— 2026 ᠣᠨ᠎ᠤ 2 ᠰᠠᠷ᠎ᠠ᠎ᠶ᠋ᠢᠨ 6᠎ᠤ ᠡᠳᠦᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯᠳᠤᠭᠠᠨ ᠳᠡᠭᠡᠷ᠎ᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠲᠡᠳ᠋ ᠡᠷᠬᠢᠯᠡᠭᠴᠢ ᠵᠠᠩ ᠱᠤᠤ ᠴᠦᠨ
ᠲᠦᠯᠦᠭᠡᠯᠡᠭᠴᠢᠳ ᠡ ᠄
ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠦᠪᠯᠡᠬᠦ᠌ ᠪᠣᠯᠪᠠᠤ᠃
ᠥᠩᠭᠡᠷᠡᠭ᠌ᠰᠡᠨ ᠨᠢᠭᠡ ᠵᠢᠯ᠎ᠤᠨ ᠭᠤᠣᠯ ᠠᠵᠢᠯ
2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠲᠡᠭᠦᠰᠭᠡᠯ᠎ᠤᠨ ᠵᠢᠯ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠲᠦᠰᠦᠪᠯᠡᠨ ᠪᠠᠢᠷᠢᠯᠠᠭᠤᠯᠬᠤ ᠵᠢᠯ ᠪᠤᠯᠤᠨ᠎ᠡ᠃ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠨᠣᠯᠵᠢᠬᠤᠨ᠎ᠢ ᠦᠢᠯᠡᠳᠦᠯᠭᠡᠵᠢᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠪᠠᠷ ᠭᠤᠣᠯ ᠱᠢᠵᠢᠮ ᠪᠣᠯᠭᠠᠵᠤ᠂ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ᠂ ᠦᠨᠳᠦᠰᠦᠨ ᠬᠠᠣᠯᠢ ᠬᠠᠣᠯᠢ ᠴᠠᠭᠠᠵᠠ᠎ᠠᠴᠠ ᠣᠯᠭᠤᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠬᠦᠴᠦᠨ᠎ᠢᠶᠠᠨ ᠡᠷᠭᠦᠪᠡ᠃
ᠨᠢᠭᠡ᠂ ᠨᠠᠮ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠪᠡ
ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠤᠭᠤᠳᠤᠭᠤᠯᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭ᠍ᠴᠢ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠬᠤ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠠ ᠠᠵᠢᠯ᠎ᠢᠶᠠᠨ ᠥᠷᠨᠢᠭᠦᠯᠬᠦ᠌᠎ᠶ᠋ᠢᠨ ᠦᠨᠳᠦᠰᠦᠨ ᠤᠯᠤᠰ ᠲᠦᠷᠦ᠍᠎ᠶ᠋ᠢᠨ ᠵᠠᠷᠴᠢᠮ ᠪᠣᠯᠭᠠᠵᠤ᠂ ᠤᠬᠠᠮᠰᠠᠷ᠎ᠠᠴᠠ᠎ᠪᠠᠨ ᠨᠠᠮ᠎ᠤᠨ ᠲᠥᠪ ᠬᠤᠷᠢᠶ᠎ᠠ᠎ᠲᠠᠢ ᠨᠢᠭᠡᠳᠦᠯᠲᠡᠢ ᠪᠠᠢᠵᠤ᠂ ᠨᠠᠮ᠎ᠤᠨ ᠲᠥᠪ ᠬᠤᠷᠢᠶᠠᠨ᠎ᠤ ᠱᠠᠭᠠᠷᠳᠠᠯᠭ᠎ᠠ᠎ᠲᠠᠢ ᠬᠠᠷᠭᠤᠭᠤᠯᠤᠨ ᠬᠠᠷᠢᠴᠠᠭᠤᠯᠵᠦ᠍᠂ ᠨᠠᠮ᠎ᠤᠨ ᠤᠳᠤᠷᠢᠳᠤᠯᠭ᠎ᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠯ᠎ᠡ ᠲᠠᠯ᠎ᠠ᠂ ᠪᠦᠬᠦ᠌ ᠶᠠᠪᠤᠴᠠ᠎ᠳᠤ ᠯᠠᠪᠳᠠᠭᠤᠨ ᠪᠣᠳᠠᠲᠠᠢ᠎ᠪᠠᠷ ᠨᠠᠢᠳᠠᠪᠤᠷᠢᠵᠢᠭᠤᠯᠪᠠ᠃
ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠦᠷᠭᠦᠯᠵᠢᠯᠡᠨ ᠦᠵᠡᠯ ᠰᠠᠨᠠᠭ᠎ᠠ᠎ᠪᠠᠨ ᠨᠢᠭᠡᠳᠭᠡᠵᠦ᠍᠂ ᠵᠣᠷᠢᠭ ᠰᠠᠨᠠᠭ᠎ᠠ᠎ᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠪᠡ᠃ 《ᠨᠢᠭᠡᠳᠦᠭᠡᠷ ᠵᠥᠪᠯᠡᠬᠦ᠌ ᠰᠡᠳᠦᠪ》 ᠤᠨ ᠲᠦᠷᠢᠮ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠬᠠᠮᠤᠭ᠎ᠤᠨ ᠱᠢᠨ᠎ᠡ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠢᠨᠠᠮᠠᠭᠠᠢ ᠲᠤᠭᠤᠱᠢᠯᠠᠭᠤᠯᠤᠨ᠂ ᠤᠬᠠᠮᠰᠠᠷ᠎ᠠᠴᠠ᠎ᠪᠠᠨ ᠤᠯᠤᠰ ᠲᠥᠷᠥ᠎ᠶ᠋ᠢᠨ ᠲᠠᠯ᠎ᠠ᠎ᠪᠠᠷ ᠶᠡᠭᠡ ᠲᠠᠯ᠎ᠠ᠎ᠶ᠋ᠢ ᠡᠵᠡᠮᠳᠡᠵᠦ᠍᠂ ᠠᠰᠠᠭᠤᠳᠠᠯ᠎ᠢ ᠵᠠᠳᠠᠯᠵᠤ᠂ ᠠᠵᠢᠯ᠎ᠢᠶᠠᠨ ᠠᠬᠢᠭᠤᠯᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭᠠᠨ᠎ᠤ ᠶᠡᠭᠡ ᠰᠤᠷᠤᠯᠴᠠᠯᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠦᠷᠢᠯᠳᠦᠬᠦᠨ ᠨᠡᠷ᠎ᠤᠨ ᠤᠯᠤᠰ ᠲᠦᠷᠦ᠍᠎ᠶ᠋ᠢᠨ ᠪᠣᠯᠪᠠᠰᠤᠷᠠᠯ᠎ᠢ ᠥᠷᠨᠢᠭᠦᠯᠵᠦ᠍᠂ ᠢᠮᠠᠭ᠍ᠲᠠ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠬᠠᠷᠢᠭᠤᠯᠠᠨ ᠡᠷᠡᠯᠬᠡᠭ᠌ᠯᠡᠨ ᠤᠷᠤᠭ᠍ᠰᠢᠯᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠲᠣᠭ᠍ᠲᠠᠭᠠᠭ᠍ᠰᠠᠨ》 ᠢ ᠪᠠᠲᠤ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠪᠡ᠃
ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠡᠷᠡᠰ ᠪᠠᠲᠤᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠲᠦᠯᠬᠢᠨ ᠠᠬᠢᠭᠤᠯᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠶ᠋ᠢ ᠡᠯ᠎ᠡ ᠵᠦᠢᠯ᠎ᠤᠨ ᠠᠵᠢᠯ᠎ᠤᠨ᠎ᠢᠶᠠᠨ ᠭᠤᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠠᠰᠠᠭᠤᠳᠠᠯ᠎ᠢ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠤᠴᠢᠷ ᠶᠠᠪᠤᠳᠠᠯ ᠬᠢᠬᠦ᠌᠎ᠳᠤ᠎ᠪᠠᠨ ᠴᠥᠮ ᠭᠤᠣᠯ ᠱᠢᠵᠢᠮ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠡᠷᠢᠭᠦᠨ᠎ᠳᠤ ᠪᠣᠳᠣᠯᠬᠢᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠲᠠᠢ ᠨᠢᠭ᠍ᠲᠠ ᠤᠶᠠᠯᠳᠤᠭᠤᠯᠵᠤ᠂ ᠭᠦᠨᠵᠡᠭᠡᠢ ᠠᠭᠤᠰᠤᠯᠴᠠᠭᠤᠯᠬᠤ᠎ᠶ᠋ᠢ ᠪᠡᠶᠡᠯᠡᠭᠦᠯᠵᠡᠢ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠶ᠋ᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ ᠲᠣᠭ᠍ᠲᠠᠭᠠᠬᠤ᠎ᠶ᠋ᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ᠂ ᠳᠠᠩᠰᠠᠯᠠᠵᠤ ᠬᠢᠨᠠᠨ ᠪᠠᠢᠴᠠᠭᠠᠬᠤ ᠴᠢᠬᠤᠯᠠ ᠠᠭᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠠᠵᠢᠯ᠎ᠢ ᠡᠨᠡ ᠬᠦ᠌ ᠭᠤᠣᠯ ᠱᠢᠵᠢᠮ᠎ᠲᠠᠢ ᠨᠢᠭ᠍ᠲᠠ ᠤᠶᠠᠯᠳᠤᠭᠤᠯᠵᠤ᠂ ᠲᠡᠭᠦᠨ᠎ᠠᠴᠠ ᠥᠴᠦᠬᠡᠨ ᠴᠦ᠍ ᠰᠠᠯᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠶ᠋ᠢ ᠵᠢᠯ ᠪᠦᠷᠢ᠎ᠶ᠋ᠢᠨ ᠡᠷᠬᠡᠪᠰᠢ ᠥᠷᠨᠢᠭᠦᠯᠬᠦ᠌ ᠬᠢᠨᠠᠯᠲᠠ ᠲᠠᠯᠪᠢᠬᠤ ᠠᠵᠢᠯ᠎ᠢᠶᠠᠷ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠭᠤᠣᠯ ᠱᠢᠵᠢᠮ᠎ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠣᠷᠣᠨ ᠪᠦᠰᠡ᠎ᠶ᠋ᠢᠨ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠬᠤ ᠵᠡᠷᠭᠡ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠦᠷᠢᠯᠳᠦᠬᠦᠨ᠂ ᠨᠠᠮ᠎ᠤᠨ ᠭᠡᠱᠢᠭᠦᠨ ᠺᠠᠳ᠋ᠷᠴᠤᠳ᠎ᠤᠨ ᠬᠥᠮᠦᠵᠢᠯ ᠪᠣᠯᠪᠠᠰᠤᠷᠠᠭᠤᠯᠤᠯ᠎ᠤᠨ ᠵᠠᠪᠠᠯ ᠰᠤᠷᠬᠤ ᠬᠢᠴᠢᠶᠡᠯ᠎ᠳᠤ ᠣᠷᠣᠭᠤᠯᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃
ᠨᠠᠮ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠤᠳᠤᠷᠢᠳᠭᠤ ᠲᠦᠷᠢᠮ᠎ᠢ ᠨᠠᠷᠢᠨ ᠬᠢᠨᠠᠮᠠᠭᠠᠢ ᠬᠡᠷᠡᠭ᠌ᠵᠢᠭᠦᠯᠪᠡ᠃ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠎ᠶ᠋ᠢᠨ ᠠᠵᠢᠯ ᠵᠡᠷᠭᠡ ᠡᠯ᠎ᠡ ᠵᠦᠢᠯ᠎ᠤᠨ ᠠᠵᠢᠯ᠎ᠢᠶᠠᠨ ᠴᠥᠮ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠢ ᠬᠠᠷᠭᠤᠭᠤᠯᠤᠨ ᠬᠠᠷᠢᠴᠠᠭᠤᠯᠵᠤ᠂ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠶᠠᠪᠤᠳᠠᠯ᠂ ᠴᠢᠬᠤᠯᠠ ᠪᠠᠢᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠴᠠᠭ ᠲᠤᠬᠠᠢᠳᠤᠨᠢ ᠮᠡᠳᠡᠭᠦᠯᠦᠨ ᠵᠢᠭᠠᠪᠤᠷᠢ ᠠᠪᠬᠤ᠎ᠶ᠋ᠢᠨ ᠬᠠᠮᠲᠤ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠪᠠ᠃ ᠨᠠᠮ᠎ᠠᠴᠠ ᠺᠠᠳ᠋ᠷ᠎ᠢ ᠬᠠᠮᠢᠶᠠᠷᠬᠤ ᠪᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠬᠠᠤᠯᠢ ᠶᠣᠰᠣᠭᠠᠷ ᠺᠠᠳ᠋ᠷ᠎ᠢ ᠲᠣᠮᠢᠯᠠᠵᠤ ᠪᠠᠭᠤᠯᠭᠠᠬᠤ᠎ᠶ᠋ᠢ ᠬᠠᠷᠢᠯᠴᠠᠨ ᠨᠢᠭᠡᠳᠦᠭᠦᠯᠬᠦ᠌ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠨᠡᠮᠡᠵᠦ᠍ ᠬᠤᠷᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠡᠷᠬᠢᠯᠡᠭ᠌ᠴᠢ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ᠎ᠶ᠋ᠢ ᠰᠣᠩᠭᠤᠨ ᠭᠠᠷᠭᠠᠪᠠ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠠᠢᠭᠤᠯᠭ᠎ᠠ᠎ᠶ᠋ᠢᠨ 319 ᠠᠵᠢᠯᠲᠠᠨ᠎ᠢ ᠲᠣᠮᠢᠯᠠᠬᠤ ᠪᠤᠶᠤ ᠪᠠᠭᠤᠯᠭᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠨᠢᠯᠴᠠᠭᠤᠯᠤᠭ᠍ᠰᠠᠨ ᠵᠢᠱ᠌ᠢᠭ᠌ᠳᠡᠭ᠌ᠴᠢ᠎ᠶ᠋ᠢ ᠬᠠᠣᠯᠢ᠎ᠪᠠᠷ ᠲᠣᠭ᠍ᠲᠠᠭᠠᠭ᠍ᠰᠠᠨ ᠳᠠᠷᠠᠭᠠᠯᠠᠯ᠎ᠢᠶᠠᠷ ᠳᠠᠮᠵᠢᠭᠤᠯᠤᠨ ᠣᠷᠣᠨ ᠨᠤᠲᠤᠭ᠎ᠤᠨ ᠲᠥᠷᠥ᠎ᠶ᠋ᠢᠨ ᠡᠷᠬᠡᠲᠦ ᠪᠠᠢᠭᠤᠯᠭ᠎ᠠ᠎ᠶ᠋ᠢᠨ ᠤᠳᠤᠷᠢᠳᠤᠯᠭ᠎ᠠ ᠪᠣᠯᠭᠠᠬᠤ᠎ᠶ᠋ᠢ ᠦᠨᠡᠨ ᠬᠦ᠌ ᠪᠠᠲᠤᠯᠠᠵᠤ᠂ ᠨᠠᠮ᠎ᠤᠨ ᠵᠣᠷᠢᠯᠲᠠ᠎ᠶ᠋ᠢ ᠬᠠᠣᠯᠢ᠎ᠪᠠᠷ ᠲᠣᠭ᠍ᠲᠠᠭᠠᠭ᠍ᠰᠠᠨ ᠳᠠᠷᠠᠭᠠᠯᠠᠯ᠎ᠢᠶᠠᠷ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶ᠋ᠢᠨ ᠵᠣᠷᠢᠭ ᠰᠠᠨᠠᠭ᠎ᠠ ᠪᠣᠯᠭᠠᠬᠤ᠎ᠶ᠋ᠢ ᠦᠨᠡᠨ ᠬᠦ᠌ ᠪᠠᠲᠤᠯᠠᠪᠠ᠃
ᠬᠤᠶᠠᠷ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠠᠵᠢᠯ᠎ᠤᠨ ᠳᠤᠮᠳᠠᠬᠢ ᠭᠤᠣᠯᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠲᠣᠭ᠍ᠲᠠᠭᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ
ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠲᠦᠯᠬᠢᠨ ᠠᠬᠢᠭᠤᠯᠵᠤ᠂ ᠪᠦᠬᠦ᠌ ᠵᠢᠯ᠎ᠳᠤ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ 12 ᠬᠤᠪᠢ ᠲᠣᠭ᠍ᠲᠠᠭᠠᠵᠤ᠂ 25 ᠬᠤᠪᠢ ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠤᠭ᠍ᠰᠠᠨ ᠪᠤᠶᠤ ᠲᠡᠭᠦᠨ᠎ᠢ ᠬᠦᠴᠦᠨ ᠦᠭᠡᠢ ᠪᠣᠯᠭᠠᠵᠤ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠥᠪᠡᠷᠲᠡᠭᠡᠨ ᠵᠠᠰᠠᠬᠤ ᠲᠦᠷᠢᠮ᠂ ᠲᠤᠰᠭᠠᠢ ᠲᠦᠷᠢᠮ᠎ᠢ 62 ᠬᠤᠪᠢ ᠬᠢᠨᠠᠨ ᠪᠠᠢᠴᠠᠭᠠᠵᠤ ᠵᠥᠪᠱᠢᠶᠡᠷᠡᠪᠡ᠃
ᠠᠮᠢ ᠠᠬᠤᠢ ᠣᠷᠴᠢᠨ ᠲᠣᠭᠤᠷᠢᠨ᠎ᠢ ᠬᠠᠮᠠᠭᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠤᠨ ᠬᠠᠤᠯᠢ ᠲᠣᠭ᠍ᠲᠠᠭᠠᠬᠤ ᠠᠵᠢᠯ᠎ᠢ ᠦᠷᠨᠢᠬᠦᠯᠪᠡ᠃ ᠠᠮᠢ ᠠᠬᠤᠢ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠲᠦᠷᠢᠮ᠎ᠢ ᠲᠣᠭ᠍ᠲᠠᠭᠠᠵᠤ᠂ ᠶᠡᠷᠦᠩᠬᠡᠢ ᠱᠦᠵᠢ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ 《ᠤᠮᠠᠷᠠᠲᠤ᠎ᠶ᠋ᠢᠨ ᠭᠤᠷᠪᠠᠨ ᠤᠷᠤᠨ》 ᠤ ᠢᠨᠵᠧᠨᠧᠷᠢᠩ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢ ᠬᠠᠤᠯᠢ ᠲᠣᠭ᠍ᠲᠠᠭᠠᠯ᠎ᠳᠤ ᠪᠢᠴᠢᠨ ᠣᠷᠣᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠡᠯᠡᠰᠦ᠎ᠶ᠋ᠢ ᠵᠠᠰᠠᠬᠤ᠎ᠳᠤ ᠬᠠᠤᠯᠢ᠎ᠪᠠᠷ ᠵᠠᠰᠠᠬᠤ ᠲᠦᠱᠢᠭ ᠲᠤᠯᠭᠠᠭᠤᠷᠢ ᠬᠠᠩᠭᠠᠪᠠ᠃ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠲᠦᠷᠢᠮ᠂ ᠨᠤᠭᠤ ᠭᠠᠵᠠᠷ᠎ᠢ ᠬᠠᠮᠠᠭᠠᠯᠠᠬᠤ ᠲᠦᠷᠢᠮ᠎ᠳᠤ ᠵᠠᠰᠠᠪᠤᠷᠢ ᠣᠷᠣᠭᠤᠯᠵᠤ᠂ ᠤᠢ ᠱᠢᠭᠤᠢ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠎ᠶ᠋ᠢ ᠬᠢᠨᠠᠨ ᠵᠥᠪᠯᠡᠵᠦ᠍᠂ ᠨᠤᠲᠤᠭ ᠪᠡᠯᠴᠢᠭᠡᠷ᠂ ᠤᠢ ᠱᠢᠭᠤᠢ ᠪᠠ ᠨᠤᠭᠤ ᠭᠠᠵᠠᠷ᠎ᠤᠨ ᠬᠠᠮᠠᠭᠠᠯᠠᠯᠲᠠ᠎ᠶ᠋ᠢ ᠴᠢᠩᠭᠠᠳᠭᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠤᠨ ᠪᠦᠳᠦᠭᠡᠨ ᠪᠠᠢᠭᠤᠯᠤᠯᠲᠠ᠎ᠶ᠋ᠢ ᠲᠦᠯᠬᠢᠨ ᠠᠬᠢᠭᠤᠯᠪᠠ᠃ ᠴᠤᠤᠯ ᠭᠤᠣᠯ᠎ᠤᠨ ᠤᠰᠤ᠎ᠶ᠋ᠢ ᠯᠢᠶᠣᠤᠾᠧ ᠭᠤᠣᠯ᠎ᠳᠤ ᠲᠠᠳᠠᠬᠤ ᠢᠨᠵᠧᠨᠧᠷᠢᠩ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠲᠦᠷᠢᠮ᠎ᠢ ᠲᠣᠭ᠍ᠲᠠᠭᠠᠵᠤ᠂ ᠤᠰᠤ ᠠᠷᠪᠢᠯᠠᠨ ᠬᠡᠷᠡᠭ᠌ᠯᠡᠬᠦ᠌ ᠲᠦᠷᠢᠮ᠂ ᠤᠤᠭᠤᠬᠤ ᠤᠰᠤᠨ᠎ᠤ ᠡᠬᠢ ᠰᠤᠷᠪᠤᠯᠵᠢ᠎ᠶ᠋ᠢ ᠬᠠᠮᠠᠭᠠᠯᠠᠬᠤ ᠲᠦᠷᠢᠮ᠎ᠳᠤ ᠵᠠᠰᠠᠪᠤᠷᠢ ᠣᠷᠣᠭᠤᠯᠵᠤ᠂ ᠤᠰᠤᠨ᠎ᠤ ᠡᠬᠢ ᠪᠠᠶᠠᠯᠢᠭ᠎ᠢ ᠰᠠᠢᠲᠤᠷ ᠴᠢᠩᠭ᠎ᠠ ᠬᠠᠮᠢᠶᠠᠷᠤᠨ ᠬᠠᠮᠠᠭᠠᠯᠠᠪᠠ᠃ ᠳᠠᠭᠤ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ᠎ᠢ ᠲᠣᠭ᠍ᠲᠠᠭᠠᠵᠤ᠂ ᠳᠠᠭᠤ ᠱᠤᠤᠭᠢᠶᠠᠨ᠎ᠢ ᠰᠡᠷᠭᠡᠢᠯᠡᠬᠦ᠂ ᠳᠠᠭᠤ ᠱᠤᠤᠭᠢᠶᠠᠨ᠎ᠢ ᠪᠠᠭᠠᠰᠭᠠᠬᠤ᠂ ᠳᠠᠭᠤ ᠱᠤᠤᠭᠢᠶᠠᠨ᠎ᠢ ᠵᠠᠰᠠᠬᠤ᠎ᠳᠤ ᠬᠠᠤᠯᠢ᠎ᠶ᠋ᠢᠨ ᠪᠠᠲᠤᠯᠠᠭ᠎ᠠ ᠬᠠᠩᠭᠠᠪᠠ᠃
ᠴᠢᠨᠠᠷ ᠰᠠᠢᠲᠠᠢ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠪᠡ᠃ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ᠎ᠢ ᠲᠣᠭ᠍ᠲᠠᠭᠠᠵᠤ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌ ᠲᠤᠬᠠᠢ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ ᠬᠥᠭ᠌ᠵᠢᠯᠲᠡ᠎ᠶ᠋ᠢᠨ ᠣᠷᠴᠢᠨ ᠨᠥᠬᠦᠴᠡᠯ᠎ᠢ ᠲᠠᠰᠤᠷᠠᠯᠳᠠ ᠦᠭᠡᠢ ᠱᠢᠯᠢᠳᠡᠭ᠌ᠵᠢᠭᠦᠯᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠲᠦᠷᠢᠮ᠎ᠢ ᠲᠣᠭ᠍ᠲᠠᠭᠠᠵᠤ᠂ ᠲᠠᠷᠢᠮᠠᠯ᠎ᠤᠨ ᠦᠷ᠎ᠡ᠎ᠶ᠋ᠢᠨ ᠲᠦᠷᠢᠮ᠎ᠳᠤ ᠵᠠᠰᠠᠪᠤᠷᠢ ᠣᠷᠣᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠂ ᠦᠷ᠎ᠡ᠎ᠶ᠋ᠢᠨ ᠢᠷᠡᠯᠳᠡ᠎ᠶ᠋ᠢᠨ ᠠᠮᠤᠷ ᠲᠦᠪᠱᠢᠨ᠎ᠢ ᠪᠠᠲᠤᠯᠠᠪᠠ᠃ ᠮᠠᠯ ᠵᠢᠭᠦᠷᠲᠡᠨ᠎ᠢ ᠨᠢᠲᠤᠯᠬᠤ ᠬᠠᠮᠢᠶᠠᠷᠤᠯᠲᠠ᠎ᠶ᠋ᠢᠨ ᠲᠦᠷᠢᠮ᠂ ᠬᠠᠩᠭᠠᠨ ᠪᠣᠷᠣᠯᠠᠭᠤᠯᠬᠤ ᠬᠤᠷᠱᠢᠶ᠎ᠠ᠎ᠶ᠋ᠢᠨ ᠲᠦᠷᠢᠮ᠎ᠢ ᠲᠣᠭ᠍ᠲᠠᠭᠠᠵᠤ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ᠃ ᠬᠢᠯᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠳᠤ ᠵᠠᠰᠠᠪᠤᠷᠢ ᠣᠷᠣᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠠᠲᠤᠯᠠᠪᠠ᠃
ᠤᠯᠠᠨ ᠲᠦᠮᠡᠨ᠎ᠤ ᠬᠦᠰᠡᠯ ᠡᠷᠡᠮᠡᠯᠵᠡᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠪᠡ᠃ ᠮᠤᠵᠢ᠎ᠶ᠋ᠢᠨ ᠱᠠᠲᠤᠨ᠎ᠤ ᠠᠩᠬᠠᠳᠠᠭ᠍ᠴᠢ ᠬᠥᠯᠥᠰᠥᠨ ᠠᠵᠢᠯᠴᠢᠨ᠎ᠤ ᠴᠠᠯᠢᠩ᠎ᠢ ᠪᠠᠲᠤᠯᠠᠬᠤ ᠲᠦᠷᠢᠮ᠎ᠢ ᠲᠣᠭ᠍ᠲᠠᠭᠠᠵᠤ᠂ ᠴᠠᠯᠢᠩ ᠥᠷᠢᠲᠦᠬᠦ᠌᠎ᠶ᠋ᠢ ᠵᠠᠰᠠᠬᠤ ᠬᠦᠴᠢᠷᠳᠡᠯ᠎ᠢ ᠬᠠᠤᠯᠢ ᠳᠦᠷᠢᠮ᠎ᠢᠶᠠᠷ ᠱᠢᠢᠳᠪᠦᠷᠢᠯᠡᠵᠦ᠍᠂ ᠬᠥᠯᠥᠰᠥᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠪᠦᠬᠦ᠌ ᠬᠦᠴᠦᠨ᠎ᠢᠶᠠᠷ᠎ᠢᠶᠠᠨ ᠬᠠᠮᠠᠭᠠᠯᠠᠪᠠ᠃ 《ᠪᠠᠭ᠎ᠠ ᠰᠡᠳᠦᠪ》᠂ 《ᠵᠢᠵᠢᠭ ᠲᠦᠷᠭᠡᠨ ᠠᠮᠢᠳᠤᠯᠢᠭ》 ᠬᠠᠣᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ᠎ᠶ᠋ᠢᠨ ᠬᠡᠷᠡᠭ᠌ᠴᠡᠭᠡ᠎ᠳᠤ ᠬᠠᠷᠢᠭᠤ ᠲᠤᠰᠭᠠᠵᠤ᠂ ᠠᠷᠠᠳ ᠲᠦᠮᠡᠨ᠎ᠤ ᠬᠦᠰᠡᠯ ᠵᠤᠷᠢᠯᠲᠠ᠎ᠳᠤ ᠵᠣᠬᠢᠴᠠᠭᠤᠯᠤᠨ᠂ ᠨᠡᠢᠭᠡᠮ᠎ᠤᠨ ᠪᠠᠲᠤᠯᠠᠭ᠎ᠠ᠎ᠶ᠋ᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠤ ᠪᠦᠷᠢᠨ ᠴᠢᠳᠠᠮᠵᠢᠲᠦ ᠺᠠᠷᠲ᠎ᠤᠨ ᠲᠦᠷᠢᠮ᠂ ᠰᠠᠭᠠᠳ ᠥᠬᠡᠢ ᠣᠷᠴᠢᠨ ᠲᠣᠭᠤᠷᠢᠨ᠎ᠤ ᠪᠥᠲᠥᠭᠡᠨ ᠪᠠᠢᠭᠤᠯᠤᠯᠲᠠ᠎ᠶ᠋ᠢᠨ ᠲᠦᠷᠢᠮ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ᠎ᠤ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠦᠷᠢᠮ᠂ ᠣᠷᠣᠨ ᠨᠤᠲᠤᠭ᠎ᠤᠨ ᠡᠪᠡᠳᠴᠢᠨ᠎ᠢ ᠰᠡᠷᠭᠡᠢᠯᠡᠨ ᠵᠠᠰᠠᠬᠤ ᠲᠦᠷᠢᠮ᠂ ᠤᠯᠠᠭᠠᠨᠮᠥ᠋ᠴᠢᠷ᠎ᠤᠨ ᠲᠦᠷᠢᠮ ᠵᠡᠷᠭᠡ ᠬᠠᠣᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠪᠠ᠃ ᠠᠵᠤ ᠠᠬᠤᠢᠯᠠᠯ᠎ᠤᠨ ᠬᠠᠮᠲᠤ᠎ᠶ᠋ᠢᠨ ᠭᠡᠷ᠎ᠡ᠎ᠶ᠋ᠢᠨ ᠲᠦᠷᠢᠮ᠂ ᠠᠵᠤ ᠠᠬᠤᠢᠯᠠᠯ᠎ᠤᠨ ᠴᠠᠯᠢᠩ᠎ᠢ ᠬᠠᠮᠲᠤ᠎ᠪᠠᠷ ᠵᠥᠪᠳᠡᠯᠴᠡᠬᠦ᠌ ᠲᠦᠷᠢᠮ ᠵᠡᠷᠭᠡ ᠬᠠᠤᠯᠢ ᠲᠣᠭ᠍ᠲᠠᠭᠠᠯ᠎ᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠠᠷᠠᠳᠴᠢᠯᠠᠯ᠎ᠢᠶᠠᠷ ᠬᠠᠮᠢᠶᠠᠷᠬᠤ ᠲᠦᠷᠢᠮ ᠪᠠ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠦᠷᠢᠨᠱᠢᠬᠦᠯᠪᠡ᠃ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠬᠠᠤᠯᠢ ᠴᠠᠭᠠᠵᠠ᠎ᠶ᠋ᠢᠨ ᠬᠢᠨᠠᠯᠲᠠ᠎ᠶ᠋ᠢ ᠴᠢᠩᠭᠠᠳᠭᠠᠬᠤ᠂ ᠱᠢᠨ᠎ᠡ ᠴᠠᠭ ᠦᠶ᠎ᠡ᠎ᠶ᠋ᠢᠨ ᠪᠠᠢᠴᠠᠭᠠᠬᠤ ᠪᠠᠢᠭᠤᠯᠭ᠎ᠠ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ᠎ᠶ᠋ᠢ ᠴᠢᠩᠭᠠᠳᠭᠠᠬᠤ ᠲᠤᠬᠠᠢ 2 ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ ᠬᠠᠤᠯᠢ ᠴᠠᠭᠠᠵᠠ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠡᠢᠭᠡᠮ᠎ᠤᠨ ᠲᠥᠪ ᠭᠤᠣᠯᠴᠢ ᠱᠢᠳᠤᠷᠭᠤ ᠶᠣᠰᠣ᠎ᠶ᠋ᠢ ᠬᠠᠮᠠᠭᠠᠯᠠᠪᠠ᠃
ᠬᠠᠤᠯᠢ ᠲᠣᠭ᠍ᠲᠠᠭᠠᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠬᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠨᠠᠮ᠎ᠤᠨ ᠬᠠᠣᠯᠢ ᠲᠣᠭ᠍ᠲᠠᠭᠠᠬᠤ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠣᠨ᠎ᠤ ᠬᠠᠣᠯᠢ ᠲᠣᠭ᠍ᠲᠠᠭᠠᠬᠤ ᠲᠥᠯᠥᠪᠯᠡᠭᠡ ᠪᠠ 3 ᠭᠤᠣᠯᠳᠠᠯᠭ᠎ᠠ᠎ᠲᠠᠢ ᠬᠠᠣᠯᠢ ᠲᠣᠭ᠍ᠲᠠᠭᠠᠬᠤ ᠲᠥᠷᠥᠯ ᠵᠦᠢᠯ᠎ᠢ ᠴᠥᠮ ᠴᠠᠭ ᠲᠤᠬᠠᠢᠳᠤᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠳᠤ ᠳᠡᠪᠱᠢᠭᠦᠯᠦᠨ ᠰᠤᠳᠤᠯᠤᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠣᠯᠢ ᠲᠣᠭ᠍ᠲᠠᠭᠠᠬᠤ ᠰᠡᠳᠦᠪ ᠰᠣᠩᠭᠤᠬᠤ᠂ ᠬᠠᠣᠯᠢ ᠲᠣᠭ᠍ᠲᠠᠭᠠᠯ ᠲᠤᠭᠤᠷᠪᠢᠬᠤ᠂ ᠠᠰᠠᠭᠤᠳᠠᠯ᠎ᠢ ᠵᠣᠬᠢᠴᠠᠭᠤᠯᠬᠤ᠂ ᠬᠢᠨᠠᠨ ᠵᠥᠪᠯᠡᠬᠦ᠌ ᠪᠣᠭᠤᠮᠲᠠ᠎ᠶ᠋ᠢ ᠰᠠᠬᠢᠬᠤ ᠵᠡᠷᠭᠡ ᠡᠯ᠎ᠡ ᠲᠠᠯ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠠᠢᠨ ᠬᠠᠣᠯᠢ᠎ᠪᠠᠷ ᠥᠭᠡᠷᠡᠴᠢᠯᠡᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠤᠨ᠂ ᠴᠢᠳᠠᠮᠠᠭᠠᠢ᠎ᠪᠠᠷ ᠵᠠᠰᠠᠬᠤ᠎ᠶ᠋ᠢ ᠪᠠᠲᠤᠯᠠᠪᠠ᠃ ᠡᠭᠦᠳᠡ᠎ᠪᠠᠨ ᠨᠡᠭᠡᠭᠡᠵᠦ᠍ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠲᠥᠯᠥᠭᠡᠯᠡᠭ᠌ᠴᠢ᠎ᠶ᠋ᠢ ᠤᠷᠢᠵᠤ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ ᠪᠠ ᠬᠠᠤᠯᠢ ᠲᠣᠭ᠍ᠲᠠᠭᠠᠯᠲᠠ᠎ᠶ᠋ᠢᠨ ᠦᠨᠡᠯᠡᠨ ᠵᠢᠱ᠌ᠢᠯᠲᠡ᠎ᠳᠤ ᠣᠷᠣᠯᠴᠠᠭᠤᠯᠵᠤ᠂ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ 《ᠠᠷᠠᠳ᠎ᠤᠨ ᠰᠠᠨᠠᠭ᠎ᠠ᠎ᠶ᠋ᠢ ᠱᠢᠭᠤᠳ ᠨᠡᠪᠲᠡᠷᠡᠭᠦᠯᠬᠦ᠌》 ᠦᠢᠯᠡᠳᠦᠯ᠎ᠢ ᠪᠠᠳᠠᠷᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠢᠯᠡ᠎ᠪᠠᠷ 5030 ᠵᠤᠷᠪᠤᠰ ᠰᠠᠨᠠᠯ ᠰᠠᠨᠠᠭᠤᠯᠭ᠎ᠠ᠎ᠶ᠋ᠢ ᠬᠤᠷᠢᠶᠠᠵᠤ᠂ ᠬᠠᠤᠯᠢ ᠲᠣᠭ᠍ᠲᠠᠭᠠᠯ᠎ᠤᠨ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠲᠤᠰᠭᠠᠬᠤ᠂ ᠠᠷᠠᠳ ᠲᠦᠮᠡᠨ᠎ᠤ ᠡᠷᠬᠡ ᠠᠱᠢᠭ᠎ᠢ ᠬᠠᠮᠠᠭᠠᠯᠠᠬᠤ᠎ᠶ᠋ᠢ ᠦᠨᠡᠨ ᠬᠦ᠌ ᠪᠠᠲᠤᠯᠠᠪᠠ᠃ ᠲᠣᠭᠤᠷᠢᠭ᠎ᠲᠠᠢ ᠬᠤᠲᠠ᠎ᠶ᠋ᠢᠨ ᠬᠠᠣᠯᠢ ᠲᠣᠭ᠍ᠲᠠᠭᠠᠬᠤ ᠠᠵᠢᠯ᠎ᠳᠠᠬᠢ ᠵᠢᠯᠣᠭᠤᠳᠣᠯᠭ᠎ᠠ᠎ᠪᠠᠨ ᠴᠢᠩᠭᠠᠳᠭᠠᠵᠤ᠂ ᠮᠡᠳᠡᠭᠦᠯᠦᠨ ᠵᠥᠪᠱᠢᠶᠡᠷᠡᠭᠦᠯᠬᠦ᠌ ᠣᠷᠣᠨ ᠨᠤᠲᠤᠭ᠎ᠤᠨ ᠴᠢᠨᠠᠷᠲᠠᠢ ᠬᠠᠣᠯᠢ ᠲᠣᠭ᠍ᠲᠠᠭᠠᠯ ᠨᠢᠭᠡᠪᠦᠷᠢ᠎ᠶ᠋ᠢ ᠴᠢᠩᠭ᠎ᠠ ᠬᠢᠨᠠᠨ ᠪᠠᠢᠴᠠᠭᠠᠵᠤ᠂ ᠪᠥᠬᠦ᠌ ᠣᠷᠣᠨ᠎ᠤ ᠬᠠᠣᠯᠢ ᠲᠣᠭ᠍ᠲᠠᠭᠠᠬᠤ ᠠᠵᠢᠯ᠎ᠤᠨ ᠪᠦᠬᠦᠯᠢ ᠴᠣᠭ᠍ᠴᠠ᠎ᠶ᠋ᠢᠨ ᠬᠢᠷᠢ ᠬᠡᠮᠵᠢᠶ᠎ᠡ᠎ᠶ᠋ᠢ ᠲᠠᠰᠤᠷᠠᠯᠲᠠ ᠥᠬᠡᠢ ᠳᠡᠭᠡᠭ᠌ᠰᠢᠯᠡᠭᠦᠯᠪᠡ᠃ 68 ᠬᠤᠪᠢ ᠲᠦᠷᠢᠮ ᠲᠣᠭ᠍ᠲᠠᠭᠠᠯ ᠪᠠ ᠳᠦᠷᠢᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠬᠢᠨᠠᠨ ᠪᠠᠢᠴᠠᠭᠠᠯᠲᠠ ᠬᠢᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠳᠤ ᠬᠤᠯᠪᠣᠭ᠍ᠳᠠᠭ᠍ᠰᠠᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠡᠮᠬᠢᠯᠡᠨ ᠴᠡᠪᠡᠷᠯᠡᠬᠦ᠌ ᠠᠵᠢᠯ᠎ᠢ ᠪᠡᠶᠡᠯᠡᠭᠦᠯᠵᠦ᠍᠂ ᠤᠯᠤᠰ᠎ᠤᠨ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠎ᠢ ᠦᠨᠡᠨ ᠬᠦ᠌ ᠬᠠᠮᠠᠭᠠᠯᠠᠪᠠ᠃
ᠭᠤᠷᠪᠠ᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠲᠣᠭ᠍ᠲᠠᠯᠴᠠᠭ᠎ᠠ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠨᠠᠯᠲᠠ᠎ᠶ᠋ᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠲᠠᠰᠤᠷᠠᠯᠲᠠ ᠦᠭᠡᠢ ᠴᠢᠩᠭᠠᠷᠠᠭᠤᠯᠪᠠ
ᠭᠤᠣᠯᠳᠠᠯᠭ᠎ᠠ᠎ᠶ᠋ᠢᠨ ᠲᠣᠭᠤᠷᠢᠨ᠎ᠳᠤ ᠶᠡᠭᠡ ᠲᠠᠯ᠎ᠠ᠎ᠳᠤ ᠦᠢᠯᠡᠴᠢᠯᠡᠬᠦ᠂ ᠭᠤᠣᠯᠳᠠᠯᠭ᠎ᠠ᠎ᠶ᠋ᠢ ᠲᠤᠪᠤᠢᠯᠭᠠᠬᠤ᠎ᠶ᠋ᠢ ᠪᠠᠷᠢᠮᠲᠠᠯᠠᠵᠤ᠂ ᠪᠦᠬᠦ᠌ ᠵᠢᠯ᠎ᠳᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ 5 ᠤᠳᠠᠭ᠎ᠠ ᠵᠣᠬᠢᠶᠠᠨ ᠪᠠᠢᠭᠤᠯᠵᠤ᠂ 39 ᠵᠦᠢᠯ᠎ᠤᠨ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠲᠤᠰᠭᠠᠢ ᠰᠡᠳᠦᠪ᠎ᠢᠶᠠᠷ ᠯᠠᠪᠯᠠᠨ ᠠᠰᠠᠭᠤᠬᠤ᠂ ᠳᠤᠭᠤᠢᠯᠠᠩ ᠬᠤᠪᠢᠶᠠᠨ ᠯᠠᠪᠯᠠᠨ ᠠᠰᠠᠭᠤᠬᠤ᠂ ᠬᠠᠨᠤᠮᠵᠢ᠎ᠶ᠋ᠢᠨ ᠬᠡᠮᠵᠢᠶ᠎ᠡ᠎ᠶ᠋ᠢ ᠦᠨᠡᠯᠡᠬᠦ᠌᠎ᠶ᠋ᠢ 18 ᠤᠳᠠᠭ᠎ᠠ ᠦᠷᠨᠢᠬᠦᠯᠪᠡ᠃
ᠠᠮᠢ ᠠᠬᠤᠢ᠎ᠶ᠋ᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠪᠡ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠪᠠᠬᠢ ᠪᠠᠢᠭᠤᠯᠬᠤ ᠶᠠᠪᠤᠳᠠᠯ᠎ᠢ ᠡᠷᠬᠡᠪᠰᠢ ᠪᠠᠲᠤ ᠴᠡᠭᠡᠵᠢᠯᠡᠬᠦ᠌ 《ᠤᠯᠤᠰ᠎ᠤᠨ ᠶᠡᠭᠡ ᠶᠠᠪᠤᠳᠠᠯ》 ᠪᠣᠯᠭᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠠᠵᠢᠯ᠎ᠳᠤ ᠬᠠᠤᠯᠢ ᠲᠣᠭ᠍ᠲᠠᠭᠠᠬᠤ ᠠᠵᠢᠯ᠎ᠢ ᠥᠷᠨᠢᠭᠦᠯᠦᠭ᠌ᠰᠡᠨ ᠰᠠᠭᠤᠷᠢᠨ ᠳᠡᠭᠡᠷ᠎ᠡ᠂ 《ᠤᠮᠠᠷᠠᠲᠤ᠎ᠶ᠋ᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠢᠯᠠᠯᠳᠤᠭᠠᠨ᠎ᠤ ᠮᠡᠳᠡᠭᠦᠯᠦᠯᠲᠡ᠎ᠶ᠋ᠢ ᠴᠢᠨᠠᠭ᠍ᠰᠢᠳᠡ ᠰᠣᠨᠣᠰᠤᠨ ᠬᠢᠨᠠᠨ ᠵᠥᠪᠯᠡᠵᠦ᠍᠂ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠨ᠂ ᠤᠰᠤ ᠬᠡᠷᠡᠭ᠌ᠯᠡᠬᠦ᠌ ᠤᠰᠤ ᠠᠷᠪᠢᠯᠠᠬᠤ ᠲᠠᠯᠳᠠ ᠬᠦᠴᠦᠨ᠎ᠢ ᠭᠦᠨ ᠠᠭᠤᠳᠠᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠭ᠍ᠰᠠᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠬᠦ᠌ ᠬᠡᠷᠡᠭ᠌ᠲᠡᠢ ᠭᠡᠵᠦ᠍ ᠱᠠᠭᠠᠷᠳᠠᠪᠠ᠃ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠢᠪᠠᠳᠠᠭᠤᠯᠤᠨ ᠪᠠᠢᠴᠠᠭᠠᠬᠤ᠎ᠳᠤ ᠬᠠᠷᠢᠭᠤ ᠲᠤᠰᠭᠠᠭ᠍ᠰᠠᠨ ᠰᠠᠨᠠᠯ᠎ᠢ ᠴᠡᠭ᠌ᠴᠡᠯᠡᠨ ᠰᠠᠢᠵᠢᠷᠠᠭᠤᠯᠬᠤ᠎ᠲᠠᠢ ᠤᠶᠠᠯᠳᠤᠭᠤᠯᠤᠨ᠂ ᠤᠰᠤ᠎ᠶ᠋ᠢ ᠠᠷᠪᠢᠯᠠᠨ ᠬᠡᠷᠡᠭ᠌ᠯᠡᠬᠦ᠂ ᠪᠥᠬᠦ᠌ ᠣᠷᠣᠨ᠎ᠤ ᠱᠢᠨ᠎ᠡ᠎ᠪᠠᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠱᠢᠭ᠍ᠯᠠᠬᠤ᠂ ᠣᠢ᠎ᠶ᠋ᠢᠨ ᠬᠤᠷᠮᠣᠢ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌ ᠵᠡᠷᠭᠡ ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠣᠷᠴᠢᠯ ᠠᠵᠤ ᠠᠬᠤᠢ᠎ᠶ᠋ᠢ ᠠᠬᠢᠭᠤᠯᠬᠤ ᠬᠠᠤᠯᠢ᠂ ᠲᠠᠷᠢᠶᠠᠯᠠᠩ᠎ᠳᠤ ᠬᠡᠷᠡᠭ᠌ᠯᠡᠬᠦ᠌ ᠨᠢᠮᠭᠡᠨ ᠪᠦᠷᠬᠦᠭᠦᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠲᠠᠢ ᠬᠠᠮᠵᠢᠯᠴᠠᠨ ᠤᠢ ᠱᠢᠭᠤᠢ᠎ᠶ᠋ᠢᠨ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠵᠠᠰᠠᠬᠤ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠠᠨ ᠬᠤᠪᠢᠷᠠᠭᠤᠯᠬᠤ ᠵᠡᠷᠭᠡ ᠠᠵᠢᠯ᠎ᠢ ᠦᠷᠭᠦᠯᠵᠢᠯᠡᠨ ᠲᠦᠯᠬᠢᠨ ᠠᠬᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠭᠤᠭᠠᠨ ᠤᠷᠳᠤ ᠴᠠᠭᠠᠨ ᠬᠡᠷᠡᠮ᠎ᠢ ᠬᠠᠤᠯᠢ ᠶᠣᠰᠣᠭᠠᠷ ᠪᠠᠬᠢᠵᠢᠭᠦᠯᠪᠡ᠃
ᠬᠥᠭ᠌ᠵᠢᠯᠲᠡ᠎ᠶ᠋ᠢᠨ ᠳᠤᠮᠳᠠᠬᠢ ᠲᠤᠪᠤᠢᠮ᠎ᠠ ᠵᠥᠷᠢᠴᠡᠯ ᠪᠠ ᠠᠰᠠᠭᠤᠳᠠᠯ᠎ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠵᠢᠯ᠎ᠢ ᠥᠷᠨᠢᠭᠦᠯᠪᠡ᠃ ᠨᠡᠢᠭᠡᠮ᠎ᠤᠨ ᠢᠲᠡᠭᠡᠮᠵᠢ᠎ᠶ᠋ᠢᠨ ᠲᠦᠷᠢᠮ᠎ᠤᠨ ᠬᠠᠣᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠴᠢᠬᠤᠯᠠ ᠶᠡᠭᠡ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠠᠵᠤ ᠠᠬᠤᠢᠯᠠᠯ᠎ᠢ ᠲᠤᠰᠠᠯᠠᠬᠤ ᠠᠵᠢᠯ᠂ ᠵᠢᠭᠤᠯᠴᠢᠯᠠᠯ᠎ᠤᠨ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠵᠡᠷᠭᠡ᠎ᠳᠤ ᠬᠢᠨᠠᠯᠲᠠ ᠲᠠᠯᠪᠢᠵᠤ᠂ ᠬᠥᠭ᠌ᠵᠢᠯᠲᠡ᠎ᠶ᠋ᠢᠨ ᠳᠤᠮᠳᠠᠬᠢ ᠬᠦᠴᠢᠷ ᠠᠰᠠᠭᠤᠳᠠᠯ᠂ ᠲᠦᠭ᠌ᠵᠢᠷᠡᠯ᠎ᠲᠠᠢ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠠᠬᠢᠭᠤᠯᠪᠠ᠃ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠤᠪᠢᠰᠭᠠᠯ ᠪᠣᠯᠤᠨ ᠠᠵᠤ ᠦᠢᠯᠡᠰ᠎ᠤᠨ ᠬᠤᠪᠢᠰᠤᠯᠲᠠ᠎ᠳᠤ ᠵᠣᠬᠢᠴᠠᠭᠤᠯᠤᠨ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠠ᠎ᠶ᠋ᠢ ᠡᠭᠦᠳᠬᠦ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠱᠢᠨᠵᠢᠯᠡᠭᠡᠨ᠎ᠤ ᠰᠠᠯᠠᠭ᠎ᠠ᠎ᠶ᠋ᠢᠨ ᠲᠤᠰᠭᠠᠢ ᠮᠡᠷᠭᠡᠵᠢᠯ᠎ᠤᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠦᠭ᠌ᠰᠡᠨ ᠵᠡᠷᠭᠡ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠮᠡᠷᠭᠡᠵᠢᠯ᠂ ᠴᠢᠳᠠᠪᠤᠷᠢᠲᠠᠨ᠎ᠤ ᠨᠢᠭᠡ ᠴᠤᠭ᠍ᠴᠠᠵᠢᠭ᠍ᠰᠠᠨ ᠬᠥᠭ᠌ᠵᠢᠯᠲᠡ᠎ᠶ᠋ᠢ ᠠᠬᠢᠭᠤᠯᠪᠠ᠃ ᠲᠥᠰᠦᠪ ᠪᠠ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠵᠥᠪᠱᠢᠶᠡᠷᠡᠨ᠂ ᠦᠨᠳᠦᠰᠦᠨ ᠱᠠᠲᠤᠨ᠎ᠤ 《ᠭᠤᠷᠪᠠᠨ ᠪᠠᠲᠤᠯᠠᠭ᠎ᠠ》 ᠶ᠋ᠢᠨ ᠠᠵᠢᠯ᠂ ᠬᠢᠨᠠᠨ ᠪᠤᠳᠤᠯᠳᠠ᠎ᠪᠠᠷ ᠪᠠᠢᠴᠠᠭᠠᠵᠤ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠳᠤ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ ᠠᠷᠠᠳ ᠤᠯᠠᠨ᠎ᠤ 《ᠵᠣᠭᠤᠰᠣᠨ ᠪᠣᠭ᠍ᠴᠣ》 ᠶ᠋ᠢ ᠦᠨᠡᠨ ᠬᠦ᠌ ᠰᠠᠢᠲᠤᠷ ᠬᠠᠮᠢᠶᠠᠷᠴᠤ᠌᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ 《ᠠᠶᠤᠯᠭᠦᠢ᠎ᠶ᠋ᠢᠨ ᠲᠣᠣᠷ》᠎ᠢ ᠪᠠᠬᠢᠵᠢᠭᠦᠯᠪᠡ᠃ 《ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌ + ᠬᠠᠨᠤᠮᠵᠢ᠎ᠶ᠋ᠢᠨ ᠬᠡᠮᠵᠢᠶ᠎ᠡ᠎ᠶ᠋ᠢ ᠱᠢᠯᠭᠠᠨ ᠦᠨᠡᠯᠡᠬᠦ᠌》 ᠠᠷᠭ᠎ᠠ ᠬᠡᠯᠪᠡᠷᠢ᠎ᠪᠠᠷ ᠳᠠᠮᠵᠢᠭᠤᠯᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠬᠢᠵᠢᠭᠦᠯᠬᠦ᠌᠎ᠶ᠋ᠢ ᠠᠬᠢᠭᠤᠯᠬᠤ ᠲᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠮᠥᠷᠳᠡᠨ ᠬᠢᠨᠠᠯᠲᠠ ᠲᠠᠯᠪᠢᠵᠤ᠂ ᠠᠶᠤᠯᠭᠦᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠥᠨᠳᠥᠷ ᠲᠦᠪᠱᠢᠨ ᠪᠦᠬᠦᠢ ᠠᠮᠤᠷ ᠲᠦᠪᠱᠢᠨ᠎ᠢᠶᠠᠷ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠪᠠ᠃ ᠮᠠᠨᠵᠤᠤᠷ ᠬᠤᠳᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠥᠨᠳᠥᠷ ᠬᠢᠷᠢ ᠲᠦᠪᠱᠢᠨ ᠪᠦᠬᠦᠢ ᠨᠡᠭᠡᠭᠡᠯᠳᠡ᠎ᠶ᠋ᠢᠨ ᠲᠤᠬᠠᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠬᠦ᠌᠎ᠶ᠋ᠢᠨ ᠬᠠᠮᠲᠤ ᠠᠵᠢᠯ᠎ᠤᠨ ᠰᠠᠨᠠᠭᠤᠯᠭ᠎ᠠ ᠳᠤᠷᠠᠳᠪᠠ᠃ ᠱᠢᠨ᠎ᠡ ᠡᠨᠧᠷᠭᠢ᠎ᠶ᠋ᠢᠨ ᠵᠢᠯᠣᠭᠤᠴᠢ ᠦᠭᠡᠢ ᠬᠦᠨᠳᠦ ᠠᠴᠢᠶᠠᠨ᠎ᠤ ᠮᠠᠱᠢᠨ ᠲᠡᠷᠭᠡ᠎ᠶ᠋ᠢᠨ ᠬᠤᠯᠪᠣᠯᠳᠤᠨ ᠨᠡᠪᠲᠡᠷᠡᠯᠴᠡᠬᠦ᠌᠎ᠶ᠋ᠢ ᠲᠦᠷᠭᠡᠪᠴᠢᠯᠡᠨ ᠠᠬᠢᠭᠤᠯᠬᠤ ᠲᠤᠬᠠᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠤᠷᠳᠤᠰ ᠬᠤᠳᠠ᠎ᠶ᠋ᠢᠨ ᠤᠷᠢᠳᠠᠪᠠᠷ ᠤᠶᠤᠨᠴᠢ ᠰᠦᠯᠵᠢᠶ᠎ᠡ ᠬᠤᠯᠪᠤᠭᠠᠨ᠎ᠤ ᠮᠠᠱᠢᠨ ᠲᠡᠷᠭᠡᠨ᠎ᠤ ᠬᠦᠭ᠌ᠵᠢᠯᠲᠡ᠎ᠶ᠋ᠢ ᠠᠬᠢᠭᠤᠯᠬᠤ ᠳᠦᠷᠢᠮ᠎ᠢ ᠲᠤᠷᠱᠢᠨ ᠲᠤᠭ᠍ᠲᠠᠭᠠᠵᠤ ᠭᠡᠷᠡᠭ᠌ᠵᠢᠬᠦᠯᠬᠦ᠌᠎ᠶ᠋ᠢ ᠵᠢᠯᠣᠭᠤᠳᠴᠤ᠌᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠪᠡ᠃ ᠵᠣᠬᠢᠶᠠᠨ ᠪᠠᠢᠭᠤᠯᠤᠯᠲᠠ᠎ᠲᠠᠢ᠎ᠪᠠᠷ ᠶᠠᠯ᠎ᠠ ᠬᠢᠬᠦ᠌᠎ᠶ᠋ᠢ ᠡᠰᠡᠷᠭᠦᠴᠡᠬᠦ᠌ ᠬᠠᠣᠯᠢ᠎ᠶ᠋ᠢᠨ ᠬᠠᠣᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠬᠠᠤᠯᠢᠵᠢᠯ ᠵᠠᠰᠠᠭ᠎ᠤᠨ ᠣᠷᠳᠣᠨ᠎ᠤ ᠪᠠᠢᠭᠤᠯᠤᠯᠲᠠ᠂ ᠱᠢᠭᠦᠨ ᠲᠠᠰᠤᠯᠬᠤ ᠲᠤᠱᠢᠶᠠᠯ ᠴᠢᠳᠠᠪᠤᠷᠢ᠎ᠪᠠᠨ ᠪᠠᠳᠠᠷᠠᠭᠤᠯᠤᠨ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠠᠣᠯᠢ ᠶᠣᠰᠣᠭᠠᠷ ᠠᠬᠢᠭᠤᠯᠬᠤ᠂ ᠵᠠᠰᠠᠭ ᠵᠠᠬᠢᠷᠭᠠᠨ᠎ᠤ ᠪᠠᠢᠴᠠᠭᠠᠬᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠬᠠᠤᠯᠢᠵᠢᠯ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠪᠠ᠃
ᠤᠯᠠᠨ ᠲᠦᠮᠡᠨ᠎ᠤ ᠪᠠᠴᠢᠮᠳᠠᠵᠤ ᠬᠦᠴᠢᠷᠳᠡᠵᠦ᠍ ᠵᠤᠪᠠᠨᠢᠵᠤ ᠬᠦᠰᠡᠵᠦ᠍ ᠪᠠᠢᠭ᠎ᠠ ᠠᠰᠠᠭᠤᠳᠠᠯ᠎ᠤᠨ ᠲᠣᠭᠤᠷᠢᠨ᠎ᠳᠤ ᠬᠢᠨᠠᠯᠲᠠ ᠲᠠᠯᠪᠢᠬᠤ ᠠᠵᠢᠯ᠎ᠢ ᠥᠷᠨᠢᠭᠦᠯᠪᠡ᠃ ᠠᠷᠠᠳ ᠲᠦᠮᠡᠨ ᠬᠦᠰᠡᠯ ᠱᠠᠭᠠᠷᠳᠠᠯᠭ᠎ᠠ᠎ᠲᠠᠢ ᠪᠠᠢᠪᠠᠯ ᠪᠢᠳᠠ ᠬᠠᠷᠢᠭᠤ ᠳᠤᠰᠭᠠᠯ᠎ᠲᠠᠢ ᠪᠠᠢᠬᠤ᠎ᠶ᠋ᠢ ᠪᠠᠷᠢᠮᠲᠠᠯᠠᠵᠤ᠂ ᠲᠥᠯᠥᠭᠡᠯᠡᠭ᠌ᠴᠢᠳ᠎ᠤᠨ ᠠᠩᠬᠠᠷᠴᠤ᠌ ᠪᠠᠢᠭ᠎ᠠ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ 《ᠠᠷᠠᠳ᠎ᠤᠨ ᠠᠮᠢᠳᠤᠷᠠᠯ᠎ᠤᠨ ᠠᠷᠪᠠᠨ ᠶᠡᠭᠡ ᠢᠨᠵᠧᠨᠧᠷᠢᠩ》 ᠤᠨ ᠪᠠᠢᠷᠢᠯᠠᠭᠤᠯᠤᠯᠲᠠ ᠬᠢᠭ᠌ᠰᠡᠨ᠎ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠡᠨᠡ ᠵᠢᠯ᠎ᠤᠨ 1 ᠳ᠋ᠤᠭᠡᠷ ᠰᠠᠷ᠎ᠠ᠎ᠳᠤ ᠲᠣᠭ᠍ᠲᠠᠭᠠᠯ ᠭᠠᠷᠭᠠᠵᠤ᠂ ᠬᠤᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭ᠎ᠠ ᠪᠠ ᠡᠭᠦᠷᠭᠡ᠎ᠶ᠋ᠢ ᠲᠣᠳᠣᠷᠬᠠᠢᠯᠠᠵᠤ᠂ 《ᠪᠠᠭ᠎ᠠ ᠰᠡᠳᠦᠪ》 ᠢᠶᠠᠷ 《ᠠᠷᠠᠳ᠎ᠤᠨ ᠠᠮᠢᠳᠤᠷᠠᠯ᠎ᠤᠨ ᠠᠷᠪᠠᠨ ᠶᠡᠭᠡ ᠢᠨᠵᠧᠨᠧᠷᠢᠩ》᠎ᠢ ᠪᠠᠢᠩᠭᠤᠵᠢᠭᠤᠯᠤᠨ ᠬᠡᠷᠡᠭ᠌ᠵᠢᠭᠦᠯᠵᠦ᠍᠂ ᠠᠷᠠᠳ ᠤᠯᠠᠨ᠎ᠳᠤ ᠦᠨᠡᠨ ᠪᠣᠳᠠᠲᠠᠢ ᠬᠦᠷᠲᠡᠮᠵᠢ᠎ᠶ᠋ᠢᠨ ᠲᠦᠷᠦᠭ᠌ᠳᠡᠯ᠎ᠢ ᠣᠯᠭᠤᠵᠠᠢ᠃ ᠢᠳᠡᠭᠡᠨ᠎ᠤ ᠠᠮᠤᠷ ᠲᠦᠪᠱᠢᠨ᠎ᠤ 《ᠨᠢᠭᠡ ᠬᠠᠣᠯᠢ ᠨᠢᠭᠡ ᠲᠦᠷᠢᠮ》 ᠤᠨ ᠬᠠᠣᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠵᠦ᠍᠂ ᠣᠯᠠᠨ ᠲᠦᠮᠡᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》 ᠢ ᠦᠨᠡᠨ ᠬᠦ᠌ ᠰᠠᠬᠢᠨ ᠬᠠᠮᠠᠭᠠᠯᠠᠪᠠ᠃ 《ᠡᠮ ᠡᠮᠨᠡᠯᠭᠡ ᠡᠮᠨᠡᠯᠭᠡ᠎ᠶ᠋ᠢᠨ ᠳᠠᠭᠠᠳᠭᠠᠯ ᠡᠮᠴᠢᠯᠡᠭᠡ》 ᠶ᠋ᠢᠨ ᠬᠠᠮᠵᠢᠯᠴᠠᠨ ᠬᠥᠭ᠌ᠵᠢᠬᠦ᠌ ᠪᠠ ᠵᠠᠰᠠᠬᠤ᠂ ᠡᠮᠴᠢᠯᠡᠭᠡᠨ᠎ᠤ ᠪᠠᠲᠤᠯᠠᠭ᠎ᠠ᠎ᠶ᠋ᠢᠨ ᠰᠠᠭᠤᠷᠢ ᠮᠥᠩᠭᠦ᠎ᠶ᠋ᠢᠨ ᠬᠡᠷᠡᠭ᠌ᠯᠡᠯᠲᠡ ᠬᠢᠨᠠᠯᠲᠠ ᠬᠠᠮᠢᠶᠠᠷᠤᠯᠲᠠ᠎ᠶ᠋ᠢᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠲᠣᠭ᠍ᠲᠠᠭ᠍ᠰᠠᠨ ᠵᠢᠵᠢᠭ᠌ᠯᠡᠨ ᠬᠤᠳᠠᠯᠳᠤᠬᠤ ᠡᠮ᠎ᠤᠨ ᠳᠡᠯᠭᠡᠭᠦᠷ ᠪᠠ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢᠭᠤᠯᠤᠮᠵᠢ᠎ᠶ᠋ᠢ ᠱᠠᠲᠤ ᠬᠤᠪᠢᠶᠠᠨ ᠬᠠᠮᠢᠶᠠᠷᠤᠭ᠍ᠰᠠᠨ ᠠᠵᠢᠯ᠎ᠤᠨ ᠮᠡᠳᠡᠭᠦᠯᠦᠯᠲᠡ᠎ᠶ᠋ᠢ ᠮᠥᠷᠳᠡᠨ ᠰᠣᠨᠣᠰᠴᠤ᠌᠂ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠣᠯᠠᠨ ᠤᠳᠠᠭ᠎ᠠ ᠰᠤᠭᠤᠴᠢᠨ ᠪᠠᠢᠴᠠᠭᠠᠵᠤ ᠬᠢᠨᠠᠨ ᠬᠠᠷᠭᠤᠭᠤᠯᠵᠤ᠂ ᠠᠷᠠᠳ ᠣᠯᠠᠨ᠎ᠤ ᠡᠮ ᠬᠡᠷᠡᠭ᠌ᠯᠡᠬᠦ᠌᠎ᠳᠤ ᠨᠠᠩ ᠠᠮᠤᠷ ᠲᠦᠪᠱᠢᠨ᠂ ᠡᠮ ᠬᠤᠳᠠᠯᠳᠤᠨ ᠠᠪᠬᠤ᠎ᠳᠤ ᠨᠠᠩ ᠲᠥᠬᠦᠮ ᠪᠣᠯᠭᠠᠪᠠ᠃ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ ᠲᠤᠬᠠᠢ ᠬᠠᠤᠯᠢ ᠲᠣᠭ᠍ᠲᠠᠭᠠᠭ᠍ᠰᠠᠨ ᠰᠠᠭᠤᠷᠢᠨ ᠳᠡᠭᠡᠷ᠎ᠡ᠂ ᠴᠠᠯᠢᠩ ᠥᠷᠢᠲᠦᠬᠦ᠌ ᠠᠰᠠᠭᠤᠳᠠᠯ᠎ᠢ ᠵᠠᠰᠠᠬᠤ ᠲᠤᠰᠭᠠᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌᠂ ᠬᠠᠤᠯᠢ ᠲᠣᠭ᠍ᠲᠠᠭᠠᠬᠤ ᠬᠢᠨᠠᠯᠲᠠ᠎ᠶ᠋ᠢᠨ 《ᠬᠠᠮ ᠠᠷᠭ᠎ᠠ ᠬᠡᠮᠵᠢᠶ᠎ᠡ》 ᠪᠠᠷ ᠴᠠᠯᠢᠩ ᠥᠷᠢᠲᠦᠬᠦ᠌ 《ᠠᠷᠬᠠᠭ ᠭᠡᠮ》 ᠢ ᠱᠢᠢᠳᠪᠦᠷᠢᠯᠡᠬᠦ᠌᠎ᠶ᠋ᠢ ᠠᠬᠢᠭᠤᠯᠪᠠ᠃ ᠠᠵᠢᠯ ᠣᠯᠭᠤᠯᠲᠠ᠎ᠶ᠋ᠢ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠱᠢᠪᠲᠤᠯᠤᠯᠲᠠ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠂ ᠤᠶᠤᠨ᠎ᠤ ᠡᠷᠡᠭᠦᠯ ᠬᠠᠮᠠᠭᠠᠯᠠᠯ᠎ᠤᠨ ᠪᠠᠢᠭᠤᠯᠤᠯᠲᠠ ᠵᠡᠷᠭᠡ ᠠᠷᠠᠳ᠎ᠤᠨ ᠠᠮᠢᠳᠤᠷᠠᠯ᠎ᠤᠨ ᠵᠦᠢᠯᠡᠰ᠎ᠲᠤ ᠬᠢᠨᠠᠯᠲᠠ ᠲᠠᠯᠪᠢᠪᠠ᠃ ᠬᠢᠨᠠᠨ ᠪᠠᠢᠴᠠᠭᠠᠬᠤ ᠵᠥᠪᠯᠡᠯ᠎ᠤᠨ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠭ᠍ᠰᠠᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ 《ᠢᠯᠠᠭ᠎ᠠ ᠱᠠᠮᠱᠢᠵᠤ ᠱᠢᠷᠭᠤᠯᠵᠢ ᠢᠯᠵᠠᠷᠠᠬᠤ》 ᠶ᠋ᠢ ᠵᠠᠯᠬᠠᠭᠠᠨ ᠱᠢᠢᠳᠭᠡᠬᠦ᠌᠎ᠶ᠋ᠢ ᠲᠦᠯᠬᠢᠨ ᠠᠬᠢᠭᠤᠯᠪᠠ᠃
ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌᠎ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠷᠭ᠎ᠠ ᠮᠠᠶᠢᠭ᠎ᠢᠶᠠᠨ ᠰᠠᠢᠵᠢᠷᠠᠭᠤᠯᠪᠠ᠃ ᠬᠢᠨᠠᠯᠲᠠ ᠲᠠᠯᠪᠢᠬᠤ ᠠᠵᠢᠯ᠎ᠤᠨ ᠲᠥᠪ ᠶᠣᠰᠣ᠎ᠶ᠋ᠢ ᠵᠢᠷᠤᠮᠯᠡᠵᠤ ᠱᠢᠨ᠎ᠡ᠎ᠶ᠋ᠢ ᠡᠭᠦᠳᠬᠦ᠌᠎ᠶ᠋ᠢ ᠲᠦᠯᠬᠢᠨ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢᠨ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌ ᠠᠷᠭ᠎ᠠ᠎ᠶ᠋ᠢ ᠲᠣᠭ᠍ᠲᠠᠭᠠᠵᠤ᠂ ᠬᠢᠨᠠᠯᠲᠠ ᠲᠠᠯᠪᠢᠬᠤ ᠠᠵᠢᠯ᠎ᠤᠨ ᠳᠤᠮᠳᠠᠬᠢ ᠪᠠᠭᠤᠷᠠᠢ ᠭᠤᠭ᠍ᠴᠤᠭ᠎ᠠ᠎ᠶ᠋ᠢ ᠴᠢᠩᠭ᠎ᠠ ᠠᠳᠭᠤᠨ 22 ᠵᠦᠢᠯ᠎ᠤᠨ ᠬᠠᠯᠠᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠡᠨᠡ ᠬᠦ᠌ ᠲᠤᠷᠱᠢᠯᠭ᠎ᠠ ᠪᠠ ᠠᠷᠭ᠎ᠠ ᠬᠢᠳᠡᠯ᠎ᠢ ᠤᠬᠠᠭᠤᠯᠤᠨ ᠮᠡᠳᠡᠭᠡᠯᠡᠪᠡ᠃ ᠯᠠᠪᠯᠠᠨ ᠠᠰᠠᠭᠤᠬᠤ ᠡᠷᠴᠢᠮ᠎ᠢᠶᠠᠨ ᠴᠢᠩᠭᠠᠷᠠᠭᠤᠯᠵᠤ᠂ ᠠᠵᠢᠯ ᠣᠯᠭᠤᠬᠤ᠂ ᠠᠵᠤ ᠠᠬᠤᠢᠯᠠᠯ᠎ᠢ ᠲᠤᠰᠠᠯᠠᠬᠤ᠂ ᠤᠰᠤ ᠠᠷᠪᠢᠯᠠᠬᠤ ᠵᠡᠷᠭᠡ ᠠᠵᠢᠯ᠎ᠤᠨ ᠲᠣᠭᠤᠷᠢᠨ᠎ᠳᠤ ᠲᠤᠰᠭᠠᠢ ᠰᠡᠳᠦᠪ᠎ᠢᠶᠠᠷ ᠯᠠᠪᠯᠠᠨ ᠠᠰᠠᠭᠤᠬᠤ ᠠᠵᠢᠯ᠎ᠢ ᠥᠷᠨᠢᠭᠦᠯᠵᠦ᠍᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠂ ᠤᠢ ᠱᠢᠭᠤᠢ ᠡᠪᠡᠰᠦ ᠪᠡᠯᠴᠢᠭᠡᠷ᠎ᠢ ᠬᠤᠬᠢᠷᠠᠭᠤᠯᠬᠤ᠎ᠶ᠋ᠢ ᠲᠤᠰᠭᠠᠢ ᠵᠦᠢᠯ᠎ᠢᠶᠠᠷ ᠴᠡᠭ᠌ᠴᠡᠯᠡᠨ ᠵᠠᠰᠠᠬᠤ ᠵᠡᠷᠭᠡ ᠠᠵᠢᠯ᠎ᠤᠨ ᠲᠣᠭᠤᠷᠢᠨ᠎ᠳᠤ ᠳᠤᠭᠤᠢᠯᠠᠩ ᠬᠤᠪᠢᠶᠠᠨ ᠯᠠᠪᠯᠠᠨ ᠠᠰᠠᠭᠤᠬᠤ ᠠᠵᠢᠯ᠎ᠢ 12 ᠤᠳᠠᠭ᠎ᠠ ᠥᠷᠨᠢᠭᠦᠯᠵᠦ᠍᠂ ᠠᠰᠠᠭᠤᠳᠠᠯ᠎ᠳᠤ ᠱᠢᠭᠤᠳ ᠨᠢᠭᠤᠷᠯᠡᠨ᠂ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ᠎ᠤ ᠠᠵᠢᠯ᠎ᠢᠶᠠᠨ ᠰᠠᠢᠵᠢᠷᠠᠭᠤᠯᠬᠤ᠎ᠶ᠋ᠢ ᠲᠦᠯᠬᠢᠨ ᠠᠬᠢᠭᠤᠯᠪᠠ᠃ ᠬᠢᠨᠠᠯᠲᠠ ᠲᠠᠯᠪᠢᠯᠲᠠ᠎ᠶ᠋ᠢᠨ 《ᠰᠡᠭᠦᠯᠴᠢ᠎ᠶ᠋ᠢᠨ ᠬᠠᠭᠠᠰ ᠵᠣᠬᠢᠶᠠᠯ》 ᠢ ᠰᠠᠢᠲᠤᠷ ᠬᠢᠵᠦ᠍᠂ ᠭᠠᠵᠠᠷ ᠳᠣᠣᠷᠠᠬᠢ ᠤᠰᠤ᠎ᠶ᠋ᠢ ᠬᠠᠮᠠᠭᠠᠯᠠᠬᠤ ᠪᠠ ᠬᠠᠮᠢᠶᠠᠷᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠵᠤ ᠪᠡᠯᠴᠢᠭᠡᠷ᠎ᠢ ᠠᠮᠠᠷᠠᠭᠤᠯᠬᠤ᠂ ᠬᠤᠲᠠ ᠪᠠᠯᠭᠠᠰᠤ᠎ᠶ᠋ᠢᠨ ᠢᠯᠴᠢ ᠬᠠᠩᠭᠠᠬᠤ ᠵᠡᠷᠭᠡ ᠪᠠᠢᠳᠠᠯ᠎ᠳᠤ ᠮᠥᠷᠳᠡᠨ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠥᠬᠡᠢ ᠪᠣᠯ ᠬᠢᠨᠠᠯᠲᠠ ᠲᠠᠯᠪᠢᠬᠤ᠎ᠪᠠᠨ ᠵᠣᠭ᠍ᠰᠣᠭᠠᠬᠤ ᠥᠬᠡᠢ᠃
ᠲᠦᠷᠪᠡ᠂ ᠠᠷᠠᠳ ᠤᠯᠠᠨ᠎ᠲᠠᠢ ᠬᠠᠷᠢᠯᠴᠠᠬᠤ ᠳᠤᠮᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠥᠯᠥᠭᠡᠯᠡᠭ᠌ᠴᠢᠳ᠎ᠤᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠪᠡ
ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠲᠥᠯᠥᠭᠡᠯᠡᠭ᠌ᠴᠢᠳ᠎ᠤᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠡᠮᠬᠢ ᠵᠢᠷᠤᠮ᠎ᠲᠠᠢ᠎ᠪᠠᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠂ ᠠᠵᠢᠯᠯᠠᠭ᠎ᠠ᠎ᠳᠤ ᠣᠷᠣᠯᠴᠠᠬᠤ᠂ ᠲᠥᠯᠥᠭᠡᠯᠡᠭ᠌ᠴᠢᠳ᠎ᠲᠤ ᠲᠦᠱᠢᠭ᠌ᠯᠡᠨ ᠡᠯ᠎ᠡ ᠵᠦᠢᠯ᠎ᠤᠨ ᠠᠵᠢᠯ᠎ᠢᠶᠠᠨ ᠰᠠᠢᠲᠤᠷ ᠬᠢᠬᠦ᠌᠎ᠶ᠋ᠢ ᠳᠡᠮᠵᠢᠨ ᠪᠠᠲᠤᠯᠠᠪᠠ᠃
《ᠬᠤᠶᠠᠷ ᠬᠠᠷᠢᠯᠴᠠᠭ᠎ᠠ》᠎ᠶ᠋ᠢᠨ ᠲᠣᠭ᠍ᠲᠠᠴᠠ᠎ᠶ᠋ᠢ ᠭᠦᠨᠵᠡᠭᠡᠢᠷᠡᠭᠦᠯᠦᠨ ᠨᠠᠢᠳᠠᠪᠤᠷᠢᠵᠢᠭᠤᠯᠪᠠ᠃ ᠪᠠᠢᠩᠭᠤ᠎ᠶ᠋ᠢᠨ ᠬᠤᠷᠢᠶᠠᠨ᠎ᠤ ᠲᠥᠯᠥᠭᠡᠯᠡᠭ᠌ᠴᠢᠳ᠎ᠲᠠᠢ ᠬᠠᠷᠢᠯᠴᠠᠬᠤ ᠲᠦᠷᠢᠮ᠎ᠢ ᠬᠢᠨᠠᠮᠠᠭᠠᠢ ᠨᠠᠢᠳᠠᠪᠤᠷᠢᠵᠢᠭᠤᠯᠵᠤ᠂ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠨᠡᠷ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 281 ᠲᠥᠯᠥᠭᠡᠯᠡᠭ᠌ᠴᠢ᠎ᠲᠠᠢ ᠪᠠᠢᠩᠭᠤ᠎ᠶ᠋ᠢᠨ ᠴᠢᠨᠠᠷᠲᠠᠢ᠎ᠪᠠᠷ ᠬᠠᠷᠢᠯᠴᠠᠵᠤ᠂ 91 ᠲᠥᠯᠥᠭᠡᠯᠡᠭ᠌ᠴᠢ᠎ᠶ᠋ᠢ ᠤᠷᠢᠵᠤ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠳᠤ ᠰᠤᠯᠠ ᠣᠷᠣᠯᠴᠠᠭᠤᠯᠵᠤ᠂ ᠲᠥᠯᠥᠭᠡᠯᠡᠭ᠌ᠴᠢᠳ᠎ᠲᠠᠢ ᠪᠠᠢᠩᠭᠤ᠎ᠶ᠋ᠢᠨ ᠴᠢᠨᠠᠷᠲᠠᠢ᠎ᠪᠠᠷ ᠶᠠᠷᠢᠯᠴᠠᠵᠤ ᠰᠠᠨᠠᠯ ᠰᠣᠯᠢᠯᠴᠠᠬᠤ᠂ ᠰᠠᠨᠠᠯ ᠰᠣᠨᠣᠰᠭᠤ ᠲᠣᠭ᠍ᠲᠠᠴᠠ᠎ᠶ᠋ᠢ ᠪᠠᠢᠭᠤᠯᠵᠤ᠂ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠭᠤᠯᠭ᠎ᠠ᠎ᠶ᠋ᠢ ᠴᠠᠭ ᠲᠤᠬᠠᠢᠳᠤᠨᠢ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ᠎ᠢ ᠱᠢᠪᠠᠳᠠᠨ ᠬᠢᠨᠠᠮᠠᠭᠠᠢ ᠱᠢᠢᠳᠪᠦᠷᠢᠯᠡᠭᠦᠯᠪᠡ᠃ ᠲᠥᠯᠥᠭᠡᠯᠡᠭ᠌ᠴᠢᠳ᠎ᠤᠨ ᠲᠤᠰᠭᠠᠢ ᠮᠡᠷᠭᠡᠵᠢᠯ᠎ᠤᠨ ᠣᠨᠴᠠ ᠴᠢᠳᠠᠪᠤᠷᠢ᠎ᠶ᠋ᠢ ᠪᠠᠳᠠᠷᠠᠭᠤᠯᠵᠤ᠂ ᠲᠥᠯᠥᠭᠡᠯᠡᠭ᠌ᠴᠢᠳ᠎ᠤᠨ ᠪᠠᠢᠩᠭᠤ᠎ᠶ᠋ᠢᠨ ᠬᠤᠷᠢᠶᠠᠨ᠎ᠤ ᠠᠵᠢᠯ᠎ᠳᠤ ᠣᠷᠣᠯᠴᠠᠬᠤ᠎ᠶ᠋ᠢ ᠥᠷᠭᠡᠳᠭᠡᠵᠦ᠍᠂ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ 197 ᠬᠥᠮᠦᠨ ᠤᠳᠠᠭ᠎ᠠ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠵᠡᠷᠭᠡ ᠠᠵᠢᠯ᠎ᠳᠤ ᠣᠷᠣᠯᠴᠠᠭᠤᠯᠪᠠ᠃ ᠲᠥᠯᠥᠭᠡᠯᠡᠭ᠌ᠴᠢᠳ᠎ᠤᠨ ᠠᠷᠠᠳ ᠤᠯᠠᠨ᠎ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ᠎ᠶ᠋ᠢ ᠪᠠᠶᠠᠯᠢᠬ᠍ᠵᠢᠭᠤᠯᠵᠤ᠂ ᠲᠥᠯᠥᠭᠡᠯᠡᠭ᠌ᠴᠢᠳ᠎ᠤᠨ ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ ᠦᠨᠳᠦᠰᠦᠨ ᠱᠠᠲᠤᠨ᠎ᠤ ᠵᠠᠰᠠᠯᠲᠠ᠎ᠳᠠᠬᠢ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠢᠯᠡᠳᠦᠯ᠎ᠢ ᠲᠠᠰᠤᠷᠠᠯᠲᠠ ᠦᠭᠡᠢ ᠪᠠᠳᠠᠷᠠᠭᠤᠯᠪᠠ᠃ ᠮᠡᠳᠡᠭᠡ ᠵᠠᠩᠭᠢᠴᠢᠯᠠᠯᠲᠠ᠎ᠶ᠋ᠢᠨ ᠪᠠᠢᠭᠤᠯᠤᠯᠲᠠ᠎ᠪᠠᠷ ᠲᠥᠯᠥᠭᠡᠯᠡᠭ᠌ᠴᠢ᠎ᠶ᠋ᠢᠨ ᠠᠵᠢᠯ᠎ᠳᠤ ᠬᠦᠴᠦᠨ ᠨᠡᠮᠡᠵᠦ᠍᠂ 《ᠺᠣᠳ᠋᠎ᠢᠶᠠᠷ ᠲᠥᠯᠥᠭᠡᠯᠡᠭ᠌ᠴᠢ᠎ᠶ᠋ᠢ ᠡᠷᠢᠬᠦ᠌》 ᠲᠠᠪᠴᠠᠩ᠎ᠢ ᠪᠠᠢᠭᠤᠯᠵᠤ᠂ ᠤᠯᠠᠨ ᠲᠦᠮᠡᠨ᠎ᠤ ᠲᠥᠯᠥᠭᠡᠯᠡᠭ᠌ᠴᠢ᠎ᠲᠠᠢ ᠬᠠᠷᠢᠯᠴᠠᠬᠤ ᠶᠠᠪᠤᠳᠠᠯ᠎ᠢ ᠨᠡᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠢ ᠪᠣᠯᠭᠠᠪᠠ᠃
ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠮᠢᠳᠤᠯᠢᠭ ᠬᠦᠴᠦᠨ᠎ᠢ ᠭᠦᠢᠴᠡᠳ ᠬᠥᠭ᠌ᠵᠢᠭᠡᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠂ ᠠᠷᠠᠳ᠎ᠠᠴᠠ ᠡᠵᠡᠩᠨᠡᠭ᠌ᠰᠡᠨ ᠠᠵᠤ ᠠᠬᠤᠢ᠎ᠶ᠋ᠢ ᠪᠤᠵᠠᠭᠠᠢᠷᠠᠭᠤᠯᠬᠤ᠎ᠶ᠋ᠢᠨ ᠲᠣᠭᠤᠷᠢᠨ᠎ᠳᠤ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠲᠣᠭ᠍ᠳᠠᠭᠠᠬᠤᠳᠤ ᠴᠥᠮ ᠲᠥᠯᠥᠭᠡᠯᠡᠭ᠌ᠴᠢᠳ ᠪᠠ ᠣᠯᠠᠨ ᠲᠦᠮᠡᠨ᠎ᠤ ᠲᠠᠭᠤᠨ᠎ᠢ ᠰᠣᠨᠣᠰᠴᠤ᠌᠂ ᠲᠥᠯᠥᠭᠡᠯᠡᠭ᠌ᠴᠢᠳ ᠪᠠ ᠣᠯᠠᠨ ᠲᠦᠮᠡᠨ᠎ᠤ ᠣᠶᠤᠨ ᠤᠬᠠᠭᠠᠨ ᠬᠦᠴᠦᠨ ᠴᠢᠳᠠᠯ᠎ᠢ ᠨᠢᠭ᠍ᠲᠠᠷᠠᠭᠤᠯᠪᠠ᠃ ᠲᠥᠯᠥᠭᠡᠯᠡᠭ᠌ᠴᠢ ᠰᠣᠩᠭᠤᠭᠤᠯᠢ᠎ᠶ᠋ᠢᠨ ᠨᠢᠭᠡᠴᠢ᠎ᠳᠤ᠎ᠪᠠᠨ ᠪᠤᠴᠠᠵᠤ ᠲᠤᠱᠢᠶᠠᠯ᠎ᠤᠨ ᠮᠡᠳᠡᠭᠦᠯᠦᠯᠲᠡ ᠬᠢᠬᠦ᠌ ᠪᠠ ᠲᠥᠯᠥᠭᠡᠯᠡᠭ᠌ᠴᠢᠳ᠎ᠤᠨ ᠳᠤᠭᠤᠢᠯᠠᠩ᠎ᠤᠨ ᠠᠵᠢᠯᠯᠠᠭ᠎ᠠ᠎ᠶ᠋ᠢᠨ ᠠᠵᠢᠯ᠎ᠢ ᠡᠮᠬᠢ ᠵᠢᠷᠤᠮ᠎ᠲᠠᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 140 ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠤᠨ ᠰᠣᠩᠭᠤᠭᠤᠯᠢ᠎ᠶ᠋ᠢᠨ ᠨᠢᠭᠡᠴᠢ᠎ᠳᠤ᠎ᠪᠠᠨ ᠬᠦᠷᠴᠦ᠍ ᠲᠤᠱᠢᠶᠠᠯ᠎ᠤᠨ ᠮᠡᠳᠡᠭᠦᠯᠦᠯᠲᠡ ᠬᠢᠯᠭᠡᠵᠦ᠍᠂ ᠲᠥᠯᠥᠭᠡᠯᠡᠭ᠌ᠴᠢᠳ᠎ᠤᠨ ᠳᠤᠭᠤᠢᠯᠠᠩ᠎ᠤᠨ ᠠᠵᠢᠯᠯᠠᠭ᠎ᠠ᠎ᠶ᠋ᠢ 253 ᠬᠥᠮᠦᠨ ᠤᠳᠠᠭ᠎ᠠ ᠥᠷᠨᠢᠭᠦᠯᠪᠡ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠵᠦᠢᠯᠡᠰ᠎ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠪᠢᠯᠧᠲ᠎ᠢᠶᠠᠷ ᠲᠣᠭ᠍ᠲᠠᠭᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠵᠢᠯ᠎ᠤᠨ ᠳᠣᠲᠣᠷ᠎ᠠ ᠠᠷᠠᠳ᠎ᠤᠨ ᠠᠮᠢᠳᠤᠷᠠᠯ᠎ᠤᠨ 3350 ᠵᠦᠢᠯᠡᠰ᠎ᠲᠤ ᠬᠡᠷᠡᠭ᠌ᠵᠢᠭᠦᠯᠵᠦ᠍᠂ ᠠᠷᠠᠳ ᠤᠯᠠᠨ᠎ᠤ 《ᠬᠦᠰᠡᠯ ᠡᠷᠡᠮᠡᠯᠵᠡᠯ᠎ᠤᠨ ᠨᠠᠷᠢᠨ ᠬᠠᠭᠤᠳᠠᠰᠤ》᠎ᠶ᠋ᠢ ᠲᠣᠭ᠍ᠳᠣᠯᠣᠭᠤᠱᠢᠳᠠᠢ ᠪᠡᠶᠡᠯᠡᠭ᠌ᠳᠡᠬᠦᠱᠢᠳᠠᠢ 《ᠵᠣᠯ ᠵᠢᠷᠭᠠᠯ᠎ᠤᠨ ᠨᠠᠷᠢᠨ ᠬᠠᠭᠤᠳᠠᠰᠤ》 ᠪᠣᠯᠭᠠᠨ ᠬᠤᠪᠢᠷᠠᠭᠤᠯᠪᠠ᠃
ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠠᠬᠢ ᠦᠢᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠪᠠ᠃ ᠲᠥᠯᠥᠭᠡᠯᠡᠭ᠌ᠴᠢᠳ᠎ᠤᠨ ᠤᠯᠤᠰ ᠲᠦᠷᠦ᠍᠎ᠶ᠋ᠢᠨ ᠵᠢᠯᠤᠭᠤᠳᠤᠯᠭ᠎ᠠ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠴᠡᠭᠡ᠎ᠳᠤ ᠴᠢᠭ᠌ᠯᠡᠭᠦᠯᠦᠨ᠂ ᠤᠯᠠᠨ ᠬᠡᠯᠪᠡᠷᠢ᠎ᠶ᠋ᠢᠨ ᠰᠤᠷᠤᠯᠴᠠᠯᠭ᠎ᠠ ᠪᠣᠯᠪᠠᠰᠤᠷᠠᠭᠤᠯᠤᠯ᠎ᠢ ᠥᠷᠨᠢᠭᠦᠯᠵᠦ᠍᠂ ᠪᠦᠬᠦ᠌ ᠵᠢᠯ᠎ᠳᠤ 360 ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢ᠎ᠶ᠋ᠢ ᠪᠣᠯᠪᠠᠰᠤᠷᠠᠯ᠎ᠳᠤ ᠣᠷᠣᠭᠤᠯᠪᠠ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠡᠷᠬᠢᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ ᠲᠦᠷᠦᠭᠦᠯᠡᠨ ᠱᠢᠪᠠᠳᠠᠨ ᠱᠢᠢᠳᠪᠦᠷᠢᠯᠡᠭᠦᠯᠬᠦ᠂ ᠲᠤᠰᠭᠠᠢ ᠠᠵᠢᠯ᠎ᠤᠨ ᠵᠥᠪᠯᠡᠯ ᠲᠤᠰᠭᠠᠢ ᠵᠦᠢᠯ᠎ᠢᠶᠠᠷ ᠱᠢᠪᠠᠳᠠᠨ ᠱᠢᠢᠳᠪᠦᠷᠢᠯᠡᠭᠦᠯᠬᠦ᠂ ᠲᠥᠯᠥᠭᠡᠯᠡᠭ᠌ᠴᠢᠳ᠎ᠤᠨ ᠠᠵᠢᠯ᠎ᠤᠨ ᠵᠥᠪᠯᠡᠯ ᠪᠦᠬᠦ᠌ ᠶᠠᠪᠤᠴᠠ᠎ᠳᠤ ᠳᠠᠭᠠᠬᠤ ᠠᠵᠢᠯ᠎ᠤᠨ ᠲᠣᠭ᠍ᠲᠠᠴᠠ᠎ᠶ᠋ᠢ ᠪᠤᠢ ᠪᠣᠯᠭᠠᠵᠤ᠂ ᠡᠯ᠎ᠡ ᠳᠠᠭᠠᠭᠠᠨ ᠱᠢᠢᠳᠪᠦᠷᠢᠯᠡᠬᠦ᠌ ᠨᠢᠭᠡᠴᠢ᠎ᠳᠤ ᠬᠡᠮᠵᠢᠶᠡᠵᠢᠭᠦᠯᠦᠨ ᠬᠤᠪᠢ ᠥᠭ᠌ᠴᠦ᠂ ᠴᠠᠭᠠᠰᠤᠨ ᠳᠡᠭᠡᠷᠡᠬᠢ ᠰᠠᠨᠠᠭᠤᠯᠭ᠎ᠠ᠎ᠶ᠋ᠢ ᠬᠥᠭ᠌ᠵᠢᠯᠲᠡ᠎ᠶ᠋ᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ᠎ᠶ᠋ᠢ ᠲᠦᠯᠬᠢᠨ ᠠᠬᠢᠭᠤᠯᠪᠠ᠃ 680 ᠬᠤᠪᠢ ᠰᠠᠨᠠᠯ ᠵᠥᠪᠯᠡᠯᠭᠡ᠂ ᠰᠠᠨᠠᠭᠤᠯᠭ᠎ᠠ᠎ᠶ᠋ᠢ ᠪᠥᠬᠦᠳᠡ᠎ᠶ᠋ᠢ ᠱᠢᠢᠳᠪᠦᠷᠢᠯᠡᠵᠦ᠍ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤᠯᠲᠠ ᠥᠭ᠌ᠴᠦ᠂ ᠲᠥᠯᠥᠭᠡᠯᠡᠭ᠌ᠴᠢᠳ᠎ᠤᠨ ᠬᠠᠨᠤᠮᠵᠢ᠎ᠶ᠋ᠢᠨ ᠨᠤᠷᠮ᠎ᠠ ᠦᠷᠭᠦᠯᠵᠢᠯᠡᠨ ᠳᠡᠭᠡᠭ᠌ᠰᠢᠯᠡᠪᠡ᠃ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠎ᠶ᠋ᠢ ᠵᠠᠰᠠᠪᠤᠷᠢ ᠣᠷᠣᠭᠤᠯᠤᠨ ᠬᠡᠷᠡᠭ᠌ᠵᠢᠭᠦᠯᠵᠦ᠍᠂ ᠲᠥᠯᠥᠭᠡᠯᠡᠭ᠌ᠴᠢᠳ᠎ᠤᠨ ᠠᠵᠢᠯ᠎ᠤᠨ ᠳᠦᠷᠢᠮᠵᠢᠯᠲᠡ ᠪᠠ ᠵᠢᠷᠤᠮᠵᠢᠯᠲᠠ᠎ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃
ᠲᠠᠪᠤ᠂ ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠪᠡ
《ᠲᠦᠷᠪᠡᠨ ᠪᠠᠢᠭᠤᠯᠭ᠎ᠠ》᠎ᠶ᠋ᠢᠨ ᠪᠠᠢᠷᠢ ᠲᠣᠭ᠍ᠲᠠᠭᠠᠯᠲᠠ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠤᠯᠤᠰ ᠲᠦᠷᠦ᠍᠎ᠶ᠋ᠢᠨ ᠪᠠᠢᠭᠤᠯᠤᠯᠲᠠ᠂ ᠴᠢᠳᠠᠪᠤᠷᠢ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ ᠪᠠ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠠᠮ ᠰᠠᠨᠠᠭ᠎ᠠ ᠠᠮᠤᠷ᠂ ᠠᠷᠠᠳ ᠲᠦᠮᠡᠨ ᠰᠡᠳᠭᠢᠯ ᠬᠠᠨᠤᠮᠵᠢᠲᠠᠢ ᠪᠠᠢᠬᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢ ᠪᠠᠢᠭᠤᠯᠬᠤ᠎ᠪᠠᠷ ᠴᠢᠷᠮᠠᠢᠪᠠ᠃
ᠪᠦᠬᠦ᠌ ᠲᠠᠯ᠎ᠠ᠎ᠪᠠᠷ ᠨᠠᠮ᠎ᠢᠶᠠᠨ ᠴᠢᠩᠭ᠎ᠠ ᠵᠠᠰᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠪᠠ᠃ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ ᠨᠠᠮ᠎ᠢᠶᠠᠨ ᠬᠠᠮᠢᠶᠠᠷᠬᠤ ᠨᠠᠮ᠎ᠢᠶᠠᠨ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠴᠢᠭ᠌ᠯᠡᠯ᠎ᠢ ᠠᠳᠭᠤᠬᠤ᠂ ᠶᠡᠭᠡ ᠲᠠᠯ᠎ᠠ᠎ᠶ᠋ᠢ ᠬᠠᠮᠢᠶᠠᠷᠬᠤ᠂ ᠨᠠᠢᠳᠠᠪᠤᠷᠢᠵᠢᠭᠤᠯᠤᠯᠲᠠ᠎ᠶ᠋ᠢ ᠪᠠᠲᠤᠯᠠᠬᠤ ᠴᠢᠬᠤᠯᠠ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠨᠠᠮ᠎ᠤᠨ ᠪᠠᠢᠭᠤᠯᠤᠯᠲᠠ᠂ ᠨᠠᠮ᠎ᠤᠨ ᠰᠤᠷᠲᠠᠯ᠎ᠤᠨ ᠪᠠᠢᠭᠤᠯᠤᠯᠲᠠ ᠪᠠ ᠴᠢᠭᠡᠴᠢ ᠵᠠᠰᠠᠭ᠎ᠤᠨ ᠪᠠᠢᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ᠂ ᠨᠢᠭᠡᠳᠦᠮᠡᠯ ᠹᠷᠣᠨᠲ ᠪᠠ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠵᠡᠷᠭᠡ ᠠᠵᠢᠯ᠎ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠲᠣᠬᠢᠷᠠᠭᠤᠯᠪᠠ᠃ ᠲᠥᠪ ᠬᠤᠷᠢᠶᠠᠨ᠎ᠤ ᠨᠠᠢ᠍ᠮᠠᠨ ᠵᠣᠷᠪᠣᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠦᠨᠡᠨ ᠪᠣᠳᠠᠲᠠᠢ᠎ᠪᠠᠷ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠵᠤ᠂ ᠲᠥᠪ ᠬᠤᠷᠢᠶᠠᠨ᠎ᠤ ᠨᠠᠢ᠍ᠮᠠᠨ ᠵᠤᠷᠪᠣᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠰᠡᠳᠭᠢᠯ ᠵᠢᠷᠦᠬᠡᠨ᠎ᠳᠤ᠎ᠪᠠᠨ ᠬᠠᠳᠠᠩᠱᠢᠭᠤᠯᠵᠤ᠂ ᠬᠡᠪ ᠵᠠᠩᠱᠢᠯ ᠪᠣᠯᠭᠠᠬᠤ᠎ᠶ᠋ᠢ ᠠᠬᠢᠭᠤᠯᠪᠠ᠃ ᠸᠧᠢ ᠱᠤᠸᠠᠨ ᠱ᠌ᠢ᠎ᠶ᠋ᠢᠨ ᠲᠥᠪ ᠬᠤᠷᠢᠶᠠᠨ᠎ᠤ ᠨᠠᠢ᠍ᠮᠠᠨ ᠵᠣᠷᠪᠣᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠠᠰᠠᠭᠤᠳᠠᠯ ᠵᠡᠷᠭᠡ ᠡᠰᠡᠷᠭᠦ᠌ ᠲᠠᠯ᠎ᠠ᠎ᠶ᠋ᠢᠨ ᠨᠡᠢᠲᠡᠯᠢᠭ ᠬᠡᠷᠡᠭ᠎ᠠᠴᠠ ᠭᠦᠨᠵᠡᠭᠡᠢ ᠰᠤᠷᠭᠠᠮᠵᠢ ᠠᠪᠴᠤ᠌᠂ ᠬᠠᠷᠢᠴᠠᠭ᠎ᠠ᠎ᠶ᠋ᠢ ᠤᠯᠠᠮ ᠨᠢᠭᠡ ᠠᠯᠬᠤᠮ ᠱᠢᠯᠤᠭᠤᠳᠭᠠᠨ᠂ ᠲᠦᠷᠢᠮ᠎ᠢ ᠪᠦᠷᠢᠨᠱᠢᠬᠦᠯᠵᠦ᠍᠂ ᠡᠢᠮᠦᠷᠬᠦᠤ ᠠᠰᠠᠭᠤᠳᠠᠯ ᠡᠭᠦᠰᠭᠦ᠎ᠶ᠋ᠢ ᠡᠷᠡᠰ ᠬᠤᠷᠢᠭ᠍ᠯᠠᠪᠠ᠃ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠢ ᠴᠢᠩᠭ᠎ᠠ ᠠᠳᠭᠤᠵᠤ᠂ ᠨᠠᠮ᠎ᠤᠨ ᠤᠳᠤᠷᠢᠳᠭᠤ ᠳᠤᠭᠤᠢᠯᠠᠩ ᠪᠣᠯᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭ᠎ᠠ ᠠᠳᠭᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠪᠠᠢᠭᠤᠯᠭ᠎ᠠ᠎ᠳᠤ ᠲᠣᠭᠤᠷᠢᠨ ᠪᠠᠢᠴᠠᠭᠠᠯᠲᠠ ᠥᠷᠨᠢᠭᠦᠯᠬᠦ᠌᠎ᠳᠤ ᠢᠳᠡᠪᠬᠢᠲᠡᠢ ᠬᠠᠮᠵᠢᠯᠴᠠᠵᠤ᠂ ᠳᠡᠭᠡᠳᠦ ᠬᠡᠮᠵᠢᠶᠡᠨ᠎ᠤ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠰᠠᠢᠲᠤᠷ ᠠᠳᠭᠤᠪᠠ᠃
ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠴᠢᠷᠮᠠᠢᠨ ᠳᠡᠭᠡᠭ᠌ᠰᠢᠯᠡᠭᠦᠯᠪᠡ᠃ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠯᠡᠬᠦ᠌ ᠲᠤᠬᠠᠢ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢᠨ ᠪᠠᠢᠭᠤᠯᠭ᠎ᠠ᠎ᠶ᠋ᠢᠨ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠯᠡᠬᠦ᠌ ᠬᠡᠷᠡᠭ᠌ᠵᠢᠭᠦᠯᠬᠦ᠌ ᠠᠷᠭ᠎ᠠ᠎ᠶ᠋ᠢ ᠲᠡᠭᠦᠯᠳᠡᠷᠵᠢᠭᠦᠯᠦᠨ᠂ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ᠂ ᠬᠥᠨᠳᠡᠯᠡᠨ᠎ᠢᠶᠠᠷ ᠰᠣᠯᠢᠯᠴᠠᠬᠤ ᠠᠵᠢᠯ᠎ᠢ ᠵᠢᠷᠤᠮᠵᠢᠭᠤᠯᠵᠤ᠂ ᠨᠢᠳᠤᠨᠤᠨ᠎ᠤ ᠣᠷᠣᠨ᠎ᠤ ᠳᠣᠲᠣᠷ᠎ᠠ ᠭᠠᠳᠠᠨ᠎ᠠ ᠣᠴᠢᠵᠤ ᠪᠠᠢᠴᠠᠭᠠᠨ ᠰᠤᠳᠤᠯᠵᠤ ᠱᠢᠨᠵᠢᠯᠡᠨ ᠪᠠᠢᠴᠠᠭᠠᠬᠤ ᠠᠵᠢᠯ ᠠᠳᠠᠯᠢ ᠬᠤᠭᠤᠴᠠᠭᠠᠨ᠎ᠤ᠎ᠬᠢ᠎ᠠᠴᠠ ᠶᠡᠭᠡ᠎ᠪᠠᠷ ᠪᠠᠭᠠᠰᠴᠠᠢ᠃ ᠪᠠᠢᠭᠤᠯᠭ᠎ᠠ᠎ᠶ᠋ᠢᠨ ᠠᠵᠢᠯᠯᠠᠭᠠᠨ᠂ ᠠᠵᠢᠯ᠎ᠤᠨ ᠶᠠᠪᠤᠴᠠ᠎ᠪᠠᠨ ᠤᠯᠠᠮ ᠨᠢᠭᠡ ᠠᠯᠬᠤᠮ ᠵᠢᠷᠤᠮᠵᠢᠭᠤᠯᠵᠤ᠂ ᠵᠣᠬᠢᠶᠠᠯ᠎ᠤᠨ ᠰᠤᠷᠲᠠᠯ ᠬᠤᠷᠠᠯ᠎ᠤᠨ ᠰᠤᠷᠲᠠᠯ᠎ᠢ ᠦᠷᠭᠦᠯᠵᠢᠯᠡᠨ ᠰᠠᠢᠵᠢᠷᠠᠭᠤᠯᠵᠤ᠂ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠪᠠᠨ ᠲᠠᠰᠤᠷᠠᠯᠲᠠ ᠥᠬᠡᠢ ᠳᠡᠭᠡᠭ᠌ᠰᠢᠯᠡᠭᠦᠯᠪᠡ᠃ ᠡᠭᠦᠷᠭᠡᠯᠡᠭ᠌ᠰᠡᠨ ᠣᠨ᠎ᠤ ᠥᠭᠡᠷᠡᠴᠢᠯᠡᠯᠲᠡ᠎ᠶ᠋ᠢᠨ ᠡᠭᠦᠷᠭᠡ᠎ᠪᠠᠨ ᠪᠦᠬᠦᠨ᠎ᠢ ᠪᠡᠶᠡᠯᠡᠭᠦᠯᠵᠦ᠍᠂ 1 ᠵᠦᠢᠯ᠎ᠤᠨ ᠥᠭᠡᠷᠡᠴᠢᠯᠡᠯᠲᠡ᠎ᠶ᠋ᠢᠨ ᠡᠭᠦᠷᠭᠡ᠎ᠨᠢ ᠪᠥᠬᠦ᠌ ᠣᠷᠣᠨ᠎ᠤ ᠥᠭᠡᠷᠡᠴᠢᠯᠡᠯᠲᠡ᠎ᠶ᠋ᠢᠨ ᠱᠢᠯᠢᠳᠡᠭ ᠬᠡᠷᠡᠭ᠎ᠤᠨ ᠵᠢᠱ᠌ᠢᠶ᠎ᠡ᠎ᠳᠤ ᠰᠣᠩᠭᠤᠭ᠍ᠳᠠᠪᠠ᠃ 2 ᠵᠦᠢᠯ᠎ᠤᠨ ᠤᠨᠴᠠᠯᠢᠭ᠍ᠳᠤ ᠠᠵᠢᠯ ᠪᠠ 1 ᠠᠵᠢᠯᠳᠠᠨ ᠪᠥᠬᠦ᠌ ᠣᠷᠣᠨ᠎ᠤ 2025 ᠣᠨ᠎ᠤ ᠬᠠᠤᠯᠢᠵᠢᠯ᠎ᠤᠨ ᠱᠢᠯᠢᠳᠡᠭ ᠬᠡᠷᠡᠭ ᠪᠠ ᠬᠠᠤᠯᠢᠵᠢᠯ᠎ᠤᠨ ᠵᠢᠱ᠌ᠢᠶᠡᠴᠢ᠎ᠪᠠᠷ ᠦᠨᠡᠯᠡᠭ᠌ᠳᠡᠪᠡ᠃
ᠪᠠᠢᠩᠭᠤ᠎ᠶ᠋ᠢᠨ ᠬᠤᠷᠢᠶᠠᠨ᠎ᠤ ᠪᠠᠢᠭᠤᠯᠭ᠎ᠠ᠎ᠶ᠋ᠢᠨ ᠪᠠᠢᠭᠤᠯᠤᠯᠲᠠ᠎ᠪᠠᠨ ᠴᠢᠨᠠᠭ᠍ᠰᠢᠳᠠ ᠴᠢᠩᠭᠠᠳᠭᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《ᠰᠤᠷᠤᠯᠴᠠᠯᠭ᠎ᠠ᠎ᠶ᠋ᠢ ᠶᠡᠬᠡᠪᠡᠷ ᠡᠷᠬᠢᠮᠯᠡᠭᠦ᠌᠂ ᠭᠦᠨᠵᠡᠭᠡᠢ ᠪᠠᠢᠴᠠᠭᠠᠨ ᠰᠤᠳᠤᠯᠤᠯᠲᠠ ᠬᠢᠭᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠠᠷᠢᠭᠤᠨ ᠴᠢᠬᠡᠴᠢ ᠪᠠᠢᠬᠤ》 ᠱᠠᠭᠠᠷᠳᠠᠯᠭ᠎ᠠ᠎ᠶ᠋ᠢ ᠬᠢᠨᠠᠮᠠᠭᠠᠢ ᠨᠠᠢᠳᠠᠪᠤᠷᠢᠵᠢᠭᠤᠯᠤᠨ᠂ 《ᠲᠡᠷᠢᠭᠦᠨ᠎ᠤ ᠪᠠᠢᠭᠤᠯᠭ᠎ᠠ᠎ᠶ᠋ᠢ ᠡᠭᠦᠳᠦᠨ ᠪᠠᠢᠭᠤᠯᠬᠤ᠂ ᠲᠡᠷᠢᠭᠦᠨ᠎ᠤ ᠡᠩᠨᠡᠭᠡ᠎ᠶ᠋ᠢ ᠪᠠᠢᠭᠤᠯᠬᠤ᠂ ᠲᠡᠷᠢᠭᠦᠨ᠎ᠤ ᠠᠵᠢᠯ᠎ᠤᠨ ᠠᠮᠵᠢᠯᠲᠠ ᠪᠦᠲᠦᠮᠵᠢ᠎ᠶ᠋ᠢ ᠡᠭᠦᠳᠬᠦ᠌》 ᠪᠠᠷ ᠬᠠᠷᠠᠯᠲᠠ ᠪᠣᠯᠭᠠᠵᠤ᠂ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢᠨ ᠪᠦᠬᠦᠯᠢ ᠴᠣᠭ᠍ᠴᠠ᠎ᠶ᠋ᠢᠨ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃ ᠰᠠᠷ᠎ᠠ ᠪᠦᠷᠢ ᠨᠢᠭᠡ ᠭᠤᠣᠯ ᠰᠡᠳᠦᠪ ᠲᠣᠭ᠍ᠲᠠᠭᠠᠨ᠂ ᠪᠠᠢᠭᠤᠯᠭ᠎ᠠ᠎ᠶ᠋ᠢᠨ ᠤᠳᠤᠷᠢᠳᠭᠤ ᠺᠠᠳ᠋ᠷᠴᠤᠳ᠎ᠢ ᠶᠠᠷᠢᠶᠠᠨ᠎ᠤ ᠲᠠᠪᠴᠠᠩ᠎ᠳᠤ ᠭᠠᠷᠭᠠᠬᠤ᠎ᠶ᠋ᠢ ᠪᠠᠷᠢᠮᠲᠠᠯᠠᠵᠤ᠂ ᠨᠠᠮ᠎ᠤᠨ ᠭᠡᠱᠢᠭᠦᠨ ᠺᠠᠳ᠋ᠷᠴᠤᠳ᠎ᠲᠤ ᠱᠢᠰᠲ᠋ᠧᠮᠲᠦ ᠴᠢᠨᠠᠷᠲᠠᠢ ᠪᠣᠯᠪᠠᠰᠤᠷᠠᠯ ᠬᠦᠷᠲᠡᠭᠡᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡ ᠤᠬᠠᠭᠤᠯᠭ᠎ᠠ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠪᠠᠢᠩᠭᠤ᠎ᠶ᠋ᠢᠨ ᠬᠤᠷᠢᠶ᠎ᠠ᠎ᠶ᠋ᠢᠨ ᠭᠤᠣᠯᠳᠠᠯᠭ᠎ᠠ᠎ᠲᠠᠢ ᠠᠵᠢᠯ᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠱᠢᠨ᠎ᠡ᠎ᠶ᠋ᠢ ᠡᠭᠦᠳᠦᠭ᠌ᠰᠡᠨ ᠠᠵᠢᠯ᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠥᠯᠢᠭᠡᠷ᠎ᠢ ᠭᠦᠨᠵᠡᠭᠡᠢ ᠤᠬᠠᠭᠤᠯᠤᠨ ᠮᠡᠳᠡᠭᠡᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠥᠪᠥᠷ ᠮᠣᠩᠭᠤᠯ᠎ᠳᠠᠬᠢ ᠠᠮᠢᠳᠤᠯᠢᠭ ᠦᠢᠯᠡᠳᠦᠯᠭᠡ᠎ᠶ᠋ᠢ ᠭᠦᠢᠴᠡᠳ ᠭᠠᠢᠬᠠᠭᠤᠯᠪᠠ᠃ 2 ᠪᠦᠲᠦᠭᠡᠯ᠎ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠨ᠎ᠤ ᠱᠠᠩᠨᠠᠯ᠎ᠢ ᠬᠦᠷᠲᠡᠪᠡ᠃
ᠳᠡᠭᠡᠳᠦ ᠳᠣᠣᠷᠠᠳᠤ ᠱᠠᠲᠤᠨ᠎ᠤ ᠬᠠᠮᠵᠢᠯᠴᠠᠵᠤ ᠬᠠᠮᠲᠤᠷᠠᠯᠴᠠᠬᠤ᠎ᠪᠠᠨ ᠴᠢᠩᠭᠠᠳᠭᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠨᠢᠭᠡ ᠬᠥᠯᠭᠡ ᠱᠢᠲᠠᠷ᠎ᠠ ᠮᠡᠲᠦ ᠪᠠᠢᠯᠭᠠᠬᠤ ᠦᠵᠡᠯ ᠰᠠᠨᠠᠭ᠎ᠠ᠎ᠶ᠋ᠢ ᠪᠠᠲᠤ ᠪᠠᠬᠢ ᠪᠤᠢ ᠪᠣᠯᠭᠠᠵᠤ᠂ ᠰᠠᠨᠠᠭᠠᠴᠢᠯᠠᠭ᠎ᠠ᠎ᠠᠴᠠ᠎ᠪᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠵᠢᠭᠠᠪᠤᠷᠢ ᠠᠪᠴᠤ᠌ ᠠᠵᠢᠯ᠎ᠢᠶᠠᠨ ᠮᠡᠳᠡᠭᠦᠯᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠪᠰᠤᠷᠤᠯᠭ᠎ᠠ ᠳᠡᠮᠵᠢᠯᠭᠡ᠎ᠶ᠋ᠢ ᠢᠳᠡᠪᠬᠢᠲᠡᠢ ᠣᠯᠪᠠ᠃ 《ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ》 ᠯᠤᠭ᠎ᠠ᠎ᠶ᠋ᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠢᠯ᠎ᠤᠨ ᠬᠠᠮᠵᠢᠯᠴᠠᠭ᠎ᠠ᠎ᠪᠠᠨ ᠴᠢᠩᠭᠠᠳᠭᠠᠪᠠ᠃ ᠠᠢᠮᠠᠭ ᠬᠤᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠵᠢᠯᠣᠭᠤᠳᠭᠤ᠎ᠪᠠᠨ ᠴᠢᠩᠭᠠᠳᠭᠠᠵᠤ᠂ ᠠᠵᠢᠯ᠎ᠤᠨ ᠬᠤᠯᠪᠣᠭᠠᠯᠠᠨ ᠬᠥᠳᠡᠯᠦᠯᠴᠡᠬᠦ᠌᠎ᠪᠠᠨ ᠠᠬᠢᠭᠤᠯᠤᠨ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠵᠤ᠂ ᠠᠳᠠᠯᠢ ᠴᠢᠭ᠌ᠯᠡᠯ᠎ᠢᠶᠠᠷ ᠬᠦᠴᠦᠯᠡᠬᠦ᠌᠎ᠪᠠᠨ ᠠᠬᠢᠭᠤᠯᠪᠠ᠃
ᠲᠥᠯᠥᠭᠡᠯᠡᠭ᠌ᠴᠢᠳ ᠡ!
ᠥᠩᠭᠡᠷᠡᠭ᠌ᠰᠡᠨ ᠨᠢᠭᠡ ᠵᠢᠯ᠎ᠳᠤ ᠪᠠᠢᠩᠭᠤ᠎ᠶ᠋ᠢᠨ ᠬᠤᠷᠢᠶᠠᠨ᠎ᠤ ᠣᠯᠤᠭ᠍ᠰᠠᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠳᠦᠰᠦ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭ᠍ᠴᠢ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠠᠴᠠ ᠲᠠᠭᠠᠭᠤᠯᠣᠨ ᠵᠠᠮᠴᠢᠯᠠᠭ᠍ᠰᠠᠨᠤ ᠰᠠᠢᠨ᠎ᠳᠤ ᠪᠣᠢ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠵᠤ᠂ ᠪᠦᠬᠦ᠌ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ᠂ ᠡᠯ᠎ᠡ ᠲᠤᠰᠭᠠᠢ ᠵᠥᠪᠯᠡᠯ᠎ᠤᠨ ᠪᠦᠷᠢᠯᠳᠦᠬᠦᠨ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠯᠠᠪᠳᠠᠭᠤᠨ ᠪᠠᠲᠤᠲᠠᠢ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ》᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠥᠷᠭᠡᠨ ᠤᠯᠠᠨ ᠠᠷᠠᠳ ᠲᠦᠮᠡᠨ᠎ᠤ ᠶᠡᠬᠡᠪᠡᠷ ᠳᠡᠮᠵᠢᠭ᠌ᠰᠡᠨ᠎ᠤ ᠦᠷ᠎ᠡ ᠳ᠋ᠦᠩ ᠮᠥᠨ᠃ ᠠᠳᠡ᠂ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ᠂ ᠣᠯᠠᠨ᠎ᠳᠤ ᠡᠷᠬᠢᠮ ᠳᠡᠭᠡᠳᠦ ᠬᠦᠨᠳᠦᠳᠭᠡᠯ ᠪᠠ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠪᠠᠨ ᠪᠢᠳᠡ ᠪᠠᠰᠠ ᠰᠡᠷᠭᠡᠭ᠎ᠢᠶᠠᠷ ᠲᠠᠨᠢᠵᠤ ᠣᠯᠵᠠᠢ᠂ ᠡᠭᠦᠨ᠎ᠳᠤ ᠭᠤᠣᠯᠳᠠᠭᠤ᠄ ᠬᠠᠤᠯᠢ ᠲᠣᠭ᠍ᠲᠠᠭᠠᠯᠲᠠ᠎ᠨᠢ ᠥᠭᠡᠷᠡᠴᠢᠯᠡᠯᠲᠡ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠬᠠᠩᠭᠠᠬᠤ᠎ᠳᠤ ᠪᠠᠰᠠ ᠵᠥᠷᠢᠶ᠎ᠡ᠎ᠲᠠᠢ ᠪᠠᠢᠵᠤ᠂ ᠬᠠᠤᠯᠢ ᠲᠣᠭ᠍ᠲᠠᠭᠠᠯᠲᠠ᠎ᠶ᠋ᠢᠨ ᠶᠠᠰᠤ ᠴᠢᠨᠠᠷ ᠪᠠ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠢ ᠪᠠᠢᠬᠤ; ᠬᠢᠨᠠᠯᠲᠠ᠎ᠶ᠋ᠢᠨ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠬᠦ᠌ ᠴᠢᠬᠤᠯᠠᠲᠠᠢ ᠪᠠᠢᠵᠤ᠂ ᠠᠰᠠᠭᠤᠳᠠᠯ᠎ᠢ ᠱᠢᠢᠳᠪᠦᠷᠢᠯᠡᠬᠦ᠌᠎ᠳᠤ᠎ᠪᠠᠨ ᠬᠦᠴᠦᠲᠡᠢ ᠪᠥᠭᠡᠳ ᠪᠦᠲᠦᠮᠵᠢᠲᠡᠢ ᠪᠢᠰᠢ ᠪᠠᠢᠬᠤ; ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠬᠦ᠌ ᠬᠡᠯᠪᠡᠷᠢ ᠪᠠ ᠠᠭᠤᠯᠭ᠎ᠠ ᠡᠯᠪᠡᠭ ᠪᠠᠶᠠᠯᠢᠭ ᠪᠢᠰᠢ ᠪᠠᠢᠵᠤ᠂ ᠲᠥᠯᠥᠭᠡᠯᠡᠭ᠌ᠴᠢᠳ᠎ᠤᠨ ᠠᠵᠢᠯ᠎ᠤᠨ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠢ ᠪᠠᠢᠬᠤ; ᠤᠯᠤᠰ ᠲᠦᠷᠦ᠍᠎ᠶ᠋ᠢᠨ ᠪᠠᠢᠭᠤᠯᠤᠯᠲᠠ᠂ ᠴᠢᠳᠠᠪᠤᠷᠢ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ ᠪᠠ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠴᠢᠬᠤᠯᠠᠲᠠᠢ ᠪᠠᠢᠨ᠎ᠠ᠃ ᠪᠢᠳᠡ ᠡᠳᠡᠭᠡᠷ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠪᠠ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠬᠢᠨᠠᠮᠠᠭᠠᠢ ᠰᠣᠨᠣᠰᠴᠤ᠌᠂ ᠭᠦᠴᠦᠳᠠᠢ ᠠᠷᠭ᠎ᠠ ᠬᠡᠮᠵᠢᠶ᠎ᠡ ᠠᠪᠴᠤ᠌ ᠪᠠᠢᠭᠠᠳ ᠦᠨᠡᠨ ᠬᠦ᠌ ᠬᠠᠯᠠᠨ ᠰᠠᠢᠵᠢᠷᠠᠭᠤᠯᠤᠨ᠎ᠠ᠃
ᠬᠤᠢᠱᠢᠳᠠ᠎ᠶ᠋ᠢᠨ ᠨᠢᠭᠡ ᠵᠢᠯ᠎ᠤᠨ ᠭᠤᠣᠯ ᠡᠭᠦᠷᠭᠡ
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠭᠤᠯᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠳᠤᠷᠢᠳᠤᠯᠭ᠎ᠠ ᠳᠣᠣᠷ᠎ᠠ᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠲᠦᠪ ᠬᠤᠷᠢᠶᠠᠨ᠎ᠤ ᠤᠳᠠᠭ᠎ᠠ ᠪᠦᠷᠢ᠎ᠶ᠋ᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠣᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢᠨ ᠣᠷᠭᠠᠨᠢᠭ ᠨᠢᠭᠡᠳᠦᠯ᠎ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠪᠠᠷ ᠡᠯ᠎ᠡ ᠵᠦᠢᠯ᠎ᠤᠨ ᠠᠵᠢᠯ᠎ᠤᠨ ᠭᠤᠣᠯ ᠱᠢᠵᠢᠮ᠎ᠢᠶᠠᠨ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠬᠦᠴᠦᠨ ᠴᠢᠳᠠᠯ᠎ᠢᠶᠠᠨ ᠡᠷᠭᠦᠬᠦ᠌᠎ᠪᠠᠷ ᠴᠢᠷᠮᠠᠢᠨ᠎ᠠ᠃
ᠬᠠᠤᠯᠢ ᠲᠣᠭ᠍ᠲᠠᠭᠠᠬᠤ ᠠᠵᠢᠯ᠎ᠢ ᠴᠢᠨᠠᠷ ᠰᠠᠢᠲᠠᠢ ᠲᠦᠯᠬᠢᠨ ᠠᠬᠢᠭᠤᠯᠤᠨ᠎ᠠ᠃ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠶ᠋ᠢᠨ ᠬᠡᠷᠡᠭ᠌ᠵᠢᠭᠦᠯᠦᠭ᠌ᠳᠡᠬᠦ᠌ ᠴᠢᠨᠠᠷ᠂ ᠨᠥᠬᠦᠪᠥᠷᠢᠯᠡᠬᠦ᠌ ᠴᠢᠨᠠᠷ᠂ ᠬᠠᠢᠨ ᠰᠦᠪᠡᠭ᠌ᠴᠢᠯᠡᠬᠦ᠌ ᠴᠢᠨᠠᠷ᠎ᠢ ᠭᠦᠢᠴᠡᠳ ᠪᠠᠳᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠪᠠ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ ᠪᠠᠢᠯᠭᠠᠬᠤ᠎ᠳᠤ ᠪᠠᠴᠢᠮ ᠱᠠᠭᠠᠷᠳᠠᠭ᠍ᠳᠠᠬᠤ ᠬᠠᠤᠯᠢ ᠲᠣᠭ᠍ᠲᠠᠭᠠᠯᠲᠠ᠎ᠶ᠋ᠢ ᠤᠷᠢᠳᠠᠪᠠᠷ ᠪᠠᠲᠤᠯᠠᠵᠤ᠂ ᠪᠦᠬᠦ᠌ ᠵᠢᠯ᠎ᠳᠤ 24 ᠬᠤᠪᠢ ᠬᠠᠤᠯᠢ ᠲᠣᠭ᠍ᠲᠠᠭᠠᠯ᠎ᠢ ᠬᠢᠨᠠᠨ ᠵᠥᠪᠯᠡᠵᠦ᠍᠂ 12 ᠬᠤᠪᠢ ᠬᠠᠤᠯᠢ ᠲᠣᠭ᠍ᠲᠠᠭᠠᠯᠲᠠ᠎ᠶ᠋ᠢᠨ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠦᠨ᠎ᠡ᠃ ᠬᠠᠲᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠬᠠᠮᠠᠭᠠᠯᠠᠬᠤ ᠪᠠ ᠴᠢᠨᠠᠷ ᠰᠠᠢᠲᠠᠢ ᠬᠥᠭ᠌ᠵᠢᠭᠦᠯᠬᠦ᠌ ᠲᠦᠷᠢᠮ᠂ ᠨᠤᠲᠤᠭ ᠪᠡᠯᠴᠢᠭᠡᠷ᠎ᠤᠨ ᠬᠠᠮᠠᠭᠠᠯᠠᠯᠲᠠ ᠪᠠ ᠬᠠᠮᠢᠶᠠᠷᠤᠯᠲᠠ᠎ᠶ᠋ᠢᠨ ᠲᠦᠷᠢᠮ᠂ ᠨᠡᠭᠡᠭᠡᠯᠲᠡ᠎ᠶ᠋ᠢᠨ ᠲᠣᠭᠤᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠬᠤᠳᠠᠯᠳᠤᠭ᠎ᠠ ᠡᠵᠡᠩᠨᠡᠯᠲᠡ᠎ᠶ᠋ᠢᠨ ᠣᠷᠴᠢᠨ ᠨᠥᠬᠦᠴᠡᠯ᠎ᠢ ᠱᠢᠯᠢᠳᠡᠭ᠌ᠵᠢᠭᠦᠯᠭᠦ᠌ ᠲᠦᠷᠢᠮ᠂ ᠣᠲᠣ ᠦᠶ᠎ᠡ᠎ᠶ᠋ᠢᠨ ᠠᠵᠤ ᠠᠬᠤᠢᠯᠠᠯ᠎ᠤᠨ ᠲᠦᠷᠢᠮ᠎ᠤᠨ ᠪᠠᠢᠭᠤᠯᠤᠯᠲᠠ᠎ᠶ᠋ᠢ ᠠᠬᠢᠭᠤᠯᠬᠤ ᠲᠦᠷᠢᠮ᠂ ᠴᠠᠬᠢᠯᠭᠠᠨ ᠬᠦᠴᠦᠨ᠎ᠤ ᠲᠦᠷᠢᠮ ᠵᠡᠷᠭᠡ᠎ᠳᠤ ᠬᠠᠣᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ ᠥᠷᠨᠢᠭᠦᠯᠦᠨ᠎ᠡ᠃ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠲᠦᠷᠢᠮ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠎ᠳᠤ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠬᠠᠤᠯᠢ ᠲᠣᠭ᠍ᠲᠠᠭᠠᠯ ᠬᠠᠤᠯᠢ ᠲᠦᠷᠢᠮ᠎ᠢ ᠤᠯᠠᠮ ᠨᠢᠭᠡ ᠠᠯᠬᠤᠮ ᠪᠦᠷᠢᠨᠱᠢᠬᠦᠯᠦᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠲᠠᠪᠱᠢᠯᠳᠠ᠎ᠶ᠋ᠢᠨ ᠲᠦᠷᠢᠮ᠎ᠳᠤ ᠵᠠᠰᠠᠪᠤᠷᠢ ᠣᠷᠣᠭᠤᠯᠵᠤ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠣᠷᠣᠭᠤᠯᠤᠯᠲᠠ᠎ᠶ᠋ᠢ ᠦᠷᠭᠦᠯᠵᠢᠯᠡᠨ ᠨᠡᠮᠡᠭ᠌ᠳᠡᠭᠦᠯᠬᠦ᠌ ᠲᠤᠬᠠᠢ ᠲᠤᠰᠭᠠᠢ ᠪᠦᠯᠦᠭ ᠭᠠᠷᠭᠠᠬᠤ ᠲᠤᠬᠠᠢ ᠲᠣᠭ᠍ᠲᠠᠭᠠᠯ ᠭᠠᠷᠭᠠᠨ᠎ᠠ᠃ ᠵᠠᠭᠠᠯᠳᠤᠯᠭ᠎ᠠ᠎ᠶ᠋ᠢ ᠬᠦᠯᠢᠶᠡᠨ ᠠᠪᠤᠪᠠᠯ ᠳᠠᠷᠤᠢ ᠱᠢᠢᠳᠪᠦᠷᠢᠯᠡᠬᠦ᠌ ᠠᠵᠢᠯ᠎ᠤᠨ ᠳᠦᠷᠢᠮ᠂ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠳᠦᠷᠢᠮ᠂ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠭᠦ᠌ ᠳᠦᠷᠢᠮ᠂ ᠰᠤᠷᠭᠠᠭᠤᠯᠢ᠎ᠶ᠋ᠢᠨ ᠠᠮᠤᠷ ᠲᠦᠪᠱᠢᠨ᠎ᠤ ᠳᠦᠷᠢᠮ᠂ ᠬᠥᠳᠡᠯᠮᠦᠷᠢ᠎ᠶ᠋ᠢᠨ ᠪᠠᠲᠤᠯᠠᠭ᠎ᠠ᠎ᠶ᠋ᠢᠨ ᠬᠢᠨᠠᠨ ᠪᠠᠢᠴᠠᠭᠠᠬᠤ ᠳᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠲᠣᠭ᠍ᠲᠠᠭᠠᠬᠤ ᠪᠠ ᠵᠠᠰᠠᠪᠤᠷᠢ ᠣᠷᠣᠭᠤᠯᠵᠤ᠂ ᠬᠤᠳᠠ ᠬᠥᠳᠡᠭᠡ᠎ᠶ᠋ᠢᠨ ᠨᠡᠢᠭᠡᠮ ᠲᠣᠭᠤᠷᠢᠭ᠎ᠤᠨ ᠵᠠᠰᠠᠯᠲᠠ᠎ᠶ᠋ᠢ ᠠᠬᠢᠭᠤᠯᠬᠤ ᠳᠦᠷᠢᠮ᠎ᠤᠨ ᠬᠠᠤᠯᠢ ᠲᠣᠭ᠍ᠲᠠᠭᠠᠯᠲᠠ᠎ᠶ᠋ᠢᠨ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠦᠨ᠎ᠡ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠯᠲᠠ᠎ᠶ᠋ᠢᠨ ᠬᠠᠷᠢᠯᠴᠠᠬᠤ ᠴᠡᠭ᠎ᠢ ᠬᠥᠳᠡᠯᠦᠩᠭᠦᠢ᠎ᠪᠠᠷ ᠲᠣᠬᠢᠷᠠᠭᠤᠯᠵᠤ᠂ ᠬᠠᠷᠢᠯᠴᠠᠬᠤ ᠴᠡᠭ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠳᠤᠮᠳᠠᠬᠢ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠠᠤᠯᠢ ᠲᠣᠭ᠍ᠲᠠᠭᠠᠯᠲᠠ᠎ᠳᠤ ᠠᠷᠠᠳ ᠲᠦᠮᠡᠨ᠎ᠤ ᠰᠡᠳᠭᠢᠯ᠎ᠤᠨ ᠳᠠᠭᠤᠨ᠎ᠢ ᠨᠡᠩ ᠰᠠᠢᠲᠤᠷ ᠰᠣᠨᠣᠰᠴᠣ᠂ ᠠᠷᠠᠳ ᠲᠦᠮᠡᠨ᠎ᠤ ᠬᠦᠰᠡᠯ ᠰᠠᠨᠠᠭ᠎ᠠ᠎ᠶ᠋ᠢ ᠨᠡᠩ ᠰᠠᠢᠲᠤᠷ ᠢᠯᠡᠷᠡᠭᠦᠯᠬᠦ᠌ ᠪᠣᠯᠭᠠᠨ᠎ᠠ᠃ ᠤᠯᠤᠰ᠎ᠤᠨ ᠬᠠᠤᠯᠢ ᠲᠣᠭ᠍ᠲᠠᠭᠠᠬᠤ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ ᠠᠬᠢᠴᠠ᠎ᠶ᠋ᠢ ᠴᠢᠩᠭ᠎ᠠ ᠳᠠᠭᠠᠵᠤ᠂ ᠤᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠬᠦᠴᠦᠨ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠎ᠢ ᠴᠠᠭ ᠲᠤᠬᠠᠢᠳᠤᠨᠢ ᠡᠮᠬᠢᠯᠡᠨ ᠲᠢᠭ᠌ᠯᠡᠵᠦ᠍᠂ ᠬᠠᠤᠯᠢ ᠲᠣᠭ᠍ᠲᠠᠭᠠᠯ᠎ᠢ ᠡᠮᠬᠢᠯᠡᠨ ᠴᠡᠪᠡᠷᠯᠡᠭᠦ᠌ ᠠᠵᠢᠯ᠎ᠢ ᠪᠠᠢᠩᠭᠤᠵᠢᠭᠤᠯᠤᠨ ᠥᠷᠨᠢᠭᠦᠯᠦᠨ᠎ᠡ᠃
ᠦᠨᠳᠦᠷ ᠦᠷ᠎ᠠ ᠪᠦᠳᠦᠮᠵᠢᠲᠠᠢ᠎ᠪᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠦᠨ᠎ᠡ᠃ ᠴᠢᠬᠤᠯᠠ ᠶᠡᠭᠡ ᠠᠵᠢᠯ᠂ ᠭᠤᠣᠯᠳᠠᠯᠭ᠎ᠠ᠎ᠲᠠᠢ ᠬᠦᠷᠢᠶ᠎ᠡ᠂ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ᠎ᠤᠨ ᠵᠦᠢᠯᠡᠰ᠎ᠲᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠲᠥᠪ᠎ᠤᠨ ᠲᠣᠭᠤᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠰᠠᠨᠠᠯ᠂ ᠲᠥᠪ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠱᠢᠪᠠᠳᠠᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠥᠭᠡᠷᠡᠴᠢᠯᠡᠵᠦ᠍ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠪᠦᠬᠦ᠌ ᠵᠢᠯ᠎ᠳᠤ 48 ᠵᠦᠢᠯ᠎ᠤᠨ ᠬᠢᠨᠠᠯᠲᠠ ᠲᠠᠯᠪᠢᠬᠤ ᠠᠵᠢᠯ᠎ᠢ ᠲᠣᠬᠢᠷᠠᠭᠤᠯᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠨᠢᠭ᠍ᠲᠠ ᠤᠶᠠᠯᠳᠤᠭᠤᠯᠤᠨ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ》᠂ 《ᠨᠢᠭᠡ ᠪᠠᠬᠢᠯᠡᠯᠲᠡ》 ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠦ᠌ ᠲᠠᠯ᠎ᠠ᠎ᠪᠠᠷ ᠪᠥᠲᠥᠭᠡᠨ ᠪᠠᠢᠭᠤᠯᠬᠤ 6 ᠠᠬᠢᠭᠤᠯᠬᠤ ᠲᠦᠷᠢᠮ᠎ᠤᠨ ᠲᠤᠬᠠᠢ ᠬᠠᠣᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠪᠥᠬᠦ᠌ ᠲᠠᠯ᠎ᠠ᠎ᠪᠠᠷ ᠥᠷᠨᠢᠭᠦᠯᠵᠦ᠍᠂ ᠨᠠᠮ᠎ᠤᠨ ᠲᠥᠪ ᠬᠤᠷᠢᠶ᠎ᠠ ᠪᠠᠢᠷᠢᠯᠠᠭᠤᠯᠤᠯᠲᠠ᠎ᠲᠠᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠱᠠᠭᠠᠷᠳᠠᠯᠭ᠎ᠠ᠎ᠲᠠᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠦᠢᠯᠡ ᠠᠵᠢᠯᠯᠠᠭ᠎ᠠ᠎ᠲᠠᠢ ᠪᠠᠢᠬᠤ᠎ᠶ᠋ᠢ ᠦᠨᠡᠨ ᠬᠦ᠌ ᠪᠡᠶᠡᠯᠡᠭᠦᠯᠦᠨ᠎ᠡ᠃ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠳᠠᠪᠤᠷᠢ᠎ᠶ᠋ᠢᠨ ᠲᠠᠰ᠎ᠢ ᠳᠡᠭᠡᠭ᠌ᠰᠢᠯᠡᠭᠦᠯᠬᠦ᠌᠎ᠶ᠋ᠢᠨ ᠲᠣᠭᠤᠷᠢᠨ᠎ᠳᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭ᠍ᠲᠠᠯᠴᠠᠭ᠎ᠠ᠎ᠶ᠋ᠢᠨ ᠪᠠᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠎ᠶ᠋ᠢᠨ ᠪᠥᠬᠦ᠌ ᠠᠵᠤ ᠦᠢᠯᠡᠰ᠎ᠤᠨ ᠬᠡᠯᠬᠢᠶᠡᠵᠢᠯ᠎ᠤᠨ ᠬᠥᠭ᠌ᠵᠢᠯᠲᠡ᠂ ᠴᠢᠨᠠᠷ ᠰᠠᠢᠲᠠᠢ ᠰᠣᠶᠣᠯ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠥᠷᠭᠡᠳᠭᠡᠭ᠌ᠰᠡᠨ ᠵᠡᠷᠭᠡ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ᠃ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢ ᠱᠢᠪᠠᠳᠠᠨ ᠪᠠᠢᠴᠠᠭᠠᠬᠤ᠎ᠳᠤ ᠬᠠᠷᠢᠭᠤ ᠲᠤᠰᠭᠠᠭ᠍ᠰᠠᠨ ᠠᠰᠠᠭᠤᠳᠠᠯ᠎ᠢ ᠴᠡᠭ᠌ᠴᠡᠯᠡᠨ ᠥᠭᠡᠷᠡᠴᠢᠯᠡᠵᠦ᠍ ᠨᠠᠢᠳᠠᠪᠤᠷᠢᠵᠢᠭᠤᠯᠬᠤ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ᠂ ᠤᠰᠤ᠎ᠶ᠋ᠢ ᠠᠷᠪᠢᠯᠠᠨ ᠬᠡᠷᠡᠭ᠌ᠯᠡᠬᠦ᠌ ᠵᠡᠷᠭᠡ ᠠᠵᠢᠯ᠎ᠳᠤ ᠬᠢᠨᠠᠯᠲᠠ ᠲᠠᠯᠪᠢᠬᠤ᠎ᠪᠠᠷ ᠲᠥᠯᠥᠪᠯᠡᠵᠦ᠍ ᠪᠠᠢᠨ᠎ᠠ᠃ 《ᠠᠷᠠᠳ᠎ᠤᠨ ᠠᠮᠢᠳᠤᠷᠠᠯ᠎ᠤᠨ ᠠᠷᠪᠠᠨ ᠶᠡᠭᠡ ᠢᠨᠵᠧᠨᠧᠷᠢᠩ》᠎ᠤᠨ ᠬᠡᠷᠡᠭ᠌ᠵᠢᠭᠦᠯᠦᠯᠲᠡ᠎ᠶ᠋ᠢ ᠲᠦᠯᠬᠢᠨ ᠠᠬᠢᠭᠤᠯᠬᠤ ᠲᠣᠭ᠍ᠲᠠᠭᠠᠯ᠎ᠢ ᠭᠠᠷᠭᠠᠭ᠍ᠰᠠᠨ ᠰᠠᠭᠤᠷᠢᠨ ᠳᠡᠭᠡᠷ᠎ᠡ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠵᠦᠢᠯᠡᠰ᠎ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌᠎ᠪᠠᠷ ᠲᠣᠬᠢᠷᠠᠭᠤᠯᠬᠤ᠎ᠶ᠋ᠢᠨ ᠬᠠᠮᠲᠤ ᠬᠠᠨᠤᠮᠵᠢ᠎ᠶ᠋ᠢᠨ ᠬᠡᠮᠵᠢᠶ᠎ᠡ᠎ᠶ᠋ᠢ ᠱᠢᠯᠭᠠᠨ ᠦᠨᠡᠯᠡᠬᠦ᠌ ᠠᠵᠢᠯ᠎ᠢ ᠥᠷᠨᠢᠭᠦᠯᠦᠨ᠎ᠡ᠃ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠨᠠᠰᠤᠵᠢᠯ᠎ᠤᠨ ᠠᠰᠠᠷᠠᠮᠵᠢ᠎ᠶ᠋ᠢᠨ ᠦᠨᠳᠦᠰᠦᠨ ᠦᠢᠯᠡᠴᠢᠯᠡᠭᠡᠨ᠎ᠤ ᠲᠣᠭ᠍ᠲᠠᠯᠴᠠᠭ᠎ᠠ᠎ᠶ᠋ᠢ ᠱᠢᠯᠢᠳᠡᠭ᠌ᠵᠢᠭᠦᠯᠬᠦ᠂ ᠬᠥᠯᠥᠰᠥᠨ ᠠᠵᠢᠯᠴᠢᠨ᠎ᠤ ᠴᠠᠯᠢᠩ᠎ᠢ ᠪᠠᠲᠤᠯᠠᠬᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠢ ᠪᠥᠭᠡᠳ ᠲᠡᠩᠴᠡᠭᠦᠷᠢᠲᠡᠢ ᠬᠥᠭ᠌ᠵᠢᠭᠦᠯᠬᠦ᠂ ᠬᠢᠲᠠᠳ ᠡᠮ ᠡᠮᠨᠡᠯᠭᠡ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ ᠬᠢᠨᠠᠯᠲᠠ ᠲᠠᠯᠪᠢᠵᠤ᠂ ᠤᠯᠠᠨ ᠲᠦᠮᠡᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠢᠳᠡᠪᠬᠢᠲᠡᠢ᠎ᠪᠠᠷ ᠬᠠᠷᠢᠭᠤᠯᠲᠠ ᠥᠭ᠌ᠭᠦᠨ᠎ᠡ᠃ ᠲᠥᠯᠥᠪᠯᠡᠭᠡ ᠲᠥᠰᠦᠪ ᠪᠠ ᠲᠥᠰᠦᠪ᠎ᠤᠨ ᠭᠦᠢᠴᠡᠳᠭᠡᠯ᠎ᠤᠨ ᠬᠢᠨᠠᠨ ᠪᠠᠢᠴᠠᠭᠠᠯᠲᠠ᠎ᠶ᠋ᠢ ᠴᠢᠩᠭᠠᠳᠭᠠᠵᠤ᠂ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠳᠤ ᠬᠢᠨᠠᠯᠲᠠ ᠲᠠᠯᠪᠢᠬᠤ ᠦᠷ᠎ᠡ ᠪᠦᠲᠦᠮᠵᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃
ᠲᠦᠯᠦᠭᠡᠯᠡᠭ᠌ᠴᠢ᠎ᠶ᠋ᠢᠨ ᠠᠵᠢᠯ᠎ᠢ ᠦᠨᠳᠦᠷ ᠲᠦᠪᠱᠢᠨ᠎ᠲᠠᠢ᠎ᠪᠠᠷ ᠰᠠᠢᠳᠣᠷ ᠭᠢᠨ᠎ᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭ᠍ᠲᠠᠯᠴᠠᠭ᠎ᠠ᠎ᠶ᠋ᠢᠨ ᠪᠠᠢᠭᠤᠯᠤᠯᠲᠠ ᠵᠡᠷᠭᠡ᠎ᠲᠠᠢ ᠤᠶᠠᠯᠳᠤᠭᠤᠯᠤᠨ ᠲᠥᠯᠥᠭᠡᠯᠡᠭ᠌ᠴᠢᠳ᠎ᠤᠨ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠱᠢᠨᠵᠢᠯᠡᠬᠦ᠌ ᠤᠬᠠᠭᠠᠨ ᠮᠡᠷᠭᠡᠵᠢᠯ᠎ᠤᠨ ᠱᠢᠨ᠎ᠡ ᠡᠭᠦᠳᠦᠯᠲᠡ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠵᠡᠷᠭᠡ᠎ᠶ᠋ᠢᠨ ᠲᠤᠬᠠᠢ ᠲᠥᠯᠥᠭᠡᠯᠡᠭ᠌ᠴᠢᠳ᠎ᠤᠨ ᠪᠠᠢᠴᠠᠭᠠᠨ ᠰᠤᠳᠤᠯᠤᠯᠲᠠ ᠪᠠ ᠪᠠᠢᠴᠠᠭᠠᠨ ᠦᠵᠡᠬᠦ᠌ ᠠᠵᠢᠯ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠬᠢᠭᠡᠳ ᠬᠥᠭ᠌ᠵᠢᠭ᠌ᠰᠡᠨ ᠭᠠᠵᠠᠷ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠤ ᠦᠢᠯᠡᠰ᠎ᠤᠨ ᠬᠠᠷᠢᠯᠴᠠᠭ᠎ᠠ ᠬᠠᠮᠵᠢᠯᠴᠠᠭ᠎ᠠ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠠᠵᠤ ᠦᠢᠯᠡᠰ᠎ᠤᠨ ᠲᠣᠭ᠍ᠲᠠᠯᠴᠠᠭ᠎ᠠ᠎ᠶ᠋ᠢᠨ ᠪᠠᠢᠭᠤᠯᠤᠯᠲᠠ᠎ᠳᠠᠬᠢ ᠲᠥᠯᠥᠭᠡᠯᠡᠭ᠌ᠴᠢᠳ᠎ᠤᠨ ᠦᠢᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ᠃ ᠲᠥᠯᠥᠭᠡᠯᠡᠭ᠌ᠴᠢᠳ᠎ᠤᠨ ᠠᠵᠢᠯ᠎ᠤᠨ ᠲᠣᠭ᠍ᠲᠠᠴᠠ᠎ᠶ᠋ᠢᠨ ᠲᠠᠯ᠎ᠠ᠎ᠪᠠᠷ ᠦᠷᠭᠦᠯᠵᠢᠯᠡᠨ ᠱᠢᠨ᠎ᠡ᠎ᠶ᠋ᠢ ᠡᠭᠦᠳᠴᠦ᠍᠂ ᠭᠡᠷ ᠪᠦᠯᠢ ᠪᠠ ᠦᠷᠳᠡᠭᠡ᠎ᠶ᠋ᠢ ᠨᠢᠭᠡ ᠴᠤᠭ᠍ᠴᠠᠵᠢᠭᠤᠯᠤᠨ ᠪᠠᠢᠭᠤᠯᠬᠤ᠎ᠶ᠋ᠢ ᠲᠦᠯᠬᠢᠨ ᠠᠬᠢᠭᠤᠯᠵᠤ᠂ ᠲᠥᠯᠥᠭᠡᠯᠡᠭ᠌ᠴᠢᠳ᠎ᠢ ᠬᠥᠲᠥᠯᠥᠨ ᠵᠢᠯᠣᠭᠤᠳᠴᠤ᠌ ᠪᠠᠢᠭᠠᠳ ᠦᠨᠳᠦᠰᠦᠨ ᠱᠠᠲᠤᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠭᠠᠵᠠᠷ ᠣᠷᠣᠨ᠎ᠤ ᠦᠢᠯᠡᠳᠦᠯᠭᠡ᠎ᠶ᠋ᠢ ᠲᠠᠰᠤᠷᠠᠯᠲᠠ ᠦᠭᠡᠢ ᠪᠠᠶᠠᠯᠢᠬ᠍ᠵᠢᠭᠤᠯᠤᠨ ᠬᠥᠭ᠌ᠵᠢᠭᠦᠯᠦᠨ᠎ᠡ᠃ ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠂ ᠡᠭᠦᠷᠭᠡ᠎ᠪᠠᠨ ᠭᠦᠢᠴᠡᠳᠭᠡᠬᠦ᠌᠎ᠶ᠋ᠢ ᠳᠡᠮᠵᠢᠨ ᠪᠠᠲᠤᠯᠠᠵᠤ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠢ ᠣᠯᠠᠨ ᠵᠦᠢᠯ᠎ᠤᠨ ᠠᠷᠭ᠎ᠠ ᠪᠠᠷᠢᠯ᠎ᠢᠶᠠᠷ ᠠᠭᠢᠭᠤᠯᠵᠤ᠂ 《ᠨᠢᠭᠡ ᠶᠠᠪᠤᠳᠠᠯ》 ᠢ᠋ ᠱᠢᠢᠳᠪᠦᠷᠢᠯᠡᠬᠦ᠌᠎ᠠᠴᠠ 《ᠨᠢᠭᠡ ᠲᠦᠷᠦᠯ᠎ᠤᠨ ᠶᠠᠪᠤᠳᠠᠯ》 ᠢ᠋ ᠰᠠᠢᠲᠤᠷ ᠬᠢᠬᠦ᠌ ᠲᠡᠢᠰᠢ ᠬᠤᠪᠢᠷᠠᠭᠤᠯᠬᠤ᠎ᠪᠠᠷ ᠴᠢᠷᠮᠠᠢᠨ᠎ᠠ᠃ ᠬᠤᠲᠠ ᠱᠢᠶᠠᠨ ᠱᠢᠶᠠᠩ ᠭᠤᠷᠪᠠᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠤᠭᠤᠯᠢ᠎ᠶ᠋ᠢᠨ ᠠᠵᠢᠯ᠎ᠢ ᠪᠡᠶᠡᠯᠡᠭᠦᠯᠬᠦ᠌᠎ᠶ᠋ᠢ ᠬᠠᠤᠯᠢ ᠶᠣᠰᠣᠭᠠᠷ ᠡᠮᠬᠢ ᠵᠢᠷᠤᠮ᠎ᠲᠠᠢ ᠵᠢᠯᠣᠭᠤᠳᠤᠨ᠎ᠠ᠃
《ᠲᠦᠷᠪᠡᠨ ᠪᠠᠢᠭᠤᠯᠭ᠎ᠠ》᠎ᠶ᠋ᠢᠨ ᠪᠠᠢᠭᠤᠯᠤᠯᠲᠠ᠎ᠶ᠋ᠢ ᠦᠨᠳᠦᠷ ᠪᠠᠷᠢᠮᠵᠢᠶ᠎ᠠ᠎ᠪᠠᠷ ᠲᠦᠯᠭᠢᠨ ᠠᠬᠢᠭᠤᠯᠤᠨ᠎ᠠ᠃ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠪᠠᠷ ᠨᠢᠭᠡᠳᠦᠯᠲᠡᠢ ᠵᠢᠯᠣᠭᠤᠳᠤᠭᠤᠯᠵᠤ᠂ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠨᠠᠮ᠎ᠢᠶᠠᠨ ᠬᠠᠮᠢᠶᠠᠷᠴᠤ᠌ ᠨᠠᠮ᠎ᠢᠶᠠᠨ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠨ᠎ᠠ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠬᠦ᠌᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠦᠷᠭᠦᠯᠵᠢᠯᠡᠨ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠵᠦᠢᠯ᠎ᠤᠨ ᠠᠵᠢᠯ ᠢᠮᠠᠭ᠍ᠲᠠ ᠶᠡᠷᠦᠩᠬᠡᠢ ᠱᠦᠵᠢ᠎ᠶ᠋ᠢᠨ ᠵᠢᠭᠠᠭ᠍ᠰᠠᠨ ᠴᠢᠭ᠌ᠯᠡᠯ᠎ᠢᠶᠠᠷ ᠤᠷᠤᠭ᠍ᠰᠢᠯᠠᠬᠤ᠎ᠶ᠋ᠢ ᠪᠠᠲᠤᠯᠠᠨ᠎ᠠ᠃ᠰᠦᠨ ᠱᠤᠤ ᠴᠸᠩ᠂ ᠸᠠᠩ ᠯᠢ ᠰᠢᠶᠠ ᠵᠢᠨ ᠰᠠᠬᠢᠯᠭ᠎ᠠ ᠪᠠᠳᠤ ᠬᠠᠤᠯᠢ ᠴᠠᠭᠠᠵᠠ ᠵᠢ ᠬᠦᠨᠳᠦ ᠨᠤᠴᠢᠳᠠᠢ ᠵᠦᠷᠢᠴᠡᠭᠰᠡᠨ ᠵᠢᠡᠷ ᠰᠡᠵᠢᠭᠯᠡᠭᠳᠡᠭᠰᠡᠨ ᠬᠡᠷᠡᠭ ᠡᠴᠡ ᠬᠦᠨᠵᠡᠬᠡᠢ ᠰᠤᠷᠭᠠᠮᠵᠢ ᠠᠪᠴᠤ᠂ ᠢᠮᠠᠭ᠍ᠲᠠ ᠴᠢᠩᠭ᠎ᠠ ᠪᠠᠢᠬᠤ ᠦᠨᠳᠦᠰᠦᠨ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ᠎ᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠠᠷᠭ᠎ᠠ ᠬᠡᠮᠵᠢᠶ᠎ᠡ᠎ᠪᠠᠷ ᠪᠦᠬᠦ᠌ ᠲᠠᠯ᠎ᠠ᠎ᠪᠠᠷ ᠨᠠᠮ᠎ᠢᠶᠠᠨ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠬᠠᠤᠯᠢ ᠰᠠᠬᠢᠯᠭ᠎ᠠ᠎ᠶ᠋ᠢ ᠣᠢᠯᠠᠭᠠᠬᠤ᠂ ᠶᠣᠰᠣ ᠲᠦᠷᠢᠮ᠎ᠢ ᠣᠢᠯᠠᠭᠠᠬᠤ᠂ ᠪᠢᠱᠢᠷᠡᠨ ᠵᠢᠷᠦᠬᠡᠱᠢᠶᠡᠬᠦ᠌᠎ᠶ᠋ᠢ ᠱᠢᠪᠠᠳᠠᠨ ᠱᠠᠭᠠᠷᠳᠠᠨ᠎ᠠ᠃ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠵᠥᠪ ᠣᠨᠣᠪᠴᠢᠲᠠᠢ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠲᠥᠪ᠎ᠤᠨ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠪᠠ ᠠᠷᠪᠢᠯᠠᠨ ᠭᠠᠮᠨᠠᠵᠤ ᠠᠮᠢᠳᠤᠷᠠᠬᠤ ᠳᠠᠳᠭᠠᠯ᠎ᠲᠠᠢ ᠪᠣᠯᠬᠤ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠲᠦᠷᠢᠮ᠎ᠢ ᠲᠡᠭᠦᠯᠳᠡᠷᠵᠢᠭᠦᠯᠵᠦ᠍᠂ ᠪᠦᠷᠢᠯᠳᠦᠬᠦᠨ ᠨᠡᠷ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠴᠢᠨᠠᠷ ᠴᠢᠨᠰᠠᠭ᠎ᠠ ᠪᠠ ᠬᠢᠷᠢ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠲᠤᠰᠭᠠᠢ ᠵᠥᠪᠯᠡᠯ᠂ ᠠᠵᠢᠯ᠎ᠤᠨ ᠵᠥᠪᠯᠡᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠪᠥᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠷᠣᠨᠳᠣᠬᠢ ᠬᠠᠷᠢᠯᠴᠠᠭ᠎ᠠ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠦᠨ᠂ ᠡᠯ᠎ᠡ ᠲᠠᠯ᠎ᠠ᠎ᠶ᠋ᠢᠨ ᠢᠳᠡᠪᠬᠢᠵᠢᠯ᠎ᠢ ᠭᠦᠢᠴᠡᠳ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠳᠠᠬᠢᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠤᠨ᠎ᠠ᠃
ᠲᠥᠯᠥᠭᠡᠯᠡᠭ᠌ᠴᠢᠳ ᠡ᠂ ᠶᠡᠭᠡ ᠶᠣᠰᠣᠨᠢ ᠮᠠᠰᠢ ᠳᠥᠭᠦᠮ᠂ ᠵᠠᠩᠭᠢᠯᠠᠭ᠎ᠠ᠎ᠨᠢ ᠬᠢᠬᠦ᠌᠎ᠳᠤ ᠪᠣᠢ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭ᠍ᠴᠢ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠴᠢ ᠵᠣᠷᠢᠭ᠎ᠢᠶᠠᠨ ᠬᠥᠪᠴᠢᠯᠡᠨ ᠤᠷᠤᠭ᠍ᠰᠢᠯᠠᠵᠤ᠂ ᠱᠢᠨ᠎ᠡ ᠠᠶᠠᠨ ᠵᠠᠮ᠎ᠳᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠦᠷᠢᠮ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠠᠴᠠ ᠣᠯᠭᠤᠭ᠍ᠰᠠᠨ ᠡᠯ᠎ᠡ ᠵᠦᠢᠯ᠎ᠤᠨ ᠡᠭᠦᠷᠭᠡ ᠬᠠᠷᠢᠭᠤᠴᠠᠯᠭ᠎ᠠ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠦᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠪᠠᠷ ᠬᠦᠴᠦᠯᠡᠨ ᠴᠢᠷᠮᠠᠢᠶ᠎ᠠ!
(ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠯᠪᠠᠨ ᠲᠢᠩᠬᠢᠮ᠎ᠤᠨ ᠤᠷᠴᠢᠭᠤᠯᠭ᠎ᠠ ᠵᠢᠨ ᠭᠠᠵᠠᠷ ᠡᠴᠨ ᠤᠷᠴᠢᠭᠤᠯᠪᠠ)