《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠦᠪᠦᠷ ᠮᠤᠩᠭᠤᠯ᠎ᠤᠨ ᠡᠯ᠎ᠡ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠢᠮᠠᠭ᠍ᠲᠠ ᠲᠡᠷᠢᠭᠦᠨ ᠴᠢᠬᠤᠯᠠ ᠡᠭᠦᠷᠭᠡ ᠪᠠ 《ᠵᠠᠩᠭᠢᠯᠠᠭ᠎ᠠ》 ᠵᠢᠨ ᠢᠨᠵᠧᠨᠧᠷᠢᠩ ᠪᠣᠯᠭᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠬᠤ ᠠᠯᠢ ᠣᠯᠠᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠣᠯᠠᠨ ᠲᠦᠮᠡᠨ᠎ᠦ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠪᠠ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠵᠦ᠂ 1.5 ᠲᠦᠮᠡ ᠭᠠᠷᠤᠢ ᠬᠦᠨᠳᠦ ᠶᠡᠬᠡ ᠡᠨᠳᠡᠯ᠎ᠦᠨ ᠳᠠᠯᠳᠠ ᠭᠡᠮ᠎ᠢ ᠴᠡᠭ᠌ᠴᠡᠯᠡᠨ ᠵᠠᠰᠠᠪᠠ᠃
ᠦᠪᠦᠷ ᠮᠤᠡᠭᠭᠤᠯ ᠨᠠᠮ ᠵᠠᠰᠠᠭ᠎ᠤᠨ ᠤᠳᠤᠷᠢᠳᠭᠤ ᠺᠠᠳ᠋ᠷᠴᠤᠳ᠎ᠤᠨ ᠠᠶᠤᠯᠭᠦᠢ ᠦᠢᠯᠡᠳᠪᠦᠷᠢᠯᠡᠯ᠎ᠦᠨ ᠲᠤᠱᠢᠶᠠᠯ ᠬᠠᠷᠢᠭᠤᠴᠠᠯᠭ᠎ᠠ ᠪᠠ ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢᠨ 《ᠬᠣᠣᠰ ᠨᠠᠷᠢᠨ ᠲᠠᠡᠭᠰᠠ》 ᠶ᠋ᠢ ᠬᠡᠷᠡᠭ᠌ᠵᠢᠭᠦᠯᠵᠦ᠍᠂ ᠠᠶᠤᠯᠭᠦᠢ ᠦᠢᠯᠡᠳᠪᠦᠷᠢᠯᠡᠯ᠎ᠦᠨ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》 ᠶ᠋ᠢᠨ ᠲᠣᠭ᠍ᠲᠠᠭᠠᠯ᠎ᠢ ᠨᠡᠢᠲᠡᠯᠡᠵᠦ᠍ ᠂ ᠡᠯ᠎ᠡ ᠬᠦᠷᠢᠶ᠎ᠠ ᠴᠠᠷᠠᠭᠠᠨ ᠤ᠋ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ ᠪᠠ ᠪᠠᠢᠭᠠᠯᠢ᠎ᠶ᠋ᠢᠨ ᠭᠠᠮᠱᠢᠭ᠎ᠢ 《ᠰᠡᠷᠭᠡᠢᠯᠡᠬᠦ᠌》᠂ 《ᠠᠪᠤᠷᠠᠬᠤ》 ᠲᠤᠱᠢᠶᠠᠯ ᠬᠠᠷᠢᠭᠤᠴᠠᠯᠭ᠎ᠠ᠎ᠶ᠋ᠢ ᠲᠣᠳᠣᠷᠬᠠᠢᠯᠠᠪᠡ᠃ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ᠎ᠢ ᠵᠢᠬᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠨᠠᠷᠢᠯᠢᠭ ᠣᠨᠣᠴᠠᠲᠠᠢ ᠬᠢᠵᠦ᠍᠂ ᠤᠯᠠᠨ ᠵᠦᠢᠯ᠎ᠦᠨ ᠲᠤᠰᠭᠠᠢ ᠠᠵᠢᠯᠯᠠᠭ᠎ᠠ ᠥᠷᠨᠢᠭᠦᠯᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠦᠪᠦᠷ ᠮᠤᠡᠭᠭᠤᠯ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠢᠴᠢ ᠪᠠᠲᠤᠯᠠᠬᠤ ᠴᠢᠳᠠᠪᠤᠷᠢ᠎ᠵᠢ ᠱᠢᠰᠲ᠋ᠧᠮ᠎ᠲᠡᠶ ᠳᠡᠭᠡᠭ᠌ᠰᠢᠯᠡᠭᠦᠯᠪᠡ᠃ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠸ᠋ ᠵᠥᠪᠯᠡᠯ ᠪᠠᠢᠭᠤᠯᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠭᠤ ᠭᠠᠵᠠᠷ᠂ ᠣᠶ ᠱᠢᠭᠤᠶ ᠪᠠ ᠨᠤᠲᠤᠭ ᠪᠡᠯᠴᠢᠭᠡᠷ᠎ᠦᠨ ᠲᠦᠢᠮᠡᠷ ᠰᠡᠷᠭᠡᠢᠯᠡᠵᠦ᠍ ᠲᠦᠢᠮᠡᠷ ᠤᠨᠲᠠᠷᠠᠭᠠᠬᠤ ᠠᠵᠢᠯ᠎ᠤᠨ ᠵᠢᠯᠣᠭᠣᠳᠭᠤ ᠭᠠᠵᠠᠷ᠂ ᠭᠠᠵᠠᠷ ᠬᠥᠳᠡᠯᠦᠯᠲᠡ ᠲᠡᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠤᠨ ᠵᠢᠯᠣᠭᠣᠳᠭᠤ ᠭᠠᠵᠠᠷ᠎ᠤᠨ ᠬᠤᠪᠢᠶᠠᠷᠢ ᠱᠤᠭᠤᠮ᠎ᠢ ᠨᠠᠢᠳᠠᠪᠤᠷᠢᠵᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠂ ᠡᠬᠢ ᠪᠠᠶᠠᠯᠢᠭ᠎ᠢ ᠬᠠᠮᠲᠤ᠎ᠪᠠᠷ ᠬᠡᠷᠡᠭ᠌ᠯᠡᠬᠦ᠌᠂ ᠳᠠᠯᠳᠠ ᠬᠡᠮ᠎ᠢ ᠬᠠᠮᠲᠤ᠎ᠪᠠᠷ ᠪᠠᠢᠴᠠᠭᠠᠬᠤ᠂ ᠠᠪᠤᠷᠠᠨ ᠲᠤᠰᠠᠯᠠᠵᠤ ᠬᠣᠯᠪᠣᠭᠠᠯᠠᠨ ᠬᠥᠳᠡᠯᠦᠯᠴᠡᠬᠦ᠌ ᠵᠡᠷᠭᠡ ᠲᠣᠭ᠍ᠲᠠᠴᠠ᠎ᠶ᠋ᠢ ᠪᠠᠢᠭᠤᠯᠪᠠ᠃
《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠢ᠋ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠭᠠᠮᠱᠢᠭ᠎ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ᠌ ᠪᠠᠲᠤᠯᠠᠭ᠎ᠠ᠎ᠶ᠋ᠢᠨ ᠱᠢᠰᠲ᠋ᠧᠮ ᠢ᠋ ᠦᠨᠳᠦᠰᠦᠨ᠎ᠳᠡᠭᠡᠨ ᠪᠠᠢᠭᠤᠯᠵᠤ᠂ ᠲᠠᠪᠤᠨ ᠵᠢᠯ᠎ᠦᠨ ᠲᠤᠷᠰᠢ ᠭᠠᠮᠱᠢᠭ᠍ᠳᠠᠭ᠍ᠰᠠᠨ ᠬᠦᠴᠢᠷᠳᠡᠯᠲᠡᠶ ᠣᠯᠠᠨ ᠲᠦᠮᠡᠨ᠎ᠢ 600 ᠭᠠᠷᠤᠶ ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃