ᠦᠶᠤᠸᠠᠨ ᠱᠢᠶᠠᠨ ᠤ᠋ ᠲᠠᠷᠢᠶᠠᠯᠠᠡᠭ ᠤ᠋ᠨ ᠤᠯᠠᠨ ᠡᠬᠢᠲᠦ ᠪᠤᠬᠢᠷᠳᠤᠯ ᠤ᠋ᠨ ᠵᠠᠰᠠᠯᠳᠠ ᠵᠢᠨ ᠵᠠᠭᠪᠤᠷ ᠪᠦᠬᠦ ᠤᠯᠤᠰ ᠤ᠋ᠨ ᠨᠡᠢᠲᠡᠯᠢᠭ ᠵᠢᠱ᠌ᠢᠶ᠎ᠡ ᠪᠡᠷ ᠰᠤᠡᠭᠭᠤᠭᠳᠠᠪᠠ
2026-02-14 15:53:41
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠪᠠᠶᠠᠨᠨᠠᠭᠤᠷ ᠬᠤᠲᠠ ᠶ᠋ᠢᠨ ᠦᠶᠤᠸᠠᠨ ᠱᠢᠶᠠᠨ ᠤ᠋ 《ᠪᠤᠷᠤᠲᠤᠬᠤᠢ ᠶ᠋ᠢᠨ ᠤᠰᠤᠯᠠᠯᠲᠠ ᠶ᠋ᠢᠨ ᠤᠷᠤᠨ ᠤ᠋ 〈ᠬᠢᠨᠠᠨ ᠬᠡᠮᠵᠢᠯᠲᠡ ᠪᠡᠷ ᠤᠨᠤᠰᠢᠯᠠᠬᠤ — ᠠᠮᠢ ᠠᠬᠤᠢ ᠪᠡᠷ ᠬᠤᠷᠢᠭᠯᠠᠬᠤ — ᠠᠵᠤ ᠦᠢᠯᠡᠰ ᠤ᠋ᠨ ᠬᠡᠯᠪᠡᠷᠢ ᠵᠢ ᠬᠤᠪᠢᠷᠠᠭᠤᠯᠬᠤ〉 ᠲᠠᠷᠢᠶᠠᠯᠠᠡᠭ ᠤ᠋ᠨ ᠤᠯᠠᠨ ᠡᠬᠢᠲᠦ ᠪᠤᠬᠢᠷᠳᠤᠯ ᠢ᠋ ᠪᠦᠬᠦ ᠬᠡᠯᠬᠢᠶ᠎ᠡ ᠪᠡᠷ ᠵᠠᠰᠠᠭᠰᠠᠨ ᠵᠠᠭᠪᠤᠷ》 ᠨᠢ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠤ᠋ ᠨᠡᠢᠲᠡᠯᠡᠭᠰᠡᠨ 2025 ᠤᠨ ᠤ᠋ ᠲᠠᠷᠢᠶᠠᠯᠠᠡᠭ ᠤ᠋ᠨ ᠤᠯᠠᠨ ᠡᠬᠢᠲᠦ ᠪᠤᠬᠢᠷᠳᠤᠯ ᠢ᠋ ᠰᠡᠷᠭᠡᠢᠯᠡᠨ ᠵᠠᠰᠠᠭᠰᠠᠨ ᠨᠡᠢᠲᠡᠯᠢᠭ ᠵᠢᠱ᠌ᠢᠶ᠎ᠠ ᠪᠡᠷ ᠰᠤᠡᠭᠭᠤᠭᠳᠠᠵᠤ᠂ ᠦᠪᠤᠷ ᠮᠤᠩᠭᠤᠯ ᠡᠴᠡ ᠰᠤᠡᠭᠭᠤᠭᠳᠠᠭᠰᠠᠨ ᠴᠤᠷ ᠤ᠋ᠨ ᠭᠠᠭᠴᠠ ᠵᠢᠱ᠌ᠢᠶ᠎ᠡ ᠪᠤᠯᠤᠨ᠎ᠠ᠃

ᠦᠶᠤᠸᠠᠨ ᠱᠢᠶᠠᠨ ᠪᠣᠷᠣᠲᠣᠬᠣᠶ ᠶ᠋ᠢᠨ ᠲᠠᠯ᠎ᠠ ᠭᠠᠵᠠᠷ ᠤ᠋ᠨ ᠥᠷᠥᠴᠡᠨ ᠳ᠋ᠦ ᠪᠠᠢᠷᠢᠯᠠᠠ᠂ 254 ᠲᠦᠮᠡᠨ ᠮᠥ᠍ ᠲᠠᠷᠢᠶᠠᠨ ᠭᠠᠵᠠᠷ ᠲᠠᠢ᠂ ᠲᠠᠷᠢᠵᠤ ᠲᠠᠵᠢᠬᠡᠬᠦ ᠬᠡᠪᠴᠢᠶ᠎ᠠ ᠨᠢ ᠨᠡᠯᠢᠶᠡᠳ ᠶᠡᠬᠡ ᠪᠠᠢᠳᠠᠭ ᠨᠡᠢᠲᠡᠯᠢᠭ ᠲᠠᠷᠢᠶᠠᠯᠠᠩ ᠤ᠋ᠨ ᠲᠣᠮᠣ ᠱᠢᠶᠠᠨ ᠪᠣᠯᠤᠨ᠎ᠠ᠃ ᠦᠶᠤᠸᠠᠨ ᠱᠢᠶᠠᠨ ᠤ᠋ ᠲᠠᠷᠢᠶᠠᠯᠠᠡᠭ ᠤ᠋ᠨ ᠤᠯᠠᠨ ᠡᠬᠢᠲᠦ ᠪᠤᠬᠢᠷᠳᠤᠯ ᠤ᠋ᠨ ᠵᠠᠰᠠᠯᠳᠠ ᠵᠢᠨ ᠵᠠᠭᠪᠤᠷ ᠨᠢ ᠪᠥᠬᠥ᠌ ᠣᠷᠣᠨ ᠴᠢᠨᠠᠭ᠍ᠰᠢᠯᠠᠪᠠᠯ ᠪᠥᠬᠥ᠌ ᠤᠯᠤᠰ ᠤ᠋ᠨ ᠠᠳᠠᠯᠢ ᠲᠥᠷᠥᠯ ᠤ᠋ᠨ ᠤᠰᠤᠯᠠᠯᠲᠠ ᠶ᠋ᠢᠨ ᠣᠷᠣᠨ ᠤ᠋ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ ᠢ᠋ ᠵᠠᠰᠠᠬᠤ ᠳ᠋ᠦ ᠲᠤᠯᠢᠳᠠᠵᠤ ᠪᠤᠯᠬᠤᠢᠴᠠ᠂ ᠳᠡᠯᠭᠡᠷᠡᠭᠦᠯᠵᠦ᠍ ᠪᠤᠯᠬᠤᠢᠴᠠ ᠦᠶ᠋ᠯᠡᠳᠦᠯᠭᠡ ᠶ᠋ᠢᠨ ᠲᠤᠷᠱᠢᠯᠭ᠎ᠠ ᠬᠠᠩᠭᠠᠵᠤ᠂ ᠲᠤᠰ ᠤᠳᠠᠭ᠎ᠠ ᠪᠥᠬᠥ᠌ ᠤᠯᠤᠰ ᠤ᠋ᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠭᠰᠠᠨ ᠨᠢ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠡᠴᠡ ᠮᠠᠨ ᠤ᠋ ᠤᠷᠤᠨ ᠤ᠋ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠭᠦᠶ᠋ᠴᠡᠳ ᠨᠤᠲᠠᠯᠠᠭ᠍ᠰᠠᠨ ᠢ᠋ ᠬᠠᠷᠠᠭᠤᠯᠵᠤ ᠪᠠᠢᠨ᠎ᠠ᠃

ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠨᠡ ᠬᠦ᠌ ᠠᠵᠠ ᠲᠣᠬᠢᠶᠠᠯ ᠢ᠋ ᠠᠳᠬᠤᠨ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ ᠢ᠋ ᠰᠡᠷᠭᠡᠢᠯᠡᠨ ᠵᠠᠰᠠᠬᠤ ᠨᠡᠢᠲᠡᠯᠢᠭ ᠵᠢᠱ᠌ᠢᠶ᠎ᠡ ᠵᠢᠨ ᠠᠷᠭ᠎ᠠ ᠬᠢᠳᠠᠯ ᠢ᠋ ᠳ᠋ᠦᠩᠨᠡᠨ ᠪᠣᠯᠪᠠᠰᠤᠷᠠᠭᠤᠯᠬᠤ ᠪᠠ ᠳᠡᠯᠭᠡᠷᠡᠭᠦᠯᠬᠦ᠌ ᠡᠷᠴᠢᠮ ᠶ᠋ᠢᠡᠨ ᠴᠢᠩᠭᠠᠷᠠᠭᠤᠯᠵᠤ᠂ ᠣᠯᠠᠨ ᠬᠡᠯᠪᠡᠷᠢ ᠣᠯᠠᠨ ᠲᠠᠰ ᠳᠠᠪᠬᠤᠷᠭ᠎ᠠ ᠶ᠋ᠢᠨ ᠰᠣᠯᠢᠯᠴᠠᠨ ᠰᠤᠷᠤᠯᠴᠠᠬᠤ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠬᠡᠷᠡᠭ᠌ᠯᠡᠭᠡᠨ᠎ᠦ ᠮᠡᠷᠭᠡᠵᠢᠯ ᠤ᠋ᠨ ᠵᠠᠭ᠍ᠪᠤᠷ᠂ ᠥᠨᠳᠥᠷ ᠪᠦᠲᠦᠮᠵᠢᠲᠡᠶ ᠠᠵᠢᠯᠯᠠᠭᠠᠨ ᠤ᠋ ᠲᠣᠭ᠍ᠲᠠᠴᠠ ᠵᠢᠴᠢ ᠱᠢᠨ᠎ᠡ ᠵᠢ ᠡᠭᠦᠳᠬᠦ᠌ ᠠᠵᠢᠯ ᠤ᠋ᠨ ᠠᠷᠭ᠎ᠠ ᠬᠡᠮᠵᠢᠶ᠎ᠡ ᠵᠢ ᠪᠥᠬᠥ᠌ ᠣᠷᠣᠨ ᠤ᠋ ᠬᠡᠪᠴᠢᠶᠡᠨ ᠳ᠋ᠦ ᠪᠣᠳᠠᠲᠠᠶ ᠳ᠋ᠦ ᠨᠠᠢᠳᠠᠪᠤᠷᠢᠵᠢᠭᠤᠯᠬᠤ ᠵᠢ ᠠᠬᠢᠭᠤᠯᠤᠨ᠎ᠠ᠃ ᠡᠭᠦᠨ ᠤ᠋ ᠬᠠᠮᠲᠤ᠂ ᠲᠠᠷᠢᠶᠠᠯᠠᠩ ᠤ᠋ᠨ ᠣᠯᠠᠨ ᠡᠬᠢᠲᠦ ᠪᠣᠬᠢᠷᠲᠤᠯ ᠢ᠋ ᠰᠡᠷᠭᠡᠢᠯᠡᠨ ᠵᠠᠰᠠᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠢ᠋ ᠦᠷᠭᠦᠯᠵᠢᠯᠡᠨ ᠴᠢᠩᠭᠠᠳᠭᠠᠵᠤ᠂ ᠭᠤᠤᠯᠳᠠᠯᠭ᠎ᠠ ᠲᠠᠶ ᠣᠷᠣᠨ ᠪᠦᠰᠡ᠂ ᠵᠠᠩᠭᠢᠯᠠᠭ᠎ᠠ ᠶ᠋ᠢᠨ ᠭᠣᠭ᠍ᠴᠣᠭ᠎ᠠ ᠳ᠋ᠦ ᠠᠩᠬᠠᠷᠤᠯ ᠵᠢᠡᠨ ᠲᠥᠪᠯᠡᠷᠡᠭᠦᠯᠦᠨ ᠣᠨᠢᠨ ᠳᠡᠭᠡᠷ᠎ᠡ ᠨᠢ ᠬᠦᠴᠦᠯᠡᠵᠦ᠍᠂ ᠲᠠᠷᠢᠶᠠᠯᠠᠩ ᠤ᠋ᠨ ᠬᠥᠭ᠌ᠵᠢᠯᠲᠡ ᠶ᠋ᠢ ᠪᠣᠬᠢᠷᠲᠤᠯ ᠥᠬᠡᠶ ᠲᠡᠢᠰᠢ ᠪᠥᠬᠥ᠌ ᠲᠠᠯ᠎ᠠ ᠪᠠᠷ ᠬᠡᠯᠪᠡᠷᠢ᠎ᠪᠡᠨ ᠬᠤᠪᠢᠷᠠᠭᠤᠯᠬᠤ ᠵᠢ ᠲᠦᠷᠭᠡᠳᠭᠡᠨ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号