2026 ᠣᠨ᠎ᠤ 1 ᠳ᠋ᠤᠭᠡᠷ ᠲᠣᠭᠠᠲᠤ ᠣᠶ ᠰᠢᠭᠤᠢ᠎ᠶᠢᠨ ᠶᠡᠷᠦᠩᠬᠡᠢ ᠳᠠᠷᠤᠭ᠎ᠠ᠎ᠶᠢᠨ ᠵᠠᠷᠯᠢᠭ᠋᠎ᠢ ᠨᠡᠢᠲᠡᠯᠡᠪᠡ
2026-02-13 16:25:44
ᠵᠣᠬᠢᠶᠠᠭ᠍ᠴᠢ᠄
ᠵᠠᠡᠭ ᠬᠤᠢ ᠯᠢᠡᠭ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠥᠪᠥᠷ ᠮᠣᠩᠭᠣᠯ 2026 ᠣᠨ᠎ᠤ 1 ᠳ᠋ᠤᠭᠡᠷ ᠲᠣᠭᠠᠲᠤ ᠣᠶ ᠰᠢᠭᠤᠢ᠎ᠶᠢᠨ ᠶᠡᠷᠦᠩᠬᠡᠢ ᠳᠠᠷᠤᠭ᠎ᠠ᠎ᠶᠢᠨ ᠵᠠᠷᠯᠢᠭ᠋᠎ᠢ ᠨᠡᠢᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠣᠶ ᠰᠢᠭᠤᠢ᠎ᠶᠢᠨ ᠳᠠᠷᠤᠭ᠎ᠠ᠎ᠶᠢᠨ ᠳᠦᠷᠢᠮ᠎ᠦᠨ ᠠᠵᠢᠯ᠎ᠤᠨ ᠭᠣᠣᠯᠳᠠᠯᠭ᠎ᠠ》᠎ᠶᠢ ᠳᠠᠷᠤᠮᠠᠯᠯᠠᠨ ᠲᠠᠷᠬᠠᠭᠠᠵᠤ᠂ ᠣᠶ ᠰᠢᠭᠤᠢ᠎ᠶᠢᠨ ᠳᠠᠷᠤᠭ᠎ᠠ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠰᠢᠰᠲᠧᠮ᠎ᠢ ᠲᠡᠭᠦᠯᠳᠡᠷᠵᠢᠭᠦᠯᠬᠦ᠂ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠳᠤ ᠬᠦᠴᠦ᠎ᠪᠡᠨ ᠲᠥᠪᠯᠡᠷᠡᠭᠦᠯᠬᠦ᠂ ᠣᠶ ᠰᠢᠭᠤᠢ ᠡᠪᠡᠰᠦ ᠪᠡᠯᠴᠢᠭᠡᠷ᠎ᠦᠨ ᠡᠬᠢ ᠪᠠᠶᠠᠯᠢᠭ᠋᠎ᠤᠨ ᠬᠢᠨᠠᠯᠲᠠ ᠬᠠᠮᠢᠶᠠᠷᠤᠯᠲᠠ᠎ᠶᠢ ᠴᠢᠩᠳᠠᠯᠠᠬᠤ᠂ ᠠᠮᠢ ᠠᠬᠤᠢ᠎ᠶᠢᠨ ᠥᠷᠲᠡᠭ᠎ᠢ ᠬᠤᠪᠢᠷᠠᠭᠤᠯᠬᠤ ᠠᠷᠭ᠎ᠠ ᠵᠠᠮ᠎ᠢ ᠰᠢᠯᠤᠭᠤᠳᠬᠠᠬᠤ᠂ ᠭᠣᠣᠯᠳᠠᠯᠭ᠎ᠠ᠎ᠲᠠᠢ ᠥᠭᠡᠷᠡᠴᠢᠯᠡᠯᠲᠡ᠎ᠶᠢᠨ ᠡᠭᠦᠷᠭᠡ᠎ᠶᠢ ᠠᠬᠢᠭᠤᠯᠬᠤ᠂ ᠣᠶ ᠰᠢᠭᠤᠢ ᠡᠪᠡᠰᠦ ᠪᠡᠯᠴᠢᠭᠡᠷ᠎ᠦᠨ ᠰᠠᠭᠤᠷᠢ ᠪᠠᠲᠤᠯᠠᠭ᠎ᠠ᠎ᠶᠢ ᠪᠡᠬᠢᠵᠢᠭᠦᠯᠬᠦ ᠵᠡᠷᠭᠡ 6 ᠲᠠᠯ᠎ᠠ᠎ᠪᠠᠷ 2026 ᠣᠨ᠎ᠤ ᠣᠶ ᠰᠢᠭᠤᠢ᠎ᠶᠢᠨ ᠳᠠᠷᠤᠭ᠎ᠠ᠎ᠶᠢᠨ ᠲᠦᠷᠢᠮ᠎ᠤᠨ 20 ᠵᠦᠢᠯ᠎ᠤᠨ ᠭᠤᠤᠯᠳᠠᠯᠭ᠎ᠠ ᠳᠠᠢ ᠡᠬᠦᠷᠭᠡ ᠵᠢ ᠳᠤᠳᠤᠷᠬᠠᠢᠯᠠᠪᠠ᠃

ᠣᠶ ᠰᠢᠭᠤᠢ᠎ᠶᠢᠨ ᠶᠡᠷᠦᠩᠬᠡᠢ ᠳᠠᠷᠤᠭ᠎ᠠ᠎ᠶᠢᠨ ᠵᠠᠷᠯᠢᠭ᠋᠎ᠲᠤ᠂ ᠡᠯ᠎ᠡ ᠱᠠᠲᠤᠨ᠎ᠤ ᠣᠶ ᠰᠢᠭᠤᠢ᠎ᠶᠢᠨ ᠳᠠᠷᠤᠭ᠎ᠠ ᠨᠠᠷ ᠬᠠᠷᠢᠭᠤᠴᠠᠯᠭᠠᠲᠤ ᠣᠷᠣᠨ ᠪᠦᠰᠡ᠎ᠶᠢᠨ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠋᠎ᠤᠨ ᠬᠠᠮᠠᠭᠠᠯᠠᠯᠲᠠ᠎ᠶᠢᠨ ᠠᠵᠢᠯ᠎ᠤᠨ ᠵᠣᠬᠢᠶᠠᠨ ᠪᠠᠢᠭᠤᠯᠤᠯᠲᠠ ᠤᠳᠤᠷᠢᠳᠤᠯᠭ᠎ᠠ ᠎ᠪᠠᠨ ᠴᠢᠩᠭᠠᠳᠬᠠᠵᠤ᠂ ᠣᠶ ᠰᠢᠭᠤᠢ ᠎ᠶᠢᠨ ᠳᠠᠷᠤᠭ᠎ᠠ᠎ᠶᠢᠨ ᠵᠠᠷᠯᠢᠭ᠋ ᠪᠠᠭᠤᠯᠭᠠᠬᠤ᠂ ᠱᠠᠯᠠᠪᠳᠠᠭᠤᠯᠤᠨ ᠰᠢᠢᠳᠪᠦᠷᠢᠯᠡᠭᠦᠯᠬᠦ᠂ ᠵᠠᠷᠯᠠᠨ ᠮᠡᠳᠡᠭᠳᠡᠬᠦ ᠵᠡᠷᠭᠡ ᠲᠣᠭᠲᠠᠴᠠ ᠎ᠶᠢ ᠲᠡᠭᠦᠯᠳᠡᠷᠵᠢᠭᠦᠯᠦᠨ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ᠎ᠪᠡᠷ ᠭᠦᠢᠴᠡᠳᠬᠡᠬᠦ ᠬᠡᠷᠡᠭᠲᠡᠢ᠃ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ᠎ᠶᠢ ᠭᠦᠨᠵᠡᠭᠡᠢ ᠳᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠣᠶ ᠰᠢᠭᠤᠢ᠎ᠶᠢᠨ ᠳᠠᠷᠤᠭ᠎ᠠ᠎ᠶᠢᠨ ᠡᠭᠦᠷᠭᠡ ᠲᠤᠰᠢᠶᠠᠯ᠎ᠢᠶᠠᠨ ᠭᠦᠢᠴᠡᠳᠬᠡᠬᠦ ᠬᠦᠴᠦᠨ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠳᠠᠢ᠃ ᠣᠶ ᠰᠢᠭᠤᠢ ᠡᠪᠡᠰᠦ ᠪᠡᠯᠴᠢᠭᠡᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠳᠡ ᠵᠢ ᠬᠢᠨᠠᠨ ᠬᠠᠮᠢᠶᠠᠷᠬᠤ ᠡᠩᠨᠡᠭᠡ᠎ᠶᠢᠨ ᠪᠠᠢᠭᠤᠯᠤᠯᠳᠠ ᠵᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠪᠣᠳᠠᠲᠠᠢ ᠠᠵᠢᠯᠯᠠᠬᠤ ᠴᠢᠳᠠᠪᠤᠷᠢ᠎ᠶᠢ ᠲᠦᠷᠭᠡᠨ ᠳᠡᠭᠡᠭᠰᠢᠯᠡᠭᠦᠯᠦᠨ᠂ ᠰᠤᠮᠤ ᠰᠢᠶᠠᠩ ᠪᠠᠯᠭᠠᠰᠤ᠎ᠶᠢᠨ ᠣᠶ ᠰᠢᠭᠤᠢ ᠡᠪᠡᠰᠦ ᠪᠡᠯᠴᠢᠭᠡᠷ᠎ᠦᠨ ᠠᠵᠢᠯ᠎ᠤᠨ ᠥᠷᠲᠡᠭᠡ᠎ᠶᠢᠨ ᠵᠢᠷᠤᠮᠵᠢᠯ᠎ᠲᠠᠢ ᠡᠮᠬᠢ ᠵᠢᠷᠤᠮ᠎ᠲᠠᠢ ᠠᠵᠢᠯᠯᠠᠬᠤ᠎ᠶᠢ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ᠎ᠢ ᠬᠠᠮᠠᠭᠠᠯᠠᠬᠤ ᠲᠣᠥᠷᠵᠢᠭᠤᠯᠤᠭᠰᠠᠨ ᠡᠬᠢ ᠡᠭᠦᠰᠦᠯ᠎ᠦᠨ ᠬᠠᠮᠢᠶᠠᠷᠤᠯᠲᠠ ᠵᠢᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠳᠠᠢ᠃ ᠬᠠᠮᠵᠢᠯᠴᠠᠨ ᠬᠠᠮᠲᠤᠷᠠᠯᠴᠠᠬᠤ᠎ᠶᠢᠨ ᠥᠷᠭᠡᠴᠡ ᠪᠠ ᠭᠦᠨᠴᠡ᠎ᠶᠢ ᠥᠷᠭᠡᠳᠬᠡᠵᠦ᠂ ᠠᠵᠢᠯ᠎ᠤᠨ ᠬᠠᠷᠢᠯᠴᠠᠭ᠎ᠠ᠂ ᠮᠡᠳᠡᠭᠡ ᠵᠠᠩᠭᠢ᠎ᠶᠢ ᠬᠠᠮᠲᠤᠪᠠᠷ ᠡᠳ᠋ᠯᠡᠬᠦ᠂ ᠬᠠᠮᠲᠤᠷᠠᠨ ᠰᠢᠢᠳᠪᠦᠷᠢᠯᠡᠬᠦ᠎ᠶᠢ ᠴᠢᠩᠭᠠᠳᠬᠠᠵᠤ᠂ ᠣᠶ ᠰᠢᠭᠤᠢ ᠡᠪᠡᠰᠦ ᠪᠡᠯᠴᠢᠭᠡᠷ᠎ᠦᠨ ᠬᠦᠷᠢᠶᠡᠨ᠎ᠳᠡᠬᠢ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠬᠦᠴᠦ ᠪᠡᠨ ᠬᠠᠮᠲᠤᠳᠬᠠᠨ ᠰᠢᠢᠳᠪᠦᠷᠢᠯᠡᠬᠦ ᠬᠡᠷᠡᠭᠳᠠᠢ ᠭᠡᠵᠤ ᠴᠢᠬᠤᠯᠠᠴᠢᠯᠠᠪᠠ᠃


ᠲᠤᠰ ᠬᠣᠯᠪᠣᠭᠠᠰᠤ᠎ᠶ᠋ᠢ ᠳᠤᠪᠴᠢᠳᠠᠵᠤ ᠪᠦᠬᠦ ᠠᠭᠤᠯᠭ᠎ᠠ ᠵᠢ ᠦᠵᠡᠭᠡᠷᠠᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号