ᠦᠨᠦᠴᠢᠨ ᠦᠷᠦᠭᠡᠰᠤᠨ ᠬᠡᠤᠬᠡᠳ ᠪᠠᠭᠠᠴᠤᠳ ᠲᠤ᠌ ᠪᠡᠯᠡᠭᠯᠡᠭᠰᠡᠨ ᠰᠢᠨ᠎ᠠ ᠬᠠᠪᠤᠷ᠎ᠤᠨ ᠨᠠᠨᠳᠢᠨ ᠪᠡᠯᠡᠭ
2026-02-14 10:11:59
ᠵᠣᠬᠢᠶᠠᠭ᠍ᠴᠢ᠄
ᠸ · ᠭᠡᠷᠡᠯᠳᠤ
ᠣᠩᠱᠢᠭ᠍ᠰᠠᠨ ᠣᠳᠠᠭ᠎ᠠ᠄
★★★☆☆

ᠤᠢᠷ᠎ᠠ ᠵᠢᠨ  ᠡᠳᠦᠷ᠂ ᠬᠦᠶᠠᠩ ᠰᠢᠶᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠨᠢ ᠲᠤᠰ ᠰᠢᠶᠠᠨ᠎ᠤ ᠲᠦᠷᠦᠬᠦᠦ ᠪᠦᠯᠦᠭ 12 ᠨᠡᠷᠡᠰ ᠦᠨᠦᠴᠢᠨ ᠬᠡᠤᠬᠡᠳ ᠪᠤᠯᠤᠨ ᠪᠤᠳᠠᠳᠤ ᠪᠠᠢᠳᠠᠯ ᠲᠡᠭᠡᠷ᠎ᠠ ᠪᠡᠨ ᠠᠰᠠᠷᠠᠵᠦ ᠬᠠᠷᠠᠭᠠᠯᠵᠠᠬᠤ ᠬᠦᠮᠦᠨ ᠦᠭᠡᠢ ᠬᠡᠤᠬᠡᠳ ᠪᠠᠭᠠᠴᠤᠳ ᠲᠤ᠌ ᠦᠨ᠎ᠠ ᠲᠦᠯᠦᠪᠦᠷᠢ ᠦᠭᠡᠢ ᠡᠷᠡᠭᠦᠯ ᠡᠩᠬᠡ ᠵᠢᠨ ᠪᠡᠶ᠎ᠠ ᠵᠢᠨ ᠪᠠᠢᠴᠠᠭᠠᠯᠳᠠ ᠬᠢᠵᠦ ᠦᠭᠭᠦᠨ᠂ ᠨᠡᠢᠭᠡᠮ ᠨᠡᠢᠳᠡ ᠵᠢᠨ ᠬᠠᠢᠷ᠎ᠠ ᠬᠠᠯᠠᠮᠵᠢ ᠵᠢ ᠰᠢᠨ᠎ᠠ ᠬᠠᠪᠤᠷ᠎ᠤᠨ ᠡᠷᠬᠢᠮ ᠪᠡᠯᠡᠭ ᠪᠤᠯᠭᠠᠨ ᠡᠳᠡᠭᠡᠷ ᠦᠨᠦᠴᠢᠨ ᠦᠷᠦᠭᠡᠰᠦᠨ ᠬᠡᠤᠬᠡᠳ ᠪᠠᠭᠠᠴᠤᠳ᠎ᠤᠨ ᠰᠡᠳᠬᠢᠯ ᠵᠢᠷᠦᠬᠡᠨ ᠳ᠋ᠤ ᠬᠦᠷᠭᠡᠭᠰᠡᠨ ᠪᠠᠢᠨ᠎ᠠ᠃

ᠪᠡᠶ᠎ᠠ ᠵᠢᠨ ᠪᠠᠢᠴᠠᠭᠠᠯᠳᠠ ᠵᠢᠨ ᠲᠤᠬᠠᠢ ᠵᠢᠨ ᠲᠠᠯᠠᠪᠤᠷ ᠲᠤ᠌᠂ ᠪᠡᠶ᠎ᠠ ᠵᠢᠨ ᠪᠠᠢᠴᠠᠭᠠᠯᠳᠠ ᠳ᠋ᠤ ᠤᠷᠤᠯᠴᠠᠬᠰᠠᠨ ᠬᠡᠤᠬᠡᠳ ᠎ᠤᠳ ᠬᠦᠶᠠᠩ ᠰᠢᠶᠠᠨ᠎ᠤ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠠᠵᠢᠯᠳᠠᠨ᠎ᠤ ᠲᠠᠭᠠᠭᠤᠯᠭ᠎ᠠ ᠲᠤᠤᠷ᠎ᠠ ᠡᠮᠬᠢ ᠲᠢᠭᠯᠢᠮ ᠲᠠᠢ ᠪᠡᠷ ᠪᠡᠶ᠎ᠠ ᠵᠢᠨ ᠪᠠᠢᠴᠠᠭᠠᠯᠳᠠ ᠬᠢᠯᠭᠡᠵᠦ ᠪᠠᠢᠯ᠎ᠠ᠃ ᠡᠮᠴᠢ ᠰᠤᠪᠢᠯᠠᠬᠴᠢ ᠡᠴᠡ ᠲᠡᠳᠡᠨ ᠳ᠋ᠤ ᠰᠤᠨᠤᠷ᠎ᠤᠨ ᠲᠤᠷᠰᠢᠴᠠ ᠪᠤᠯᠤᠨ ᠴᠢᠰᠤᠨ ᠲᠠᠷᠤᠯᠳᠠ ᠵᠢᠨ ᠪᠠᠢᠴᠠᠭᠠᠯᠳᠠ ᠬᠢᠵᠦ ᠦᠭᠭᠦᠨ᠂ ᠪᠠᠢᠴᠠᠭᠠᠬᠤ ᠵᠢᠨ ᠲᠠᠭᠠᠤ ᠳ᠋ᠤ ᠪᠠᠰᠠ ᠨᠠᠮᠬᠠᠨ ᠲᠠᠭᠤ ᠪᠡᠷ ᠲᠠᠢᠪᠤᠰᠢᠷᠠᠭᠤᠯᠤᠨ ᠲᠤᠬᠤᠨᠢᠭᠤᠯᠵᠦ ᠪᠠᠢᠪᠠ᠃ ᠪᠠᠢᠴᠠᠭᠠᠯᠳᠠ ᠵᠢᠨ ᠦᠷᠦᠭᠡ ᠨᠢᠭᠡᠪᠦᠷᠢ ᠳ᠋ᠤ ᠲᠤᠳᠤᠨᠤᠰᠤᠭ ᠵᠢᠡᠷ ᠠᠰᠠᠭᠤᠨ ᠤᠢᠯᠠᠭᠠᠬᠤ ᠪᠤᠯᠤᠨ ᠲᠠᠢᠯᠪᠤᠷᠢᠯᠠᠬᠤ ᠲᠠᠭᠤᠨ ᠲᠤᠭᠤᠯᠳᠠᠵᠦ᠂ ᠡᠮᠴᠢ ᠰᠤᠪᠢᠯᠠᠬᠴᠢᠳ ᠪᠠᠢᠴᠠᠭᠠᠯᠳᠠ ᠳ᠋ᠤ ᠢᠯᠡᠷᠡᠭᠰᠡᠨ ᠲᠤᠭ᠎ᠠ ᠪᠠᠷᠢᠮᠳᠠ ᠵᠢ ᠨᠠᠷᠢᠯᠢᠭ ᠲᠡᠮᠳᠡᠭᠯᠡᠬᠦ ᠵᠢᠨ ᠲᠠᠭᠠᠤ ᠳ᠋ᠤ᠂ ᠲᠠᠭᠠᠵᠦ ᠢᠷᠡᠭᠰᠡᠡ ᠬᠢᠨᠠᠵᠦ ᠬᠠᠷᠠᠭᠠᠯᠵᠠᠬᠤ ᠬᠦᠮᠦᠰ᠎ᠤᠨ ᠠᠰᠠᠭᠤᠨ ᠯᠠᠪᠯᠠᠬᠤ ᠳ᠋ᠤ ᠨᠢᠭᠡᠳ ᠨᠢᠭᠡ ᠪᠡᠷ ᠨᠢᠮᠪᠠᠢ ᠲᠠᠢᠯᠪᠤᠷᠢᠯᠠᠯᠳᠠ ᠬᠢᠵᠦ ᠡᠷᠡᠭᠦᠯ ᠡᠩᠬᠡ ᠵᠢᠨ ᠵᠢᠯᠤᠭᠤᠳᠤᠯᠭ᠎ᠠ ᠦᠭᠴᠤ ᠪᠠᠢᠯ᠎ᠠ᠃

ᠲᠤᠰ ᠤᠳᠠᠭᠠᠨ᠎ᠤ ᠲᠦᠪᠯᠡᠷᠡᠭᠦᠯᠦᠭᠰᠡᠨ ᠡᠷᠡᠭᠦᠯ ᠡᠩᠬᠡ ᠵᠢᠨ ᠪᠠᠶ᠎ᠠ ᠵᠢᠨ ᠪᠠᠢᠴᠠᠭᠠᠯᠳᠠ ᠵᠢᠨ ᠲᠦᠷᠤᠯ ᠵᠦᠢᠯ ᠨᠢ ᠲᠤᠳᠤᠷ ᠰᠠᠯᠠᠭ᠎ᠠ᠂ ᠭᠠᠳᠠᠷ ᠰᠠᠯᠠᠭ᠎ᠠ᠂ ᠴᠢᠰᠤᠨ᠎ᠤ ᠪᠠᠢᠩᠭᠤ ᠵᠢᠨ ᠪᠠᠢᠴᠠᠭᠠᠯᠳᠠ᠂ ᠬᠠᠷᠠᠭᠠᠨ ᠰᠡᠷᠡᠯ ᠪᠤᠯᠤᠨ ᠠᠮᠠᠨ ᠬᠦᠨᠳᠠᠢ ᠵᠢᠨ ᠪᠠᠢᠴᠠᠭᠠᠯᠳᠠ ᠵᠡᠷᠭᠡ ᠠᠷᠪᠠ ᠭᠠᠷᠤᠢ ᠲᠦᠷᠤᠯ᠎ᠢ ᠪᠠᠬᠳᠠᠭᠠᠵᠦ᠂ ᠡᠳᠡᠭᠡᠷ ᠬᠡᠤᠬᠡᠳ ᠪᠠᠭᠠᠴᠤᠳ ᠲᠤ᠌ ᠪᠡᠶ᠎ᠠ ᠮᠠᠬᠠᠪᠤᠳ ᠪᠤᠯᠤᠨ ᠰᠡᠳᠬᠢᠴᠠ ᠵᠢᠨ ᠬᠤᠤᠰ ᠬᠠᠮᠠᠭᠠᠯᠠᠯᠳᠠ ᠵᠢᠨ ᠲᠤᠤᠷ᠎ᠢ ᠪᠦᠷᠢᠳᠦᠭᠦᠯᠦᠨ ᠦᠭᠴᠦ᠂ ᠲᠡᠷᠡᠴᠢᠯᠡᠨ ᠮᠦᠨ 《ᠨᠢᠭᠡ ᠬᠦᠮᠦᠨ ᠨᠢᠭᠡ ᠲᠠᠩᠰᠠ ᠡᠪᠬᠡᠮᠡᠯ》 ᠤ᠋ᠨ ᠡᠷᠡᠭᠦᠯ ᠡᠩᠬᠡ ᠵᠢᠨ ᠲᠠᠩᠰᠠ ᠡᠪᠬᠡᠮᠡᠯ᠎ᠢ ᠪᠠᠢᠭᠤᠯᠤᠨ ᠦᠭᠴᠦ᠂ ᠬᠦᠳᠡᠯᠤᠩᠬᠦᠢ ᠬᠠᠮᠢᠶᠠᠷᠤᠯᠳᠠ ᠵᠢ  ᠬᠡᠷᠡᠭᠵᠢᠬᠦᠯᠬᠦ ᠪᠡᠷ ᠪᠠᠢᠵᠦ᠂ ᠲᠠᠷᠠᠭᠠᠴᠢ ᠵᠢᠨ ᠪᠠᠶ᠎ᠠ ᠵᠢᠨ ᠪᠠᠢᠴᠠᠭᠠᠯᠳᠠ ᠵᠢᠨ ᠦᠷ᠎ᠠ ᠳ᠋ᠦᠩ᠎ᠢ ᠲᠠᠩᠰᠠ ᠡᠪᠬᠡᠮᠡᠯ ᠳ᠋ᠤ ᠤᠷᠤᠭᠤᠯᠬᠤ ᠵᠢ ᠪᠠᠳᠤᠯᠠᠨ᠂ ᠡᠳᠡᠭᠡᠷ ᠬᠡᠤᠬᠡᠳ ᠪᠠᠭᠠᠴᠤᠳ᠎ᠤᠨ ᠡᠷᠡᠭᠦᠯ ᠡᠩᠬᠡ ᠵᠢ ᠪᠠᠳᠤᠯᠠᠬᠤ ᠪᠦᠷᠢᠨ ᠲᠦᠭᠦᠷᠵᠢᠭᠰᠡᠨ ᠦᠢᠯᠡᠴᠢᠯᠡᠭᠡ ᠵᠢ ᠬᠠᠩᠭᠠᠬᠤ ᠪᠤᠯᠤᠨ᠎ᠠ᠃

ᠤᠢᠷ᠎ᠠ ᠵᠢᠨ ᠵᠢᠯ ᠡᠴᠡ ᠨᠠᠭᠠᠰᠢ᠂ ᠪᠤᠭᠤᠳᠤ ᠬᠤᠳᠠ ᠵᠢᠨ ᠬᠢᠨ 《ᠰᠠᠨᠠᠭᠠᠴᠢᠯᠠᠭ᠎ᠠ ᠲᠠᠢ ᠪᠡᠷ ᠢᠯᠡᠷᠡᠭᠦᠯᠬᠦ + ᠬᠦᠳᠡᠯᠦᠩᠬᠦᠢ ᠬᠢᠨᠠᠨ ᠪᠠᠢᠴᠠᠭᠠᠬᠤ + ᠲᠦᠷᠤᠯ ᠠᠩᠬᠢᠯᠠᠨ ᠪᠠᠳᠤᠯᠠᠬᠤ》 ᠲᠤᠬᠳᠠᠴᠠ ᠵᠢ ᠪᠠᠢᠭᠤᠯᠬᠤ ᠪᠡᠷ ᠲᠠᠮᠵᠢᠨ᠂ 《ᠦᠨᠦᠴᠢᠨ ᠬᠡᠤᠬᠡᠳ᠎ᠤᠨ ᠡᠮ ᠡᠮᠨᠡᠯᠭᠡ ᠵᠢᠨ ᠡᠷᠡᠭᠦᠯᠵᠢᠯ ᠎ᠤᠨ ᠮᠠᠷᠭᠠᠰᠢ ᠵᠢᠨ ᠲᠦᠯᠦᠪᠯᠡᠭᠡ》 ᠵᠢ ᠲᠤᠬᠳᠠᠪᠤᠷᠢᠳᠠᠢ ᠬᠡᠷᠡᠭᠵᠢᠬᠦᠯᠵᠦ᠂ ᠬᠦᠴᠢᠷᠳᠠᠯᠳᠠᠢ ᠬᠡᠤᠬᠡᠳ ᠪᠠᠭᠠᠴᠤᠳ᠎ᠤᠨ ᠡᠷᠡᠭᠦᠯ ᠵᠢᠡᠷ ᠦᠰᠤᠨ ᠪᠤᠢᠵᠢᠬᠤ ᠳ᠋ᠤ ᠪᠠᠳᠤ ᠪᠡᠬᠢ ᠰᠠᠭᠤᠷᠢ ᠵᠢ ᠲᠡᠪᠢᠰᠦᠭᠰᠡᠨ ᠪᠠᠢᠨ᠎ᠠ᠃ ᠲᠤᠰ ᠤᠳᠠᠭᠠᠨ᠎ᠤ ᠦᠨ᠎ᠠ ᠲᠦᠯᠦᠪᠦᠷᠢ ᠦᠭᠡᠢ ᠲᠦᠪᠯᠡᠷᠡᠭᠦᠯᠦᠭᠰᠡᠨ ᠡᠷᠡᠭᠦᠯ ᠡᠩᠬᠡ ᠵᠢᠨ ᠪᠡᠶ᠎ᠠ ᠵᠢᠨ ᠪᠠᠢᠴᠠᠭᠠᠯᠳᠠ ᠨᠢ ᠬᠦᠶᠠᠩ ᠰᠢᠶᠠᠨ ᠡᠴᠡ ᠡᠨᠡᠬᠦ ᠲᠦᠯᠦᠪᠯᠡᠭᠡ ᠵᠢ ᠪᠦᠳᠦᠭᠡᠯᠴᠢ ᠪᠡᠷ ᠬᠡᠷᠡᠭᠵᠢᠬᠦᠯᠵᠦ ᠪᠠᠢᠬᠤ ᠵᠢᠨ ᠨᠢᠭᠡᠨ ᠪᠤᠳᠠᠳᠤ ᠢᠯᠡᠷᠡᠯ ᠪᠤᠯᠬᠤ ᠶᠤᠮ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号