ᠰᠤᠷᠪᠤᠯᠵᠢᠯᠠᠬᠴᠢ ᠦᠪᠦᠷ ᠮᠤᠨᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ ᠤᠢᠯᠠᠭᠠᠬᠰᠠᠨ ᠢ᠋ᠶ᠋ᠡᠷ᠂ 2025 ᠣᠨ ᠳ᠋ᠤ᠂ ᠲᠤᠰ ᠲᠤᠪᠴᠢᠶ᠎ᠠ ᠶ᠋ᠢᠨ ᠬᠢᠨ 《ᠪᠡᠶ᠎ᠡ ᠶ᠋ᠢᠨ ᠪᠠᠢᠴᠠᠭᠠᠯᠲᠠ ᠶ᠋ᠢᠨ ᠬᠡᠯᠪᠡᠷᠢ ᠶ᠋ᠢᠨ ᠬᠢᠨᠠᠯᠲᠠ ᠬᠠᠮᠢᠶᠠᠷᠤᠯᠲᠠ᠂ ᠦᠶ᠋ᠯᠡᠴᠢᠯᠡᠭᠡᠨ ᠤ᠋ ᠮᠠᠶᠢᠭ ᠤ᠋ᠨ ᠬᠠᠤᠯᠢ ᠬᠡᠷᠡᠭ᠌ᠵᠢᠭᠦᠯᠦᠯᠲᠡ》 ᠶ᠋ᠢᠨ ᠤᠢᠯᠠᠭᠠᠬᠳᠠᠬᠤᠨ ᠢ᠋ ᠭᠦᠨᠵᠡᠭᠡᠶ ᠦᠶ᠋ᠯᠡᠳᠦᠯᠭᠡᠵᠢᠭᠦᠯᠵᠦ᠍᠂ ᠲᠦᠭ᠌ᠰᠢᠭᠦᠷᠢ ᠵᠢ ᠰᠡᠷᠭᠡᠢᠯᠡᠬᠦ᠌᠂ ᠦᠶ᠋ᠯᠡᠴᠢᠯᠡᠭᠡ ᠵᠢ ᠴᠢᠩᠭᠠᠳᠭᠠᠬᠤ᠂ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠵᠢᠨ ᠲᠣᠭᠣᠷᠢᠨ ᠳ᠋ᠤ ᠬᠠᠮᠵᠢᠯᠴᠠᠨ ᠬᠦᠴᠦᠯᠡᠵᠦ᠍᠂ ᠢᠳᠡᠭᠡᠨ ᠤ᠋ ᠦᠶ᠋ᠯᠡᠳᠪᠦᠷᠢᠯᠡᠯ ᠤ᠋ᠨ ᠠᠮᠤᠷ ᠲᠦᠪᠱᠢᠨ ᠤ᠋ ᠬᠠᠮᠢᠶᠠᠷᠤᠯᠲᠠ ᠶ᠋ᠢᠨ ᠲᠦᠪᠱᠢᠨ ᠢ᠋ ᠱᠢᠰᠲ᠋ᠧᠮᠲᠡᠶ ᠳᠡᠭᠡᠭ᠌ᠰᠢᠯᠡᠭᠦᠯᠪᠡ᠃
2025 ᠣᠨ ᠤ᠋ ᠡᠬᠢ ᠪᠡᠷ᠂ ᠦᠪᠦᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠡᠴᠡ 29 ᠵᠦᠢᠯ ᠤ᠋ᠨ ᠢᠳᠡᠭᠡᠨ ᠤ᠋ ᠲᠦᠭ᠌ᠰᠢᠭᠦᠷᠢ ᠶ᠋ᠢᠨ ᠴᠡᠭ ᠢ᠋ ᠰᠤᠳᠤᠯᠤᠨ ᠲᠣᠭ᠍ᠲᠠᠭᠠᠬᠤ ᠶ᠋ᠢᠨ ᠬᠠᠮᠲᠤ ᠡᠭᠦᠨ ᠢ᠋ᠶ᠋ᠡᠷ ᠪᠥᠬᠥ᠌ ᠵᠢᠯ ᠤ᠋ᠨ ᠬᠢᠨᠠᠯᠲᠠ ᠬᠠᠮᠢᠶᠠᠷᠤᠯᠲᠠ ᠶ᠋ᠢᠨ ᠭᠤᠤᠯᠳᠠᠯᠭᠠᠲᠠᠶ ᠴᠢᠭ᠌ᠯᠡᠯ ᠪᠣᠯᠭᠠᠵᠤ᠂ ᠠᠢᠮᠠᠭ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ ᠵᠢ ᠵᠢᠯᠣᠭᠣᠳᠤᠨ ᠬᠢᠨᠠᠯᠲᠠ ᠬᠠᠮᠢᠶᠠᠷᠤᠯᠲᠠ ᠶ᠋ᠢᠨ ᠬᠠᠷᠢᠭᠤᠴᠠᠯᠭ᠎ᠠ ᠵᠢ ᠪᠣᠳᠠᠲᠠᠢᠵᠢᠭᠤᠯᠪᠠ᠃ ᠮᠢᠬᠠᠨ ᠢᠳᠡᠭᠡᠨ᠂ ᠢᠳᠡᠭᠡᠨ ᠤ᠋ ᠲᠣᠰᠣ᠂ ᠢᠳᠡᠭᠡᠨ ᠤ᠋ ᠨᠡᠮᠡᠯᠲᠡ ᠡᠳ᠋ ᠢ᠋ ᠳᠤᠷ᠎ᠠ ᠪᠡᠷ ᠬᠡᠷᠡᠭ᠌ᠯᠡᠬᠦ᠌ ᠠᠰᠠᠭᠤᠳᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶ᠋ᠢᠨ ᠲᠦᠭ᠌ᠰᠢᠭᠦᠷᠢ ᠳ᠋ᠤ ᠴᠢᠭ᠌ᠯᠡᠭᠦᠯᠦᠨ᠂ ᠪᠥᠬᠥ᠌ ᠵᠢᠯ ᠤ᠋ᠨ ᠲᠤᠰᠭᠠᠶ ᠴᠡᠭ᠌ᠴᠡᠯᠡᠨ ᠵᠠᠰᠠᠯᠲᠠ ᠵᠢ ᠦᠷᠨᠢᠭᠦᠯᠪᠡ᠃ ᠡᠭᠦᠨ ᠤ᠋ ᠬᠠᠮᠲᠤ᠂ ᠠᠷᠠᠳ ᠣᠯᠠᠨ ᠤ᠋ ᠴᠢᠨᠭᠭ᠎ᠠ ᠠᠩᠬᠠᠷᠴᠤ᠌ ᠪᠠᠢᠭ᠎ᠠ ᠠᠮᠤ ᠪᠤᠳᠠᠭᠠᠨ ᠤ᠋ ᠡᠳ᠋ᠱᠢᠭᠦᠯᠦᠭ᠌ᠰᠡᠨ ᠪᠦᠲᠦᠭᠡᠭ᠌ᠳᠡᠬᠦᠨ᠂ ᠢᠳᠡᠭᠡᠨᠤ ᠲᠣᠰᠣ᠂ ᠴᠠᠭᠠᠨ ᠢᠳᠡᠭᠡᠨ᠂ ᠠᠮᠲᠠ ᠣᠷᠣᠭᠤᠯᠬᠤ ᠡᠳ᠋ ᠵᠡᠷᠭᠡ 19 ᠵᠦᠢᠯ ᠤ᠋ᠨ ᠢᠳᠡᠭᠡᠨ ᠳ᠋ᠤ ᠬᠠᠨᠳᠤᠯᠭᠠᠲᠤ ᠰᠤᠭᠤᠴᠢᠨ ᠪᠠᠢᠴᠠᠭᠠᠯᠲᠠ ᠬᠢᠵᠦ᠍᠂ ᠢᠯᠡᠷᠡᠭᠦᠯᠦᠭ᠌ᠰᠡᠨ ᠠᠰᠠᠭᠤᠳᠠᠯ ᠢ᠋ ᠴᠢᠩᠭ᠎ᠠ ᠴᠡᠭᠴᠡᠯᠡᠨ ᠵᠠᠰᠠᠪᠠ᠃
ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠵᠢ ᠵᠡᠷᠭᠡ ᠪᠡᠷ ᠴᠢᠬᠤᠯᠠᠴᠢᠯᠠᠬᠤ ᠵᠢ ᠪᠠᠷᠢᠮᠲᠠᠯᠠᠵᠤ᠂ 《ᠮᠢᠩᠭᠠᠨ ᠠᠵᠤ ᠠᠬᠤᠢᠯᠠᠯ ᠲᠦᠮᠡᠨ ᠦᠢᠯᠡᠳᠭᠡᠯ ᠤ᠋ᠨ ᠭᠠᠵᠠᠷ》 ᠢ᠋ ᠬᠠᠪᠰᠤᠷᠤᠨ ᠲᠡᠳᠬᠦᠬᠦ᠌ ᠠᠵᠢᠯᠯᠠᠭ᠎ᠠ ᠪᠡᠷ ᠭᠠᠷᠳᠠᠴᠠ ᠪᠣᠯᠭᠠᠵᠤ᠂ ᠲᠤᠰᠭᠠᠢ ᠮᠡᠷᠭᠡᠵᠢᠯᠲᠡᠨ ᠢ᠋ ᠵᠣᠬᠢᠶᠠᠨ ᠪᠠᠢᠭᠤᠯᠵᠤ ᠠᠵᠤ ᠠᠬᠤᠢᠯᠠᠯ ᠤ᠋ᠨ ᠦᠢᠯᠡᠳᠪᠦᠷᠢ ᠶ᠋ᠢᠨ ᠲᠠᠰᠤᠬ ᠤ᠋ᠨ ᠡᠮᠦᠨ᠎ᠡ ᠹᠷᠣᠨᠲ ᠲᠦ᠍ ᠭᠦᠨᠵᠡᠭᠡᠢᠷᠡᠨ ᠬᠠᠪᠰᠤᠷᠤᠨ ᠲᠡᠳᠬᠦᠪᠡ᠃ 2025 ᠣᠨ ᠳ᠋ᠤ᠂ ᠪᠥᠬᠥ᠌ ᠣᠷᠣᠨ ᠳ᠋ᠤ 2405 ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠪᠠ ᠵᠢᠵᠢᠭ ᠦᠶ᠋ᠯᠡᠳᠭᠡᠯ ᠤ᠋ᠨ ᠭᠠᠵᠠᠷ ᠤ᠋ᠨ ᠬᠡᠷᠡᠭ᠌ᠵᠢᠭᠦᠯᠬᠦ᠌ ᠪᠠᠷᠢᠮᠵᠢᠶ᠎ᠠ᠂ ᠤᠷ᠎ᠠ ᠮᠡᠷᠭᠡᠵᠢᠯ᠂ ᠰᠢᠯᠭᠠᠨ ᠪᠠᠢᠴᠠᠭᠠᠵᠤ ᠬᠢᠨᠠᠨ ᠬᠡᠮᠵᠢᠬᠦ ᠵᠡᠷᠭᠡ ᠪᠣᠳᠠᠲᠠᠶ ᠠᠰᠠᠭᠤᠳᠠᠯ ᠢ᠋ 1800 ᠭᠠᠷᠤᠶ ᠱᠢᠶ᠋ᠳᠪᠦᠷᠢᠯᠡᠵᠦ᠍ ᠥᠭ᠌ᠪᠡ᠃
ᠠᠵᠤ ᠠᠬᠤᠢᠯᠠᠯ ᠤ᠋ᠨ ᠥᠪᠡᠷ ᠢ᠋ ᠪᠠᠨ ᠱᠠᠭᠠᠷᠳᠠᠬᠤ ᠪᠠ ᠠᠵᠤ ᠠᠬᠤᠢᠯᠠᠯ ᠤ᠋ᠨ ᠬᠢᠨᠠᠯᠲᠠ ᠬᠠᠮᠢᠶᠠᠷᠤᠯᠲᠠ ᠵᠢ ᠵᠡᠷᠭᠡ ᠪᠡᠷ ᠴᠢᠬᠤᠯᠠᠴᠢᠯᠠᠵᠤ᠂ ᠠᠵᠤ ᠠᠬᠤᠢᠯᠠᠯ ᠤ᠋ᠨ ᠥᠪᠡᠷ ᠢ᠋ ᠪᠠᠨ ᠱᠠᠭᠠᠷᠳᠠᠬᠤ ᠲᠠᠯ᠎ᠠ ᠪᠡᠷ᠂ 《ᠦᠪᠦᠷ ᠮᠣᠩᠭᠣᠯ ᠤ᠋ᠨ ᠢᠳᠡᠭᠡᠨ ᠤ᠋ ᠬᠡᠯᠬᠢᠶᠡᠵᠢᠯ》 APP ᠢ᠋ ᠠᠰᠢᠬᠯᠠᠨ ᠪᠥᠬᠥ᠌ ᠣᠷᠣᠨ ᠤ᠋ ᠢᠳᠡᠭᠡᠨ ᠦᠶ᠋ᠯᠡᠳᠪᠦᠷᠢᠯᠡᠬᠦ᠌ ᠠᠵᠤ ᠠᠬᠤᠢᠯᠠᠯ ᠤ᠋ᠨ ᠢᠳᠡᠭᠡᠨ ᠤ᠋ ᠠᠮᠤᠷ ᠲᠦᠪᠱᠢᠨ ᠤ᠋ ᠬᠠᠮᠢᠶᠠᠷᠤᠯᠲᠠ ᠶ᠋ᠢᠨ ᠠᠵᠢᠯᠲᠠᠨ ᠢ᠋ ᠰᠦᠯᠵᠢᠶᠡᠨ ᠳᠡᠭᠡᠷ᠎ᠡ ᠰᠤᠭᠤᠴᠢᠨ ᠱᠢᠯᠭᠠᠬᠤ ᠵᠢ ᠦᠷᠨᠢᠭᠦᠯᠵᠦ᠂ ᠠᠵᠤ ᠠᠬᠤᠢᠯᠠᠯ ᠤ᠋ᠨ ᠵᠠᠩᠭᠢᠯᠠᠭ᠎ᠠ ᠶ᠋ᠢᠨ ᠠᠵᠢᠯ ᠤ᠋ᠨ ᠪᠠᠢᠷᠢ ᠶ᠋ᠢᠨ ᠠᠵᠢᠯᠲᠠᠨ ᠤ᠋ ᠢᠳᠡᠭᠡᠨ ᠤ᠋ ᠠᠮᠤᠷ ᠲᠦᠪᠱᠢᠨ ᠤ᠋ ᠬᠠᠮᠢᠶᠠᠷᠤᠯᠲᠠ ᠶ᠋ᠢᠨ ᠴᠢᠳᠠᠪᠤᠷᠢ ᠵᠢ ᠳᠡᠭᠡᠭ᠌ᠰᠢᠯᠡᠭᠦᠯᠬᠦ᠌ ᠵᠢ ᠪᠦᠲᠦᠮᠵᠢᠲᠡᠶ ᠠᠬᠢᠭᠤᠯᠪᠠ; ᠬᠢᠨᠠᠯᠲᠠ ᠬᠠᠮᠢᠶᠠᠷᠤᠯᠲᠠ ᠵᠢ ᠴᠢᠩᠭᠠᠳᠭᠠᠬᠤ ᠲᠠᠯ᠎ᠠ ᠪᠡᠷ᠂ ᠳᠡᠭᠡᠳᠦ ᠵᠡᠷᠭᠡ ᠶ᠋ᠢᠨ ᠪᠠᠢᠴᠠᠭᠠᠭ᠍ᠴᠢ ᠵᠢ 149 ᠬᠥᠮᠦᠨ ᠬᠥᠮᠦᠵᠢᠭᠦᠯᠵᠦ᠂ ᠤᠯᠤᠰ ᠲᠥᠷᠥ ᠶ᠋ᠢᠨ ᠲᠠᠯ᠎ᠠ ᠪᠡᠷ ᠴᠢᠩᠭ᠎ᠠ᠂ ᠲᠤᠬᠠᠢᠯᠠᠭ᠍ᠰᠠᠨ ᠠᠵᠢᠯ ᠳ᠋ᠠᠭᠠᠨ ᠴᠠᠭᠠᠷᠠᠭ᠍ᠰᠠᠨ᠂ ᠰᠠᠬᠢᠯᠭ᠎ᠠ ᠪᠠᠲᠤ ᠴᠢᠩᠭ᠎ᠠ ᠪᠦᠬᠦᠢ ᠨᠢᠭᠡᠨ ᠰᠠᠯᠠᠭ᠎ᠠ ᠲᠤᠰᠭᠠᠶ ᠮᠡᠷᠭᠡᠵᠢᠯ ᠤ᠋ᠨ ᠬᠦᠴᠦᠨ ᠢ᠋ ᠠᠯᠬᠤᠮ ᠠᠯᠬᠤᠮ ᠢ᠋ᠶ᠋ᠡᠷ ᠪᠣᠶ ᠪᠣᠯᠭᠠᠵᠤ᠂ ᠪᠦᠬᠦ᠌ ᠣᠷᠣᠨ ᠤ᠋ ᠢᠳᠡᠭᠡᠨ ᠤ᠋ ᠠᠮᠤᠷ ᠲᠦᠪᠰᠢᠨ ᠤ᠋ ᠬᠢᠨᠠᠯᠲᠠ ᠬᠠᠮᠢᠶᠠᠷᠤᠯᠲᠠ ᠶ᠋ᠢᠨ ᠠᠵᠢᠯ ᠢ᠋ ᠬᠦᠴᠦᠲᠡᠶ ᠲᠤᠯᠭᠠᠭᠤᠷᠢᠯᠠᠪᠠ᠃