2 ᠰᠠᠷ᠎ᠠ᠎ᠶᠢᠨ 12᠎ᠤ᠋ᠨ ᠦᠳᠡ᠎ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠰᠤᠨᠢᠨ ᠮᠡᠳᠡᠬᠡᠨ᠎ᠤ ᠠᠯᠪᠠᠨ ᠬᠡᠷ 《〈1571〉 ᠠᠵᠢᠯ᠎ᠤᠨ ᠪᠠᠢᠷᠢᠯᠠᠭᠤᠯᠤᠯᠳᠡ ᠵᠢ ᠲᠤᠭᠤᠰᠢᠯᠠᠭᠤᠯᠵᠦ ᠦᠪᠦᠷ ᠮᠤᠡᠭᠭᠤᠯ᠎ᠤᠨ ᠴᠢᠨᠠᠷ ᠰᠠᠢᠳᠠᠢ ᠬᠦᠭᠵᠢᠯᠳᠡ ᠵᠢ ᠠᠬᠢᠭᠤᠯᠬᠤ》 ᠰᠢᠷᠢᠰ ᠭᠤᠤᠯ ᠰᠡᠳᠤᠪᠳᠤ ᠰᠤᠨᠢᠨ ᠮᠡᠳᠡᠬᠡ ᠨᠡᠢᠳᠡᠯᠡᠬᠦ ᠬᠤᠷᠠᠯ᠎ᠤᠨ ᠭᠤᠷᠪᠠᠳᠤᠭᠠᠷ ᠲᠠᠯᠠᠪᠠᠢ ᠬᠤᠷᠠᠯ᠎ᠢ ᠬᠤᠷᠠᠯᠳᠤᠭᠤᠯᠵᠦ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠂ ᠦᠪᠡᠷᠳᠡᠬᠡᠨ ᠵᠠᠰᠠᠬᠤ ᠤᠷᠤᠨ᠎ᠤ ᠬᠦᠭᠵᠢᠬᠦᠯᠦᠯᠳᠡ ᠪᠡ ᠦᠭᠡᠷᠡᠴᠢᠯᠡᠯᠳᠡ᠎ᠶᠢᠨ ᠵᠦᠪᠯᠡᠯ᠂ ᠬᠤᠳᠠᠯᠳᠤᠭᠠᠨ᠎ᠤ ᠶᠠᠪᠤᠳᠠᠯ᠎ᠤᠨ ᠲᠢᠨᠭᠬᠢᠮ᠂ ᠬᠠᠤᠯᠢ ᠴᠠᠭᠠᠵᠠ᠎ᠶᠢᠨ ᠲᠢᠨᠭᠬᠢᠮ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ 2 ᠰᠠᠷ᠎ᠠ᠎ᠶ᠋ᠢᠨ 5᠎ᠤ᠋ ᠡᠳᠦᠷ ᠳᠠᠷᠤᠮᠠᠯᠯᠠᠨ ᠲᠠᠷᠬᠠᠭᠠᠬᠰᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠦᠷᠭᠡᠳᠭᠡᠨ ᠪᠣᠶ ᠪᠣᠯᠭᠠᠬᠤ ᠲᠤᠬᠠᠶ ᠬᠡᠷᠡᠭ᠌ᠵᠢᠭᠦᠯᠬᠦ᠌ ᠲᠥᠰᠦᠯ》 (ᠳᠣᠷᠣᠭ᠍ᠰᠢ 《ᠲᠥᠰᠦᠯ》 ᠭᠡᠵᠦ᠍ ᠲᠣᠪᠴᠢᠯᠠᠨ᠎ᠠ) ᠤ᠋ᠨ ᠲᠤᠬᠠᠢ ᠨᠠᠷᠢᠯᠢᠭ ᠲᠠᠨᠢᠯᠴᠠᠭᠤᠯᠵᠠᠢ᠃
《ᠲᠦᠰᠦᠯ》 ᠨᠢ ᠲᠡᠷᠢᠭᠦᠨ᠎ᠦ᠎ᠬᠢ᠎ᠪᠡᠷ ᠪᠠᠷᠢᠮᠵᠢᠶ᠎ᠠ ᠪᠣᠯᠭᠠᠬᠤ᠎ᠶ᠋ᠢ ᠪᠠᠷᠢᠮᠲᠠᠯᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠬᠤ᠂ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ᠎ᠶ᠋ᠢ ᠪᠠᠷᠢᠮᠲᠠᠯᠠᠬᠤ᠂ ᠱᠢᠰᠲ᠋ᠧᠮ᠎ᠲᠡᠶ ᠠᠬᠢᠭᠤᠯᠬᠤ᠎ᠶ᠋ᠢ ᠪᠠᠷᠢᠮᠲᠠᠯᠠᠬᠤ ᠵᠡᠷᠬᠡ 4 ᠵᠠᠷᠴᠢᠮ᠎ᠢ ᠪᠠᠷᠢᠮᠳᠡᠯᠡᠨ᠂ 4 ᠲᠠᠯ᠎ᠠ᠎ᠶ᠋ᠢᠨ 34 ᠵᠦᠢᠯ᠎ᠦᠨ ᠪᠣᠳᠠᠲᠠᠶ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠶ᠃
ᠵᠠᠬ᠎ᠠ ᠳᠡᠯᠭᠡᠭᠦᠷᠴᠢᠯᠡᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠤᠯᠭᠠᠬᠤ ᠲᠠᠯ᠎ᠠ ᠪᠡᠷ᠂ ᠦᠪᠦᠷ ᠮᠤᠡᠭᠭᠤᠯ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠯᠵᠢᠶᠠᠴᠢᠨ ᠤᠷᠢᠵᠤ ᠪᠠᠯᠠ ᠮᠦᠩᠬᠦ ᠤᠷᠤᠭᠤᠯᠤᠨ ᠠᠪᠴᠢᠷᠠᠬᠤ᠎ᠶ᠋ᠢ ᠲᠦᠷᠢᠮᠵᠢᠬᠦᠯᠬᠦ᠂ ᠠᠷᠠᠳ᠎ᠤᠨ ᠪᠠᠯᠠ ᠣᠷᠣᠭᠤᠯᠤᠯᠲᠠ᠎ᠶ᠋ᠢ ᠠᠬᠢᠭᠤᠯᠬᠤ᠂ ᠵᠦᠢ ᠵᠤᠬᠢᠰ ᠦᠬᠡᠢ ᠥᠷᠢᠰᠥᠯᠳᠦᠭᠡᠨ᠎ᠢ ᠴᠡᠭ᠌ᠴᠡᠯᠡᠨ ᠵᠠᠰᠠᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠌᠎ᠶ᠋ᠢ ᠲᠦᠷᠢᠮᠵᠢᠬᠦᠯᠬᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠎ᠶ᠋ᠢ ᠳᠡᠮᠵᠢᠬᠦ᠌᠎ᠶ᠋ᠢ ᠴᠢᠩᠭᠠᠳᠭᠠᠬᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠥᠭᠡᠷᠡᠴᠢᠯᠡᠯᠲᠡ᠎ᠶ᠋ᠢ ᠠᠬᠢᠭᠤᠯᠬᠤ᠂ ᠪᠠᠯᠡ ᠬᠤᠷᠠᠮᠳᠤᠭᠤᠯᠬᠤ᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠᠲᠤᠯᠠᠭ᠎ᠠ᠎ᠶ᠋ᠢ ᠴᠢᠩᠭᠠᠳᠭᠠᠬᠤ᠂ ᠱᠢᠨ᠎ᠡ ᠡᠨᠧᠷᠭᠢ᠎ᠶ᠋ᠢᠨ ᠥᠷᠢᠰᠥᠯᠳᠦᠭᠡᠨ᠎ᠦ ᠴᠢᠨᠠᠷᠲᠠᠶ ᠲᠣᠬᠢᠷᠠᠭᠤᠯᠤᠯᠲᠠ᠎ᠶ᠋ᠢ ᠥᠷᠨᠢᠭᠦᠯᠬᠦ᠌᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠂ ᠲᠣᠭᠠᠴᠢᠯᠠᠭ᠍ᠰᠠᠨ ᠣᠶᠤᠨᠴᠢᠯᠠᠭ᠍ᠰᠠᠨ ᠵᠠᠰᠠᠭ᠎ᠤᠨ ᠶᠠᠪᠤᠳᠠᠯ᠎ᠤᠨ ᠪᠠᠢᠭᠤᠯᠤᠯᠲᠠ᠎ᠶ᠋ᠢ ᠠᠬᠢᠭᠤᠯᠬᠤ᠂ ᠢᠲᠡᠭᠡᠮᠵᠢ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ 12 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠢ᠃ ᠢᠯᠠᠩᠭᠤᠶ᠎ᠠ 《ᠨᠢᠭᠡ ᠶᠠᠪᠤᠳᠠᠯ᠎ᠢ ᠥᠨᠳᠥᠷ ᠪᠦᠲᠦᠮᠵᠢᠲᠡᠢ ᠬᠦᠢᠴᠡᠳᠭᠡᠬᠦ》 ᠥᠭᠡᠷᠡᠴᠢᠯᠡᠯᠲᠡ᠎ᠶ᠋ᠢ ᠪᠠᠢᠩᠭᠤᠵᠢᠭᠤᠯᠤᠨ ᠠᠬᠢᠭᠤᠯᠵᠤ᠂ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠤᠨ᠎ᠠ᠃
ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠤᠯᠭᠠᠬᠤ ᠲᠠᠯ᠎ᠠ ᠪᠡᠷ᠂ ᠢᠯᠡ ᠲᠣᠳᠣ ᠲᠥᠪ ᠭᠤᠤᠯᠴᠢ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠣᠶ ᠪᠣᠯᠭᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠲᠣᠭ᠍ᠲᠠᠭᠠᠬᠤ᠂ ᠬᠠᠤᠯᠢ ᠪᠠᠷᠢᠬᠤ᠂ ᠬᠠᠤᠯᠢ ᠬᠡᠷᠡᠭ᠌ᠵᠢᠭᠦᠯᠬᠦ᠌᠂ ᠬᠠᠤᠯᠢ᠎ᠶ᠋ᠢ ᠰᠠᠬᠢᠬᠤ ᠵᠡᠷᠭᠡ ᠲᠠᠯ᠎ᠠ᠎ᠠᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠬᠠᠤᠯᠢ ᠲᠣᠭ᠍ᠲᠠᠭᠠᠬᠤ ᠪᠠ ᠬᠢᠨᠠᠨ ᠬᠠᠮᠢᠶᠠᠷᠬᠤ ᠦᠶ᠋ᠯᠡ ᠠᠵᠢᠯᠯᠠᠭ᠎ᠠ᠎ᠶ᠋ᠢ ᠲᠦᠷᠢᠮᠵᠢᠬᠦᠯᠬᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢ ᠲᠦᠷᠢᠮᠵᠢᠬᠦᠯᠬᠦ᠂ ᠵᠠᠭᠠᠯᠳᠤᠯᠭ᠎ᠠ᠎ᠶᠢᠨ ᠠᠷᠭ᠎ᠠ ᠵᠠᠮ᠎ᠢ ᠱᠢᠯᠤᠭᠤᠳᠭᠠᠬᠤ᠂ ᠥᠷᠢᠲᠦᠵᠦ᠍ ᠪᠠᠢᠭ᠎ᠠ ᠲᠠᠩᠰᠠᠨ᠎ᠳᠠᠬᠢ ᠵᠣᠭᠣᠰ᠎ᠢ ᠢᠯᠭᠠᠷᠠᠭᠤᠯᠤᠨ ᠳᠢᠭ᠌ᠯᠡᠬᠦ᠌᠂ ᠬᠠᠤᠯᠢ ᠴᠠᠭᠠᠵᠡ᠎ᠶᠢᠨ ᠬᠡᠷᠡᠭ᠌ᠵᠢᠭᠦᠯᠦᠯᠲᠡ᠎ᠶ᠋ᠢ ᠴᠢᠩᠭᠠᠳᠭᠠᠬᠤ᠂ ᠬᠡᠷᠡᠭ᠎ᠲᠦ ᠬᠣᠯᠪᠣᠭ᠍ᠳᠠᠭ᠍ᠰᠠᠨ ᠵᠣᠭᠣᠰ ᠮᠥᠩᠭᠥ᠌ ᠡᠳ᠋ ᠪᠣᠳᠠᠰ᠎ᠤᠨ ᠬᠠᠮᠢᠶᠠᠷᠤᠯᠲᠠ᠎ᠶ᠋ᠢ ᠲᠦᠷᠢᠮᠵᠢᠬᠦᠯᠬᠦ᠂ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠯ᠎ᠤᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠬᠤ᠂ ᠠᠵᠤ ᠠᠬᠤᠢᠯᠠᠯ᠎ᠤᠨ ᠨᠡᠷ᠎ᠡ ᠬᠦᠨᠳᠦ᠍᠎ᠶ᠋ᠢ ᠬᠠᠮᠠᠭᠠᠯᠠᠬᠤ ᠵᠡᠷᠭᠡ 9 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠢ᠃ ᠢᠯᠠᠩᠭᠤᠶ᠎ᠠ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢ 《ᠬᠤᠶᠠᠷ ᠭᠡᠮᠵᠢᠯᠳᠤ ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠭᠤᠯᠬᠤ》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠨᠢᠭᠡᠨᠲᠡ ᠪᠠᠢᠭ᠎ᠠ ᠬᠠᠤᠯᠢ ᠬᠡᠷᠡᠭ᠌ᠵᠢᠭᠦᠯᠬᠦ᠌ ᠱᠢᠰᠲ᠋ᠧᠮ ᠪᠠ ᠲᠠᠪᠴᠠᠩ᠎ᠢ ᠨᠡᠢᠳᠬᠡᠵᠦ᠂ 《ᠬᠤᠶᠠᠷ ᠭᠡᠮᠵᠢᠯᠳᠤ ᠺᠣᠳ᠋ ᠥᠬᠡᠶ ᠪᠣᠯ ᠪᠠᠢᠴᠠᠭᠠᠬᠤ ᠥᠬᠡᠶ᠂ ᠪᠠᠢᠴᠠᠭᠠᠬᠤ᠎ᠳᠤ ᠵᠠᠪᠠᠯ ᠺᠣᠳ᠋᠎ᠢᠶᠠᠨ ᠦᠵᠡᠭᠦᠯᠬᠦ᠌》 ᠶ᠋ᠢ ᠪᠡᠶᠡᠯᠡᠭᠦᠯᠦᠨ᠎ᠡ᠃
ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠤᠢ ᠪᠤᠯᠭᠠᠬᠤ ᠲᠠᠯ᠎ᠠ ᠪᠡᠷ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ᠎ᠶᠢᠨ ᠪᠣᠭᠣᠮᠲᠠ᠎ᠶ᠋ᠢᠨ ᠳᠥᠭᠥᠮᠴᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠂ ᠭᠠᠳᠠᠭ᠍ᠰᠢ ᠨᠡᠭᠡᠭᠡᠯᠲᠡ ᠬᠢᠬᠦ᠌᠎ᠶ᠋ᠢ ᠥᠷᠭᠡᠳᠭᠡᠬᠦ᠌᠂ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠥᠷᠭᠡᠳᠭᠡᠬᠦ᠌᠂ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠪᠠ ᠲᠦᠷᠢᠮ᠎ᠦᠨ ᠬᠡᠯᠪᠡᠷᠢ᠎ᠳᠤ ᠨᠡᠭᠡᠭᠡᠯᠲᠡ᠎ᠶ᠋ᠢ ᠲᠦᠷᠭᠡᠳᠭᠡᠬᠦ᠌᠂ ᠬᠢᠯᠢ ᠠᠯᠤᠰᠯᠠᠭ᠍ᠰᠠᠨ ᠠᠷᠠᠯᠵᠢᠶ᠎ᠠ᠎ᠶ᠋ᠢ ᠳᠥᠭᠥᠮᠴᠢᠯᠡᠬᠦ᠌ ᠲᠦᠪᠱᠢᠨ᠎ᠢ ᠳᠡᠭᠡᠭ᠌ᠰᠢᠯᠡᠭᠦᠯᠬᠦ᠌᠂ ᠭᠠᠳᠠᠭᠠᠳᠤ᠎ᠶ᠋ᠢᠨ ᠠᠷᠠᠯᠵᠢᠶᠠᠴᠢᠨ᠎ᠤ ᠪᠠᠯᠠ ᠣᠷᠣᠭᠤᠯᠤᠯᠲᠠ᠎ᠶ᠋ᠢ ᠪᠠᠲᠤᠯᠠᠬᠤ ᠵᠡᠷᠭᠡ 6 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠵᠠᠢ᠃ ᠢᠯᠠᠩᠭᠤᠶ᠎ᠠ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠎ᠤᠨ ᠬᠢᠯᠢ᠎ᠶᠢᠨ ᠪᠣᠭᠣᠮᠲᠠ᠎ᠶ᠋ᠢᠨ ᠲᠣᠭᠠᠴᠢᠯᠠᠯᠲᠠ ᠳᠠᠢᠰᠢ ᠬᠡᠯᠪᠡᠷᠢ᠎ᠪᠡᠨ ᠬᠤᠪᠢᠷᠠᠭᠤᠯᠬᠤ ᠪᠠ ᠤᠶᠤᠨᠴᠢᠯᠠᠬᠤ᠎ᠶ᠋ᠢ ᠠᠬᠢᠭᠤᠯᠵᠤ᠂ ᠳᠤᠮᠳᠠᠳᠤ ᠮᠣᠩᠭᠣᠯ᠎ᠤᠨ ᠬᠢᠯᠢ ᠠᠯᠤᠰᠯᠠᠭ᠍ᠰᠠᠨ AGV ᠲᠥᠷᠥᠯ ᠵᠦᠶ᠋ᠯ᠎ᠦᠨ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠦᠶ᠋ᠯᠡᠰ᠎ᠢ ᠬᠠᠭᠤᠯᠪᠦᠷᠢᠯᠡᠨ ᠳᠡᠯᠭᠡᠷᠡᠭᠦᠯᠬᠦ᠌᠎ᠶ᠋ᠢ ᠲᠦᠷᠭᠡᠳᠭᠡᠨ᠂ ᠠᠵᠢᠯᠯᠠᠭᠤᠯᠵᠤ ᠡᠵᠡᠮᠳᠡᠬᠦ᠌ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ᠃
ᠱᠢᠰᠲ᠋ᠧᠮ᠎ᠲᠡᠶ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠬᠵᠢᠬᠦᠯᠬᠦ ᠲᠠᠯ᠎ᠠ ᠪᠡᠷ᠂ ᠪᠠᠢ᠌ᠩᠭᠤᠵᠢᠭ᠍ᠰᠠᠨ 《ᠪᠢᠴᠢᠯ ᠥᠭᠡᠷᠡᠴᠢᠯᠡᠯᠲᠡ》 ᠶ᠋ᠢᠨ ᠲᠤᠰᠭᠠᠶ ᠠᠵᠢᠯᠯᠠᠭ᠎ᠠ᠂ ᠣᠨᠴᠠᠯᠢᠭ᠍ᠲᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠲᠤᠰᠭᠠᠶ ᠪᠠᠢᠭᠤᠯᠤᠯᠲᠠ᠂ ᠠᠵᠤ ᠦᠶ᠋ᠯᠡᠰ᠎ᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠲᠤᠰᠭᠠᠶ ᠥᠭᠡᠷᠡᠴᠢᠯᠡᠯᠲᠡ ᠵᠡᠷᠭᠡ 3 ᠲᠤᠰᠭᠠᠶ ᠵᠦᠶ᠋ᠯ ᠵᠢᠴᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠬᠢᠨᠠᠨ ᠰᠢᠯᠭᠠᠬᠤ᠂ ᠬᠦᠰᠡᠯ ᠱᠠᠭᠠᠷᠳᠠᠯᠭ᠎ᠠ᠎ᠶ᠋ᠢ ᠱᠢᠶ᠋ᠳᠪᠦᠷᠢᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠭ᠌ᠰᠡᠨ ᠦᠷ᠎ᠡ ᠪᠦᠲᠦᠮᠵᠢ᠎ᠶ᠋ᠢ ᠦᠨᠡᠯᠡᠨ ᠵᠢᠱ᠌ᠢᠬᠦ᠌᠂ ᠠᠵᠢᠯ᠎ᠢᠶᠡᠨ ᠨᠢᠭᠡᠳᠦᠯᠲᠡᠶ ᠲᠥᠯᠥᠪᠯᠡᠬᠦ᠌ ᠵᠢ ᠴᠢᠨᠭᠭᠠᠳᠬᠠᠬᠤ ᠵᠡᠷᠭᠡ 4 ᠵᠦᠶ᠋ᠯ᠎ᠦᠨ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠴᠢᠩᠭᠠᠳᠭᠠᠨ᠎ᠠ᠃
《〈ᠲᠥᠰᠦᠯ〉 ᠢ᠋ ᠨᠡᠢᠲᠡᠯᠡᠭ᠌ᠰᠡᠨ᠎ᠨᠢ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠬᠤ᠂ ᠠᠵᠤ ᠠᠬᠤᠢᠯᠠᠯ᠎ᠢ ᠲᠣᠭ᠍ᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭ᠍ᠲᠠᠪᠤᠷᠢᠵᠢᠭᠤᠯᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠎ᠳᠤ ᠪᠠᠲᠤ ᠪᠠᠬᠢ ᠰᠠᠭᠤᠷᠢ ᠲᠠᠯᠪᠢᠵᠤ᠂ ᠥᠷᠭᠡᠨ ᠣᠯᠠᠨ ᠠᠵᠤ ᠠᠬᠤᠢᠯᠠᠯ ᠪᠠ ᠠᠵᠤ ᠠᠬᠤᠢᠯᠠᠯᠲᠠᠨ᠎ᠤ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠤᠯᠳᠡ ᠬᠢᠬᠦ ᠳ᠋ᠦ᠍ ᠰᠠᠨᠠᠭ᠎ᠠ ᠠᠮᠤᠷ᠂ ᠡᠵᠡᠩᠨᠡᠯᠲᠡ ᠬᠢᠬᠦ᠎ᠳᠦ ᠲᠠᠭᠠᠯᠠᠮᠵᠢᠲᠠᠶ᠂ ᠤᠷᠤᠰᠢᠨ ᠬᠥᠭ᠌ᠵᠢᠬᠦ ᠳ᠋ᠦ ᠠᠮᠤᠷ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ》 ᠬᠡᠵᠦ ᠬᠠᠮᠢᠶ᠎ᠠ ᠪᠦᠬᠦᠢ ᠬᠠᠷᠢᠭᠤᠴᠠᠯᠭᠠᠳᠠᠨ ᠬᠡᠯᠡᠪᠡ᠃