ᠬᠥᠬᠡᠬᠣᠲᠠ᠎ᠶᠢᠨ ᠡᠶᠡᠳᠡᠭᠦᠯᠭᠡ᠎ᠶᠢᠨ ᠨᠡᠢᠭᠡᠮᠯᠢᠭ ᠪᠠᠢᠭᠤᠯᠤᠭᠳᠠᠵᠠᠢ
2026-02-14 15:55:47
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠦᠪᠦᠷ ᠮᠤᠩᠭᠤᠯ᠎ᠤᠨ ᠦᠪᠡᠷᠲᠡᠭᠡᠨ ᠵᠠᠰᠬᠠᠤ ᠤᠷᠤᠨ᠎ᠤ ᠬᠠᠤᠯᠢ ᠴᠠᠭᠠᠵᠠ ᠢ᠋ᠢᠨ ᠲᠢᠩᠬᠢᠮ ᠡᠴᠡ ᠤᠢᠯᠠᠭᠠᠬᠰᠠᠨ ᠢ᠋ᠢᠡᠷ᠂ ᠲᠦᠷᠦᠬᠦᠬᠡᠨ ᠬᠦᠬᠡᠬᠤᠲᠠ ᠢ᠋ᠢᠨ ᠡᠶᠡᠳᠡᠭᠦᠯᠭᠡ ᠢ᠋ᠢᠨ ᠨᠡᠢᠭᠡᠮᠯᠢᠭ ᠪᠠᠢᠭᠤᠯᠤᠭᠳᠠᠬᠤ ᠬᠤᠷᠠᠯ ᠬᠥᠬᠡᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ᠎ᠳᠤ ᠬᠤᠷᠠᠯᠳᠤᠪᠠ᠂ ᠡᠨᠡ ᠨᠢ ᠬᠥᠬᠡᠬᠣᠲᠠ᠎ᠶᠢᠨ ᠡᠶᠡᠳᠡᠭᠦᠯᠭᠡ ᠢ᠋ᠢᠨ ᠠᠵᠢᠯ ᠨᠢ ᠠᠵᠢᠯ ᠲᠥᠷᠥᠯ᠎ᠦᠨ ᠥᠪᠡᠷ᠎ᠢ᠎ᠪᠡᠨ ᠱᠠᠭᠠᠷᠳᠠᠬᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠪᠠ᠃

ᠬᠤᠷᠠᠯ ᠡᠴᠡ᠂ ᠤᠯᠤᠰ ᠲᠦᠷᠦ᠎ᠪᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠢᠮᠠᠭᠲᠠ ᠡᠶᠡᠳᠡᠭᠦᠯᠭᠡ ᠢ᠋ᠢᠨ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠦ᠂ ᠨᠡᠢᠭᠡᠮᠯᠢᠭ᠎ᠦᠨ ᠪᠠᠢᠭᠤᠯᠤᠯᠲᠠ ᠪᠣᠯᠣᠨ ᠠᠵᠢᠯ ᠲᠦᠷᠦᠯ᠎ᠦᠨ ᠬᠥᠭᠵᠢᠯᠲᠡ᠎ᠶᠢᠨ ᠵᠥᠪ ᠣᠨᠣᠪᠴᠢᠲᠠᠢ ᠤᠯᠤᠰ ᠲᠦᠷᠦ᠎ᠶᠢᠨ ᠴᠢᠭᠯᠡᠯ᠎ᠢᠶᠡᠷ ᠤᠷᠤᠭᠰᠢᠯᠠᠬᠤ᠎ᠶᠢ ᠪᠠᠲᠤᠯᠠᠨ᠎ᠠ; ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠦᠬᠡᠬᠤᠳᠠ᠎ᠶᠢᠨ ᠨᠠᠮ᠎ᠤᠨ ᠬᠣᠷᠢᠶ᠎ᠠ᠂ ᠬᠦᠬᠡᠬᠤᠳᠠ᠎ᠶᠢᠨ ᠵᠠᠰᠠᠭ᠎ᠤᠨ ᠣᠷᠳᠣᠨ᠎ᠤ ᠭᠣᠣᠯ ᠠᠵᠢᠯ᠎ᠤᠨ ᠲᠣᠭᠣᠷᠢᠨ᠎ᠳᠤ᠂ ᠡᠶᠡᠳᠡᠭᠦᠯᠦᠭᠴᠢ᠎ᠶᠢ ᠵᠣᠬᠢᠶᠠᠨ ᠪᠠᠢᠭᠤᠯᠵᠤ ᠭᠣᠣᠯᠳᠠᠯᠭ᠎ᠠ᠎ᠲᠠᠢ ᠬᠦᠷᠢᠶᠡᠨ᠎ᠦ ᠵᠥᠷᠢᠴᠡᠯ ᠵᠠᠭᠤᠷᠠᠯᠳᠤᠭᠠᠨ᠎ᠢ ᠰᠡᠷᠭᠡᠢᠯᠡᠨ ᠠᠷᠢᠯᠭᠠᠬᠤ᠂ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ᠋ ᠰᠢᠯᠢᠲᠡᠭᠵᠢᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠵᠡᠷᠭᠡ ᠠᠵᠢᠯ᠎ᠳᠤ ᠢᠳᠡᠪᠬᠢᠲᠡᠢ ᠣᠷᠣᠯᠴᠠᠵᠤ᠂ ᠬᠥᠭᠵᠢᠯᠲᠡ᠎ᠶᠢᠨ ᠶᠡᠬᠡ ᠲᠠᠯ᠎ᠠ᠎ᠳᠤ ᠦᠢᠯᠡᠴᠢᠯᠡᠬᠦ ᠴᠢᠳᠠᠪᠤᠷᠢ᠎ᠪᠠᠨ ᠦᠨᠡᠨ᠎ᠬᠦ ᠳᠡᠭᠡᠭᠰᠢᠯᠡᠭᠦᠯᠦᠨ᠎ᠡ; ᠳᠦᠷᠢᠮ᠎ᠦᠨ ᠰᠢᠰᠲᠧᠮ᠎ᠢ ᠲᠡᠭᠦᠯᠳᠡᠷᠵᠢᠭᠦᠯᠵᠦ᠂ ᠠᠵᠢᠯᠯᠠᠭᠠᠨ᠎ᠤ ᠬᠠᠮᠢᠶᠠᠷᠤᠯᠲᠠ᠎ᠶᠢᠨ ᠡᠯ᠎ᠡ ᠵᠦᠢᠯ᠎ᠦᠨ ᠳᠦᠷᠢᠮ᠎ᠢ ᠲᠦᠷᠭᠡᠨ ᠲᠡᠭᠦᠯᠳᠡᠷᠵᠢᠭᠦᠯᠵᠦ᠂ ᠡᠶᠡᠳᠡᠭᠦᠯᠭᠡ ᠢ᠋ᠢᠨ ᠠᠵᠢᠯ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠢᠭᠤᠯᠤᠯᠲᠠ᠎ᠶᠢ ᠠᠬᠢᠭᠤᠯᠵᠤ᠂ ᠠᠵᠢᠯ ᠲᠦᠷᠦᠯ᠎ᠦᠨ ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ; ᠡᠩᠨᠡᠭᠡᠨ᠎ᠦ ᠪᠠᠢᠭᠤᠯᠤᠯᠲᠠ᠎ᠶᠢ ᠴᠢᠩᠭᠠᠳᠬᠠᠵᠤ᠂ ᠪᠠᠢᠩᠭᠤᠵᠢᠭ᠍ᠰᠠᠨ᠂ ᠰᠢᠰᠲᠧᠮᠵᠢᠭᠰᠡᠨ ᠪᠣᠯᠪᠠᠰᠤᠷᠠᠯ᠎ᠤᠨ ᠰᠢᠰᠲᠧᠮ ᠢ᠋ ᠪᠠᠢᠭᠤᠯᠵᠤ᠂ ᠤᠯᠤᠰ ᠲᠥᠷᠥ᠎ᠶᠢᠨ ᠲᠠᠯ᠎ᠠ᠎ᠪᠠᠷ ᠡᠷᠡᠰ ᠪᠠᠲᠤ᠂ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ᠂ ᠣᠪᠣᠷ ᠰᠤᠷᠲᠠᠯ ᠰᠢᠯᠢᠳᠡᠭ ᠰᠠᠢᠨ᠂ ᠣᠯᠠᠨ ᠲᠦᠮᠡᠨ᠎ᠦ ᠢᠲᠡᠭᠡᠯ᠎ᠢ ᠣᠯᠣᠭᠰᠠᠨ ᠥᠨᠳᠥᠷ ᠬᠡᠪ ᠪᠣᠯᠪᠠᠰᠤᠷᠠᠯ᠎ᠲᠠᠢ ᠡᠶᠡᠳᠡᠭᠦᠯᠭᠡ ᠢ᠋ᠢᠨ ᠡᠩᠨᠡᠭᠡ᠎ᠶᠢ ᠬᠦᠴᠦᠯᠡᠨ ᠪᠠᠶ᠋ᠢᠭᠤᠯᠤᠨ᠎ᠠ ᠬᠡᠵᠦ ᠨᠡᠢᠭᠡᠮᠯᠢᠭ᠎ᠦᠨ ᠬᠥᠭᠵᠢᠯᠲᠡ᠎ᠶᠢᠨ ᠭᠣᠣᠯᠳᠠᠯᠭ᠎ᠠ᠎ᠲᠠᠢ ᠴᠢᠭᠯᠡᠯ᠎ᠢ ᠲᠣᠳᠣᠷᠬᠠᠢᠯᠠᠪᠠ᠃

ᠬᠥᠬᠡᠬᠣᠲᠠ᠎ᠶᠢᠨ ᠡᠶᠡᠳᠡᠭᠦᠯᠭᠡ ᠢ᠋ᠢᠨ ᠨᠡᠢᠭᠡᠮᠯᠢᠭ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠰ ᠤᠳᠠᠭ᠎ᠠ᠎ᠶᠢᠨ ᠨᠡᠢᠬᠡᠮᠯᠢᠭ ᠪᠠᠢᠭᠤᠯᠤᠭᠳᠠᠬᠤ ᠬᠤᠷᠠᠯ᠎ᠢᠶᠠᠷ ᠰᠢᠨ᠎ᠡ ᠭᠠᠷᠤᠭ᠎ᠠ ᠪᠣᠯᠭᠠᠵᠤ᠂ ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠵᠤ᠂ ᠵᠣᠷᠢᠭ᠍ᠲᠠᠢ᠎ᠪᠠᠷ ᠤᠷᠤᠭᠰᠢᠯᠠᠨ ᠳᠠᠪᠰᠢᠵᠤ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠪᠦᠬᠦ ᠬᠤᠳᠠ᠎ᠶᠢᠨ ᠡᠶᠡᠳᠡᠭᠦᠯᠬᠡ ᠢ᠋ᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠢᠷᠢᠯᠠᠭᠤᠯᠤᠯᠲᠠ᠎ᠶᠢ ᠪᠦᠬᠦ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠬᠤ᠂ ᠬᠠᠤᠯᠢ ᠪᠡᠷ ᠵᠠᠰᠬᠠᠤ ᠲᠥᠪ ᠬᠤᠲᠠ ᠢ᠋ᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠡᠶᠡᠳᠡᠭᠦᠯᠬᠡ ᠢ᠋ᠢᠨ ᠬᠦᠴᠦᠨ ᠢ᠋ᠢᠡᠨ ᠨᠡᠮᠡᠷᠢᠯᠡᠨ᠎ᠡ ᠭᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号