ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠣᠶ ᠱᠢᠭᠤᠶ ᠨᠤᠳᠤᠬ ᠪᠡᠯᠴᠢᠬᠡᠷ᠎ᠢ ᠰᠦᠶ᠋ᠳᠭᠡᠬᠦ᠌᠎ᠶ᠋ᠢ ᠬᠣᠷᠢᠭ᠍ᠯᠠᠬᠤ ᠶᠡᠷᠦᠩᠬᠡᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠦ ᠪᠤᠢ
2026-02-14 10:54:46
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ  ᠪᠠᠢᠴᠠᠭᠠᠬᠤ ᠬᠣᠷᠢᠶ᠎ᠠ᠎ᠡᠴᠨ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠣᠶ ᠱᠢᠭᠤᠶ ᠨᠤᠲᠤᠭ ᠪᠡᠯᠴᠢᠭᠡᠷ᠎ᠢ ᠰᠦᠢᠳᠭᠡᠭᠰᠡᠨ ᠬᠠᠤᠯᠢ ᠡᠴᠨ ᠵᠥᠷᠢᠴᠡᠭ᠌ᠰᠡᠨ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠦᠪᠦᠷ ᠮᠤᠩᠭᠤᠯ ᠤ᠋ᠨ  ᠪᠠᠢᠴᠠᠭᠠᠬᠤ ᠪᠠᠢᠭᠤᠯᠭ᠎ᠠ ᠢᠮᠠᠭ᠍ᠲᠠ 《ᠤᠢ ᠰᠢᠭᠤᠢ ᠨᠤᠲᠤᠭ ᠪᠡᠯᠴᠢᠭᠡᠷ᠎ᠢ ᠬᠠᠮᠠᠭᠠᠯᠠᠬᠤ ᠪᠣᠯ ᠥᠪᠥᠷ ᠮᠣᠩᠭᠣᠯ᠎ᠤᠨ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠮᠥᠨ》 ᠭᠡᠬᠦ ᠤᠢᠯᠠᠭᠠᠬᠳᠠᠬᠤᠨ᠎ᠢ᠎ᠪᠠᠷᠢᠮᠳᠠᠯᠠᠵᠦ᠂ ᠳᠡᠭᠡᠷ᠎ᠡ ᠳᠤᠤᠷ᠎ᠡ ᠱᠠᠲᠤ᠎ᠶ᠋ᠢ ᠨᠢᠭᠡ ᠴᠣᠭ᠍ᠴᠠᠵᠢᠭᠤᠯᠬᠤ᠂ ᠲᠤᠱᠢᠶᠠᠯ ᠬᠠᠷᠢᠭᠤᠴᠠᠯᠭ᠎ᠠ᠎ᠪᠠᠨ ᠠᠭᠤᠰᠤᠯᠴᠠᠭᠤᠯᠬᠤ ᠵᠢ ᠪᠠᠷᠢᠮᠳᠠᠯᠠᠨ᠂ ᠪᠠᠢᠴᠠᠭᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠢ ᠰᠦᠶ᠋ᠳᠭᠡᠬᠦ᠌᠎ᠶ᠋ᠢ ᠬᠣᠷᠢᠭ᠍ᠯᠠᠬᠤ ᠶᠡᠷᠦᠩᠬᠡᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠦ ᠪᠤᠢ᠃

ᠪᠦᠬᠦ ᠤᠷᠤᠨ᠎ᠤ ᠪᠠᠢᠴᠠᠭᠠᠬᠤ ᠪᠠᠢᠭᠤᠯᠭ᠎ᠠ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠬᠤ ᠡᠷᠡᠭᠦᠦ᠍᠎ᠶ᠋ᠢᠨ ᠬᠡᠷᠡᠭ᠎ᠦᠨ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠵᠥᠪ ᠣᠨᠣᠪᠴᠢᠲᠠᠶ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠷᠢᠮᠲᠠᠯᠠᠵᠤ᠂ ᠵᠠᠭᠠᠯᠳᠤᠯᠭ᠎ᠠ᠎ᠶ᠋ᠢ ᠭᠥᠯᠢᠶᠡᠨ ᠠᠪᠴᠤ᠌ ᠬᠢᠨᠠᠨ ᠪᠠᠢᠴᠠᠭᠠᠭ᠍ᠰᠠᠨ ᠲᠣᠭ᠎ᠠ ᠬᠡᠮᠵᠢᠶ᠎ᠡ ᠨᠢ ᠠᠳᠠᠯᠢ ᠬᠤᠭᠤᠴᠠᠭᠠᠨ᠎ᠤ᠎ᠬᠢ᠎ᠡᠴᠡ 330.95% ᠪᠠᠷ ᠨᠡᠮᠡᠭ᠌ᠳᠡᠵᠦ᠍᠂ ᠴᠣᠬᠢᠯᠲᠠ ᠥᠭ᠌ᠴᠦ ᠰᠦᠷᠳᠡᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠨᠢᠭᠡ ᠪᠦᠯᠦᠭ ᠶᠡᠬᠡ ᠬᠡᠪᠴᠢᠶ᠎ᠡ᠎ᠪᠡᠷ ᠣᠶ ᠱᠢᠭᠤᠶ ᠨᠤᠳᠤᠬ ᠪᠡᠯᠴᠢᠭᠡᠷ᠎ᠢ ᠰᠦᠶ᠋ᠳᠭᠡᠭ᠌ᠰᠡᠨ᠂ ᠪᠠᠢᠨ ᠳᠠᠬᠢᠨ ᠬᠡᠷᠡᠭ ᠦᠢᠯᠡᠳᠦᠭᠰᠡᠨ᠂ ᠣᠶ ᠱᠢᠭᠤᠶ ᠨᠤᠳᠤᠬ ᠪᠡᠯᠴᠢᠭᠡᠷ᠎ᠢ ᠰᠦᠶ᠋ᠳᠭᠡᠭ᠌ᠰᠡᠨ ᠨᠦᠯᠦᠭᠡ ᠶᠡᠬᠡ ᠳᠡᠢ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠪᠠᠢᠴᠠᠭᠠᠬᠤ ᠪᠠᠢᠭᠤᠯᠭ᠎ᠠ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠲᠥᠷᠥᠯ᠎ᠦᠨ ᠪᠠᠭ᠎ᠠ ᠬᠡᠷᠡᠭ᠎ᠢ ᠲᠦᠷᠭᠡᠨ ᠱᠢᠶ᠋ᠳᠪᠦᠷᠢᠯᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠬᠡᠷᠡᠭ ᠱᠢᠶ᠋ᠳᠪᠦᠷᠢᠯᠡᠬᠦ᠌ ᠲᠤᠰᠭᠠᠶ ᠪᠦᠯᠬᠦᠮ᠎ᠢ ᠵᠣᠬᠢᠶᠠᠨ ᠪᠠᠢᠭᠤᠯᠬᠤ᠎ᠶ᠋ᠢᠨ ᠬᠠᠮᠲᠤ ᠬᠡᠷᠡᠭ ᠱᠢᠶ᠋ᠳᠪᠦᠷᠢᠯᠡᠬᠦ᠌ ᠵᠠᠭ᠍ᠪᠤᠷ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠬᠡᠷᠡᠭ ᠱᠢᠶ᠋ᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠲᠥᠪᠯᠡᠷᠡᠭᠦᠯᠦᠨ ᠴᠡᠭ᠌ᠴᠡᠯᠡᠨ ᠵᠠᠰᠠᠬᠤ ᠬᠤᠭᠤᠴᠠᠭᠠᠨ᠎ᠳᠤ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠥᠯᠥ᠍ ᠵᠠᠭᠠᠯᠳᠤᠬᠤ ᠲᠣᠭ᠍ᠲᠠᠭᠠᠯ ᠭᠠᠷᠭᠠᠭ᠍ᠰᠠᠨ ᠬᠡᠷᠡᠭ᠎ᠲᠦ 473 ᠬᠤᠪᠢ ᠪᠠᠢᠴᠠᠭᠠᠬᠤ ᠰᠠᠨᠠᠯ ᠲᠤᠷᠠᠳᠴᠠᠢ᠃ ᠵᠠᠰᠠᠭ ᠵᠠᠬᠢᠷᠭᠠᠨ᠎ᠤ ᠪᠠᠢᠭᠤᠯᠭ᠎ᠠ᠎ᠳᠤ ᠵᠠᠭᠠᠯᠳᠤᠬᠤ᠎ᠡᠴᠨ ᠡᠮᠦᠨᠡᠬᠢ ᠪᠠᠢᠴᠠᠭᠠᠬᠤ ᠰᠠᠨᠠᠭᠤᠯᠭ᠎ᠠ᠎ᠶ᠋ᠢ 114 ᠬᠤᠪᠢ ᠪᠠᠭᠤᠯᠭᠠᠵᠦ᠂ ᠡᠷᠡᠭᠦᠦ᠍᠎ᠶ᠋ᠢᠨ ᠬᠡᠷᠡᠭ᠎ᠦᠨ ᠳᠠᠭᠠᠯᠳᠤᠭᠤᠯᠤᠯ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ 42 ᠬᠤᠪᠢ ᠭᠠᠷᠭᠠᠵᠤ᠂ ᠣᠢ ᠰᠢᠭᠤᠢ ᠨᠤᠳᠤᠬ ᠪᠡᠯᠴᠢᠬᠡᠷ᠎ᠢ 3.15 ᠲᠦᠮᠡᠨ ᠮᠦ᠍ ᠰᠡᠷᠬᠦᠬᠡᠬᠦ ᠵᠢ ᠱᠠᠯᠠᠪᠳᠠᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号