2026 ᠣᠨ ᠤ᠋ ᠠᠩᠬᠠᠳᠤᠭᠠᠷ ᠬᠤᠭᠤᠴᠠᠭᠠᠨ ᠤ᠋ ᠬᠠᠤᠯᠢ ᠲᠦᠭᠡᠮᠡᠯᠵᠢᠭᠦᠯᠬᠦ ᠬᠢᠴᠢᠶᠡᠯ ᠤ᠋ᠨ ᠳᠠᠩᠬᠢᠮ ᠤ᠋ᠨ ᠠᠵᠢᠯᠯᠠᠭ᠎ᠠ ᠶᠠᠪᠤᠬᠳᠠᠪᠠ
2026-02-14 10:57:50
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠤᠢᠷ᠎ᠠ ᠳ᠋ᠤ 2026 ᠣᠨ ᠤ᠋ ᠠᠩᠬᠠᠳᠤᠭᠠᠷ ᠬᠤᠭᠤᠴᠠᠭᠠᠨ ᠤ᠋ ᠬᠠᠤᠯᠢ ᠲᠦᠭᠡᠮᠡᠯᠵᠢᠭᠦᠯᠬᠦ ᠬᠢᠴᠢᠶᠡᠯ ᠤ᠋ᠨ ᠲᠠᠩᠬᠢᠮ ᠤ᠋ᠨ ᠠᠵᠢᠯᠯᠠᠭ᠎ᠠ ᠦᠷᠨᠢᠬᠦᠯᠪᠠ᠃

ᠳᠤᠰ ᠤᠳᠠᠭ᠎ᠠ ᠳ᠋ᠤ 《ᠵᠠᠰᠠᠭ ᠵᠠᠬᠢᠷᠭᠠᠨ ᠤ᠋ ᠵᠢᠷᠤᠮᠵᠢᠯ ᠤ᠋ᠨ ᠴᠢᠨᠠᠷᠲᠠᠢ ᠪᠢᠴᠢᠭ ᠮᠠᠲ᠋ᠧᠷᠢᠶᠠᠯ ᠤ᠋ᠨ ᠬᠠᠤᠯᠢ ᠶᠣᠰᠣᠴᠢ ᠴᠢᠨᠠᠷ ᠢ᠋ ᠬᠢᠨᠠᠬᠤ᠂ ᠳᠠᠩᠰᠠᠯᠠᠭᠤᠯᠬᠤ ᠪᠠ ᠳᠠᠩᠰᠠᠯᠠᠭᠤᠯᠤᠨ ᠬᠠᠮᠢᠶᠠᠷᠬᠤ》 ᠭᠣᠣᠯ ᠰᠡᠳᠦᠪ ᠤ᠋ᠨ ᠲᠣᠭᠣᠷᠢᠨ ᠳ᠋ᠤ᠌ ᠵᠠᠰᠠᠭ ᠵᠠᠬᠢᠷᠭᠠᠨ ᠤ᠋ ᠵᠢᠷᠤᠮᠵᠢᠯ ᠤ᠋ᠨ ᠴᠢᠨᠠᠷᠲᠠᠢ ᠪᠢᠴᠢᠭ ᠮᠠᠲ᠋ᠧᠷᠢᠶᠠᠯ ᠤ᠋ᠨ 《ᠬᠡᠷᠡᠴᠢᠯᠡᠨ ᠲᠣᠭᠲᠠᠭᠠᠬᠤ᠂ ᠲᠤᠭᠤᠷᠪᠢᠨ ᠪᠢᠴᠢᠬᠦ᠂ ᠬᠠᠤᠯᠢ ᠶᠣᠰᠣᠴᠢ ᠴᠢᠨᠠᠷ ᠢ᠋ ᠬᠢᠨᠠᠨ ᠬᠠᠷᠭᠤᠭᠤᠯᠬᠤ᠂ ᠨᠡᠢᠲᠡᠯᠡᠨ ᠬᠡᠷᠡᠭᠵᠢᠭᠦᠯᠬᠦ᠂ ᠳᠠᠩᠰᠠᠯᠠᠭᠤᠯᠬᠤ》 ᠲᠠᠪᠤᠨ ᠵᠠᠩᠭᠢᠯᠠᠭ᠎ᠠ ᠵᠢᠨ ᠲᠠᠯ᠎ᠠ ᠵᠢ ᠲᠠᠢᠯᠪᠤᠷᠢᠯᠠᠨ ᠲᠣᠳᠣᠷᠬᠠᠢᠯᠠᠵᠠᠢ᠃ ᠡᠭᠦᠨ ᠤ᠋ ᠬᠠᠮᠲᠤ ᠲᠤᠬᠠᠢ ᠵᠢᠨ ᠲᠠᠯᠠᠪᠠᠢ ᠳ᠋ᠤ᠌ 《ᠵᠢᠷᠤᠮᠵᠢᠯ ᠤ᠋ᠨ ᠴᠢᠨᠠᠷᠲᠠᠢ ᠪᠢᠴᠢᠭ ᠮᠠᠲ᠋ᠧᠷᠢᠶᠠᠯ ᠢ᠋ ᠬᠡᠷᠬᠢᠨ ᠲᠣᠭᠲᠠᠭᠠᠬᠤ》 ᠵᠡᠷᠭᠡ ᠠᠰᠠᠭᠤᠳᠠᠯ ᠤ᠋ᠨ ᠲᠤᠬᠠᠢ ᠬᠠᠯᠠᠭᠤᠨ ᠶᠠᠷᠢᠯᠴᠠᠭ᠎ᠠ ᠦᠷᠨᠢᠭᠦᠯᠪᠡ᠃ ᠲᠤᠰ ᠤᠳᠠᠭᠠᠨ ᠤ᠋ ᠠᠵᠢᠯᠯᠠᠭ᠎ᠠ ᠪᠣᠯ 《ᠭᠠᠭᠴᠠ ᠴᠢᠭᠯᠡᠯ ᠵᠢᠡᠷ ᠤᠬᠠᠭᠤᠯᠤᠨ ᠲᠠᠢᠯᠪᠤᠷᠢᠯᠠᠬᠤ》 ᠤᠯᠠᠮᠵᠢᠯᠠᠯ ᠢ᠋ ᠡᠪᠳᠡᠵᠦ᠂ 《ᠠᠰᠠᠭᠤᠳᠠᠯ ᠢ᠋ ᠤᠷᠢᠳᠴᠢᠯᠠᠨ ᠴᠤᠭᠯᠠᠭᠤᠯᠬᠤ — ᠴᠢᠭᠯᠡᠯ ᠲᠡᠢ ᠪᠡᠷ ᠠᠭᠤᠯᠭ᠎ᠠ ᠵᠢ ᠤᠨᠢᠯᠠᠨ ᠲᠠᠢᠯᠪᠤᠷᠢᠯᠠᠬᠤ — ᠲᠤᠬᠠᠢ ᠵᠢᠨ ᠲᠠᠯᠠᠪᠠᠢ ᠳ᠋ᠤ᠌ ᠬᠠᠷᠢᠯᠴᠠᠨ ᠬᠥᠳᠡᠯᠦᠯᠴᠡᠨ ᠠᠰᠠᠭᠤᠯᠲᠠ ᠬᠠᠷᠢᠭᠤᠯᠬᠤ》 ᠬᠡᠯᠪᠡᠷᠢ ᠪᠡᠷ ᠳᠠᠮᠵᠢᠨ ᠬᠠᠤᠯᠢ ᠴᠠᠭᠠᠵᠠ ᠵᠢᠨ ᠮᠡᠳᠡᠯᠭᠡ ᠪᠣᠯᠤᠨ ᠲᠤᠬᠠᠢᠯᠠᠭᠰᠠᠨ ᠠᠵᠢᠯ ᠤ᠋ᠨ ᠪᠣᠳᠠᠲᠠᠢ ᠵᠢ ᠡᠷᠬᠢᠮᠯᠡᠬᠦ ᠬᠥᠮᠦᠵᠢᠯ ᠢ᠋ ᠭᠦᠨᠵᠡᠭᠡᠢ ᠠᠭᠤᠰᠤᠯᠴᠠᠭᠤᠯᠵᠤ᠂ ᠪᠠᠢᠭᠤᠯᠭ᠎ᠠ ᠵᠢᠨ ᠠᠵᠢᠯᠲᠠᠳ ᠤ᠋ᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ᠋ ᠳᠡᠭᠡᠭᠰᠢᠯᠡᠭᠦᠯᠵᠤ᠂ ᠵᠠᠰᠠᠭ ᠵᠠᠬᠢᠷᠭᠠᠨ ᠤ᠋ ᠡᠭᠦᠷᠭᠡ ᠲᠤᠰᠢᠶᠠᠯ ᠵᠢᠠᠨ ᠭᠦᠢᠴᠡᠳᠬᠡᠬᠦ ᠦᠢᠯᠡ ᠠᠵᠢᠯᠯᠠᠭ᠎ᠠ ᠵᠢ ᠵᠢᠷᠤᠮᠵᠢᠭᠤᠯᠬᠤ ᠵᠢᠨ ᠠᠰᠢᠭ ᠲᠠᠢ ᠰᠦᠪᠡᠭᠴᠢᠯᠡᠯᠲᠡ ᠪᠠ ᠦᠢᠯᠡᠳᠦᠯᠭᠡ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号