2025 ᠣᠨ ᠳ᠋ᠤ ᠥᠪᠥᠷ ᠮᠣᠩᠭᠣᠯ ᠤ᠋ᠨ ᠪᠠᠢᠭᠠᠯᠢᠯᠢᠬ ᠨᠤᠲᠤᠭ ᠪᠡᠯᠴᠢᠭᠡᠷ ᠲᠡᠬᠢ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ 10% ᠡᠴᠡ ᠳᠣᠷᠣᠭ᠍ᠰᠢ ᠪᠤᠯᠪᠠ
2026-02-14 10:35:32
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠪᠥᠬᠥ᠌ ᠣᠷᠣᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠠᠵᠢᠯ ᠤ᠋ᠨ ᠬᠤᠷᠠᠯ ᠡᠴᠡ ᠣᠢᠯᠠᠭᠠᠭ᠍ᠰᠠᠨ ᠵᠢᠡᠷ᠂ 2025 ᠣᠨ ᠳ᠋ᠤ ᠥᠪᠥᠷ ᠮᠣᠩᠭᠣᠯ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠠᠮᠢᠶᠠᠷᠤᠯᠲᠠ ᠬᠠᠮᠠᠭᠠᠯᠠᠯᠲᠠ ᠱᠢᠨ᠎ᠡ ᠳᠡᠭ᠌ᠲᠡᠷ ᠲᠤ᠌ ᠭᠠᠷᠴᠤ᠌᠂ ᠪᠥᠬᠥ᠌ ᠣᠷᠣᠨ ᠤ᠋ 102 ᠭᠠᠵᠠᠷ ᠣᠷᠣᠨ ᠪᠠ ᠨᠢᠭᠡᠴᠢ᠎ᠵᠢᠨ 99% ᠶ᠋ᠢᠨ ᠨᠤᠲᠤᠭ ᠪᠡᠯᠴᠢᠭᠡᠷ ᠲᠤ᠌ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ᠎ᠢ ᠪᠥᠬᠥ᠌ ᠲᠠᠯ᠎ᠠ ᠪᠡᠷ ᠱᠢᠶ᠋ᠳᠪᠦᠷᠢᠯᠡᠭᠰᠡᠨ ᠡᠴᠡ ᠪᠠᠢᠭᠠᠯᠢᠯᠢᠭ ᠨᠤᠲᠤᠭ ᠪᠡᠯᠴᠢᠭᠡᠷ ᠲᠡᠬᠢ ᠮᠠᠯ ᠪᠡᠯᠴᠢᠭᠡᠷ ᠤ᠋ᠨ ᠲᠡᠩᠴᠡᠭᠦᠷᠢ ᠵᠢᠨ ᠵᠢᠭᠠᠯᠲᠠ ᠲᠣᠭ᠎ᠠ ᠶ᠋ᠢ 10% ᠡᠴᠡ ᠳᠣᠷᠣᠭ᠍ᠰᠢ ᠪᠤᠯᠭᠠᠪᠠ᠃ 

2025 ᠣᠨ ᠳ᠋ᠤ᠂ ᠥᠪᠥᠷ ᠮᠣᠩᠭᠣᠯ 3000 ᠭᠠᠷᠤᠶ ᠲᠦᠮᠡᠨ ᠮᠤ᠌ ᠡᠪᠡᠰᠦ ᠳᠠᠷᠢᠵᠤ ᠪᠡᠯᠴᠢᠭᠡᠷ ᠢ᠋ ᠰᠠᠢᠵᠢᠷᠠᠭᠤᠯᠪᠠ; ᠬᠥᠯᠥᠨ ᠪᠣᠢᠷ ᠤ᠋ᠨ ᠪᠡᠯᠴᠢᠭᠡᠷ ᠢ᠋ ᠠᠮᠠᠷᠠᠭᠤᠯᠬᠤ ᠬᠤᠭᠤᠴᠠᠭᠠᠨ ᠳ᠋ᠤ ᠲᠣᠭ᠍ᠲᠠᠭᠠᠯ ᠡᠴᠡ ᠵᠥᠷᠢᠴᠡᠨ ᠮᠠᠯᠵᠢᠬᠤ ᠨᠣᠷᠮ᠎ᠠ ᠠᠳᠠᠯᠢ ᠬᠤᠭᠤᠴᠠᠭᠠᠨ ᠤ᠋᠎ᠬᠢ᠎ᠡᠴᠡ ᠵᠠᠭᠤᠨ ᠤ᠋ ᠬᠠᠷᠢᠴᠠᠯ ᠵᠢᠡᠷ 35.7ᠬᠤᠪᠢ ᠪᠠᠭᠤᠷᠠᠪᠠ; ᠣᠶ ᠱᠢᠭᠤᠶ ᠪᠠ ᠨᠤᠲᠤᠭ ᠪᠡᠯᠴᠢᠭᠡᠷ᠎ᠢ ᠡᠪᠳᠡᠵᠦ᠍ ᠬᠠᠤᠯᠢ ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠶ᠋ᠢ ᠪᠥᠬᠥ᠌ ᠲᠠᠯ᠎ᠠ ᠪᠡᠷ ᠥᠷᠨᠢᠭᠦᠯᠵᠦ᠍᠂ ᠨᠡᠢᠲᠡ 2.7 ᠲᠦᠮᠡ ᠭᠠᠷᠤᠶ ᠠᠰᠠᠭᠤᠳᠠᠯ᠎ᠢ ᠴᠡᠭ᠌ᠴᠡᠯᠡᠨ ᠵᠠᠰᠠᠵᠤ᠂ ᠨᠡᠮᠡᠭ᠌ᠳᠡᠭ᠌ᠰᠡᠨ ᠬᠡᠮᠵᠢᠶ᠎ᠡ ᠪᠠ ᠦᠯᠡᠳᠡᠭᠳᠡᠯ ᠠᠰᠠᠭᠤᠳᠠᠯ᠎ᠢ ᠴᠡᠭ᠌ᠴᠡᠯᠡᠨ ᠵᠠᠰᠠᠭ᠍ᠰᠠᠨ ᠨᠣᠷᠮ᠎ᠠ ᠲᠣᠰ ᠲᠣᠰ 81%᠂ 99%᠎ᠳ᠋ᠤ ᠬᠦᠷᠴᠦ᠍᠂ ᠨᠡᠢᠲᠡ 4.51 ᠳ᠋ᠦᠩᠱᠢᠭᠤᠷ ᠲᠥᠭᠥᠷᠢᠭ ᠲᠤᠷᠭᠠᠵᠤ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠶ᠋ᠢ 31.54 ᠲᠦᠮᠡᠨ ᠮᠥ᠍ ᠰᠡᠷᠭᠦᠭᠡᠵᠦ᠍᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠥᠷᠥᠯ᠎ᠢ 204.9 ᠲᠦᠮᠡᠨ ᠮᠥ᠍ ᠰᠡᠷᠭᠦᠭᠡᠬᠦ᠌ ᠪᠣᠯᠤᠮᠵᠢ᠎ᠲᠠᠶ ᠪᠠᠢᠨ᠎ᠠ᠃

ᠡᠭᠦᠨ᠎ᠡᠴᠡ ᠭᠠᠳᠠᠨ᠎ᠠ᠂ ᠥᠪᠥᠷ ᠮᠣᠩᠭᠣᠯ ᠡᠯ᠎ᠡ ᠲᠥᠷᠥᠯ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠠᠯᠠᠨ ᠬᠠᠷ᠎ᠠ ᠠᠭᠤᠯᠠ ᠵᠢᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ ᠤ᠋ ᠰᠦᠯᠵᠢᠶ᠎ᠡ᠎ᠳᠦ ᠠᠮᠵᠢᠯᠲᠠ᠎ᠲᠠᠶ ᠬᠠᠮᠤᠷᠤᠭᠳᠠᠨ᠂ ᠭᠡᠭᠡᠨ ᠭᠤᠤᠯ ᠤ᠋ᠨ ᠡᠬᠢ ᠵᠡᠷᠭᠡ 3 ᠴᠢᠬᠤᠯᠠ ᠨᠤᠭᠤ ᠭᠠᠵᠠᠷ ᠤᠯᠤᠰ ᠤ᠋ᠨ ᠴᠢᠬᠤᠯᠠ ᠨᠤᠭᠤ ᠭᠠᠵᠠᠷ ᠤ᠋ᠨ ᠨᠡᠷᠡᠰ ᠲᠤ᠌ ᠰᠣᠩᠭᠣᠭ᠍ᠳᠠᠨ ᠣᠷᠣᠵᠤ᠂ ᠬᠠᠨ ᠮᠠ ᠳᠡᠯᠡᠬᠡᠶ ᠵᠢᠨ ᠠᠮᠢᠳᠤ ᠪᠣᠳᠠᠰ ᠤ᠋ᠨ ᠮᠠᠨᠳᠠᠯ ᠤ᠋ᠨ ᠬᠠᠮᠠᠭᠠᠯᠠᠯᠲᠠ ᠵᠢᠨ ᠣᠷᠣᠨ 10 ᠵᠢᠯ ᠤ᠋ᠨ ᠦᠨᠡᠯᠡᠨ ᠵᠢᠱ᠌ᠢᠯᠲᠡ᠂ ᠱᠢᠪᠠᠭᠤᠨ ᠤ᠋ ᠲᠥᠷᠥᠯ᠎ᠢ ᠬᠠᠮᠠᠭᠠᠯᠠᠬᠤ ᠠᠵᠢᠯᠯᠠᠭ᠎ᠠ ᠪᠠ ᠬᠠᠤᠯᠢ ᠪᠤᠰᠤ ᠪᠡᠷ ᠠᠩᠨᠠᠵᠤ ᠠᠷᠠᠯᠵᠢᠶᠠᠯᠠᠬᠤ ᠳ᠋ᠤ ᠴᠣᠬᠢᠯᠲᠠ ᠥᠭ᠌ᠬᠦ ᠲᠤᠰᠭᠠᠶ ᠠᠵᠢᠯᠯᠠᠭ᠎ᠠ ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠤᠯᠤᠰ ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠦᠷ᠎ᠡ ᠡᠳ᠋ ᠤ᠋ᠨ ᠡᠬᠢ ᠪᠠᠶᠠᠯᠢᠭ ᠤ᠋ᠨ ᠲᠦᠬᠦᠭᠡᠷᠦᠮᠵᠢ ᠵᠢᠨ ᠬᠠᠳᠠᠭᠠᠯᠠᠯᠲᠠ ᠵᠢᠨ ᠬᠥᠮᠥᠷᠭᠡ ᠵᠢᠨ ᠥᠪᠥᠷ ᠮᠣᠩᠭᠣᠯ᠎ᠳᠠᠬᠢ ᠬᠤᠪᠢᠶᠠᠷᠢ ᠬᠥᠮᠥᠷᠭᠡ ᠶ᠋ᠢ ᠪᠠᠢᠭᠤᠯᠤᠨ ᠳᠠᠭᠤᠰᠭᠠᠵᠤ ᠠᠵᠢᠯᠯᠠᠭᠤᠯᠤᠨ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠦᠨᠦᠭᠡᠯᠲᠤ ᠠᠮᠢᠳᠤ ᠪᠣᠳᠠᠰ᠎ᠢ 5314 ᠲᠦᠮᠡᠨ ᠮᠥ᠍ ᠰᠡᠷᠭᠡᠢᠯᠡᠨ ᠵᠠᠰᠠᠵᠤ᠂ ᠪᠥᠬᠥ᠌ ᠣᠷᠣᠨ ᠤ᠋ ᠵᠤᠷᠢᠭᠤᠳᠠ ᠵᠢᠨ ᠣᠶ ᠱᠢᠭᠤᠶ ᠨᠤᠲᠤᠭ ᠪᠡᠯᠴᠢᠭᠡᠷ ᠤ᠋ᠨ ᠭᠠᠯ ᠲᠦᠢᠮᠡᠷ ᠤ᠋ᠨ ᠠᠶᠤᠯ 《ᠡᠭᠦᠰᠭᠦ ᠥᠬᠡᠶ》 ᠪᠠᠢᠬᠤ ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号