ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠴᠠᠭᠠᠨ ᠰᠠᠷ᠎ᠠ᠎ᠶᠢᠨ ᠬᠠᠮᠲᠤ᠎ᠶᠢᠨ ᠵᠣᠯᠭᠠᠯᠲᠠ ᠬᠥᠬᠡᠡᠡᠣᠲᠠ᠎ᠳᠤ ᠶᠠᠪᠤᠭᠳᠠᠪᠠ
2026-02-14 09:40:44
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠪᠠᠶᠠᠷ᠎ᠤᠨ ᠦᠭᠡ ᠬᠡᠯᠡᠵᠦ     ᠪᠦᠦ ᠭᠠᠩ ᠬᠠᠮᠲᠤ᠎ᠶᠢᠨ  ᠵᠣᠯᠭᠠᠯᠲᠠ ᠵᠢ ᠡᠷᠬᠢᠯᠡᠵᠦ   ᠵᠠᠩ ᠶᠠᠨ ᠺᠦᠨ  ᠱᠢ ᠭᠤᠸᠠᠩ ᠬᠤᠢ  ᠣᠷᠣᠯᠴᠠᠪᠠ


2 ᠰᠠᠷ᠎ᠠ᠎ᠶᠢᠨ 13 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ 2026 ᠣᠨ᠎ᠤ ᠴᠠᠭᠠᠨ ᠰᠠᠷ᠎ᠠ᠎ᠶᠢᠨ ᠬᠠᠮᠲᠤ᠎ᠶᠢᠨ ᠵᠣᠯᠭᠠᠯᠲᠠ ᠬᠥᠬᠡᠡᠡᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠡᠷᠬᠢᠯᠡᠭᠴᠢ ᠸᠠᠩ ᠸᠧᠢ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠥᠷᠥ᠎ᠶᠢᠨ ᠵᠥᠪᠯᠡᠯᠭᠡᠨ᠎ᠦ ᠡᠮᠦᠨ᠎ᠡ᠎ᠡᠴᠡ ᠪᠥᠬᠥ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠂ ᠮᠠᠨ᠎ᠤ ᠣᠷᠣᠨ᠎ᠳᠤ ᠰᠠᠭᠤᠭ᠎ᠠ ᠴᠢᠯᠦᠭᠡᠯᠡᠬᠦ ᠴᠡᠷᠢᠭ᠎ᠦᠨ ᠵᠢᠯᠣᠭᠣᠳᠤᠭ᠍ᠴᠢ ᠪᠠᠢᠯᠳᠤᠭ᠍ᠴᠢ᠂ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢ ᠪᠣᠯᠣᠨ ᠳᠣᠲᠣᠭᠠᠳᠤ᠎ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠂ ᠨᠠᠮ ᠪᠦᠯᠦᠭ᠎ᠦᠨ ᠪᠤᠰᠤ ᠬᠥᠮᠥᠰ᠂ ᠠᠷᠠᠳ᠎ᠤᠨ ᠪᠦᠯᠬᠦᠮ᠂ ᠪᠥᠬᠥ ᠣᠷᠣᠨ᠎ᠤ ᠠᠵᠢᠯ᠎ᠡᠴᠡ᠎ᠪᠠᠨ ᠳᠠᠷᠬᠠᠯᠠᠭᠳᠠᠭᠰᠠᠨ ᠠᠵᠢᠯ᠎ᠡᠴᠡ᠎ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠥᠬᠥᠳ᠂ ᠥᠪᠥᠷ ᠮᠣᠩᠭᠣᠯ᠎ᠤᠨ ᠬᠥᠭᠵᠢᠯᠲᠡ᠎ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ᠎ᠦᠨ ᠬᠥᠮᠥᠰ᠎ᠲᠦ ᠪᠠᠶᠠᠷ᠎ᠤᠨ ᠡᠳᠦᠷ᠎ᠦᠨ ᠰᠠᠢᠨ ᠰᠠᠢᠬᠠᠨ ᠵᠥᠩᠨᠡᠯ ᠳᠡᠪᠰᠢᠭᠦᠯᠪᠡ᠃


QQ20260214-094011.png


 2 ᠰᠠᠷ᠎ᠠ᠎ᠶᠢᠨ 13 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2026 ᠣᠨ᠎ᠤ ᠴᠠᠭᠠᠨ ᠰᠠᠷ᠎ᠠ᠎ᠶᠢᠨ ᠬᠠᠮᠲᠤ᠎ᠶᠢᠨ ᠵᠣᠯᠭᠠᠯᠲᠠ ᠬᠥᠬᠡᠡᠡᠣᠲᠠ᠎ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠵᠢᠨ ᠡᠷᠬᠢᠯᠡᠭᠴᠢ ᠸᠠᠩ ᠸᠧᠢ ᠵᠥᠩ ᠬᠠᠮᠳᠦ ᠵᠢᠨ ᠵᠤᠯᠭᠠᠯᠲᠠ ᠎ᠳᠦ ᠤᠷᠤᠯᠴᠠᠬᠤ ᠵᠢᠨ ᠬᠠᠮᠳᠦ ᠪᠠᠶᠠᠷ᠎ᠤᠨ ᠦᠭᠡ ᠬᠡᠯᠡᠪᠠ᠃  

ᠳᠤᠰ ᠰᠤᠨᠢᠨ᠎ᠤ ᠰᠤᠷᠪᠤᠯᠵᠢᠯᠠᠭᠴᠢ  ᠮᠠ ᠵᠢᠶᠠᠨ ᠪᠢᠩ ᠰᠡᠬᠦᠳᠡᠷᠯᠡᠪᠠ


ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠠᠮᠲᠤ᠎ᠶᠢᠨ ᠵᠣᠯᠭᠠᠯᠲᠠ ᠵᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ᠎ᠶᠢᠨ ᠬᠤᠷᠢᠶ᠎ᠠ᠎ᠵᠢᠨ ᠱᠦᠵᠢ ᠱᠢ ᠭᠤᠸᠠᠩ ᠬᠣᠶ ᠣᠷᠣᠯᠴᠠᠵᠠᠢ᠃

ᠰᠢᠨ᠎ᠡ ᠬᠤᠳᠠ ᠵᠣᠴᠢᠳ ᠎ᠤᠨ ᠪᠠᠭᠤᠳᠠᠯ᠎ᠤᠨ ᠲᠦᠷᠦ᠎ᠶᠢᠨ ᠳᠠᠶ᠋ᠢᠯᠠᠯᠭ᠎ᠠ᠎ᠶᠢᠨ ᠲᠢᠩᠬᠢᠮ᠎ᠢ ᠭᠡᠷᠡᠯᠲᠦ ᠳ᠋ᠸᠨᠭᠯᠦ ᠦᠨᠭᠭᠡᠲᠦ ᠰᠠᠴᠤᠭ ᠎ᠵᠢᠡᠷ ᠴᠢᠮᠡᠵᠦ᠂ ᠬᠤᠷᠠᠯ᠎ᠳᠤ ᠣᠷᠣᠯᠴᠠᠭᠰᠠᠨ ᠡᠯ᠎ᠡ ᠡᠲᠡᠭᠡᠳ᠎ᠦᠨ ᠬᠥᠮᠥᠰ ᠬᠠᠷᠢᠯᠴᠠᠨ ᠮᠡᠨᠳᠦᠴᠢᠯᠡᠵᠦ᠂ ᠴᠠᠭᠠᠨ ᠰᠠᠷ᠎ᠠ᠎ᠶᠢᠨ ᠮᠡᠨᠳᠦᠴᠢᠯᠡᠯ ᠳᠡᠪᠰᠢᠭᠦᠯᠵᠦ᠂ ᠲᠤᠬᠠᠢ᠎ᠶᠢᠨ ᠲᠠᠯᠠᠪᠠᠢ᠎ᠳᠤ ᠬᠦᠷ᠎ᠪᠠᠶᠠᠰᠬᠤᠯᠠᠨᠭᠲᠤ ᠪᠠᠶᠠᠷ᠎ᠤᠨ ᠡᠳᠦᠷ᠎ᠦᠨ ᠠᠭᠤᠷ ᠠᠮᠢᠰᠬᠤᠯ᠎ᠢᠶᠠᠷ ᠪᠢᠯᠬᠠᠵᠤ ᠪᠠᠢᠯ᠎ᠠ᠃

ᠸᠠᠩ ᠸᠧᠢ ᠵᠥᠩ ᠪᠠᠶᠠᠷ᠎ᠤᠨ ᠦᠭᠡ᠎ᠳᠡᠭᠡᠨ᠂ ᠤᠳᠠᠯ ᠦᠭᠡᠢ ᠥᠩᠭᠡᠷᠡᠬᠦ ᠭᠡᠵᠦ ᠪᠠᠢᠭ᠎ᠠ ᠬᠥᠬᠡᠭᠴᠢᠨ ᠮᠣᠭᠠᠢ ᠵᠢᠯ᠎ᠢᠶᠡᠨ ᠡᠷᠭᠢᠴᠡᠭᠦᠯᠬᠦᠶ᠎ᠡ᠂ ᠪᠢᠳᠡ ᠨᠢᠭᠡ ᠬᠡᠰᠡᠭ ᠶᠡᠷᠦ ᠪᠤᠰᠤ᠎ᠶᠢᠨ ᠲᠡᠮᠡᠴᠡᠯ᠎ᠦᠨ ᠶᠠᠪᠤᠴᠠ᠎ᠶᠢ ᠥᠩᠭᠡᠷᠡᠭᠡᠵᠡᠢ᠃ ᠡᠨᠡ ᠨᠢᠭᠡ ᠵᠢᠯ᠎ᠳᠦ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠯᠠᠪᠳᠠᠭᠤᠨ ᠪᠠᠲᠤᠲᠠᠢ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠥᠬᠥ ᠤᠯᠤᠰ᠎ᠲᠠᠢ ᠬᠠᠮᠲᠤ᠎ᠪᠠᠷ ᠨᠡᠢᠭᠡᠮ ᠵᠢᠷᠤᠮᠲᠤ ᠣᠳᠣᠬᠢᠴᠢᠯᠠᠯᠲᠠ᠎ᠶᠢ ᠦᠨᠳᠦᠰᠦᠨ᠎ᠳᠡᠭᠡᠨ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠠᠬᠢᠴᠠ᠎ᠲᠠᠢ ᠪᠣᠯᠬᠤ ᠳ᠋ᠦ ᠠᠩᠬᠠᠷᠤᠯ ᠵᠢᠡᠨ ᠲᠦᠪᠯᠡᠷᠡᠬᠦᠯᠦᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠥᠭᠵᠢᠯᠲᠡ᠎ᠶᠢ ᠲᠥᠯᠥᠪᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ《1571》ᠠᠵᠢᠯ ᠎ᠤᠨ ᠪᠠᠢᠷᠢᠯᠠᠭᠤᠯᠤᠯᠲᠠ᠎ᠶᠢ ᠪᠣᠯᠪᠠᠰᠤᠷᠠᠭᠤᠯᠤᠨ ᠪᠦᠷᠢᠯᠳᠦᠭᠦᠯᠵᠦ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠰᠢᠨ᠎ᠡ ᠭᠠᠷᠤᠭ᠎ᠠ ᠳᠡᠭᠡᠷ᠎ᠡ ᠵᠣᠭᠰᠣᠪᠠ᠃ ᠡᠨᠡ ᠨᠢᠭᠡ ᠵᠢᠯ᠎ᠳᠦ᠂ ᠪᠢᠳᠡ ᠶᠡᠬᠡ ᠲᠠᠯ᠎ᠠ᠎ᠳᠤ ᠦᠢᠯᠡᠴᠢᠯᠡᠬᠦ ᠳᠤᠮᠳᠠ ᠥᠪᠥᠷ ᠮᠣᠩᠭᠣᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂   ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ᠎ᠡᠴᠡ ᠣᠯᠭᠣᠭᠰᠠᠨ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ᠎ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ ᠠᠵᠤ ᠦᠢᠯᠡᠰ᠂ ᠬᠢᠯᠢ ᠬᠢᠵᠠᠭᠠᠷ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠤᠯᠠᠮ ᠴᠢᠨᠠᠭᠰᠢᠳᠠ ᠴᠢᠩᠭᠠᠷᠠᠪᠠ᠃                 

ᠡᠨᠡ ᠨᠢᠭᠡ ᠵᠢᠯ᠎ᠳᠦ᠂ ᠪᠢᠳᠡ ᠬᠦᠴᠢᠷ᠎ᠢ ᠳᠤᠭᠤᠯᠤᠨ ᠪᠡᠷᠬᠡ᠎ᠶᠢ ᠳᠠᠪᠠᠬᠤ ᠳᠤᠮᠳᠠ ᠬᠥᠭᠵᠢᠯᠲᠡ᠎ᠶᠢᠨ ᠴᠢᠳᠠᠪᠤᠷᠢ᠎ᠶᠢᠨ ᠲᠠᠰ ᠲᠣᠭᠲᠠᠭᠤᠨ᠎ᠢᠶᠠᠷ ᠳᠡᠭᠡᠭᠰᠢᠯᠡᠵᠦ᠂ ᠪᠥᠬᠥ ᠣᠷᠣᠨ᠎ᠤ ᠠᠵᠤ ᠠᠬᠤᠢ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ᠎ᠦ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠪᠡ᠃ ᠡᠨᠡ ᠨᠢᠭᠡ ᠵᠢᠯ᠎ᠳᠦ᠂ ᠪᠢᠳᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠤᠮᠳᠠ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠵᠦ᠂ ᠬᠤᠳᠠ ᠬᠥᠳᠡᠭᠡ ᠎ᠶᠢᠨ ᠰᠠᠭᠤᠭᠠᠯᠢ ᠠᠷᠠᠳ᠎ᠤᠨ ᠵᠣᠯ ᠵᠢᠷᠭᠠᠯ᠎ᠤᠨ ᠵᠢᠭᠠᠯᠲᠠ ᠲᠣᠭ᠎ᠠ ᠶᠠᠪᠤᠬᠤ ᠲᠤᠳᠤᠮ ᠥᠨᠳᠥᠷ ᠪᠣᠯᠵᠠᠢ᠃ ᠡᠳᠡᠭᠡᠷ ᠠᠮᠵᠢᠯᠲᠠ ᠪᠦᠲᠦᠮᠵᠢ᠎ᠶᠢ ᠬᠢᠯᠪᠠᠷ ᠪᠤᠰᠤ᠎ᠪᠠᠷ ᠣᠯᠣᠭᠰᠠᠨ ᠶᠤᠮ᠂ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠴᠢᠭᠯᠡᠯ᠎ᠢ ᠵᠢᠯᠤᠭᠤᠳᠴᠤ ᠵᠠᠯᠠᠭᠤᠷ᠎ᠢ ᠡᠵᠡᠮᠳᠡᠵᠦ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠵᠢᠨ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ ᠳ᠋ᠤ ᠪᠠᠢᠵᠤ᠂ ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ ᠬᠠᠮᠲᠤ᠎ᠪᠠᠷ ᠲᠡᠮᠡᠴᠡᠵᠦ ᠪᠠᠢᠭᠠᠳ ᠣᠯᠣᠭᠰᠠᠨ ᠶᠤᠮ ᠭᠡᠪᠡ᠃

ᠸᠠᠩ ᠸᠧᠢ ᠵᠦᠩ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠂ ᠰᠢᠨ᠎ᠡ ᠵᠠᠮ᠎ᠢ ᠲᠦᠷᠭᠡᠨ ᠨᠡᠭᠡᠭᠡᠬᠦ ᠵᠠᠩᠭᠢᠯᠠᠭ᠎ᠠ᠎ᠶᠢᠨ ᠬᠤᠭᠤᠴᠠᠭ᠎ᠠ ᠪᠣᠯᠣᠨ᠎ᠠ᠃ 118.3 ᠲᠦᠮᠡᠨ ᠲᠡᠭᠰᠢ ᠳᠥᠷᠪᠡᠯᠵᠢᠨ ᠺᠢᠯᠤᠮᠸᠲᠷ᠎ᠤᠨ ᠡᠬᠡ ᠭᠠᠵᠠᠷ᠎ᠲᠤ ᠵᠣᠭᠰᠣᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠬᠦᠰᠡᠯ ᠨᠠᠶ᠋ᠢᠳᠠᠯᠭ᠎ᠠ ᠪᠠ ᠬᠠᠯᠠᠮᠵᠢᠯᠠᠯ᠎ᠢ ᠠᠴᠢᠶᠠᠯᠠᠵᠤ᠂ ᠤᠯᠠᠨ᠎ᠡᠴᠡ ᠬᠡᠲᠦᠢᠳᠦᠭᠰᠡᠨ ᠡᠬᠢ ᠪᠠᠶᠠᠯᠢᠭ᠋᠎ᠤᠨ ᠳᠠᠪᠠᠭᠤᠯᠢᠭ᠋ ᠪᠠ ᠤᠯᠠᠨ ᠵᠦᠢᠯ᠎ᠤᠨ ᠲᠦᠷᠦ᠎ᠶᠢᠨ ᠪᠣᠳᠣᠯᠭ᠎ᠠ᠎ᠶᠢᠨ ᠳᠠᠪᠠᠭᠤᠯᠢᠭ᠋᠎ᠲᠠᠢ ᠪᠠᠢᠵᠤ᠂ 2400 ᠲᠦᠮᠡᠨ ᠲᠠᠯ᠎ᠠ ᠨᠤᠲᠤᠭ᠎ᠤᠨ ᠬᠥᠪᠡᠭᠦᠳ ᠥᠬᠢᠳ ᠥᠪᠥᠷ ᠮᠣᠩᠭᠣᠯ᠎ᠤᠨ ᠰᠠᠢᠨ ᠰᠠᠢᠬᠠᠨ ᠢᠷᠡᠭᠡᠳᠦᠢ᠎ᠳᠦ ᠢᠲᠡᠭᠡᠯ ᠲᠡᠭᠦᠯᠳᠡᠷ ᠪᠠᠢᠨ᠎ᠠ᠃ ᠪᠢᠳᠡ《ᠨᠡᠬᠡᠭᠡᠨ ᠤᠷᠤᠭᠰᠢᠯᠠᠬᠤ》ᠵᠣᠷᠢᠭ᠋ ᠰᠠᠨᠠᠭ᠎ᠠ᠂《ᠡᠭᠦᠳᠦᠨ ᠪᠦᠲᠦᠭᠡᠬᠦ》ᠡᠷᠴᠢ ᠵᠣᠷᠢᠭ᠋᠂ 《ᠠᠵᠢᠯᠯᠠᠬᠤ》 ᠰᠤᠷᠲᠠᠯ᠎ᠢᠶᠠᠷ ᠴᠢᠷᠮᠠᠢᠨ ᠲᠡᠮᠡᠴᠡᠵᠤ ᠡᠬᠢᠯᠡᠯᠲᠡ᠎ᠶᠢᠨ ᠵᠢᠯ᠎ᠦᠨ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠬᠦ ᠬᠡᠷᠡᠭᠲᠡᠢ᠃ ᠦᠨᠡᠨᠴᠢ ᠰᠢᠳᠤᠷᠭᠤ᠎ᠪᠠᠷ ᠤᠯᠤᠰ ᠲᠥᠷᠥ᠎ᠶᠢ ᠡᠷᠬᠢᠮᠯᠡᠬᠦ᠂《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶ᠋ᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠢᠲᠡᠭᠡᠯ ᠵᠣᠷᠢᠭ᠋᠎ᠢᠶᠠᠨ ᠪᠠᠲᠤᠳᠬᠠᠨ ᠬᠥᠭᠵᠢᠯᠲᠡ᠎ᠶᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠂ ᠠᠵᠤ ᠠᠬᠤᠢ᠎ᠶᠢᠨ ᠦᠷᠭᠦᠯᠵᠢᠯᠡᠨ ᠰᠢᠨ᠎ᠡ ᠰᠢᠯᠢᠳᠡᠭ ᠲᠡᠢᠰᠢ ᠬᠦᠭᠵᠢᠬᠦ᠂ ᠨᠡᠩ ᠡᠷᠡᠭᠦᠯ ᠤᠶᠠᠨ ᠬᠠᠳᠠᠨ ᠪᠣᠯᠬᠤ᠎ᠶᠢ ᠠᠬᠢᠭᠤᠯᠬᠤ ᠬᠡᠷᠡᠭᠲᠡᠢ᠃ ᠨᠢᠭᠡ ᠰᠡᠳᠬᠢᠯ᠎ᠢᠶᠡᠷ ᠠᠷᠠᠳ ᠲᠦᠮᠡᠨ᠎ᠳᠦ ᠪᠤᠶᠠᠨ ᠦᠢᠯᠡᠳᠴᠦ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》ᠢ᠋ ᠰᠠᠢᠲᠤᠷ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠦᠨᠡᠨ ᠬᠦ᠌ ᠬᠤᠪᠢᠷᠠᠯᠲᠠ ᠳᠤᠮᠳᠠ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠨᠡᠮᠡᠭᠳᠡᠭᠦᠯᠬᠦ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠵᠤ ᠰᠢᠨ᠎ᠡ ᠰᠤᠷᠲᠠᠯ᠎ᠢ ᠪᠤᠢ ᠪᠣᠯᠭᠠᠵᠤ᠂ ᠰᠤᠷᠤᠯᠴᠠᠯᠭ᠎ᠠ ᠶᠡᠬᠡ ᠪᠡᠷ ᠬᠢᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠦᠨᠡᠨ ᠬᠦ᠌ ᠠᠳᠬᠤᠨ ᠪᠣᠳᠠᠲᠠᠢ ᠠᠵᠢᠯᠯᠠᠬᠤ᠂ ᠠᠷᠢᠭᠤᠨ ᠴᠢᠬᠡᠴᠢ᠎ᠢ ᠡᠷᠬᠢᠮᠯᠡᠵᠤ᠂ ᠵᠥᠪ ᠠᠵᠢᠯ᠎ᠤᠨ ᠠᠮᠵᠢᠯᠲᠠ᠎ᠶᠢᠨ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠰᠤᠷᠲᠠᠯ ᠴᠢᠬᠡᠴᠢ ᠣᠪᠣᠷ ᠲᠥᠪ ᠰᠠᠢᠨ ᠰᠠᠢᠬᠠᠨ ᠤᠯᠤᠰ ᠲᠦᠷᠦ᠎ᠶᠢᠨ ᠠᠮᠢ ᠠᠬᠤᠢ ᠪᠣᠯᠣᠨ ᠪᠣᠳᠠᠲᠠᠢ᠎ᠶᠢ ᠡᠷᠬᠢᠮᠯᠡᠭᠰᠡᠨ ᠥᠨᠳᠥᠷ ᠪᠦᠲᠦᠮᠵᠢᠲᠡᠢ ᠠᠵᠢᠯ ᠬᠢᠵᠦ ᠦᠢᠯᠡᠰ ᠪᠣᠰᠬᠠᠬᠤ ᠣᠷᠴᠢᠨ ᠨᠦᠬᠦᠴᠡᠯ᠎ᠢ ᠪᠤᠢ ᠪᠣᠯᠭᠠᠬᠤ ᠬᠡᠷᠡᠭᠲᠡᠢ᠃ ᠪᠦᠯᠬᠦᠮᠳᠡᠨ ᠨᠢᠭᠡᠳᠴᠦ ᠡᠷᠡᠮᠡᠬᠡᠢᠯᠡᠨ ᠤᠷᠤᠭᠰᠢᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠵᠤ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠢᠭ᠍ᠲᠠᠷᠠᠭᠤᠯᠵᠤ ᠳᠤᠮᠳᠠᠳᠤ ᠤᠯᠤᠰ᠎ᠤᠨ ᠣᠨᠴᠠᠯᠢᠭ᠋᠎ᠲᠠᠢ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠬᠦ ᠬᠡᠷᠡᠭᠲᠡᠢ ᠭᠡᠪᠡ᠃

ᠬᠤᠷᠠᠯ᠎ᠳᠤ ᠣᠷᠣᠯᠴᠠᠭᠰᠠᠳ《ᠠᠷᠭᠤᠮᠠᠬ ᠬᠦᠯᠦᠭ ᠲᠡᠭᠡᠨ ᠮᠤᠷᠳᠠᠵᠦ ᠰᠢᠨ᠎ᠡ ᠠᠶᠠᠨ᠎ᠢᠶᠠᠨ ᠡᠬᠢᠯᠡᠭᠦᠯᠦᠶ᠎ᠡ — 2025 ᠣᠨ ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶᠢᠨ ᠬᠥᠭᠵᠢᠯᠲᠡ᠎ᠶᠢᠨ ᠳᠦᠷᠢ ᠵᠢᠷᠤᠭ》ᠲᠤᠰᠬᠠᠢ ᠰᠡᠳᠦᠪᠲᠦ ᠣᠬᠣᠷ ᠹᠢᠯᠢᠮ᠎ᠢ ᠰᠣᠨᠢᠷᠬᠠᠵᠤ᠂ ᠤᠳᠬ᠎ᠠ ᠤᠷᠠᠯᠢᠭ᠋᠎ᠤᠨ ᠠᠵᠢᠯᠲᠠᠳ ᠭᠣᠢᠳᠠ ᠰᠠᠢᠬᠠᠨ ᠲᠣᠭᠯᠠᠯᠲᠠ ᠭᠠᠷᠭᠠᠪᠠ᠃

ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠵᠠᠰᠠᠭ᠎ᠤᠨ ᠣᠷᠳᠣᠨ᠂ ᠤᠯᠤᠰ ᠲᠦᠷᠦ᠎ᠶᠢᠨ ᠵᠥᠪᠯᠡᠯᠭᠡᠨ᠎ᠦ ᠤᠳᠤᠷᠢᠳᠬᠤ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠡ ᠵᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠪᠠᠢᠴᠠᠭᠠᠬᠤ ᠬᠣᠷᠢᠶ᠎ᠡ ᠵᠢᠨ ᠪᠠᠢᠴᠠᠭᠠᠬᠤ ᠳᠠᠷᠤᠭ᠎ᠠ᠂ ᠥᠪᠥᠷ ᠮᠣᠩᠭᠣᠯ᠎ᠤᠨ ᠴᠡᠷᠢᠭ ᠎ᠦᠨ ᠲᠣᠭᠣᠷᠢᠭ᠋᠂ ᠵᠡᠪᠰᠡᠭᠲᠦ ᠴᠠᠭᠳᠠᠭ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠠᠩᠭᠢ᠎ᠶᠢᠨ ᠭᠣᠣᠯ ᠤᠳᠤᠷᠢᠳᠬᠤ ᠨᠥᠬᠥᠳ᠂ ᠬᠡᠰᠡᠭ ᠮᠤᠵᠢ᠎ᠶᠢᠨ ᠲᠡᠰ᠎ᠤᠨ ᠠᠵᠢᠯ᠎ᠡᠴᠡ᠎ᠪᠠᠨ ᠠᠮᠠᠷᠠᠭᠰᠠᠨ ᠠᠬᠠᠮᠠᠳ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠠ ᠡᠯ᠎ᠡ ᠠᠷᠠᠳ᠎ᠤᠨ ᠪᠦᠯᠬᠦᠮ᠂ ᠠᠵᠤ ᠠᠬᠤᠢᠯᠠᠯ ᠠᠵᠢᠯ ᠦᠢᠯᠡᠰ ᠎ᠦᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠬᠣᠯᠪᠣᠭᠳᠠᠯ ᠪᠦᠬᠦᠢ ᠨᠢᠭᠡᠴᠢ ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠎ᠦᠨ ᠪᠤᠰᠤ ᠬᠥᠮᠥᠰ᠂ ᠱᠠᠰᠢᠨ ᠰᠤᠷᠲᠠᠬᠤᠨ᠎ᠤ ᠡᠲᠡᠭᠡᠳ᠎ᠦᠨ ᠲᠥᠯᠥᠭᠡᠯᠡᠭᠴᠢ᠂ ᠰᠢᠨ᠎ᠡ ᠨᠡᠢᠭᠡᠮ ᠎ᠦᠨ ᠳᠠᠪᠬᠤᠷᠭ᠎ᠠ ᠵᠢᠨ  ᠬᠥᠮᠥᠰ᠎ᠦᠨ ᠲᠥᠯᠥᠭᠡᠯᠡᠭᠴᠢ᠂ ᠬᠥᠳᠡᠯᠮᠦᠷᠢ᠎ᠶᠢᠨ ᠵᠢᠱ᠌ᠢᠶᠡᠴᠢ᠂ ᠶᠣᠰᠣ᠌ ᠰᠤᠷᠲᠠᠬᠤᠨ᠎ᠤ ᠵᠢᠱ᠌ᠢᠶᠡᠴᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠡᠷᠭᠡᠵᠢᠯᠲᠡᠨ᠂ ᠰᠢᠯᠢᠳᠡᠭ ᠪᠠᠭ᠍ᠰᠢ᠎ᠶᠢᠨ ᠲᠥᠯᠥᠭᠡᠯᠡᠭᠴᠢ᠂ ᠨᠥᠭᠴᠢᠭᠰᠡᠨ ᠴᠡᠷᠢᠭ᠎ᠦᠨ ᠭᠡᠷ ᠪᠦᠯᠢ᠂ ᠪᠠᠢᠯᠳᠤᠭᠠᠨ᠎ᠤ ᠪᠠᠭᠠᠲᠤᠷ᠂ ᠬᠤᠪᠢᠰᠬᠠᠯᠲᠤ ᠵᠡᠮᠳᠡᠭ ᠴᠡᠷᠢᠭ᠎ᠦᠨ ᠲᠥᠯᠥᠭᠡᠯᠡᠭᠴᠢ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ᠎ᠶᠢᠨ ᠴᠡᠷᠢᠭ ᠠᠩᠬᠢ ᠎ᠶᠢᠨ ᠳᠠᠷᠤᠭ᠎ᠠ ᠪᠠᠢᠯᠳᠤᠭ᠍ᠴᠢ ᠎ᠶᠢᠨ ᠲᠥᠯᠥᠭᠡᠯᠡᠭᠴᠢ᠂ ᠦᠨᠳᠦᠰᠦᠨ ᠱᠠᠲᠤᠨ᠎ᠤ ᠳᠣᠲᠣᠭᠠᠳᠤ ᠎ᠶᠢ ᠬᠠᠮᠠᠭᠠᠯᠠᠬᠤ ᠺᠠᠳ᠋ᠷ ᠴᠠᠭᠳᠠᠭ᠎ᠠ ᠎ᠶᠢᠨ ᠲᠥᠯᠥᠭᠡᠯᠡᠭᠴᠢ᠂ ᠠᠷᠠᠳ ᠎ᠤᠨ ᠡᠵᠡᠩᠨᠡᠯᠲᠡ ᠎ᠶᠢᠨ ᠠᠵᠤ ᠠᠬᠤᠢᠯᠠᠯᠲᠠᠨ ᠎ᠤ ᠲᠥᠯᠥᠭᠡᠯᠡᠭᠴᠢ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号