ᠴᠠᠭᠠᠨ ᠰᠠᠷ᠎ᠠ᠎ᠠᠴᠠ ᠡᠮᠦᠨ᠎ᠡ᠂ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 172.6 ᠲᠦᠮᠡᠨ ᠬᠦᠴᠢᠷᠳᠡᠯᠲᠡᠶ ᠣᠯᠠᠨ ᠲᠦᠮᠡᠨ᠎ᠳᠦ 1 - 2 ᠰᠠᠷ᠎ᠠ᠎ᠶ᠋ᠢᠨ ᠠᠪᠤᠷᠠᠨ ᠲᠤᠰᠠᠯᠠᠬᠤ ᠮᠥᠩᠭᠥ᠎ᠶ᠋ᠢ 16.36 ᠳ᠋ᠦᠩᠱᠢᠭᠤᠷ ᠲᠥᠭᠥᠷᠢᠭ ᠴᠠᠭ ᠲᠤᠬᠠᠶ᠎ᠳᠤᠨᠢ᠂ ᠲᠣᠭ᠎ᠠ ᠶᠣᠰᠣᠭᠠᠷ᠎ᠨᠢ ᠣᠯᠭᠣᠪᠠ᠃ ᠡᠭᠦᠨ᠎ᠳᠦ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠌ ᠵᠢ 13.88 ᠳ᠋ᠦᠩᠱᠢᠭᠤᠷ ᠲᠥᠭᠥᠷᠢᠭ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠮᠥᠩᠭᠥ᠌ ᠵᠢ 2.48 ᠳ᠋ᠦᠩᠱᠢᠭᠤᠷ ᠲᠥᠭᠥᠷᠢᠭ ᠤᠯᠭᠤᠪᠠ᠃
1 ᠰᠠᠷ᠎ᠠ᠎ᠠᠴᠠ ᠡᠬᠢᠯᠡᠨ᠂ ᠪᠥᠬᠥ᠌ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠳ ᠬᠦᠴᠢᠷᠳᠡᠯᠲᠡᠶ ᠣᠯᠠᠨ ᠲᠦᠮᠡᠨ᠎ᠦ ᠬᠠᠯᠠᠭᠤᠨ ᠳᠤᠯᠠᠭᠠᠨ ᠡᠪᠤᠯᠵᠢᠬᠦ ᠶ᠋ᠢ ᠪᠠᠲᠤᠯᠠᠨ᠂ ᠴᠠᠭᠠᠨ ᠰᠠᠷ᠎ᠠ᠎ᠶ᠋ᠢᠨ ᠱᠢᠪᠲᠤᠯᠤᠯᠲᠠ᠎ᠶ᠋ᠢᠨ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠵᠦ᠍᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ ᠵᠡᠷᠭᠡ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ 1.38 ᠲᠦᠮᠡᠨ ᠬᠦᠴᠢᠷᠳᠡᠯᠲᠡᠶ ᠣᠯᠠᠨ ᠲᠦᠮᠡᠨ᠎ᠳᠦ ᠴᠠᠭᠠᠨ ᠰᠠᠷ᠎ᠠ᠎ᠶ᠋ᠢᠨ ᠲᠣᠬᠣᠨᠢᠭᠤᠯᠬᠤ ᠮᠥᠩᠭᠥ᠌ ᠣᠯᠭᠣᠪᠠ; 4.1 ᠲᠦᠮᠡᠨ ᠬᠦᠴᠢᠷᠳᠡᠯᠲᠡᠶ ᠭᠡᠷ ᠪᠦᠯᠢ᠎ᠳᠦ ᠠᠮᠤ ᠲᠣᠰᠣ ᠭᠤᠯᠢᠷ ᠰᠦ ᠵᠡᠷᠭᠡ ᠴᠠᠭᠠᠨ ᠰᠠᠷ᠎ᠠ᠎ᠶ᠋ᠢᠨ ᠲᠤᠬᠤᠨᠢᠭᠤᠯᠭ᠎ᠠ ᠵᠢᠨ ᠪᠤᠳᠠᠰ ᠬᠦᠷᠭᠡᠪᠠ; ᠡᠭᠦᠨ᠎ᠦ ᠬᠠᠮᠲᠤ ᠡᠮᠴᠢ ᠰᠤᠪᠢᠯᠠᠭ᠍ᠴᠢ᠎ᠶ᠋ᠢ ᠵᠣᠬᠢᠶᠠᠨ ᠪᠠᠢᠭᠤᠯᠤᠨ ᠬᠦᠴᠢᠷᠳᠡᠯᠲᠡᠶ ᠣᠯᠠᠨ ᠲᠦᠮᠡᠨ᠎ᠳᠦ ᠠᠯᠪᠠᠨ ᠵᠢᠷᠤᠮ᠎ᠤᠨ ᠡᠮᠴᠢᠯᠡᠭᠡ 52 ᠤᠳᠠᠭ᠎ᠠ ᠥᠷᠨᠢᠭᠦᠯᠦᠭ᠌ᠰᠡᠨ ᠪᠥᠭᠡᠳ ᠬᠠᠯᠠᠮᠰᠢᠯ ᠤᠲᠠᠰᠤ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ᠂ ᠬᠦᠴᠢᠷᠳᠡᠯᠲᠡᠶ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 3347 ᠬᠤᠪᠢ ᠴᠠᠭ ᠲᠤᠬᠠᠶ᠎ᠳᠤᠨᠢ ᠵᠢᠭ᠍ᠰᠠᠭᠠᠨ ᠪᠠᠢᠴᠠᠭᠠᠭ᠍ᠰᠠᠨ ᠪᠠ ᠭᠥᠯᠢᠶᠡᠨ ᠠᠪᠴᠤ᠌ ᠱᠢᠶ᠋ᠳᠪᠦᠷᠢᠯᠡᠨ᠂ ᠠᠪᠤᠷᠠᠪᠠᠰᠤ ᠵᠣᠬᠢᠬᠤ᠎ᠶ᠋ᠢ᠎ᠨᠢ ᠪᠦᠬᠦᠨ᠎ᠢ ᠠᠪᠤᠷᠠᠵᠤ᠂ ᠨᠢᠭᠡ ᠡᠷᠦᠬᠡ᠎ᠶ᠋ᠢ ᠴᠦ᠍ ᠣᠷᠬᠢᠭ᠍ᠳᠠᠭᠤᠯᠬᠤ ᠥᠬᠡᠶ ᠪᠠᠢᠬᠤ᠎ᠶ᠋ᠢ ᠪᠡᠶᠡᠯᠡᠭᠦᠯᠪᠡ᠃
ᠪᠤᠭᠤᠲᠤ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠬᠢᠨ ᠡᠯ᠎ᠡ ᠲᠥᠷᠥᠯ᠎ᠦᠨ ᠨᠢᠭᠦᠯᠡᠰᠦᠩᠭᠦᠶ᠎ᠶ᠋ᠢᠨ ᠵᠣᠬᠢᠶᠠᠨ ᠪᠠᠢᠭᠤᠯᠤᠯᠲᠠ ᠳᠠᠢ ᠬᠣᠯᠪᠣᠭᠠᠯᠠᠨ ᠬᠥᠳᠡᠯᠦᠯᠴᠡᠵᠦ᠍᠂ 1000 ᠬᠦᠴᠢᠷᠳᠡᠯᠲᠡᠶ ᠣᠯᠠᠨ ᠲᠦᠮᠡᠨ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠣᠯᠠᠨ ᠲᠦᠮᠡᠨ᠎ᠳᠦ ᠪᠤᠳᠠᠭ᠎ᠠ ᠭᠤᠯᠢᠷ ᠲᠣᠰᠣ᠂ ᠬᠥᠪᠥᠩ ᠬᠤᠪᠴᠠᠰᠤ ᠬᠥᠪᠥᠩ ᠬᠥᠨᠵᠢᠯᠡ ᠵᠡᠷᠭᠡ ᠠᠮᠢᠳᠤᠷᠠᠯ᠎ᠤᠨ ᠬᠡᠷᠡᠭ᠌ᠰᠡᠯ ᠲᠦᠭᠡᠭᠡᠵᠦ᠍᠂ ᠨᠡᠢᠭᠡᠮ᠎ᠦᠨ ᠡᠯ᠎ᠡ ᠡᠲᠡᠭᠡᠳ᠎ᠦᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ; ᠬᠥᠯᠥᠨ ᠪᠣᠢᠷ ᠬᠣᠲᠠ᠎ᠶ᠋ᠢᠨ ᠬᠠᠢᠯᠠᠷ ᠲᠣᠭᠣᠷᠢᠭ ᠤᠷᠢᠳᠴᠢᠯᠠᠨ ᠲᠥᠯᠥᠪᠵᠢᠬᠦᠯᠵᠤ᠂ ᠨᠠᠷᠢᠯᠢᠭ ᠣᠨᠣᠴᠠᠲᠠᠶ ᠲᠥᠰᠦᠭᠡᠯᠡᠨ ᠪᠤᠳᠤᠵᠤ᠂ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠎ᠶ᠋ᠢ ᠤᠷᠢᠳᠴᠢᠯᠠᠨ ᠲᠣᠭ᠎ᠠ ᠶᠣᠰᠣᠭᠠᠷ ᠭᠦᠶ᠋ᠴᠡᠳ ᠥᠭ᠌ᠴᠦ᠂ 3389 ᠬᠦᠴᠢᠷᠳᠡᠯᠲᠡᠶ ᠣᠯᠠᠨ ᠲᠦᠮᠡᠨ᠎ᠳᠦ ᠠᠱᠢᠭ ᠬᠦᠷᠲᠡᠭᠡᠵᠦ᠂ 《ᠴᠠᠭ ᠲᠤᠬᠠᠶ᠎ᠳᠤᠨᠢ ᠣᠯᠭᠣᠬᠤ》 ᠡᠴᠠ 《ᠤᠷᠢᠳᠴᠢᠯᠠᠨ ᠪᠠᠭᠤᠯᠭᠠᠬᠤ》 ᠪᠣᠯᠭᠠᠨ ᠲᠠᠰ ᠳᠡᠪᠱᠢᠭᠦᠯᠵᠦ᠍᠂ 《ᠦᠨᠳᠦᠰᠦᠨ ᠵᠦᠶ᠋ᠯ᠎ᠢ ᠪᠠᠲᠤᠯᠠᠬᠤ》 ᠡᠴᠠ 《ᠱᠢᠯᠢᠳᠡᠭ ᠦᠶ᠋ᠯᠡᠴᠢᠯᠡᠭᠡ》 ᠬᠠᠩᠭᠠᠬᠤ ᠵᠢ ᠪᠡᠶᠡᠯᠡᠬᠦᠯᠪᠡ; ᠦᠬᠠᠶ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 《ᠡᠳ᠋ ᠪᠣᠳᠠᠰ + ᠦᠶ᠋ᠯᠡᠴᠢᠯᠡᠭᠡ》 ᠶ᠋ᠢᠨ ᠠᠪᠤᠷᠠᠨ ᠲᠤᠰᠠᠯᠠᠬᠤ ᠵᠠᠭ᠍ᠪᠤᠷ᠎ᠢ ᠰᠦᠪᠡᠭᠴᠢᠯᠡᠵᠤ᠂ ᠡᠯ᠎ᠡ ᠲᠥᠷᠥᠯ᠎ᠦᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠨᠢᠭᠡᠳᠦᠯᠲᠡᠶ ᠲᠥᠯᠥᠪᠵᠢᠭᠦᠯᠵᠦ᠍᠂ ᠴᠠᠭᠠᠨ ᠰᠠᠷ᠎ᠠ᠎ᠶ᠋ᠢᠨ ᠡᠮᠦᠨ᠎ᠡ ᠬᠣᠢᠨ᠎ᠠ 8 ᠲᠠᠯᠠᠪᠤᠷ ᠤᠨᠴᠠᠯᠢᠬ᠍ᠳᠤ ᠪᠠᠶᠠᠷ ᠳᠤᠷᠠᠰᠭᠠᠯ᠎ᠤᠨ ᠠᠵᠢᠯᠯᠠᠭ᠎ᠠ ᠡᠷᠭᠢᠯᠡᠵᠦ᠍᠂ 3000 ᠭᠠᠷᠤᠶ ᠬᠦᠴᠢᠷᠳᠡᠯᠲᠡᠶ ᠬᠥᠮᠦᠰ᠎ᠢ ᠬᠠᠮᠤᠷᠴᠤ᠌᠂ ᠪᠠᠲᠤᠯᠠᠭ᠎ᠠ᠎ᠶ᠋ᠢ ᠨᠠᠩ ᠬᠠᠯᠠᠭᠤᠨ ᠳᠤᠯᠠᠭᠠᠨ ᠪᠣᠯᠭᠠᠪᠠ; ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠲᠣᠮᠣ ᠳ᠋ᠠᠢᠲ᠋ᠠ᠎ᠳᠤ ᠲᠦᠱᠢᠭ᠌ᠯᠡᠨ ᠬᠦᠴᠢᠷᠳᠡᠯᠲᠡᠶ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠷᠢᠯᠢᠭ ᠤᠨᠤᠴᠠᠳᠠᠢ᠎ᠪᠠᠷ ᠣᠢᠯᠠᠭᠠᠵᠤ᠂ 《ᠭᠠᠭ᠍ᠴᠠ ᠲᠠᠯ᠎ᠠ᠎ᠠᠴᠠ ᠠᠪᠤᠷᠠᠨ ᠲᠤᠰᠠᠯᠠᠬᠤ ᠮᠥᠩᠭᠥ᠌ ᠣᠯᠭᠣᠬᠤ》 ᠡᠴᠠ 《ᠨᠠᠷᠢᠯᠢᠭ ᠤᠨᠤᠴᠠᠳᠠᠢ᠎ᠪᠠᠷ ᠵᠣᠯᠭᠠᠭᠤᠯᠤᠨ ᠬᠦᠷᠭᠡᠬᠦ᠌ ᠦᠶ᠋ᠯᠡᠴᠢᠯᠡᠭᠡ》 ᠪᠣᠯᠭᠠᠨ ᠬᠤᠪᠢᠷᠠᠭᠤᠯᠪᠠ᠃