ᠮᠤᠷᠢᠨ ᠵᠢᠯ᠎ᠦᠨ ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌ ᠲᠠᠱᠢᠷᠠᠮ᠎ᠢᠶᠠᠷ᠂ 2 ᠰᠠᠷ᠎ᠠ᠎ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠬᠥᠬᠡᠬᠣᠲᠠ᠎ᠳᠤ ᠭᠣᠣᠯᠳᠠᠯᠭ᠎ᠠ᠎ᠲᠠᠶ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠂ ᠪᠠᠶᠠᠷ᠎ᠤᠨ ᠡᠳᠦᠷ᠎ᠦᠨ ᠬᠠᠩᠭᠠᠯᠭ᠎ᠠ᠎ᠶ᠋ᠢ ᠪᠠᠲᠤᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ᠎ᠢ ᠪᠠᠢᠴᠠᠭᠠᠨ ᠰᠤᠳᠤᠯᠵᠤ᠂ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ ᠲᠣᠬᠣᠨᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ᠎ᠤ ᠡᠮᠦᠨ᠎ᠡ᠎ᠡᠴᠡ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠴᠠᠭᠠᠨ ᠰᠠᠷ᠎ᠠ᠎ᠶ᠋ᠢᠨ ᠮᠡᠨᠳᠦᠴᠢᠯᠡᠯ ᠳᠡᠪᠱᠢᠭᠦᠯᠪᠡ᠃ ᠸᠠᠩ ᠸᠧᠢ ᠵᠦᠩ᠂ ᠶᠡᠷᠦᠩᠬᠡᠢ ᠱᠦᠵᠢ ᠰᠢ ᠵᠢᠨ ᠫᠢᠩ᠎ᠦᠨ ᠴᠠᠭᠠᠨ ᠰᠠᠷ᠎ᠠ᠎ᠡᠴᠡ ᠡᠮᠦᠨᠡᠬᠡᠨ ᠪᠡᠭᠡᠵᠢᠩ᠎ᠳᠦ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠡᠷᠬᠢᠨ ᠦᠵᠡᠵᠦ᠍ ᠲᠣᠬᠣᠨᠢᠭᠤᠯᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠴᠠᠭᠠᠨ ᠰᠠᠷ᠎ᠠ᠎ᠶ᠋ᠢᠨ ᠬᠤᠭᠤᠴᠠᠭᠠᠨ᠎ᠳᠠᠬᠢ ᠠᠷᠠᠳ᠎ᠲᠤ ᠠᠱᠢᠭ ᠬᠦᠷᠲᠡᠭᠡᠬᠦ᠌᠂ ᠬᠠᠩᠭᠠᠯᠭ᠎ᠠ᠎ᠶ᠋ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ ᠵᠡᠷᠭᠡ ᠠᠵᠢᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠥᠷᠭᠡᠨ ᠤᠯᠠᠨ ᠲᠦᠮᠡᠨ᠎ᠦ ᠠᠮᠤᠷ ᠠᠮᠤᠭᠤᠯᠠᠩ ᠪᠠᠶᠠᠷ ᠪᠠᠶᠠᠰᠤᠯ᠎ᠲᠠᠶ ᠪᠡᠷ ᠪᠠᠶᠠᠷ᠎ᠤᠨ ᠡᠳᠦᠷ᠎ᠢᠶᠡᠨ ᠥᠩᠭᠡᠷᠡᠭᠦᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠣᠷᠣᠯᠴᠠᠪᠠ᠃
ᠴᠠᠭᠠᠨ ᠰᠠᠷ᠎ᠠ ᠣᠢᠷᠠᠳᠤᠬᠤᠶᠠ᠂ ᠣᠷᠣᠨ᠎ᠤ ᠲᠥᠪ᠎ᠦᠨ ᠵᠡᠭᠡᠯᠢ ᠭᠤᠳᠤᠮᠵᠢ᠎ᠪᠠᠷ ᠥᠩᠭᠡᠲᠦ ᠳ᠋ᠧᠩ ᠳᠤᠸᠠᠯᠠᠵᠤ᠂ ᠭᠠᠵᠠᠷ ᠪᠤᠯᠭᠠᠨ᠎ᠳᠤ ᠪᠠᠶᠠᠰᠬᠤᠯᠠᠩᠲᠤ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢᠶᠠᠷ ᠪᠢᠯᠬᠠᠨ᠎ᠠ᠃ ᠸᠠᠩ ᠸᠧᠢ ᠵᠦᠩᠨᠡᠷ ᠡᠩ ᠲᠡᠷᠢᠭᠦᠨ ᠳᠦ ᠰᠠᠢᠬᠠᠨ ᠲᠣᠭᠣᠷᠢᠭ᠎ᠤᠨ ᠨᠢᠭᠡᠳᠦᠭᠡᠷ ᠳᠤᠮᠳᠠ ᠠᠩᠭᠢ᠎ᠶ᠋ᠢᠨ ᠵᠠᠮ ᠬᠠᠷᠢᠯᠴᠠᠭᠠᠨ ᠤ ᠴᠠᠭ᠍ᠳᠠᠭ᠎ᠠ᠎ᠶ᠋ᠢᠨ ᠵᠢᠵᠢᠭᠦᠷᠯᠡᠬᠦ᠌ ᠠᠵᠢᠯ᠎ᠤᠨ ᠪᠠᠢᠷᠢ᠎ᠳᠦ ᠬᠦᠷᠴᠦ᠍᠂ ᠵᠢᠵᠢᠭᠦᠷᠯᠡᠵᠦ᠍ ᠪᠠᠢᠭ᠎ᠠ ᠠᠷᠠᠳ᠎ᠤᠨ ᠴᠠᠭ᠍ᠳᠠᠭ᠎ᠠ᠎ᠶ᠋ᠢ ᠳᠣᠲᠣᠨᠣ᠎ᠪᠠᠷ ᠲᠣᠬᠣᠨᠢᠭᠤᠯᠵᠤ᠂ ᠴᠠᠭᠠᠨ ᠰᠠᠷ᠎ᠠ᠎ᠶ᠋ᠢᠨ ᠰᠠᠢᠨ ᠰᠠᠢᠬᠠᠨ ᠵᠥᠩᠨᠡᠯ ᠳᠡᠪᠱᠢᠭᠦᠯᠵᠦ᠍᠂ ᠣᠯᠠᠨ᠎ᠤ ᠦᠭᠡ ᠳᠠᠭᠤᠨ ᠦᠭᠡᠢ᠎ᠪᠡᠷ ᠪᠠᠲᠤ ᠰᠠᠬᠢᠵᠤ ᠪᠠᠢᠬᠤ ᠪᠠ ᠬᠠᠷᠠᠮ ᠦᠭᠡᠢ ᠵᠣᠷᠢᠭᠤᠯᠤᠭ᠍ᠰᠠᠨ᠎ᠳᠤ ᠲᠠᠯᠠᠷᠬᠠᠪᠠ᠃ ᠸᠠᠩ ᠸᠧᠶ ᠵᠥᠩ ᠣᠯᠠᠨ᠎ᠢ ᠬᠦᠢᠳᠡᠨ ᠳ᠋ᠦ ᠲᠠᠭᠠᠭᠠᠴᠠ ᠲᠠᠢ ᠬᠤᠪᠴᠠᠰᠤ ᠬᠤᠨᠠᠷ ᠵᠢᠡᠨ ᠵᠤᠵᠠᠭᠠᠯᠠᠨ᠂ ᠰᠠᠢᠨ ᠰᠠᠢᠬᠠᠨ ᠪᠠᠢᠳᠠᠯ᠎ᠢᠶᠠᠷ ᠬᠣᠲᠠ᠎ᠶ᠋ᠢᠨ ᠠᠮᠤᠷ ᠲᠦᠪᠱᠢᠨ ᠰᠠᠭᠠᠳ ᠥᠬᠡᠶ ᠠᠵᠢᠯᠯᠠᠬᠤ᠎ᠶ᠋ᠢ ᠬᠠᠮᠠᠭᠠᠯᠠᠬᠤ ᠬᠡᠷᠡᠭ᠌ᠲᠡᠶ ᠭᠡᠵᠦ᠍ ᠵᠠᠬᠢᠪᠠ᠃ ᠸᠠᠨ ᠵᠧᠩ ᠠᠭᠤᠳᠠᠮ ᠲᠠᠯᠠᠪᠠᠢ᠎ᠶ᠋ᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠦᠷᠳᠡᠭᠡ᠎ᠳᠦ᠂ ᠸᠠᠩ ᠸᠧᠢ ᠵᠦᠩᠨᠡᠷ ᠱᠢᠷᠭᠠᠭᠤ ᠬᠠᠲᠠᠭᠤᠵᠢᠯᠲᠠᠢ ᠪᠡᠷ ᠠᠵᠢᠯᠯᠠᠵᠤ ᠪᠠᠢᠭ᠎ᠠ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠴᠢᠳ᠎ᠢ ᠡᠷᠬᠢᠨ ᠦᠵᠡᠵᠦ᠍ ᠲᠣᠬᠣᠨᠢᠭᠤᠯᠪᠠ᠃ ᠸᠠᠩ ᠸᠧᠢ ᠵᠦᠩ᠂ ᠲᠠ᠎ᠨᠠᠷ ᠪᠣᠯ ᠬᠤᠳᠠ᠎ᠶ᠋ᠢᠨ 《ᠭᠣᠶᠣᠯᠠᠭ᠍ᠴᠢ》 ᠮᠥᠨ᠂ ᠡᠳᠦᠷ ᠪᠦᠷᠢ ᠡᠷᠲᠡᠯᠡᠵᠦ᠍ ᠣᠷᠣᠢᠯᠠᠨ ᠰᠠᠯᠬᠢ ᠪᠣᠷᠣᠭᠠᠨ᠎ᠢ ᠬᠠᠢᠬᠤᠷᠤᠯ ᠦᠭᠡᠢ᠎ᠪᠡᠷ ᠱᠢᠷᠭᠠᠭᠤ ᠬᠥᠳᠡᠯᠮᠦᠷᠢ᠎ᠪᠡᠷ᠎ᠢᠶᠡᠨ ᠬᠤᠳᠠ᠎ᠶ᠋ᠢᠨ ᠠᠷᠢᠭᠤᠨ ᠴᠡᠪᠡᠷ ᠭᠤᠤ᠎ᠠ ᠰᠠᠢᠬᠠᠨ᠎ᠢ ᠠᠪᠴᠢᠷᠠᠯ᠎ᠠ᠂ ᠤᠯᠠᠨ᠎ᠢᠶᠠᠷ᠎ᠢᠶᠠᠨ ᠵᠦᠳᠡᠷᠡᠯ᠎ᠡ᠃ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠬᠢᠨ ᠲᠡᠳᠡᠨ᠎ᠦ ᠠᠵᠢᠯ ᠠᠮᠢᠳᠤᠷᠠᠯ᠎ᠢ ᠢᠯᠡᠭᠦᠬᠡᠨ ᠬᠠᠯᠠᠮᠵᠢᠯᠠᠵᠤ᠂ ᠬᠠᠯᠠᠮᠵᠢᠯᠠᠨ ᠬᠠᠢᠷᠠᠯᠠᠬᠤ ᠠᠷᠭ᠎ᠠ ᠬᠡᠮᠵᠢᠶ᠎ᠡ᠎ᠪᠡᠨ ᠨᠠᠷᠢᠯᠢᠭ᠍ᠵᠢᠭᠤᠯᠤᠨ᠂ ᠪᠠᠲᠤᠯᠠᠭ᠎ᠠ᠎ᠶ᠋ᠢᠨ ᠲᠣᠭ᠍ᠲᠠᠴᠠ᠎ᠪᠠᠨ ᠪᠦᠷᠢᠨᠱᠢᠭᠦᠯᠵᠦ᠍᠂ ᠪᠦᠬᠦ᠌ ᠨᠡᠢᠭᠡᠮ᠎ᠳᠦ ᠣᠷᠴᠢᠨ ᠲᠣᠭᠣᠷᠢᠨ᠎ᠤ ᠠᠷᠢᠭᠤᠨ ᠴᠡᠪᠡᠷ᠎ᠦᠨ ᠠᠵᠢᠯᠲᠠᠨ᠎ᠢ ᠬᠦᠨᠳᠦᠳᠭᠡᠬᠦ᠌᠂ ᠠᠮᠢᠳᠤᠷᠠᠯ᠎ᠤᠨ ᠣᠷᠴᠢᠨ ᠲᠣᠭᠣᠷᠢᠨ᠎ᠢᠶᠡᠨ ᠨᠠᠨᠳᠢᠩᠨᠠᠨ ᠬᠠᠢᠷᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ ᠭᠡᠵᠡᠢ᠃ ᠳᠠᠷᠠᠭ᠎ᠠ ᠨᠢ᠂ ᠸᠠᠩ ᠸᠧᠢ ᠵᠦᠩᠨᠡᠷ ᠬᠥᠬᠡᠬᠣᠲᠠ᠎ᠶ᠋ᠢᠨ ᠭᠠᠯᠲᠤ ᠲᠡᠷᠭᠡᠨ᠎ᠦ ᠵᠡᠭᠦᠨ ᠥᠷᠲᠡᠭᠡᠨ᠎ᠳᠦ ᠬᠦᠷᠴᠦ᠍᠂ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠬᠤᠭᠤᠴᠠᠭᠠᠨ᠎ᠳᠠᠬᠢ ᠬᠥᠮᠦᠨᠬᠠᠷᠠ ᠲᠡᠷᠭᠡ ᠬᠦᠰᠭᠡ᠂ ᠠᠮᠤᠷ ᠲᠦᠪᠱᠢᠨ᠎ᠦ ᠪᠠᠲᠤᠯᠠᠭ᠎ᠠ ᠵᠡᠷᠭᠡ ᠪᠠᠢᠳᠠᠯ᠎ᠢ ᠨᠠᠷᠢᠨ ᠠᠰᠠᠭᠤᠪᠠ᠃ ᠸᠠᠩ ᠸᠧᠢ ᠵᠦᠩ᠂ ᠴᠠᠭᠠᠨ ᠰᠠᠷ᠎ᠠ᠎ᠶ᠋ᠢᠨ ᠤᠯᠠᠨ ᠲᠦᠮᠡᠨ᠎ᠦ ᠶᠠᠪᠤᠵᠤ ᠰᠠᠭᠤᠬᠤ ᠵᠢᠮ᠎ᠡ ᠶᠣᠰᠣ᠎ᠶ᠋ᠢ ᠨᠠᠷᠢᠯᠢᠭ ᠣᠨᠣᠪᠴᠢᠲᠠᠢ ᠡᠵᠡᠮᠳᠡᠵᠦ᠍᠂ ᠲᠡᠭᠡᠭᠡᠪᠦᠷᠢ᠎ᠶ᠋ᠢᠨ ᠬᠦᠴᠦᠨ᠎ᠢ ᠲᠤᠬᠢᠷᠠᠭᠤᠯᠬᠤ᠂ ᠠᠶᠠᠨᠴᠢᠳ᠎ᠢ ᠬᠦᠲᠦᠯᠦᠨ ᠵᠢᠯᠤᠭᠤᠳᠬᠤ ᠪᠠ ᠡᠮᠬᠢ ᠳᠢᠭ᠌ᠯᠢᠮ᠎ᠢ ᠬᠠᠮᠠᠭᠠᠯᠠᠬᠤ᠎ᠶ᠋ᠢ ᠴᠢᠩᠭᠠᠳᠭᠠᠵᠤ᠂ ᠠᠮᠤᠷ ᠲᠦᠪᠱᠢᠨ᠎ᠦ ᠭᠡᠮ ᠰᠣᠭᠣᠭ᠎ᠢ ᠭᠦᠨᠵᠡᠭᠡᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ ᠦᠢᠯᠡᠴᠢᠯᠡᠭᠡᠨ᠎ᠦ ᠶᠠᠰᠤ ᠴᠢᠨᠠᠷ᠎ᠢᠶᠠᠨ ᠦᠨᠡᠨ ᠬᠦ᠌ ᠳᠡᠭᠡᠭ᠌ᠰᠢᠯᠡᠭᠦᠯᠵᠦ᠍᠂ ᠤᠯᠠᠨ ᠲᠦᠮᠡᠨ᠎ᠦ ᠶᠠᠪᠤᠵᠤ ᠰᠠᠭᠤᠬᠤ᠎ᠶ᠋ᠢ ᠨᠡᠩ ᠠᠮᠤᠷ ᠲᠦᠪᠱᠢᠨ᠂ ᠨᠡᠩ ᠲᠠᠭᠠᠯᠠᠮᠵᠢᠲᠠᠢ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠰᠠᠢᠬᠠᠨ ᠲᠣᠭᠣᠷᠢᠭ᠎ᠤᠨ ᠪᠦᠦ ᠴᠢᠤᠸᠠᠨ ᠲᠠᠷᠢᠶᠠᠯᠠᠩ ᠠᠷᠠᠯᠵᠢᠶᠠᠨ᠎ᠤ ᠵᠠᠬ᠎ᠠ ᠳᠡᠯᠭᠡᠭᠦᠷ ᠲᠤ᠌ ᠲᠡᠷᠭᠡ ᠬᠦᠰᠭᠡ ᠰᠦᠯᠵᠢᠯᠳᠦᠵᠦ᠂ ᠴᠠᠭᠠᠨ ᠰᠠᠷ᠎ᠠ᠎ᠶ᠋ᠢᠨ ᠠᠭᠤᠷ ᠠᠮᠢᠰᠭᠤᠯ᠎ᠢᠶᠠᠷ ᠪᠢᠯᠬᠠᠵᠤ ᠪᠠᠢᠯ᠎ᠠ᠂ ᠸᠠᠩ ᠸᠧᠢ ᠵᠦᠩᠨᠡᠷ ᠶᠡᠷᠦᠩᠬᠡᠢᠯᠡᠭ᠌ᠰᠡᠨ ᠠᠷᠠᠯᠵᠢᠶᠠᠨ᠎ᠤ ᠶᠡᠬᠡ ᠲᠢᠩᠬᠢᠮ᠎ᠳᠦ ᠬᠦᠷᠴᠦ᠍᠂ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠲᠠᠯ᠎ᠠ᠂ ᠬᠤᠳᠠᠯᠳᠤᠭᠠᠨ᠎ᠤ ᠡᠷᠦᠬᠡ᠂ ᠬᠤᠳᠠ᠎ᠶ᠋ᠢᠨ ᠠᠷᠠᠳ᠎ᠲᠠᠶ ᠳᠣᠲᠣᠨᠣ᠎ᠪᠠᠷ ᠶᠠᠷᠢᠯᠴᠠᠵᠤ᠂ ᠲᠠᠸᠠᠷ᠎ᠤᠨ ᠭᠠᠷᠤᠯᠲᠠ᠎ᠶ᠋ᠢᠨ ᠣᠷᠣᠨ᠂ ᠬᠠᠳᠠᠭᠠᠯᠠᠯᠲᠠ᠂ ᠦᠨ᠎ᠡ ᠬᠠᠩᠰᠢ᠂ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠠᠢᠳᠠᠯ᠎ᠢ ᠣᠢᠯᠠᠭᠠᠪᠠ᠃ ᠸᠠᠩ ᠸᠧᠢ ᠵᠦᠩ᠂ ᠠᠷᠠᠳ ᠢᠷᠭᠡᠳ ᠠᠮᠤ ᠪᠤᠳᠠᠭ᠎ᠠ᠎ᠪᠠᠷ ᠦᠨᠳᠦᠰᠦ ᠪᠣᠯᠭᠠᠵᠤ᠂ ᠠᠮᠤ ᠪᠤᠳᠠᠭ᠎ᠠ ᠨᠢ ᠠᠮᠤᠷ ᠲᠦᠪᠱᠢᠨ ᠵᠢᠡᠷ ᠤᠷᠢᠳᠠᠯ ᠪᠤᠯᠭᠠᠳᠠᠭ᠂ ᠢᠳᠡᠭᠡᠨ᠎ᠦ ᠠᠮᠤᠷ ᠲᠦᠪᠱᠢᠨ ᠪᠣᠯ ᠬᠠᠮᠤᠭ᠎ᠤᠨ ᠲᠤᠮᠤ ᠶᠠᠪᠤᠳᠠᠯ ᠮᠥᠨ᠃ ᠪᠠᠶᠠᠷ᠎ᠤᠨ ᠡᠳᠦᠷ᠎ᠦᠨ ᠬᠤᠭᠤᠴᠠᠭᠠᠨ᠎ᠳᠠᠬᠢ ᠢᠳᠡᠭᠡᠨ᠎ᠦ ᠠᠮᠤᠷ ᠲᠦᠪᠱᠢᠨ᠎ᠦ ᠪᠦᠬᠦ᠌ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ 《ᠳᠦᠷᠪᠡᠨ ᠬᠠᠮᠤᠭ ᠤᠨ ᠴᠢᠩᠭ᠎ᠠ》 ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠡᠴᠡ ᠬᠣᠭᠣᠯᠠᠨ ᠱᠢᠷᠡᠭᠡ ᠬᠦᠷᠲᠡᠯᠡᠬᠢ ᠰᠡᠷᠭᠡᠢᠯᠡᠯᠲᠡ᠎ᠶ᠋ᠢᠨ ᠱᠤᠭᠤᠮ ᠨᠢᠭᠡ ᠪᠦᠷᠢ᠎ᠶ᠋ᠢ ᠰᠠᠢᠲᠤᠷ ᠰᠠᠬᠢᠬᠤ᠎ᠪᠠᠷ ᠴᠢᠷᠮᠠᠢᠬᠤ ᠬᠡᠷᠡᠭ᠌ᠲᠡᠢ᠃ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠪᠤᠷᠢᠵᠢᠭᠤᠯᠬᠤ᠎ᠶ᠋ᠢ ᠴᠢᠩᠭᠠᠳᠭᠠᠵᠤ᠂ ᠠᠮᠤ ᠪᠤᠳᠠᠭ᠎ᠠ ᠭᠤᠯᠢᠷ ᠲᠤᠰᠤ ᠮᠢᠬ᠎ᠠ ᠥᠨᠳᠡᠭᠡ ᠰᠦ ᠵᠢᠮᠢᠰ ᠢᠳᠡᠱᠢᠨ ᠨᠣᠭᠣᠭ᠎ᠠ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠦ ᠵᠦᠢᠯ᠎ᠦᠨ ᠬᠠᠩᠭᠠᠯᠭ᠎ᠠ᠎ᠶ᠋ᠢᠨ ᠪᠠᠲᠤᠯᠠᠭ᠎ᠠ ᠶ᠋ᠢ ᠰᠠᠢᠲᠤᠷ ᠬᠢᠵᠦ᠍᠂ ᠡᠯ᠎ᠡ ᠵᠦᠢᠯ᠎ᠦᠨ ᠬᠡᠷᠡᠭ᠌ᠯᠡᠭᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠰᠠᠢᠲᠤᠷ ᠵᠣᠬᠢᠶᠠᠨ ᠪᠠᠢᠭᠤᠯᠵᠤ᠂ ᠤᠯᠠᠨ ᠲᠦᠮᠡᠨ᠎ᠦ ᠪᠠᠶᠠᠷ᠎ᠤᠨ ᠡᠳᠦᠷ᠎ᠦᠨ ᠬᠡᠷᠡᠭ᠌ᠯᠡᠭᠡᠨ᠎ᠦ ᠬᠡᠷᠡᠭ᠌ᠴᠡᠭᠡ᠎ᠶ᠋ᠢ ᠨᠡᠩ ᠰᠠᠢᠲᠤᠷ ᠬᠠᠩᠭᠠᠬᠤ ᠬᠡᠷᠡᠭ᠌ᠲᠡᠢ ᠭᠡᠵᠡᠢ᠃
ᠱᠧᠩ ᠯᠸ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠤᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ᠂ ᠸᠠᠩ ᠸᠧᠢ ᠵᠦᠩᠨᠡᠷ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠂ ᠢᠵᠢ ᠪᠦᠷᠢᠳᠦᠬᠦᠯᠬᠦ᠌ ᠲᠥᠬᠥᠭᠡᠷᠦᠮᠵᠢ᠎ᠶ᠋ᠢᠨ ᠢᠨᠵᠧᠨᠧᠷᠢᠩ᠎ᠦᠨ ᠠᠬᠢᠴᠠ ᠵᠡᠷᠭᠡ ᠪᠠᠢᠳᠠᠯ᠎ᠢ ᠲᠤᠬᠠᠢ᠎ᠶ᠋ᠢᠨ ᠭᠠᠵᠠᠷ᠎ᠲᠤᠨᠢ ᠪᠠᠢᠴᠠᠭᠠᠨ ᠦᠵᠡᠪᠡ᠃ ᠸᠠᠩ ᠸᠧᠢ ᠵᠦᠩ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠨᠵᠧᠨᠧᠷᠢᠩ᠎ᠦᠨ ᠠᠮᠤᠷ ᠲᠦᠪᠱᠢᠨ᠎ᠦ ᠪᠣᠭᠣᠮᠲᠠ᠂ ᠶᠠᠰᠤ ᠴᠢᠨᠠᠷ᠎ᠤᠨ ᠪᠣᠭᠣᠮᠲᠠ᠎ᠶ᠋ᠢ ᠴᠢᠩᠭ᠎ᠠ ᠰᠠᠬᠢᠵᠤ᠂ ᠤᠬᠢ ᠵᠢᠨ ᠳᠤᠳᠤᠷ᠎ᠡ ᠡᠴᠡ ᠰᠤᠳᠤ ᠵᠢ ᠨᠢ ᠡᠷᠢᠬᠦ᠂ ᠭᠠᠷᠮᠠᠭᠠᠢ ᠪᠣᠯᠬᠤ᠎ᠪᠠᠷ ᠬᠥᠭᠡᠭᠡᠴᠡᠯᠳᠦᠬᠦ᠌ ᠪᠠᠷᠢᠮᠵᠢᠶ᠎ᠠ᠎ᠪᠠᠷ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠳᠡᠢᠯᠬᠦ᠌ ᠰᠣᠳᠣᠨ ᠢᠨᠵᠧᠨᠧᠷᠢᠩ᠂ ᠠᠮᠤᠷ ᠲᠦᠪᠱᠢᠨ ᠢᠨᠵᠧᠨᠧᠷᠢᠩ᠂ ᠰᠡᠳᠭᠢᠯ ᠠᠮᠤᠷ ᠢᠨᠵᠧᠨᠧᠷᠢᠩ᠎ᠢ ᠪᠠᠢᠭᠤᠯᠬᠤ ᠬᠡᠷᠡᠭ᠌ᠲᠡᠢ᠃ ᠣᠳᠣᠬᠠᠨ᠎ᠳᠤ ᠶᠠᠭ ᠴᠠᠭᠠᠨ ᠰᠠᠷ᠎ᠠ᠎ᠶ᠋ᠢᠨ ᠡᠮᠦᠨ᠎ᠡ ᠬᠣᠢᠨᠠᠬᠢ ᠠᠶᠤᠯᠭᠦᠢ ᠦᠢᠯᠡᠳᠪᠦᠷᠢᠯᠡᠯ᠎ᠦᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠭᠠᠳ ᠪᠤᠢ᠂ ᠡᠯ᠎ᠡ ᠭᠠᠵᠠᠷ᠎ᠤᠨ ᠬᠢᠨ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠶᠠᠪᠤᠴᠠ᠎ᠳᠠᠭᠠᠨ ᠠᠮᠤᠷ ᠲᠦᠪᠱᠢᠨ᠎ᠦ ᠡᠨᠡ ᠬᠦ᠌ ᠱᠢᠵᠢᠮ᠎ᠢ ᠴᠠᠭ ᠢᠮᠠᠭ᠍ᠲᠠ ᠴᠢᠩᠭᠠᠯᠠᠵᠤ᠂ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠵᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠯ᠎ᠡ ᠵᠦᠢᠯ᠎ᠦᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠠᠷᠭ᠎ᠠ ᠬᠡᠮᠵᠢᠢ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠦᠨᠳᠦ ᠣᠨᠴᠠ ᠶᠡᠬᠡ ᠡᠨᠳᠡᠯ ᠭᠠᠷᠬᠤ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠡᠩ᠎ᠦᠨ ᠴᠢᠨᠠᠷᠲᠠᠢ ᠡᠨᠳᠡᠯ᠎ᠢ ᠪᠠᠭᠠᠰᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠢᠦᠶ ᠬᠣᠶ ᠸᠸᠨ᠂ ᠢᠦᠶ ᠯᠢ ᠱᠢᠨ ᠣᠷᠣᠯᠴᠠᠪᠠ᠃