᠪᠠᠨ ᠵᠢᠯ ᠳ᠋ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌》 ᠰᠠᠭᠤᠷᠢ᠎ᠶ᠋ᠢ ᠪᠡᠬᠢᠵᠢᠭᠦᠯᠬᠦ᠌᠎ᠶ᠋ᠢᠨ ᠲᠥᠯᠥᠭᠡ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠲᠡᠶ ᠬᠠᠮᠲᠤᠷᠠᠨ ᠤᠬᠠᠭᠤᠯᠤᠨ ᠲᠠᠢᠯᠪᠤᠷᠢᠯᠠᠬᠤ ᠪᠦᠯᠬᠦᠮ ᠪᠠᠢᠭᠤᠯᠵᠤ᠂ ᠣᠷᠳᠣᠰ᠂ ᠬᠢᠩᠭᠠᠨ ᠠᠢᠮᠠᠭ᠂ ᠬᠥᠬᠡᠬᠣᠲᠠ᠂ ᠪᠤᠭᠤᠲᠤ᠂ ᠪᠠᠶᠠᠨᠨᠠᠭᠤᠷ᠂ ᠤᠯᠠᠭᠠᠨᠬᠠᠳᠠ᠎ᠳᠤ ᠭᠦᠨᠵᠡᠭᠡᠢᠷᠡᠨ ᠡᠪᠡᠳᠴᠢᠨ᠎ᠦ ᠲᠥᠷᠥᠯ ᠤ᠋ᠨ ᠬᠦᠷᠳᠡᠬᠡᠯ ᠲᠤᠭ᠎ᠠ ᠪᠡᠷ ᠰᠦᠶ᠋ᠳᠭᠡᠯ ᠲᠤᠱᠢᠶᠠᠬᠤ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ ᠥᠷᠨᠢᠭᠦᠯᠵᠠᠢ᠃

ᠣᠢᠯᠠᠭᠠᠭ᠍ᠰᠠᠨ᠎ᠢᠶᠠᠷ᠂ ᠥᠪᠥᠷ ᠮᠣᠩᠭᠣᠯ ᠡᠮᠦᠨᠡᠬᠢ ᠬᠤᠭᠤᠴᠠᠭᠠᠨ᠎ᠤ ᠠᠵᠢᠯ᠎ᠤᠨ ᠲᠤᠷᠱᠢᠯᠭ᠎ᠠ᠎ᠪᠠᠨ ᠪᠥᠬᠥ᠌ ᠲᠠᠯ᠎ᠠ᠎ᠪᠠᠷ ᠳ᠋ᠦᠩᠨᠡᠵᠦ᠍᠂ ᠡᠯ᠎ᠡ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠶ᠋ᠢᠨ ᠰᠠᠨᠠᠯ ᠰᠠᠨᠠᠭᠤᠯᠭ᠎ᠠ᠎ᠶ᠋ᠢ ᠥᠷᠭᠡᠨ᠎ᠢᠶᠡᠷ ᠬᠤᠷᠢᠶᠠᠭ᠍ᠰᠠᠨ᠎ᠤ ᠰᠠᠭᠤᠷᠢᠨ ᠳᠡᠭᠡᠷ᠎ᠡ᠂ ᠣᠯᠠᠨ ᠡᠭᠡᠯᠵᠢ᠎ᠶ᠋ᠢᠨ ᠲᠤᠰᠭᠠᠶ ᠮᠡᠷᠭᠡᠵᠢᠯᠲᠡᠨ᠎ᠦ ᠨᠤᠲᠠᠯᠠᠯᠲᠠ ᠪᠠ ᠵᠠᠰᠠᠪᠤᠷᠢ ᠣᠷᠣᠭᠤᠯᠬᠤ᠎ᠪᠠᠷ ᠳᠡᠮᠵᠢᠨ ᠪᠣᠶ ᠪᠣᠯᠤᠭ᠍ᠰᠠᠨ ᠱᠢᠨ᠎ᠡ ᠬᠡᠪᠯᠡᠯ᠎ᠦᠨ ᠡᠪᠡᠳᠴᠢᠨ᠎ᠦ ᠲᠥᠷᠥᠯ᠎ᠦᠨ ᠭᠠᠷᠴᠠᠭ᠎ᠲᠤ ᠳᠤᠭᠤᠢᠯᠠᠩ ᠬᠤᠪᠢᠶᠠᠭ᠍ᠰᠠᠨ ᠯᠣᠭᠢᠭ᠂ ᠺᠣᠳ᠋ᠯᠠᠬᠤ ᠲᠦᠷᠢᠮ᠂ ᠲᠣᠭᠠᠴᠠᠭ᠎ᠠ ᠬᠢᠬᠦ᠌᠎ᠶ᠋ᠢ ᠵᠣᠬᠢᠴᠠᠭᠤᠯᠬᠤ ᠵᠡᠷᠭᠡ ᠲᠠᠯ᠎ᠠ᠎ᠪᠠᠷ ᠱᠢᠰᠲ᠋ᠧᠮᠵᠢᠬᠦᠯᠤᠨ ᠱᠢᠯᠢᠳᠡᠭ᠌ᠵᠢᠭᠦᠯᠬᠦ ᠶ᠋ᠢ ᠪᠠᠶᠠᠯᠡᠬᠦᠯᠵᠤ᠂ ᠳᠤᠭᠤᠢᠯᠠᠩ ᠬᠤᠪᠢᠶᠠᠬᠤ ᠲᠣᠭ᠍ᠲᠠᠴᠠ᠎ᠶ᠋ᠢ ᠨᠠᠩ ᠲᠣᠳᠣᠷᠬᠠᠶ ᠪᠣᠯᠭᠠᠵᠤ᠂ ᠲᠣᠭᠠᠴᠠᠭ᠎ᠠ ᠬᠢᠬᠦ᠌  ᠤᠳᠤᠷᠢᠳᠤᠮᠵᠢ᠎ᠶ᠋ᠢ ᠨᠠᠩ ᠵᠦᠶ ᠵᠣᠬᠢᠰᠲᠠᠶ  ᠪᠣᠯᠭᠠᠪᠠ᠃

ᠤᠬᠠᠭᠤᠯᠤᠨ ᠲᠠᠢᠯᠪᠤᠷᠢᠯᠠᠬᠤ ᠪᠦᠯᠬᠦᠮ 《ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ + ᠪᠣᠳᠠᠲᠠᠶ ᠵᠢᠯᠣᠭᠣᠳᠣᠯᠭ᠎ᠠ + ᠬᠠᠷᠢᠯᠴᠠᠨ ᠬᠦᠲᠠᠯᠤᠯᠴᠠᠵᠤ ᠠᠰᠠᠭᠤᠲᠠᠯ᠎ᠢ ᠰᠢᠢᠳᠪᠤᠷᠢᠯᠡᠬᠦ》 ᠵᠠᠭ᠍ᠪᠤᠷ᠎ᠢᠶᠠᠷ ᠭᠠᠷᠴᠠᠭ᠎ᠤᠨ ᠪᠦᠷᠢᠯᠳᠦᠯ᠎ᠦᠨ ᠲᠦᠷᠢᠮ᠂ ᠡᠪᠡᠳᠴᠢᠨ᠎ᠦ ᠲᠥᠷᠥᠯ᠎ᠢ ᠲᠥᠷᠥᠯ ᠬᠤᠪᠢᠶᠠᠨ ᠱᠢᠯᠢᠳᠡᠭ᠌ᠵᠢᠭᠦᠯᠬᠦ᠌ ᠪᠠ ᠬᠦᠷᠳᠡᠬᠡᠯ ᠲᠤᠭ᠎ᠠ ᠪᠡᠷ ᠬᠡᠮᠵᠢᠭᠲᠠᠯ ᠤᠯᠭᠤᠬᠤ ᠲᠣᠭ᠍ᠲᠠᠴᠠ᠎ᠶ᠋ᠢ ᠭᠤᠤᠯᠳᠠᠯᠭ᠎ᠠ᠎ᠲᠠᠶ ᠲᠠᠢᠯᠪᠤᠷᠢᠯᠠᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠡᠪᠡᠳᠴᠢᠨ᠎ᠦ ᠬᠡᠷᠡᠭ᠎ᠦᠨ ᠵᠢᠱ᠌ᠢᠶ᠎ᠡ᠎ᠶ᠋ᠢᠨ ᠵᠠᠩᠭᠢᠯᠠᠭ᠎ᠠ᠎ᠶ᠋ᠢᠨ ᠭᠣᠭ᠍ᠴᠣᠭ᠎ᠠ᠎ᠳᠤ ᠲᠤᠰᠭᠠᠶ ᠬᠠᠪᠰᠤᠷᠤᠨ ᠵᠢᠯᠣᠭᠣᠳᠣᠯᠭ᠎ᠠ ᠬᠢᠬᠦ᠌᠎ᠶ᠋ᠢᠨ ᠬᠠᠮᠲᠤ᠂ 2025 ᠣᠨ᠎ᠤ ᠢᠯᠭᠠᠷᠠᠭᠤᠯᠤᠨ ᠪᠤᠳᠤᠬᠤ ᠠᠵᠢᠯ᠎ᠤᠨ ᠪᠦᠬᠦᠯᠢ ᠴᠣᠭ᠍ᠴᠠ᠎ᠶ᠋ᠢᠨ ᠲᠣᠬᠢᠷᠠᠭᠤᠯᠤᠯᠲᠠ᠂ ᠱᠠᠲᠤ ᠦᠶ᠎ᠡ᠎ᠶ᠋ᠢᠨ ᠡᠭᠦᠷᠭᠡ ᠬᠢᠭᠡᠳ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠲᠦ ᠨᠠᠷᠢᠨ ᠲᠠᠢᠯᠤᠮᠵᠢ ᠬᠢᠪᠠ᠃ ᠡᠭᠦᠨ᠎ᠦ ᠬᠠᠮᠲᠤ᠂ ᠪᠣᠯᠪᠠᠰᠤᠷᠠᠯ᠎ᠤᠨ ᠲᠤᠬᠠᠶ᠎ᠶ᠋ᠢᠨ ᠲᠠᠯᠠᠪᠤᠷ᠎ᠲᠤ ᠮᠠᠳᠠᠭ᠎ᠲᠠᠶ ᠠᠰᠠᠭᠤᠳᠠᠯ᠎ᠢ ᠬᠠᠷᠢᠭᠤᠯᠬᠤ ᠭᠣᠭ᠍ᠴᠣᠭ᠎ᠠ᠎ᠳᠤ ᠡᠮᠴᠢᠯᠡᠭᠡᠨ᠎ᠦ ᠪᠠᠢᠭᠤᠯᠤᠮᠵᠢ᠎ᠶ᠋ᠢᠨ ᠠᠩᠬᠠᠷᠴᠤ᠌ ᠪᠠᠢᠭ᠎ᠠ ᠡᠪᠡᠳᠴᠢᠨ᠎ᠦ ᠲᠥᠷᠥᠯ᠎ᠢ ᠳᠤᠭᠤᠢᠯᠠᠩ᠎ᠳᠤ ᠣᠷᠣᠭᠤᠯᠬᠤ᠂ ᠬᠢᠲᠠᠳ ᠡᠮᠨᠡᠯᠭᠡ᠎ᠶ᠋ᠢᠨ ᠡᠪᠡᠳᠴᠢᠨ᠎ᠦ ᠲᠥᠷᠥᠯ᠎ᠢ ᠬᠡᠷᠡᠭ᠌ᠯᠡᠬᠦ᠌᠂ ᠣᠨᠴᠠᠭᠠᠶ ᠡᠪᠡᠳᠴᠢᠨ᠎ᠦ ᠵᠢᠱ᠌ᠢᠶ᠎ᠡ᠎ᠶ᠋ᠢ ᠲᠡᠰᠦᠯᠦᠨ ᠪᠤᠳᠤᠬᠤ ᠵᠡᠷᠭᠡ ᠠᠰᠠᠭᠤᠳᠠᠯ᠎ᠤᠨ ᠲᠤᠬᠠᠶ ᠲᠠᠢᠯᠤᠮᠵᠢ ᠬᠢᠵᠠᠢ᠃

ᠲᠣᠰ ᠤᠳᠠᠭ᠎ᠠ ᠎ᠶᠢᠨ ᠤᠬᠠᠭᠤᠯᠤᠨ ᠲᠠᠢᠯᠪᠤᠷᠢᠯᠠᠬᠤ ᠪᠣᠯᠪᠠᠰᠤᠷᠠᠯ 《ᠪᠤᠲᠠᠲᠤ ᠴᠤᠭᠴᠠ ᠳ᠋ᠤ ᠲᠥᠪᠯᠡᠷᠡᠭᠦᠯᠦᠨ ᠬᠢᠴᠢᠶᠡᠯ ᠣᠷᠣᠬᠤ + ᠰᠦᠯᠵᠢᠶᠡᠨ ᠳᠡᠭᠡᠷ᠎ᠡ ᠵᠡᠷᠭᠡ᠎ᠪᠡᠷ ᠱᠢᠭᠤᠳ ᠨᠡᠪᠲᠡᠷᠡᠭᠦᠯᠬᠦ᠌》 ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠪᠥᠬᠥ᠌ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠯᠠᠭ᠎ᠠ ᠮᠥᠴᠢᠷ ᠵᠢᠴᠢ ᠲᠣᠭ᠍ᠲᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠶ᠋ᠢᠨ ᠬᠠᠮᠢᠶ᠎ᠠ ᠪᠥᠬᠥᠶ ᠠᠵᠢᠯᠲᠠᠨ᠎ᠢ ᠨᠡᠢᠲᠡ 3000 ᠬᠥᠮᠦᠨ ᠤᠳᠠᠭ᠎ᠠ ᠵᠢ ᠬᠠᠮᠤᠷᠴᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号