6500 ᠲᠦᠮᠡᠨ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ + 400 ᠲᠠᠯᠠᠪᠤᠷ ᠠᠵᠢᠯᠯᠠᠭ᠎ᠠ ᠴᠠᠭᠠᠨ ᠰᠠᠷ᠎ᠠ᠎ᠶᠢᠨ ᠬᠡᠷᠡᠭᠯᠡᠭᠡᠨ᠎ᠦ ᠦᠪᠡᠳᠡᠭᠰᠢ ᠳᠠᠶ᠋ᠢᠯᠠᠯᠭ᠎ᠠ᠎ᠶᠢ ᠡᠬᠢᠯᠡᠭᠦᠯᠪᠡ
2026-02-13 16:30:26
ᠵᠣᠬᠢᠶᠠᠭ᠍ᠴᠢ᠄
ᠭᠣᠸ᠋ ᠬᠣᠶ
ᠣᠩᠱᠢᠭ᠍ᠰᠠᠨ ᠣᠳᠠᠭ᠎ᠠ᠄
★★★☆☆

2026 ᠣᠨ᠎ᠤ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠥᠬᠥ ᠣᠷᠣᠨ᠎ᠤ ᠡᠯ᠎ᠡ ᠠᠢᠮᠠᠭ ᠬᠣᠲᠠ᠎ᠶᠢ ᠨᠢᠭᠡᠳᠦᠯᠲᠡᠢ ᠲᠥᠯᠥᠪᠵᠢᠭᠦᠯᠵᠦ᠂ 《ᠪᠠᠶᠠᠷᠳᠤ ᠬᠡᠷᠡᠭᠯᠡᠭᠡᠳᠤ ᠴᠠᠭᠠᠨ ᠰᠠᠷ᠎ᠠ》 ᠪᠡᠷ ᠭᠣᠣᠯ ᠰᠡᠳᠦᠪ ᠪᠣᠯᠭᠠᠨ ᠴᠠᠭᠠᠨ ᠰᠠᠷ᠎ᠠ᠎ᠶᠢ ᠤᠭᠲᠤᠵᠤ ᠬᠡᠷᠡᠭᠯᠡᠭᠡ᠎ᠶᠢ ᠠᠬᠢᠭᠤᠯᠬᠤ ᠦᠪᠡᠳᠡᠭᠰᠢ ᠳᠠᠶ᠋ᠢᠯᠠᠯᠭ᠎ᠠ᠎ᠶᠢ ᠬᠠᠮᠲᠤ ᠪᠠᠷ ᠡᠬᠢᠯᠡᠭᠦᠯᠪᠡ᠃ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠄ ᠲᠣᠰ ᠤᠳᠠᠭᠠᠨ᠎ᠤ ᠠᠵᠢᠯᠯᠠᠭ᠎ᠠ ᠨᠢ ᠪᠦᠷᠢᠨ ᠪᠠᠷᠠᠭ᠎ᠠ᠂ ᠮᠠᠰᠢᠨ ᠲᠡᠷᠭᠡ᠂ ᠭᠡᠷ᠎ᠦᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠵᠡᠷᠭᠡ ᠭᠣᠣᠯᠳᠠᠯᠭ᠎ᠠ᠎ᠲᠠᠢ ᠬᠦᠷᠢᠶᠡᠨ᠎ᠦ ᠲᠣᠭᠣᠷᠢᠨ᠎ᠳᠤ᠂ 6500 ᠭᠠᠷᠤᠢ ᠲᠦᠮᠡᠨ ᠲᠥᠭᠥᠷᠢᠭ᠎ᠦᠨ ᠪᠡᠯᠡ ᠣᠷᠣᠭᠤᠯᠤᠨ ᠬᠡᠷᠡᠭᠯᠡᠭᠡᠨ᠎ᠦ ᠲᠡᠮᠳᠡᠭᠲᠦ ᠲᠠᠷᠬᠠᠭᠠᠵᠤ᠂ 400 ᠰᠢᠬᠠᠮ ᠤᠳᠠᠭᠠᠨ᠎ᠤ ᠥᠪᠡᠷᠮᠢᠴᠡ ᠣᠨᠴᠠᠯᠢᠭ ᠪᠦᠬᠦᠢ ᠪᠣᠷᠤᠯᠠᠭᠤᠯᠭ᠎ᠠ᠎ᠶᠢ ᠠᠬᠢᠭᠤᠯᠬᠤ ᠠᠵᠢᠯᠯᠠᠭ᠎ᠠ᠎ᠶᠢ ᠬᠣᠯᠪᠤᠭᠠᠯᠠᠨ ᠥᠷᠨᠢᠭᠦᠯᠵᠦ᠂ ᠪᠥᠬᠥ ᠣᠷᠣᠨ᠎ᠤ ᠠᠷᠠᠳ ᠣᠯᠠᠨ ᠪᠣᠯᠣᠨ ᠡᠯ᠎ᠠ ᠭᠠᠵᠠᠷ᠎ᠤᠨ ᠵᠢᠭᠤᠯᠴᠢᠯᠠᠭᠰᠠᠳ᠎ᠲᠤ ᠬᠥᠷ ᠬᠥᠭᠵᠢᠶᠡᠨ᠎ᠲᠠᠢ ᠪᠠᠶᠠᠷ ᠳᠤᠷᠠᠰᠬᠠᠯ᠎ᠤᠨ ᠠᠭᠤᠷ ᠠᠮᠢᠰᠬᠤᠯ᠎ᠤᠨ ᠳᠤᠮᠳᠠ ᠡᠯᠪᠡᠭ ᠪᠠᠶᠠᠯᠢᠭ᠋ ᠬᠡᠷᠡᠭᠯᠡᠭᠡᠨ᠎ᠦ ᠪᠡᠶᠡᠴᠢᠯᠡᠨ ᠣᠢᠯᠠᠭᠠᠯᠲᠠ᠎ᠶᠢ ᠮᠡᠳᠡᠷᠡᠭᠦᠯᠦᠨ᠎ᠡ᠃

ᠥᠪᠥᠷ ᠮᠣᠩᠭᠣᠯ᠎ᠤᠨ ᠡᠯ᠎ᠡ ᠠᠢᠮᠠᠭ ᠬᠣᠲᠠ᠎ᠶᠢᠨ ᠬᠢᠨ ᠲᠣᠰ ᠭᠠᠵᠠᠷ ᠣᠷᠣᠨ᠎ᠤ᠎ᠪᠠᠨ ᠣᠨᠴᠠᠯᠢᠭ᠋᠎ᠲᠤ ᠰᠠᠭᠤᠷᠢᠯᠠᠨ᠂ ᠠᠷᠠᠳ᠎ᠲᠤ ᠠᠰᠢᠭ᠋ ᠬᠦᠷᠲᠡᠭᠡᠬᠦ ᠣᠯᠠᠨ ᠠᠷᠭ᠎ᠠ ᠬᠡᠮᠵᠢᠶ᠎ᠡ ᠭᠠᠷᠭᠠᠪᠠ᠄

ᠬᠥᠬᠡᠬᠣᠲᠠ᠎ᠶᠢᠨ ᠬᠢᠨ ᠮᠠᠰᠢᠨ ᠲᠡᠷᠭᠡ ᠬᠤᠳᠠᠯᠳᠤᠨ ᠠᠪᠬᠤ᠎ᠳᠤ ᠬᠠᠮᠤᠭ᠎ᠤᠨ ᠠᠷᠪᠢᠨ᠎ᠳᠠᠭᠠᠨ 2 ᠲᠦᠮᠡᠨ ᠲᠦᠬᠦᠷᠢᠭ᠎ᠤᠨ ᠬᠢᠮᠳᠠᠷᠠᠯ ᠦᠵᠡᠬᠦᠯᠵᠤ᠂ ᠭᠠᠷ ᠤᠲᠠᠰᠤ ᠬᠤᠳᠠᠯᠳᠤᠨ ᠠᠪᠬᠤ᠎ᠳᠤ 1500 ᠲᠥᠭᠥᠷᠢᠭ᠎ᠦᠨ ᠨᠥᠬᠥᠪᠦᠷᠢ ᠥᠭᠴᠦ᠂ ᠬᠣᠭᠣᠯᠠ ᠢᠳᠡᠬᠦ᠎ᠳᠦ 100 ᠲᠦᠮᠡᠨ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ ᠳᠠᠷᠬᠠᠭᠠᠵᠤ᠂ 100 ᠲᠥᠭᠥᠷᠢᠭ᠎ᠦᠨ ᠪᠠᠷᠢᠮᠲᠠ᠎ᠪᠠᠷ ᠪᠠᠰᠠ ᠱᠠᠩᠨᠠᠯ ᠰᠤᠭᠤᠯᠵᠤ ᠪᠣᠯᠣᠨ᠎ᠠ;

ᠪᠤᠭᠤᠲᠤ ᠬᠤᠳᠠ᠎ᠶᠢᠨ ᠬᠢᠨ400 ᠲᠦᠮᠡᠨ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ ᠲᠠᠷᠬᠠᠭᠠᠵᠤ ᠪᠦᠬᠦ ᠲᠦᠷᠦᠯ ᠵᠦᠢᠯ᠎ᠢ ᠬᠠᠮᠤᠷᠴᠤ᠂ ᠪᠦᠬᠦ ᠬᠤᠳᠠ᠎ᠶᠢᠨ ᠭᠣᠣᠯᠳᠠᠯᠭ᠎ᠠ᠎ᠲᠠᠢ ᠬᠤᠳᠠᠯᠳᠤᠭᠠᠨ᠎ᠤ ᠲᠣᠭᠣᠷᠢᠭ᠋᠎ᠲᠦ 80 ᠭᠠᠷᠤᠢ ᠲᠠᠯᠠᠪᠠᠢ ᠪᠣᠷᠤᠯᠠᠭᠤᠯᠭ᠎ᠠ᠎ᠶᠢ ᠠᠬᠢᠭᠤᠯᠬᠤ ᠠᠵᠢᠯᠯᠠᠭ᠎ᠠ ᠵᠡᠷᠭᠡᠪᠡᠷ ᠶᠠᠪᠤᠭᠳᠠᠪᠠ;

ᠣᠷᠳᠣᠰ ᠬᠤᠳᠠ ᠵᠢᠨ ᠬᠢᠨ 《ᠬᠠᠭᠤᠴᠢᠨ᠎ᠢᠶᠠᠷ ᠰᠢᠨ᠎ᠡ᠎ᠶᠢ ᠰᠣᠯᠢᠬᠤ + ᠬᠡᠷᠡᠭᠯᠡᠭᠡᠨ᠎ᠦ ᠨᠥᠬᠥᠪᠦᠷᠢ + ᠣᠨᠴᠠᠯᠢᠭ᠍ᠲᠤ ᠠᠵᠢᠯᠯᠠᠭ᠎ᠠ》 ᠭᠡᠬᠦ ᠭᠤᠷᠪᠠᠨ ᠳᠠᠪᠬᠤᠷ ᠠᠷᠠᠳ᠎ᠲᠤ ᠠᠰᠢᠭ᠋ ᠬᠦᠷᠲᠡᠭᠡᠬᠦ ᠪᠡᠯᠡᠭ ᠭᠠᠷᠭᠠᠪᠠ;

ᠬᠥᠯᠥᠨ ᠪᠤᠢ᠍ᠢᠷ ᠬᠤᠳᠠ ᠵᠢᠨ ᠬᠢᠨ ᠬᠣᠯᠪᠤᠭᠠᠯᠠᠨ 60 ᠭᠠᠷᠤᠢ ᠲᠠᠯᠠᠪᠤᠷ ᠪᠣᠷᠤᠯᠠᠭᠤᠯᠭ᠎ᠠ᠎ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ 800 ᠲᠦᠮᠡᠨ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ ᠲᠠᠷᠬᠠᠭᠠᠪᠠ;

ᠬᠢᠩᠭᠠᠨ ᠠᠢᠮᠠᠭ᠎ᠤᠨ ᠬᠢᠨᠲᠠᠷᠬᠠᠭᠠᠭᠰᠠᠨ ᠬᠡᠷᠡᠭᠯᠡᠭᠡᠨ᠎ᠦ ᠲᠡᠮᠳᠡᠭᠲᠦ᠎ᠶᠢᠨ ᠶᠡᠷᠦᠩᠬᠡᠢ ᠲᠣᠭ᠎ᠠ 850 ᠲᠦᠮᠡᠨ ᠲᠥᠭᠥᠷᠢᠭ᠎ᠢ ᠳᠠᠪᠠᠵᠤ᠂ ᠡᠳᠦᠷ ᠲᠤᠲᠤᠮ᠎ᠤᠨ ᠬᠡᠷᠡᠭᠯᠡᠭᠡᠨ᠎ᠦ ᠡᠯ᠎ᠡ ᠬᠦᠷᠢᠶ᠎ᠡ᠎ᠶᠢ ᠬᠠᠮᠤᠷᠪᠠ;  

ᠤᠯᠠᠭᠠᠨᠬᠠᠳᠠ ᠬᠤᠳᠠ᠎ᠶᠢᠨ ᠬᠢᠨ ᠪᠦᠬᠦ ᠲᠣᠭ᠎ᠠ ᠨᠢ 840 ᠲᠦᠮᠡᠨ ᠲᠥᠭᠥᠷᠢᠭ᠎ᠢ ᠳᠠᠪᠠᠭᠰᠠᠨ ᠠᠷᠠᠳ᠎ᠲᠤ ᠠᠰᠢᠭ᠋ ᠬᠦᠷᠲᠡᠭᠡᠬᠦ ᠬᠡᠷᠡᠭᠯᠡᠭᠡᠨ᠎ᠦ ᠨᠥᠬᠥᠪᠦᠷᠢ ᠥᠭᠴᠦ᠂ ᠪᠦᠷᠢᠨ ᠪᠠᠷᠠᠭ᠎ᠠ᠂ ᠢᠳᠡᠭᠡᠨ ᠤᠮᠳᠠᠭᠠᠨ᠂ ᠭᠡᠷ᠎ᠦᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠵᠢᠴᠢ ᠰᠣᠶᠣᠯ ᠵᠢᠭᠤᠯᠴᠢᠯᠠᠯ᠎ᠤᠨ ᠦᠢᠯᠡᠰ ᠵᠡᠷᠭᠡ ᠤᠯᠠᠨ ᠬᠦᠷᠢᠶ᠎ᠡ᠎ᠶᠢ ᠬᠠᠮᠤᠷᠪᠠ ᠁

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠬᠡᠷᠡᠭᠯᠡᠭᠡ᠎ᠶᠢ ᠠᠬᠢᠭᠤᠯᠬᠤ ᠠᠵᠢᠯᠯᠠᠭ᠎ᠠ ᠨᠢ ᠪᠥᠬᠥ ᠣᠷᠣᠨ᠎ᠤ 12 ᠠᠢᠮᠠᠭ ᠬᠣᠲᠠ᠎ᠶᠢ ᠬᠠᠮᠤᠷᠴᠤ᠂ ᠡᠯ᠎ᠡ ᠭᠠᠵᠠᠷ ᠣᠷᠣᠨ᠎ᠤ ᠬᠢᠨ ᠵᠦᠷᠢᠶᠡᠴᠢᠯᠡᠭᠰᠡᠨ᠂ ᠣᠯᠠᠨ ᠡᠰᠢᠴᠢᠯᠡᠭᠰᠡᠨ ᠠᠰᠠᠷᠠᠮᠵᠢ᠎ᠶᠢᠨ ᠠᠷᠭ᠎ᠠ ᠬᠡᠮᠵᠢᠶ᠎ᠡ ᠠᠪᠴᠤ᠂ ᠵᠠᠰᠠᠭ ᠪᠠᠩᠬᠢ ᠠᠵᠤ ᠠᠬᠤᠢᠯᠠᠯ ᠬᠠᠮᠵᠢᠯᠴᠠᠨ ᠬᠦᠴᠦᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠎ᠶᠢ ᠭᠦᠨᠵᠡᠭᠡᠢ ᠠᠭᠤᠰᠤᠯᠴᠠᠭᠤᠯᠤᠨ᠂ ᠦᠨᠡᠨ ᠪᠤᠳᠠᠳᠠᠢ ᠠᠰᠢᠭ᠋ ᠲᠤᠰᠠ ᠪᠠ ᠬᠥᠷ ᠬᠥᠭᠵᠢᠶᠡᠨ᠎ᠢ ᠲᠦᠭ ᠲᠦᠮᠡᠨ ᠠᠢᠯ ᠡᠷᠦᠬᠡ᠎ᠳᠦ ᠬᠦᠷᠭᠡᠵᠦ᠂ ᠴᠠᠭᠠᠨ ᠰᠠᠷ᠎ᠠ᠎ᠶᠢᠨ ᠪᠠᠶᠠᠷ᠎ᠲᠤ ᠥᠳᠬᠡᠨ ᠵᠤᠵᠠᠭᠠᠨ ᠠᠭᠤᠷ ᠠᠮᠢᠰᠬᠤᠯ ᠨᠡᠮᠡᠷᠢᠯᠡᠬᠦ ᠪᠡᠷ ᠪᠠᠷᠠᠬᠤ ᠦᠭᠡᠢ᠂ ᠥᠪᠥᠷ ᠮᠣᠩᠭᠣᠯ᠎ᠤᠨ ᠬᠡᠷᠡᠭᠯᠡᠭᠡᠨ᠎ᠦ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠨᠠᠩ ᠪᠦᠲᠦᠮᠵᠢᠲᠡᠶ᠎ᠪᠡᠷ ᠬᠥᠭᠵᠢᠭᠡᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号