ᠴᠠᠭᠠᠨ ᠰᠠᠷ᠎ᠠ ᠣᠢᠷᠠᠳᠴᠤ᠌ ᠢᠷᠡᠬᠦ ᠪᠠᠷ᠂ ᠤᠯᠠᠭᠠᠨᠬᠠᠳᠠ ᠬᠤᠲᠠ᠎ᠶ᠋ᠢᠨ ᠬᠤᠩᠱᠠᠨ ᠲᠣᠭᠤᠷᠢᠭ᠎ᠤᠨ ᠸᠧᠨ ᠵᠥᠩ ᠪᠠᠯᠭᠠᠰᠤᠨ᠎ᠤ ᠰᠠᠨ ᠶᠠᠨ ᠵᠢᠩ ᠲᠣᠰᠭᠤᠨ ᠬᠥᠷ ᠬᠥᠭ᠌ᠵᠢᠶᠡᠨ ᠵᠢᠡᠷ ᠪᠢᠯᠬᠠᠨ᠂ 《ᠬᠤᠲᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ》 ᠨᠢ ᠲᠣᠰᠭᠤᠨ᠎ᠤ ᠠᠷᠠᠳ᠎ᠤᠨ ᠬᠦᠷᠢᠶᠡᠯᠡᠯ᠎ᠢ ᠶᠡᠬᠡᠳᠡ ᠣᠯᠣᠭ᠍ᠰᠠᠨ ᠪᠠᠢᠨ᠎ᠠ᠃
2 ᠰᠠᠷ᠎ᠠ᠎ᠶ᠋ᠢᠨ 9᠎ᠤ ᠥᠷᠯᠥᠭᠡ᠂ 《ᠬᠤᠲᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ》 ᠠᠯᠭᠤᠷ᠎ᠢᠶᠠᠷ ᠣᠷᠣᠵᠤ ᠢᠷᠡᠬᠦ ᠵᠢ ᠳᠠᠭᠠᠯᠳᠤᠨ᠂ ᠬᠦᠯᠢᠶᠡᠵᠦ ᠶᠠᠳᠠᠭᠰᠠᠠ ᠲᠣᠰᠭᠤᠨ᠎ᠤ ᠠᠷᠠᠳ ᠳᠠᠷᠦ᠋ᠢᠬᠠᠨ ᠶᠠᠭᠠᠷᠠᠯᠳᠤᠵᠤ ᠡᠬᠢᠯᠡᠯ᠎ᠡ᠃ ᠵᠠᠷᠢᠮ᠎ᠨᠢ ᠨᠠᠩᠭᠢ ᠪᠤᠤᠪᠤ ᠪᠠᠨ᠂ ᠵᠠᠷᠢᠮ᠎ᠨᠢ ᠨᠤᠲᠤᠭ᠎ᠤᠨ ᠲᠠᠬᠢᠶ᠎ᠠ᠎ᠪᠠᠨ ᠲᠡᠷᠭᠡᠨ ᠳ᠋ᠤ ᠵᠦᠬᠡᠬᠡᠪᠦᠷᠢᠯᠡᠵᠤ᠂ ᠲᠤᠭ᠎ᠠ ᠬᠡᠮᠵᠢᠶ᠎ᠡ᠎ᠶ᠋ᠢ ᠨᠢ ᠪᠦᠷᠢᠳᠭᠡᠨ ᠶᠠᠭᠠᠷᠠᠯᠳᠤᠨ᠎ᠠ᠃
《ᠥᠩᠭᠡᠷᠡᠭ᠌ᠰᠡᠨ᠎ᠳᠤ ᠮᠠᠨ᠎ᠤ ᠲᠣᠰᠭᠤᠨ᠎ᠤ ᠨᠤᠲᠤᠭ᠎ᠤᠨ ᠣᠨᠴᠠᠯᠢᠭᠲᠤ ᠭᠠᠷᠤᠯᠲᠠ ᠪᠣᠷᠣᠯᠠᠭᠤᠯᠬᠤ ᠵᠠᠮ ᠦᠭᠡᠢ ᠭᠠᠴᠢᠭᠳᠠᠳᠠᠭ᠂ ᠤᠳᠤ ᠡᠨᠡ ᠬᠦ᠌ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠬᠠᠪᠰᠤᠷᠤᠨ ᠲᠡᠳᠬᠦᠬᠦ᠌ ᠵᠠᠮ᠎ᠲᠠᠢ ᠪᠣᠯᠤᠭᠰᠠᠨ ᠡᠴᠡ ᠵᠥᠪᠬᠡᠨ ᠨᠤᠲᠤᠭ᠎ᠤᠨ ᠲᠠᠬᠢᠶ᠎ᠠ ᠬᠤᠳᠠᠯᠳᠤᠬᠤ᠎ᠳᠤ ᠲᠦᠱᠢᠭ᠌ᠯᠡᠨ ᠪᠢ 5000 ᠭᠠᠷᠤᠢ ᠲᠥᠭᠦᠷᠢᠭ᠎ᠤᠨ ᠤᠷᠤᠯᠭ᠎ᠠ ᠤᠯᠤᠯ᠎ᠠ!》 ᠭᠡᠵᠦ᠍ ᠶᠠᠳᠠᠭᠤ᠎ᠠᠴᠠ ᠠᠩᠭᠢᠵᠢᠷᠠᠭ᠍ᠰᠠᠨ ᠡᠷᠦᠬᠡ ᠶᠠᠩ ᠵᠢᠩ ᠢᠦᠢ ᠪᠠᠶᠠᠷᠲᠠᠢ ᠶᠠᠷᠢᠨ᠎ᠠ᠃
ᠰᠠᠨ ᠶᠠᠨ ᠵᠢᠩ ᠲᠣᠰᠭᠤᠨ ᠪᠣᠯ ᠸᠧᠨ ᠵᠦᠩ ᠪᠠᠯᠭᠠᠰᠤᠨ᠎ᠤ ᠤᠨᠴᠠᠯᠢᠬ᠍ᠳᠤ ᠲᠠᠷᠢᠵᠦ᠍ ᠲᠡᠵᠢᠭᠡᠬᠦ᠌ ᠠᠵᠤ ᠦᠢᠯᠡᠰ᠎ᠤᠨ ᠭᠤᠣᠯᠳᠠᠯᠭ᠎ᠠ᠎ᠲᠠᠢ ᠲᠣᠰᠭᠤᠨ ᠪᠣᠯᠤᠨ᠎ᠠ᠂ ᠲᠤᠰ ᠲᠣᠰᠭᠤᠨ ᠲᠥᠬᠦᠭᠡᠷᠦᠮᠵᠢ᠎ᠶ᠋ᠢᠨ ᠬᠦᠯᠡᠮᠵᠢ᠎ᠳᠤ ᠲᠦᠱᠢᠭ᠌ᠯᠡᠵᠦ᠍᠂ ᠵᠢᠮᠢᠰ ᠨᠣᠭᠤᠭ᠎ᠠ ᠲᠠᠷᠢᠬᠤ ᠪᠠ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠠᠵᠤ ᠦᠢᠯᠡᠰ᠎ᠢ ᠬᠥᠭ᠌ᠵᠢᠭᠦᠯᠵᠦ᠍᠂ ᠭᠦᠵᠡᠯᠵᠡᠭᠡᠨ᠎ᠡ ᠵᠡᠷᠭᠡ ᠱᠢᠨ᠎ᠡ ᠰᠣᠷᠭᠤᠭ ᠵᠢᠮᠢᠰ ᠨᠣᠭᠤᠭ᠎ᠠ᠎ᠶ᠋ᠢ ᠪᠤᠢᠵᠢᠭᠤᠯᠤᠨ ᠭᠠᠷᠭᠠᠭ᠍ᠰᠠᠨ᠎ᠢᠶᠠᠷ ᠪᠠᠷᠠᠬᠤ ᠦᠭᠡᠢ ᠪᠠᠰᠠ ᠨᠠᠩᠭᠢ ᠪᠤᠤᠪᠤ ᠵᠡᠷᠭᠡ ᠵᠢᠯ᠎ᠤᠨ ᠦᠨᠦᠷ ᠠᠮᠲᠠ᠎ᠪᠠᠷ ᠲᠡᠭᠦᠯᠳᠡᠷ ᠤᠨᠴᠠᠯᠢᠬ᠍ᠳᠤ ᠪᠦᠲᠦᠭᠡᠭ᠌ᠳᠡᠬᠦᠨ᠎ᠢ ᠦᠢᠯᠡᠳᠪᠦᠷᠢᠯᠡᠵᠦ᠍ ᠭᠠᠷᠭᠠᠵᠠᠢ᠃ ᠡᠭᠦᠨ᠎ᠤ ᠬᠠᠮᠲᠤ᠌᠂ ᠲᠣᠰᠭᠤᠨ᠎ᠤ᠎ᠬᠢᠨ ᠪᠠᠰᠠ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠤᠢ ᠱᠢᠭᠤᠢ᠎ᠶ᠋ᠢᠨ ᠲᠤᠳᠤᠷ᠎ᠠ ᠲᠠᠬᠢᠶ᠎ᠠ ᠲᠡᠵᠢᠭᠡᠬᠦ᠂ ᠬᠤᠸᠠᠷ ᠴᠡᠴᠡᠭ ᠪᠤᠢᠵᠢᠭᠤᠯᠬᠤ ᠵᠡᠷᠭᠡ ᠠᠵᠤ ᠦᠢᠯᠡᠰ᠎ᠢ ᠬᠥᠭ᠌ᠵᠢᠭᠦᠯᠵᠦ᠍᠂ ᠥᠪᠡᠷᠮᠢᠴᠡ ᠣᠨᠴᠠᠯᠢᠭ᠎ᠲᠠᠢ 《ᠨᠤᠲᠤᠭ᠎ᠤᠨ ᠨᠡᠷᠡᠲᠦ ᠲᠡᠮᠳᠡᠭ᠌ᠲᠦ》 ᠲᠠᠷᠢᠶᠠᠯᠠᠩ᠎ᠤᠨ ᠪᠦᠲᠦᠭᠡᠭ᠌ᠳᠡᠬᠦᠨ᠎ᠤ ᠲᠦᠷᠦᠯ ᠵᠦᠢᠯ᠎ᠤᠳ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃
ᠭᠡᠪᠠᠴᠦ ᠮᠡᠳᠡᠭᠡ ᠵᠠᠩᠭᠢ ᠪᠥᠭ᠌ᠯᠡᠷᠡᠨ᠂ ᠪᠣᠷᠣᠯᠠᠭᠤᠯᠬᠤ ᠵᠠᠮ ᠰᠠᠭᠠᠳ᠎ᠲᠠᠢ ᠪᠠᠢᠬᠤ ᠵᠡᠷᠭᠡ ᠠᠰᠠᠭᠤᠳᠠᠯ᠎ᠳᠤ ᠬᠢᠵᠠᠭᠠᠷᠯᠠᠭ᠍ᠳᠠᠵᠤ᠂ ᠡᠲᠡᠭᠡᠷ ᠨᠤᠲᠤᠭ᠎ᠤᠨ ᠦᠨᠦᠷ ᠠᠮᠲᠠᠲᠠᠢ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ ᠨᠢ ᠭᠠᠳᠠᠭᠰᠢ ᠪᠤᠷᠤᠯᠠᠭᠤᠯᠬᠤ ᠳ᠋ᠤ ᠬᠦᠴᠢᠷ ᠪᠠᠢᠯ᠎ᠠ ᠃ ᠡᠨᠡ ᠬᠦ᠌ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠰᠠᠨ ᠶᠠᠨ ᠵᠢᠩ ᠲᠣᠰᠭᠤᠨ᠎ᠤ ᠲᠣᠰᠭᠤᠨ᠎ᠳᠤ ᠰᠠᠭᠤᠭ᠎ᠠ ᠨᠢᠭᠡᠳᠦᠭᠡᠷ ᠱᠦᠵᠢ ᠵᠤᠤ ᠵᠢᠶᠠᠨ ᠸᠧᠢ ᠰᠠᠨᠠᠭᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠍᠂ ᠰᠢ ᠲᠦᠨ ᠵᠡᠭᠡᠯᠢ ᠭᠤᠳᠤᠮᠵᠢ᠎ᠶ᠋ᠢᠨ ᠢ ᠰᠢ ᠵᠡᠭᠡᠯᠢ᠎ᠶ᠋ᠢᠨ ᠨᠡᠢᠭᠡᠮ ᠲᠣᠭᠤᠷᠢᠭ᠎ᠲᠠᠢ ᠬᠤᠯᠪᠤᠭᠠᠯᠠᠨ᠂ 《ᠬᠤᠳᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ》 ᠶ᠋ᠢᠨ ᠠᠵᠢᠯᠯᠠᠭ᠎ᠠ ᠥᠷᠨᠢᠭᠦᠯᠵᠦ᠍᠂ 《ᠲᠣᠰᠭᠤᠨ᠂ ᠬᠤᠷᠱᠢᠶ᠎ᠠ᠂ ᠲᠠᠷᠢᠶᠠᠴᠢᠨ ᠡᠷᠦᠬᠡ᠂ ᠨᠡᠢᠭᠡᠮ ᠲᠣᠭᠤᠷᠢᠭ》 ᠤ᠋ᠨ ᠦᠢᠯᠡᠳᠪᠦᠷᠢᠯᠡᠯ ᠪᠣᠷᠣᠯᠠᠭᠤᠯᠭ᠎ᠠ᠎ᠶ᠋ᠢ ᠵᠣᠯᠭᠠᠭᠤᠯᠬᠤ ᠲᠠᠪᠴᠠᠩ᠎ᠢ ᠪᠠᠢᠭᠤᠯᠪᠠ᠃ ᠡᠭᠦᠨ᠎ᠤ ᠬᠠᠮᠲᠤ᠌ ᠸᠢᠳᠢᠤ᠋᠎ᠶ᠋ᠢᠨ ᠤᠬᠠᠭᠤᠯᠭ᠎ᠠ᠂ ᠨᠠᠢᠵᠠ᠎ᠶ᠋ᠢᠨ ᠲᠣᠭᠤᠷᠢᠭ᠎ᠲᠤ ᠳᠠᠮᠵᠢᠭᠤᠯᠤᠨ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠲᠣᠰᠭᠤᠨ᠎ᠤ ᠠᠷᠠᠳ᠎ᠤᠨ ᠨᠤᠲᠤᠭ᠎ᠤᠨ ᠪᠠᠷᠠᠭ᠎ᠠ᠎ᠶ᠋ᠢ ᠬᠥᠳᠡᠭᠡ ᠲᠣᠰᠭᠤᠨ᠎ᠠᠴᠠ ᠲᠦᠢᠯᠪᠤᠷᠢᠲᠠᠶ ᠭᠠᠷᠭᠠᠵᠤ᠂ ᠬᠤᠲᠠ᠎ᠶ᠋ᠢᠨ ᠰᠠᠭᠤᠭᠠᠯᠢ ᠠᠷᠠᠳ᠎ᠤᠨ ᠲᠠᠭᠠᠱᠢᠶᠠᠯ᠎ᠢ ᠣᠯᠤᠭ᠍ᠰᠠᠨ ᠰᠠᠢᠨ ᠪᠦᠲᠦᠭᠡᠭ᠌ᠳᠡᠬᠦᠨ ᠪᠣᠯᠭᠠᠭ᠍ᠰᠠᠨ ᠪᠠᠢᠨ᠎ᠠ᠃
ᠤᠳᠠᠯ ᠦᠭᠡᠢ ᠨᠠᠩᠭᠢ ᠪᠣᠣᠪᠤ᠂ ᠨᠤᠲᠤᠭ᠎ᠤᠨ ᠲᠠᠬᠢᠶ᠎ᠠ ᠵᠡᠷᠭᠡ ᠴᠠᠭᠠᠨ ᠰᠠᠷ᠎ᠠ᠎ᠶ᠋ᠢᠨ ᠪᠠᠷᠠᠭ᠎ᠠ ᠵᠢ ᠳᠦᠭᠦᠷᠲᠡᠯ᠎ᠡ ᠲᠡᠭᠡᠭᠡᠭᠰᠡᠨ ᠪᠠᠷᠠᠭᠠᠨ᠎ᠤ ᠲᠡᠷᠭᠡ᠎ᠨᠢ ᠰᠠᠨ ᠶᠠᠨ ᠵᠢᠩ ᠲᠣᠰᠭᠤᠨ᠎ᠠᠴᠠ ᠠᠯᠭᠤᠷᠬᠠᠨ ᠭᠠᠷᠴᠤ᠂ ᠢ ᠰᠢ ᠵᠡᠭᠡᠯᠢ᠎ᠶ᠋ᠢᠨ ᠨᠡᠢᠭᠡᠮ ᠲᠣᠭᠤᠷᠢᠭ ᠵᠦᠭ ᠮᠤᠷᠳᠠᠪᠠ᠃ ᠬᠠᠭᠠᠰ ᠴᠠᠭ ᠭᠠᠷᠤᠶ᠎ᠵᠢᠨ ᠳᠠᠷᠠᠭ᠎ᠠ᠂ ᠪᠠᠷᠠᠭᠠᠨ᠎ᠤ ᠲᠡᠷᠭᠡ ᠨᠡᠢᠭᠡᠮ ᠲᠣᠭᠤᠷᠢᠭ᠎ᠤᠨ ᠡᠭᠦᠳᠡᠨ᠎ᠳᠤ ᠬᠦᠷᠴᠦ᠍᠂ ᠬᠦᠯᠢᠶᠡᠵᠦ᠍ ᠪᠠᠢᠭ᠍ᠰᠠᠨ ᠨᠡᠢᠭᠡᠮ ᠲᠣᠭᠤᠷᠢᠭ᠎ᠤᠨ ᠰᠦᠯᠵᠢᠶᠡᠨ᠎ᠤ ᠠᠵᠢᠯᠲᠠᠳ ᠲᠡᠷᠡ ᠳᠠᠷᠤᠶᠳᠤᠨᠢ ᠡᠳ᠋ ᠪᠠᠷᠠᠭ᠎ᠠ᠎ᠶ᠋ᠢ ᠪᠣᠯᠪᠠᠰᠤᠷᠠᠩᠭᠤᠶ ᠲᠣᠭᠠᠯᠠᠨ ᠪᠦᠷᠢᠳᠭᠡᠵᠦ᠍᠂ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠬᠠᠷᠭᠤᠭᠤᠯᠵᠤ᠂ ᠳᠠᠷᠠᠭ᠎ᠠ᠎ᠨᠢ ᠰᠠᠭᠤᠭᠠᠯᠢ ᠠᠷᠠᠳ᠎ᠤᠨ ᠬᠤᠳᠠᠯᠳᠤᠨ ᠠᠪᠬᠤ ᠮᠡᠳᠡᠭᠡ ᠵᠠᠩᠭᠢ ᠪᠠ ᠳᠣᠭᠢᠷᠠᠭᠤᠯᠤᠨ ᠬᠦᠷᠭᠡᠬᠦ᠌ ᠬᠠᠶᠢᠭ᠎ᠤᠨ ᠶᠣᠰᠣᠭᠠᠷ ᠡᠳ᠋ ᠪᠠᠷᠠᠭ᠎ᠠ᠎ᠶ᠋ᠢ ᠬᠡᠷ ᠬᠡᠷ᠎ᠲᠤ᠎ᠨᠢ ᠬᠦᠷᠭᠡᠵᠤ ᠡᠬᠢᠯᠡᠯ᠎ᠠ᠃
《ᠮᠠᠨ᠎ᠤ ᠭᠡᠷ᠎ᠤᠨ ᠬᠥᠮᠦᠰ ᠪᠦᠷ ᠲᠠᠬᠢᠶᠠᠨ ᠮᠢᠬ᠎ᠠ ᠢᠳᠡᠬᠦ᠌ ᠳᠤᠷᠠᠲᠠᠢ᠂ ᠡᠮᠦᠨ᠎ᠡ ᠬᠡᠳᠦᠨ ᠡᠳᠦᠷ ᠨᠡᠢᠭᠡᠮ ᠲᠣᠭᠤᠷᠢᠭ᠎ᠤᠨ ᠠᠵᠢᠯᠲᠠᠨ᠎ᠤ ᠨᠡᠢᠵᠠᠵᠢᠨ ᠲᠣᠭᠤᠷᠢᠭ ᠲᠠᠭᠠᠨ ᠬᠤᠪᠢᠶᠠᠯᠴᠠᠭᠰᠠᠨ ᠵᠢᠯ᠎ᠤᠨ ᠪᠠᠷᠠᠭᠠᠨ᠎ᠤ ᠸᠢᠳᠢᠣ᠋ ᠶ᠋ᠢ ᠣᠯᠵᠤ ᠦᠵᠡᠮᠡᠭ᠌ᠴᠡ ᠲᠤᠷᠱᠢᠵᠤ ᠦᠵᠡᠬᠦ᠌ ᠰᠡᠳᠭᠢᠯ ᠡᠪᠦᠷᠯᠡᠨ 2 ᠲᠠᠬᠢᠶ᠎ᠠ ᠵᠠᠬᠢᠶᠠᠯᠠᠪᠠ᠃ ᠡᠨᠡ ᠲᠠᠬᠢᠶᠠᠨ᠎ᠤ ᠮᠢᠬ᠎ᠠ ᠨᠢ ᠱᠢᠨ᠎ᠡ ᠰᠣᠷᠭᠤᠭ ᠪᠠᠢᠵᠤ᠂ ᠵᠠᠬ᠎ᠠ ᠳᠡᠯᠭᠡᠭᠦᠷ᠎ᠠᠴᠠ ᠬᠤᠳᠠᠯᠳᠤᠨ ᠠᠪᠤᠭ᠍ᠰᠠᠨ᠎ᠠᠴᠠ ᠬᠤᠯᠠ ᠢᠯᠡᠭᠦᠦ ᠠᠮᠲᠠᠲᠠᠢ᠂ ᠲᠣᠰᠭᠤᠨ᠎ᠳᠤ ᠰᠤᠯᠠ ᠲᠡᠵᠢᠭᠡᠵᠦ᠍ ᠪᠠᠢᠭᠰᠠᠨ ᠲᠠᠬᠢᠶᠠᠦᠨᠡᠬᠡᠷ ᠠᠳᠠᠯᠢ ᠦᠭᠡᠢ!》 ᠭᠡᠵᠦ ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠱᠢᠨ ᠴᠢᠩ ᠷᠦ᠋ ᠶᠡᠬᠡ ᠯᠡ ᠰᠡᠳᠭᠢᠯ ᠬᠠᠨᠤᠮᠵᠢᠲᠠᠢ ᠪᠠᠢᠵᠤ᠂ ᠬᠡᠳᠦᠨ ᠡᠳᠦᠷ᠎ᠤᠨ ᠳᠠᠷᠠᠭ᠎ᠠ ᠳᠠᠬᠢᠨ ᠬᠡᠳᠦᠨ ᠫᠧᠩᠰᠡ ᠴᠡᠴᠡᠭ ᠵᠠᠬᠢᠶᠠᠯᠠᠬᠤ ᠪᠡᠷ ᠪᠡᠯᠡᠳᠭᠡᠨ᠎ᠡ᠃
《ᠴᠠᠭᠠᠨ ᠰᠠᠷ᠎ᠠ ᠣᠢᠷᠠᠳᠭᠤ᠎ᠳᠤ᠂ ᠴᠥᠭᠡᠨ ᠪᠤᠰᠤ ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠴᠦᠮ ᠰᠠᠨᠠᠭ᠎ᠠ ᠠᠮᠤᠷ᠂ ᠦᠨ᠎ᠡ ᠬᠠᠩᠰᠢ ᠨᠢ ᠬᠢᠮᠲᠠ ᠱᠢᠨ᠎ᠡ᠎ᠶ᠋ᠢᠨ ᠪᠠᠷᠠᠭ᠎ᠠ᠂ ᠢᠯᠠᠩᠭᠤᠶ᠎ᠠ ᠵᠢᠩᠬᠢᠨᠢ ᠨᠤᠲᠤᠭ᠎ᠤᠨ ᠣᠨᠴᠠ ᠭᠠᠷᠤᠯᠲᠠ ᠬᠤᠳᠠᠯᠳᠤᠨ ᠠᠪᠬᠤ ᠵᠢ ᠬᠦᠰᠡᠳᠡᠭ᠃ ᠪᠢᠳᠡ 〈ᠬᠤᠲᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ〉 ᠭᠡᠬᠦ᠌ ᠡᠨᠡ ᠬᠦ᠌ ᠠᠷᠠᠳ᠎ᠲᠤ ᠲᠥᠬᠦᠮ ᠦᠵᠡᠭᠦᠯᠬᠦ᠌ ᠬᠥᠭᠦᠷᠭᠡ ᠬᠤᠯᠪᠤᠭᠠᠰᠤ᠎ᠶ᠋ᠢ ᠪᠠᠢᠭᠤᠯᠤᠭ᠍ᠰᠠᠨ ᠪᠣᠯ ᠳᠠᠷᠤᠶ ᠰᠠᠭᠤᠭᠠᠯᠢ ᠠᠷᠠᠳ᠎ᠢ ᠨᠡᠢᠭᠡᠮ ᠲᠣᠭᠤᠷᠢᠭ᠎ᠠᠴᠠ ᠭᠠᠷᠬᠤ ᠦᠭᠡᠢ ᠪᠡᠷ ᠴᠢᠨᠠᠷ ᠰᠠᠢᠲᠠᠢ ᠴᠠᠭᠠᠨ ᠰᠠᠷ᠎ᠠ᠎ᠶ᠋ᠢᠨ ᠪᠠᠷᠠᠭ᠎ᠠ ᠬᠤᠳᠠᠯᠳᠤᠨ ᠠᠪᠴᠤ᠌ ᠪᠤᠯᠭᠠᠬᠤ ᠵᠢᠨ ᠲᠦᠯᠦᠭᠡ ᠶᠤᠮ》 ᠭᠡᠵᠦ ᠢ ᠰᠢ ᠵᠡᠭᠡᠯᠢ᠎ᠶ᠋ᠢᠨ ᠨᠡᠢᠭᠡᠮ ᠲᠣᠭᠤᠷᠢᠭ᠎ᠤᠨ ᠨᠠᠮ᠎ᠤᠨ ᠡᠭᠦᠷ᠎ᠤᠨ ᠱᠦᠵᠢ ᠵᠠᠩ ᠷᠦᠢ ᠬᠡᠯᠡᠪᠡ᠃
ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠵᠢᠯ᠎ᠤᠨ ᠪᠠᠷᠠᠭᠠᠨ᠎ᠤ ᠬᠠᠩᠭᠠᠯᠭ᠎ᠠ᠎ᠳᠤ 3 ᠵᠦᠢᠯ᠎ᠤᠨ ᠳᠥᠭᠦᠮ ᠳᠥᠲᠡ ᠬᠤᠳᠠᠯᠳᠤᠨ ᠠᠪᠬᠤ ᠠᠷᠭ᠎ᠠ ᠵᠠᠮ ᠭᠠᠷᠭᠠᠵᠤ᠂ ᠠᠳᠠᠯᠢ ᠪᠤᠰᠤ ᠰᠠᠭᠤᠭᠠᠯᠢ ᠠᠷᠠᠳ᠎ᠤᠨ ᠰᠣᠩᠭᠤᠨ ᠬᠤᠳᠠᠯᠳᠤᠨ ᠠᠪᠬᠤ ᠬᠡᠷᠡᠭ᠌ᠴᠡᠭᠡ᠎ᠶ᠋ᠢ ᠬᠠᠩᠭᠠᠪᠠ᠄ ᠰᠠᠭᠤᠭᠠᠯᠢ ᠠᠷᠠᠳ ᠥᠪᠡᠰᠦᠪᠡᠨ ᠰᠠᠨ ᠶᠠᠨ ᠵᠢᠩ ᠲᠣᠰᠭᠤᠨ᠎ᠳᠤ ᠬᠦᠷᠴᠦ᠍ ᠲᠤᠬᠠᠶ᠎ᠶ᠋ᠢᠨ ᠭᠠᠵᠠᠷ᠎ᠲᠤᠨᠢ ᠰᠣᠩᠭᠤᠨ ᠬᠤᠳᠠᠯᠳᠤᠨ ᠠᠪᠴᠤ᠌ ᠪᠣᠯᠤᠨ᠎ᠠ; ᠨᠡᠢᠭᠡᠮ ᠲᠣᠭᠤᠷᠢᠭ᠎ᠤᠨ ᠸᠢᠳᠢᠤ᠋ ᠨᠣᠮᠧᠷ᠎ᠤᠨ ᠬᠠᠷᠠᠭᠠᠯᠵᠠᠭ᠍ᠰᠠᠨ ᠤᠬᠠᠭᠤᠯᠭ᠎ᠠ᠎ᠶ᠋ᠢᠨ ᠸᠢᠳᠢᠣ᠋᠎ᠵᠢᠨ ᠳᠣᠣᠷ᠎ᠠ ᠲᠠᠯ᠎ᠠ᠎ᠳᠤ ᠦᠭᠡ ᠦᠯᠡᠳᠡᠭᠡᠵᠦ᠍ ᠵᠠᠬᠢᠶᠠᠯᠠᠭ᠎ᠠ ᠪᠠᠭᠤᠯᠭᠠᠵᠤ᠂ ᠰᠦᠯᠵᠢᠶᠡᠨ᠎ᠤ ᠠᠵᠢᠯᠲᠠᠨ ᠲᠡᠷᠡ ᠳᠠᠷᠤᠶᠳᠤᠨᠢ ᠰᠠᠭᠤᠭᠠᠯᠢ ᠠᠷᠠᠳ᠎ᠲᠠᠢ ᠬᠠᠷᠢᠯᠴᠠᠵᠤ ᠵᠠᠬᠢᠶᠠᠯᠠᠭ᠎ᠠ᠎ᠶ᠋ᠢᠨ ᠨᠠᠷᠢᠨ ᠪᠠᠢᠳᠠᠯ᠎ᠢ ᠨᠤᠲᠠᠯᠠᠵᠤ ᠪᠣᠯᠤᠨ᠎ᠠ; ᠨᠢᠭᠡᠨᠲᠡ ᠰᠦᠯᠵᠢᠶᠡᠨ᠎ᠤ ᠠᠵᠢᠯᠲᠠᠨ᠎ᠤ ᠵᠢᠷᠬᠢᠶ᠎ᠡ ᠵᠢ ᠨᠡᠮᠡᠵᠦ ᠠᠪᠤᠭᠰᠠᠨ ᠪᠠᠢᠪᠠᠯ᠂ ᠵᠢᠷᠬᠢᠶ᠎ᠡ ᠬᠤᠯᠪᠤᠭ᠎ᠠ᠎ᠪᠠᠷ ᠳᠠᠮᠵᠢᠨ ᠰᠢᠭᠤᠳ ᠵᠠᠬᠢᠶᠠᠯᠠᠭ᠎ᠠ ᠪᠠᠭᠤᠯᠭᠠᠵᠤ ᠪᠤᠯᠤᠨ᠎ᠠ᠃
《〈ᠬᠤᠲᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ〉 ᠨᠢ ᠲᠣᠰᠭᠤᠨ᠎ᠤ ᠠᠷᠠᠳ᠎ᠤᠨ 〈ᠪᠠᠶᠠᠵᠢᠯ᠎ᠤᠨ ᠲᠡᠷᠭᠡ〉 ᠪᠤᠯᠤᠭᠰᠠᠨ ᠵᠢᠡᠷ ᠪᠠᠷᠠᠬᠤ ᠦᠭᠡᠢ ᠲᠤᠰᠬᠤᠨ᠎ᠤ ᠬᠠᠮᠲᠤ ᠵᠢᠨ ᠠᠵᠤ ᠠᠬᠤᠢ ᠵᠢ ᠴᠤ᠌ ᠶᠡᠬᠡ ᠪᠡᠷ ᠨᠡᠮᠡᠭᠳᠡᠭᠦᠯᠵᠡᠢ᠃ 1 ᠰᠠᠷ᠎ᠠ᠎ᠶ᠋ᠢᠨ 15᠎ᠤ ᠡᠳᠦᠷ ᠲᠤᠰ ᠠᠵᠢᠯᠯᠠᠭ᠎ᠠ ᠡᠬᠢᠯᠡᠭ᠌ᠰᠡᠨ᠎ᠠᠴᠠ ᠨᠠᠭᠠᠰᠢ᠂ ᠮᠠᠨ᠎ᠤ ᠲᠤᠰᠬᠤᠨ ᠳ᠋ᠤ ᠨᠡᠢᠲᠡ 6 ᠲᠦᠮᠡ ᠭᠠᠷᠤᠶ ᠲᠥᠭᠦᠷᠢᠭ᠎ᠤᠨ ᠤᠷᠤᠯᠭ᠎ᠠ ᠠᠪᠴᠢᠷᠠᠪᠠ》 ᠭᠡᠵᠦ ᠵᠤᠤ ᠵᠢᠶᠠᠨ ᠸᠸᠢ ᠲᠠᠨᠢᠯᠴᠠᠭᠤᠯᠤᠨ᠎ᠠ᠃
ᠡᠨᠡ ᠬᠦ᠌ 《ᠬᠤᠲᠠ ᠬᠥᠳᠡᠭᠡ᠎ᠶ᠋ᠢᠨ ᠴᠠᠭᠠᠨ ᠰᠠᠷ᠎ᠠ᠎ᠶ᠋ᠢᠨ ᠪᠠᠷᠠᠭᠠᠨ᠎ᠤ ᠱᠢᠭᠤᠳ ᠨᠡᠪᠲᠡᠷᠡᠬᠦ᠌ ᠲᠡᠷᠭᠡ》 ᠨᠢ ᠬᠤᠲᠠ᠎ᠶ᠋ᠢᠨ ᠰᠠᠭᠤᠭᠠᠯᠢ ᠠᠷᠠᠳ᠎ᠲᠤ ᠬᠦᠳᠡᠭᠡ ᠨᠤᠲᠤᠭ᠎ᠤᠨ ᠦᠨᠦᠷ ᠠᠮᠲᠠ᠎ᠶ᠋ᠢ ᠠᠮᠲᠠᠯᠠᠭᠤᠯᠤᠭ᠍ᠰᠠᠨ ᠮᠥᠷᠲᠡᠭᠡᠨ ᠬᠥᠳᠡᠭᠡ ᠵᠢᠨ ᠭᠦᠮᠦᠰ᠎ᠤᠨ ᠤᠷᠤᠯᠭ᠎ᠠ ᠵᠢ ᠴᠤ᠌ ᠨᠡᠮᠡᠭᠳᠡᠭᠦᠯᠦᠭᠰᠡᠨ ᠪᠠᠢᠨ᠎ᠠ᠃