ᠱᠢ ᠭᠤᠸᠠᠩ ᠬᠤᠢ ᠬᠥᠬᠡᠬᠣᠲᠠ᠎ᠳᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠱᠠᠯᠠᠪᠳᠠᠭᠤᠯᠤᠨ ᠪᠠᠢᠴᠠᠭᠠᠬᠤ᠎ᠳᠠᠭᠠᠨ ᠴᠢᠬᠤᠯᠠᠴᠢᠯᠠᠭᠰᠠᠨ ᠨᠢ ᠭᠣᠣᠯᠳᠠᠯᠭ᠎ᠠ᠎ᠵᠢ ᠴᠢᠩᠭ᠎ᠠ ᠠᠩᠬᠠᠷᠴᠤ ᠠᠰᠠᠭᠤᠳᠠᠯ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠵᠦ ᠨᠢᠭᠡ᠎ᠡᠴᠡ ᠨᠦᠬᠦᠭᠡ ᠵᠢ ᠵᠦᠢᠴᠢᠯᠡᠨ ᠮᠡᠳᠡᠵᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠬᠦ ᠵᠢ ᠠᠬᠢᠭᠤᠯᠬᠤ ᠬᠡᠷᠡᠭᠳᠡᠢ
2026-02-14 09:49:17
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 11᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ᠎ᠶᠢᠨ ᠬᠣᠷᠢᠶ᠎ᠠ᠎ᠶᠢᠨ ᠱᠦᠵᠢ ᠱᠢ ᠭᠤᠸᠠᠩ ᠬᠤᠢ ᠬᠥᠬᠡᠬᠣᠲᠠ᠎ᠳᠤ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠱᠠᠯᠠᠪᠳᠠᠭᠤᠯᠤᠨ ᠪᠠᠢᠴᠠᠭᠠᠪᠠ᠃

ᠱᠢ ᠭᠤᠸᠠᠩ ᠬᠤᠢ ᠰᠢᠨ᠎ᠡ ᠬᠣᠲᠠ ᠲᠣᠭᠣᠷᠢᠭ᠋᠎ᠤᠨ ᠨᠢᠭᠡᠨ ᠨᠠᠰᠤᠵᠢᠯ᠎ᠤᠨ ᠠᠰᠠᠷᠠᠮᠵᠢ᠎ᠶᠢᠨ ᠪᠠᠢᠭᠤᠯᠤᠮᠵᠢ᠂ ᠰᠠᠢᠬᠠᠨ ᠲᠣᠭᠣᠷᠢᠭ᠋᠎ᠤᠨ ᠨᠢᠭᠡᠨ ᠲᠣᠮᠣ᠌ ᠬᠡᠯᠪᠡᠷᠢ᠎ᠶᠢᠨ ᠬᠤᠳᠠᠯᠳᠤᠭᠠᠨ᠎ᠤ ᠶᠡᠷᠦᠩᠬᠡᠢᠯᠡᠭᠰᠡᠨ ᠴᠣᠭᠴᠠ᠎ᠳᠤ ᠬᠦᠷᠴᠦ᠂ ᠲᠤᠬᠠᠢ᠎ᠶᠢᠨ ᠲᠠᠯᠠᠪᠤᠷ᠎ᠲᠤ ᠠᠮᠤᠷ ᠲᠦᠪᠰᠢᠨ᠎ᠦ ᠲᠥᠬᠦᠭᠡᠷᠦᠮᠵᠢ᠎ᠶᠢᠨ ᠲᠣᠬᠢᠷᠠᠭᠤᠯᠤᠯᠲᠠ ᠬᠠᠮᠠᠭᠠᠯᠠᠯᠲᠠ᠂ ᠠᠮᠢ ᠵᠢᠭᠤᠳᠠᠬᠤ ᠠᠮᠤᠷ ᠲᠦᠪᠰᠢᠨ᠎ᠤ ᠵᠠᠮ᠎ᠤᠨ ᠬᠠᠮᠢᠶᠠᠷᠤᠯᠲᠠ᠂ ᠴᠠᠬᠢᠯᠭᠠᠨ ᠪᠠ ᠰᠢᠲᠠᠮᠠᠬᠠᠢ ᠬᠡᠢ᠎ᠶᠢᠨ ᠠᠮᠤᠷ ᠲᠦᠪᠰᠢᠨ᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷ᠂ ᠠᠵᠢᠯᠲᠠᠳ᠎ᠤᠨ ᠠᠮᠤᠷ ᠲᠦᠪᠰᠢᠨ᠎ᠦ ᠪᠣᠯᠪᠠᠰᠤᠷᠠᠯ ᠵᠡᠷᠭᠡ ᠪᠠᠢᠳᠠᠯ᠎ᠢ ᠪᠠᠢᠴᠠᠭᠠᠪᠠ᠃ ᠲᠡᠷᠡ᠂ ᠥᠨᠳᠥᠷ ᠠᠰᠠᠷ ᠪᠠᠷᠢᠯᠭ᠎ᠠ᠂ ᠬᠥᠮᠥᠨ ᠣᠯᠠᠨ ᠴᠤᠭᠯᠠᠷᠠᠳᠠᠭ ᠲᠠᠯᠠᠪᠤᠷ ᠭᠠᠵᠠᠷ᠂ ᠨᠠᠰᠤᠵᠢᠯ᠎ᠤᠨ ᠠᠰᠠᠷᠠᠮᠵᠢ ᠬᠡᠦᠬᠡᠳ ᠰᠠᠭᠠᠲᠠᠭᠤᠯᠬᠤ ᠪᠠᠢᠭᠤᠯᠤᠮᠵᠢ᠂ ᠪᠡᠶ᠎ᠠ ᠪᠠᠨ ᠳᠠᠭᠠᠭᠠᠬᠤ ᠴᠢᠳᠠᠪᠤᠷᠢ᠎ᠪᠠᠨ ᠠᠯᠳᠠᠭᠰᠠᠨ ᠪᠠ ᠪᠡᠶ᠎ᠠ ᠪᠠᠨ ᠳᠠᠭᠠᠭᠠᠬᠤ ᠴᠢᠳᠠᠪᠤᠷᠢ᠎ᠪᠠᠨ ᠬᠠᠭᠠᠰ ᠠᠯᠳᠠᠭᠰᠠᠨ ᠬᠥᠮᠥᠰ᠎ᠢ ᠬᠠᠷᠠᠭᠠᠯᠵᠠᠨ ᠠᠰᠠᠷᠠᠬᠤ ᠲᠠᠯᠠᠪᠤᠷ ᠭᠠᠵᠠᠷ᠂ ᠦᠢᠯᠡᠳᠪᠦᠷᠢ ᠳᠡᠯᠭᠡᠭᠦᠷ᠎ᠬᠡᠷ 《ᠭᠤᠷᠪᠠ᠎ᠶᠢ ᠨᠢᠭᠡᠳᠬᠡᠭᠰᠡᠨ》 ᠲᠠᠯᠠᠪᠤᠷ ᠭᠠᠵᠠᠷ ᠪᠠ ᠬᠣᠲᠠ ᠬᠥᠳᠡᠭᠡ᠎ᠶᠢᠨ ᠠᠭᠤᠯᠵᠠᠷ ᠭᠠᠵᠠᠷ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠡᠯ᠎ᠡ ᠵᠦᠢᠯ᠎ᠦᠨ ᠠᠰᠠᠭᠤᠳᠠᠯ ᠬᠡᠮ ᠰᠤᠭᠤᠭ᠎ᠢ ᠭᠦᠨᠵᠡᠭᠡᠢ ᠪᠠᠢᠴᠠᠭᠠᠨ ᠲᠤᠢᠯᠪᠤᠷᠢᠲᠠᠢ ᠴᠡᠭᠴᠡᠯᠡᠭᠦ ᠬᠡᠷᠡᠭᠲᠡᠢ ᠬᠡᠵᠦ ᠴᠢᠬᠤᠯᠠᠴᠢᠯᠠᠪᠠ᠃

ᠱᠢ ᠭᠤᠸᠠᠩ ᠬᠤᠢ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠨᠢᠭᠡᠳᠦᠭᠡᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠲᠠᠢ ᠬᠠᠮᠲᠤ ᠣᠢᠷ᠎ᠠ᠎ᠶᠢᠨ ᠬᠤᠭᠤᠴᠠᠭᠠᠨ᠎ᠤ ᠠᠵᠢᠯ᠎ᠢ ᠰᠤᠳᠤᠯᠵᠤ᠂ ᠴᠠᠭᠠᠨ ᠰᠠᠷ᠎ᠠ᠂ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠠᠶᠤᠯᠭᠦᠢ ᠦᠢᠯᠡᠳᠪᠦᠷᠢᠯᠡᠯ᠎ᠦᠨ ᠱᠠᠯᠠᠪᠳᠠᠭᠤᠯᠤᠨ ᠪᠠᠢᠴᠠᠭᠠᠬᠤ ᠠᠵᠢᠯ᠎ᠢ ᠴᠢᠭᠯᠡᠭᠦᠯᠦᠯᠳᠤ ᠴᠢᠨᠠᠷᠲᠠᠢ᠎ᠪᠠᠷ ᠰᠠᠢᠲᠤᠷ ᠬᠢᠬᠦ᠎ᠶᠢᠨ ᠬᠠᠮᠲᠤ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠠᠷᠭ᠎ᠠ᠎ᠶᠢ ᠡᠵᠡᠮᠰᠢᠵᠦ᠂ ᠴᠢᠬᠤᠯᠠ ᠶᠡᠬᠡ ᠠᠰᠠᠭᠤᠳᠠᠯ ᠭᠡᠮ ᠰᠣᠭᠣᠭ᠎ᠢ ᠰᠢᠢᠳᠪᠦᠷᠢᠯᠡᠬᠦ᠎ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ᠎ᠦᠨ ᠬᠢᠨᠠᠯᠲᠠ ᠬᠠᠮᠢᠶᠠᠷᠤᠯᠲᠠ᠎ᠶᠢᠨ ᠬᠠᠷᠢᠭᠤᠴᠠᠯᠭ᠎ᠠ᠂ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠬᠤ᠎ᠶᠢ ᠠᠬᠢᠭᠤᠯᠵᠤ᠂ ᠪᠦᠬᠦ ᠨᠡᠢᠭᠡᠮ᠎ᠦᠨ ᠠᠮᠤᠷ ᠲᠦᠪᠰᠢᠨ᠎ᠦ ᠤᠬᠠᠮᠰᠠᠷ ᠪᠣᠯᠣᠨ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号