ᠡᠨᠡ
ᠵᠢᠯ᠎ᠡᠴᠡ ᠡᠬᠢᠯᠡᠨ ᠮᠤᠵᠢ ᠬᠣᠲᠠ ᠰᠢᠶᠠᠨ ᠰᠢᠶᠠᠩ᠎ᠤᠨ ᠤᠳᠤᠷᠢᠳᠬᠤ ᠪᠠᠭ ᠵᠠᠯᠭᠠᠭ᠎ᠠ ᠪᠡᠷ ᠬᠤᠭᠤᠴᠠᠭ᠎ᠠ ᠰᠣᠯᠢᠬᠤ
ᠪᠣᠯᠤᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠬᠤ ᠲᠤᠬᠠᠶ ᠨᠠᠮ᠎ᠤᠨ ᠲᠥᠪ ᠬᠤᠷᠢᠶ᠎ᠠ
ᠵᠢᠨ ᠱᠠᠭᠠᠷᠳᠠᠯᠭ᠎ᠠ᠎ᠶᠢ ᠲᠤᠭᠤᠱᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠭᠤᠴᠠᠭ᠎ᠠ ᠰᠣᠯᠢᠬᠤ ᠠᠵᠢᠯ᠎ᠤᠨ ᠤᠷᠤᠭᠰᠢᠲᠠᠶ
ᠶᠠᠪᠤᠭᠳᠠᠬᠤ᠎ᠶᠢ ᠪᠠᠲᠤᠯᠠᠵᠤ᠂ ᠰᠤᠷᠳᠠᠯ ᠴᠢᠬᠡᠴᠢ ᠤᠪᠤᠷ ᠲᠥᠪ ᠬᠤᠭᠤᠴᠠᠭ᠎ᠠ ᠰᠣᠯᠢᠬᠤ ᠣᠷᠴᠢᠨ ᠨᠦᠬᠦᠴᠡᠯ᠎ᠢ ᠪᠣᠶ
ᠪᠣᠯᠭᠠᠬᠤ᠎ᠶᠢᠨ ᠲᠥᠯᠥᠭᠡ᠂ ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ
ᠵᠢᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠪᠠᠶ᠋ᠢᠭᠤᠯᠭ᠎ᠠ᠂ ᠳᠤᠮᠳᠠᠳᠤ ᠤᠯᠤᠰ᠎ᠤᠨ ᠡᠪ ᠬᠠᠮᠲᠤ᠌
ᠨᠠᠮ᠎ᠤᠨ ᠲᠥᠪ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ
ᠬᠠᠮᠲᠤᠷᠠᠨ 《ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ
ᠰᠤᠷᠲᠠᠯ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠬᠤ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ᠍ ᠲᠣᠪᠴᠢᠯᠠᠨ᠎ᠠ) ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ᠎ᠤᠨ ᠬᠢᠨ ᠬᠤᠭᠤᠴᠠᠭ᠎ᠠ ᠰᠣᠯᠢᠬᠤ ᠠᠵᠢᠯ᠎ᠤᠨ ᠳᠤᠮᠳᠠ ᠬᠢᠨᠠᠮᠠᠭᠠᠶ
ᠲᠤᠭᠤᠱᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ᠍ ᠱᠠᠭᠠᠷᠳᠠᠪᠠ᠃
《ᠮᠡᠳᠡᠭᠳᠡᠯ》 ᠳ᠋ᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ
ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠪᠠᠷᠢᠮᠲᠠᠯᠠᠵᠤ᠂ ᠦᠷᠭᠦᠯᠵᠢᠯᠡᠨ
ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠨ ᠢᠯᠵᠢᠷᠡᠯ᠎ᠢ ᠡᠰᠡᠷᠭᠦᠴᠡᠵᠦ᠍᠂ ᠥᠷᠭᠡᠨ ᠤᠯᠠᠨ ᠨᠠᠮ᠎ᠤᠨ
ᠭᠡᠰᠢᠭᠦᠨ ᠺᠠᠳ᠋ᠷ᠎ᠤᠨ ᠰᠠᠬᠢᠯᠭ᠎ᠠ ᠪᠠᠲᠤ᠌ ᠶᠣᠰᠣ ᠲᠦᠷᠢᠮ᠎ᠦᠨ ᠤᠬᠠᠮᠰᠠᠷ ᠲᠠᠰᠤᠷᠠᠯᠳᠡ ᠦᠭᠡᠢ ᠴᠢᠩᠭᠠᠷᠠᠵᠤ᠂
ᠬᠥᠮᠦᠨ ᠰᠣᠩᠭᠣᠵᠤ ᠬᠥᠮᠦᠨ ᠬᠡᠷᠡᠭᠯᠡᠬᠦ᠌ ᠪᠠᠶ᠋ᠢᠳᠠᠯ ᠪᠣᠯᠤᠨ ᠬᠡᠪ ᠰᠤᠷᠲᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂
ᠬᠤᠭᠤᠴᠠᠭ᠎ᠠ ᠰᠣᠯᠢᠬᠤ ᠬᠡᠪ ᠰᠤᠷᠲᠠᠯ᠎ᠢ ᠴᠢᠩᠳᠠᠯᠠᠬᠤ᠎ᠳᠤ ᠪᠠᠲᠤ᠌ ᠪᠡᠬᠢ ᠰᠠᠭᠤᠷᠢ ᠲᠠᠯᠪᠢᠵᠤ ᠥᠭᠴᠡᠢ᠃ ᠡᠭᠦᠨ᠎ᠦ
ᠬᠠᠮᠲᠤ᠌ ᠬᠥᠮᠦᠨ ᠰᠣᠩᠭᠣᠵᠤ ᠬᠥᠮᠦᠨ ᠬᠡᠷᠡᠭᠯᠡᠬᠦ᠌ ᠳᠤᠮᠳᠠᠬᠢ ᠢᠯᠵᠠᠷᠠᠯ᠎ᠤᠨ ᠦᠵᠡᠭᠳᠡᠯ ᠪᠠ ᠲᠥᠪ ᠪᠤᠰᠤ ᠰᠤᠷᠲᠠᠯ᠎ᠢ
ᠴᠠᠭᠠᠵᠠᠯᠠᠬᠰᠠᠨ ᠪᠤᠯᠪᠠᠴᠤ ᠲᠦᠢᠯᠪᠦᠷᠢᠳᠠᠢ ᠪᠤᠰᠤ ᠪᠠᠶ᠋ᠢᠵᠤ᠂ ᠵᠠᠷᠢᠮ ᠠᠰᠠᠭᠤᠳᠠᠯᠲᠠᠬᠢᠨ ᠡᠭᠦᠰᠭᠦ ᠠᠶᠤᠯ
ᠲᠦᠭᠰᠢᠭᠦᠷᠢ ᠣᠷᠣᠰᠢᠵᠤ᠂ ᠵᠠᠷᠢᠮ ᠠᠰᠠᠭᠤᠳᠠᠯ᠎ᠳᠤ ᠱᠠᠳᠤ ᠦᠶᠡᠴᠢ ᠴᠢᠨᠠᠷᠲᠠᠢ ᠰᠢᠨ᠎ᠡ ᠣᠨᠴᠠᠯᠢᠭ ᠢᠯᠡᠷᠡᠵᠦ᠍᠂
ᠬᠤᠭᠤᠴᠠᠭ᠎ᠠ ᠰᠣᠯᠢᠬᠤ᠎ᠶᠢ ᠬᠠᠷᠰᠢᠯᠠᠨ ᠡᠪᠳᠡᠬᠦ᠌ ᠭᠡᠮ ᠰᠤᠭᠤᠭ ᠬᠠᠷᠠᠬᠠᠨ ᠪᠦᠷᠢᠮᠦᠰᠦᠨ ᠠᠷᠢᠯᠤᠭᠠᠳᠤᠢ ᠪᠠᠶ᠋ᠢᠬᠤ᠎ᠶᠢ
ᠰᠡᠷᠭᠡᠭ᠎ᠢᠶᠡᠷ ᠲᠠᠨᠢᠵᠤ᠂ ᠡᠷᠬᠡᠪᠰᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠬᠦ᠌ ᠬᠡᠷᠡᠭᠲᠡᠢ
ᠭᠡᠵᠦ ᠵᠢᠭᠠᠵᠦ ᠭᠠᠷᠭᠠᠪᠠ᠃
《ᠮᠡᠳᠡᠭᠳᠡᠯ》 ᠳ᠋ᠤ 《ᠠᠷᠪᠠ ᠶᠢ ᠴᠢᠩᠭ᠎ᠠ ᠴᠠᠭᠠᠵᠠᠯᠠᠬᠤ》 ᠬᠤᠭᠤᠴᠠᠭ᠎ᠠ ᠰᠣᠯᠢᠬᠤ ᠰᠠᠬᠢᠯᠭ᠎ᠠ
ᠪᠠᠲᠤ᠎ᠶᠢᠨ ᠲᠣᠭᠲᠠᠭᠠᠯ᠎ᠢ ᠲᠤᠳᠤᠷᠬᠠᠢᠯᠠᠪᠠ᠂ ᠲᠤᠬᠠᠶ᠋ᠢᠯᠠᠪᠠᠯ᠄ ᠬᠤᠤᠪᠢᠯᠳᠤᠨ ᠰᠦᠯᠪᠡᠭᠡᠯᠡᠵᠤ ᠬᠤᠪᠢ᠎ᠶᠢᠨ ᠠᠰᠢᠭ ᠬᠥᠭᠡᠭᠡᠴᠡᠯᠳᠦᠬᠦ᠌᠂
ᠵᠢᠵᠢᠭ ᠪᠦᠯᠬᠦᠮ ᠪᠠᠶ᠋ᠢᠭᠤᠯᠬᠤ ᠶᠢ ᠴᠢᠩᠭ᠎ᠠ ᠴᠠᠭᠠᠵᠠᠯᠠᠨ᠎ᠠ᠂
ᠵᠠᠪᠰᠢᠨ ᠳᠠᠯᠢᠮᠳᠠᠭᠤᠯᠵᠤ᠂ ᠤᠯᠤᠰ ᠲᠥᠷᠥ᠎ᠶᠢᠨ ᠮᠡᠬᠡᠯᠡᠭᠴᠢ᠎ᠲᠡᠶ ᠨᠠᠶ᠋ᠢᠵᠠᠯᠠᠬᠤᠶᠢ ᠴᠢᠩᠭ᠎ᠠ ᠴᠠᠭᠠᠵᠠᠯᠠᠨ᠎ᠠ᠂
ᠰᠣᠩᠭᠣᠭᠤᠯᠢ᠎ᠶᠢᠨ ᠪᠢᠯᠸᠲ ᠲᠠᠲᠠᠵᠤ ᠬᠠᠬᠤᠤᠯᠢ᠎ᠳᠤ ᠰᠣᠩᠭᠣᠭᠤᠯᠢ ᠬᠢᠬᠦ᠌᠎ᠶᠢ ᠴᠢᠩᠭ᠎ᠠ ᠴᠠᠭᠠᠵᠠᠯᠠᠨ᠎ᠠ᠂ ᠨᠣᠶᠠᠨ
ᠵᠡᠷᠭᠡ ᠤᠯᠬᠤ᠎ᠪᠠᠷ ᠬᠥᠭᠡᠭᠡᠴᠡᠯᠳᠦᠬᠦ᠌᠂ ᠨᠣᠶᠠᠨ ᠵᠡᠷᠭᠡ ᠬᠤᠳᠠᠯᠳᠤᠭᠠᠯᠠᠬᠤ᠎ᠶᠢ ᠴᠢᠩᠭ᠎ᠠ ᠴᠠᠭᠠᠵᠠᠯᠠᠨ᠎ᠠ᠂
ᠲᠣᠭᠲᠠᠭᠠᠯ᠎ᠠᠴᠠ ᠵᠥᠷᠢᠴᠡᠨ ᠭᠠᠷ ᠲᠦᠷᠦᠬᠦ᠌᠂ ᠨᠠᠶ᠋ᠢᠷ ᠲᠠᠯ᠎ᠠ ᠬᠡᠯᠡᠵᠦ᠍ ᠤᠷᠢᠳᠴᠢᠯᠠᠨ ᠰᠠᠨᠠᠭᠤᠯᠬᠤ᠎ᠶᠢ ᠴᠢᠩᠭ᠎ᠠ
ᠴᠠᠭᠠᠵᠠᠯᠠᠨ᠎ᠠ᠂ ᠬᠤᠪᠢ ᠬᠥᠮᠦᠨ᠎ᠦ ᠬᠡᠯᠡᠭᠰᠡᠨ᠎ᠢᠶᠡᠷ ᠲᠣᠭᠲᠠᠭᠠᠬᠤ᠎ᠶᠢ ᠴᠢᠩᠭ᠎ᠠ ᠴᠠᠭᠠᠵᠠᠯᠠᠨ᠎ᠠ᠂ 《ᠠᠰᠠᠭᠤᠳᠠᠯ᠎ᠲᠠᠶ ᠪᠠᠶ᠋ᠢᠲᠠᠯ᠎ᠠ
ᠨᠡᠷ᠎ᠡ ᠳᠤᠷᠠᠳᠬᠤ》᠂ 《ᠠᠰᠠᠭᠤᠳᠠᠯ᠎ᠲᠠᠶ
ᠪᠠᠶ᠋ᠢᠲᠠᠯ᠎ᠠ ᠰᠢᠯᠢᠨ ᠳᠡᠪᠰᠢᠭᠦᠯᠬᠦ᠌》 ᠵᠢ ᠴᠢᠩᠭ᠎ᠠ ᠴᠠᠭᠠᠵᠠᠯᠠᠨ᠎ᠠ᠂
ᠲᠣᠭᠲᠠᠭᠠᠯ᠎ᠠᠴᠠ ᠵᠥᠷᠢᠴᠡᠨ ᠬᠥᠮᠦᠨ ᠬᠡᠷᠡᠭᠯᠡᠬᠦ᠌᠎ᠶᠢ ᠴᠢᠩᠭ᠎ᠠ ᠴᠠᠭᠠᠵᠠᠯᠠᠨ᠎ᠠ᠂ ᠬᠤᠳᠠᠯ ᠬᠡᠯᠡᠵᠦ᠍ ᠬᠠᠭᠤᠷᠮᠠᠭᠯᠠᠨ
ᠵᠣᠬᠢᠶᠠᠬᠤ᠂ ᠮᠡᠳᠡᠭᠡ ᠵᠠᠩᠬᠢ᠎ᠶᠢ ᠵᠠᠳᠠᠷᠠᠭᠤᠯᠬᠤ ᠵᠢ ᠴᠢᠩᠭ᠎ᠠ ᠴᠠᠭᠠᠵᠠᠯᠠᠨ᠎ᠠ᠂ ᠬᠤᠭᠤᠴᠠᠭ᠎ᠠ ᠰᠣᠯᠢᠬᠤ᠎ᠶᠢ
ᠬᠠᠷᠰᠢᠯᠠᠬᠤ᠎ᠶᠢ ᠴᠢᠩᠭ᠎ᠠ ᠴᠠᠭᠠᠵᠠᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠶᠢᠨ ᠲᠣᠭᠲᠠᠭᠠᠯ᠎ᠠᠴᠠ
ᠵᠥᠷᠢᠴᠡᠭᠰᠡᠳ᠎ᠢ ᠴᠥᠮ ᠲᠦᠷᠢᠮ ᠲᠣᠭᠲᠠᠭᠠᠯ ᠰᠠᠬᠢᠯᠭ᠎ᠠ ᠪᠠᠲᠤ᠌ ᠬᠠᠤᠯᠢ ᠴᠠᠭᠠᠵᠠ ᠶᠣᠰᠣᠭᠠᠷ ᠴᠢᠩᠭ᠎ᠠ ᠰᠢ᠌ᠳᠪᠦᠷᠢᠯᠡᠨᠡ᠃
《ᠮᠡᠳᠡᠭᠳᠡᠯ》 ᠳ᠋ᠤ᠂ ᠦᠵᠡᠯ ᠰᠠᠨᠠᠭᠠᠨ᠎ᠤ ᠵᠢᠯᠤᠭᠤᠳᠤᠯᠭ᠎ᠠ᠎ᠪᠠᠨ ᠴᠢᠩᠭᠠᠷᠠᠭᠤᠯᠵᠤ᠂ ᠤᠷᠢᠳ ᠵᠢᠡᠷ ᠰᠤᠷᠭᠠᠨ
ᠬᠥᠮᠦᠵᠢᠭᠦᠯᠭᠦ ᠤᠷᠢᠳ ᠵᠢᠡᠷ ᠰᠡᠷᠡᠮᠵᠢᠯᠡᠭᠦᠯᠬᠦ᠌ ᠤᠷᠢᠳ ᠵᠢᠡᠷ ᠰᠡᠷᠭᠡᠢᠯᠡᠭᠦᠯᠬᠦ ᠬᠡᠷᠡᠭᠲᠡᠢ᠃ ᠰᠤᠷᠤᠯᠴᠠᠯᠭ᠎ᠠ
ᠬᠥᠮᠦᠵᠢᠯ᠎ᠢ ᠨᠠᠷᠢᠨ ᠬᠢᠨᠠᠮᠠᠭᠠᠢ ᠰᠠᠶ᠋ᠢᠲᠤᠷ ᠠᠳᠬᠤᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ
ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ᠎ᠢᠶᠡᠨ ᠨᠢᠭᠡᠳᠬᠡᠨ ᠰᠦᠭ
ᠰᠦᠨᠡᠰᠦᠱᠤᠭᠤᠬᠤᠶᠢ ᠴᠥᠬᠥᠷᠡᠰᠢ ᠦᠭᠡᠢ ᠪᠠᠷᠢᠮᠲᠠᠯᠠᠵᠤ᠂ ᠨᠠᠮ᠎ᠤᠨ ᠳᠣᠲᠣᠭᠠᠳᠤ᠎ᠶᠢᠨ ᠲᠥᠪᠯᠡᠷᠡᠩᠭᠦᠢ ᠬᠥᠮᠦᠵᠢᠯ᠎ᠦᠨ
ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠍᠂ ᠨᠠᠮ᠎ᠤᠨ ᠭᠡᠰᠢᠭᠦᠨ ᠺᠠᠳ᠋ᠷ ᠪᠣᠯᠤᠨ ᠲᠥᠯᠥᠭᠡᠯᠡᠭᠴᠢ
ᠭᠡᠰᠢᠭᠦᠳ᠎ᠤᠨ 《ᠬᠣᠶᠠᠷ᠎ᠢ ᠲᠣᠭᠲᠠᠭᠠᠬᠰᠠᠨ》᠎ᠤ ᠰᠢ᠌ᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠤᠢ᠌ᠯᠠᠭᠠᠵᠦ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂
ᠠᠷᠠᠳᠴᠢᠯᠠᠯ᠎ᠤᠨ ᠡᠷᠬᠡ᠎ᠪᠠᠨ ᠵᠥᠪ ᠬᠡᠷᠡᠭᠵᠢᠭᠦᠯᠬᠦ᠌ ᠵᠢ ᠬᠦᠳᠦᠯᠦᠨ ᠵᠢᠯᠤᠭᠤᠳᠬᠤ ᠬᠡᠷᠡᠭᠳᠡᠢ᠃ ᠰᠡᠳᠬᠢᠯ᠎ᠦᠨ
ᠦᠭᠡ᠎ᠪᠡᠨ ᠶᠠᠷᠢᠯᠴᠠᠬᠤ᠎ᠶᠢ ᠭᠦᠨᠵᠡᠭᠡᠢ ᠥᠷᠨᠢᠭᠦᠯᠵᠦ᠍᠂ ᠨᠠᠮ᠎ᠤᠨ ᠬᠣᠷᠢᠶᠠᠨ᠎ᠤ ᠱᠦᠵᠢ ᠪᠣᠯᠤᠨ ᠰᠠᠬᠢᠯᠭ᠎ᠠ ᠪᠠᠲᠤ᠌
ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠦᠨ ᠭᠣᠣᠯ
ᠬᠠᠷᠢᠭᠤᠴᠠᠯᠭᠠᠲᠠᠨ ᠨᠥᠬᠥᠳ ᠭᠣᠣᠯᠳᠠᠯᠭ᠎ᠠ᠎ᠲᠠᠶ ᠠᠵᠢᠯ᠎ᠤᠨ ᠪᠠᠶ᠋ᠢᠷᠢ᠎ᠶᠢᠨ ᠺᠠᠳ᠋ᠷ ᠪᠣᠯᠤᠨ ᠬᠣᠯᠪᠣᠭᠳᠠᠯ ᠪᠦᠬᠦᠢ
ᠬᠥᠮᠦᠰ᠎ᠲᠡᠶ ᠲᠤᠰᠬᠠᠢ ᠰᠡᠳᠦᠪ᠎ᠢᠶᠡᠷ ᠰᠡᠳᠬᠢᠯ᠎ᠦᠨ ᠦᠭᠡ᠎ᠪᠡᠨ ᠶᠠᠷᠢᠯᠴᠠᠵᠤ᠂ ᠬᠤᠭᠤᠴᠠᠭ᠎ᠠ ᠰᠣᠯᠢᠬᠤ ᠰᠠᠬᠢᠯᠭ᠎ᠠ
ᠪᠠᠲᠤ᠎ᠶᠢ ᠲᠦᠷᠦᠭᠦᠯᠡᠨ ᠰᠠᠬᠢᠬᠤ᠎ᠶᠢ ᠲᠡᠳᠡᠨ᠎ᠳᠦ ᠰᠠᠨᠠᠭᠤᠯᠬᠤ ᠬᠡᠷᠡᠭᠲᠡᠢ᠃ ᠰᠡᠷᠡᠮᠵᠢᠯᠡᠭᠦᠯᠬᠦ᠌ ᠬᠥᠮᠦᠵᠢᠯ᠎ᠦᠨ
ᠡᠷᠴᠢᠮ᠎ᠢᠶᠡᠨ ᠴᠢᠩᠭᠠᠷᠠᠭᠤᠯᠵᠤ᠂ ᠰᠠᠬᠢᠯᠭ᠎ᠠ ᠪᠠᠲᠤ᠌ ᠬᠠᠤᠯᠢ ᠴᠠᠭᠠᠵᠠ ᠡᠴᠡ ᠵᠥᠷᠢᠴᠡᠭᠰᠡᠨ ᠨᠡᠶ᠋ᠢᠲᠡᠯᠢᠭ ᠬᠡᠷᠡᠭ᠎ᠦᠨ
ᠵᠢᠱ᠌ᠢᠢ᠎ᠡ᠎ᠶᠢ ᠰᠠᠶ᠋ᠢᠲᠤᠷ ᠠᠰᠢᠭᠯᠠᠨ ᠰᠡᠷᠡᠮᠵᠢᠯᠡᠭᠦᠯᠬᠦ᠌ ᠬᠥᠮᠦᠵᠢᠯ ᠥᠷᠨᠢᠭᠦᠯᠬᠦ᠌᠎ᠶᠢ ᠠᠩᠬᠠᠷᠴᠤ᠌᠂ ᠨᠠᠮ᠎ᠤᠨ
ᠭᠡᠰᠢᠭᠦᠨ ᠺᠠᠳ᠋ᠷ ᠪᠣᠯᠤᠨ ᠬᠣᠯᠪᠣᠭᠳᠠᠯ ᠪᠦᠬᠦᠢ ᠬᠥᠮᠦᠰ᠎ᠦᠨ ᠭᠦᠨᠵᠡᠭᠡᠢ ᠰᠤᠷᠭᠠᠮᠵᠢ ᠠᠪᠬᠤ᠎ᠶᠢ ᠱᠠᠯᠠᠪᠳᠠᠭᠤᠯᠤᠨ
ᠱᠠᠭᠠᠷᠳᠠᠵᠤ᠂ ᠨᠢᠭᠡ᠎ᠡᠴᠡ ᠨᠦᠬᠦᠭᠡ᠎ᠶᠢ ᠵᠦᠢᠴᠢᠯᠡᠨ ᠮᠡᠳᠡᠵᠤ᠂ ᠰᠡᠷᠡᠮᠵᠢ᠎ᠶᠢᠨ ᠬᠤᠩᠬᠤ ᠶᠢ ᠪᠠᠶ᠋ᠢᠩᠭᠤ ᠳᠤᠤᠭᠠᠷᠭᠠᠬᠤ
ᠭᠡᠷᠡᠭᠳᠠᠢ ᠭᠡᠵᠦ ᠴᠢᠬᠤᠯᠠᠴᠢᠯᠠᠪᠠ᠃
《ᠮᠡᠳᠡᠭᠳᠡᠯ》 ᠳ᠋ᠤ᠂ ᠬᠢᠨᠠᠯᠲᠠ ᠲᠠᠯᠪᠢᠵᠤ ᠪᠠᠶ᠋ᠢᠴᠠᠭᠠᠨ ᠰᠢ᠌ᠳᠪᠦᠷᠢᠯᠡᠬᠦ ᠵᠢ ᠴᠢᠩᠳᠠᠯᠠᠵᠤ᠂ ᠲᠥᠪ ᠪᠤᠰᠤ
ᠰᠤᠷᠲᠠᠯ᠎ᠢ ᠴᠡᠭᠴᠡᠯᠡᠨ ᠵᠠᠰᠠᠬᠤ ᠦᠨᠳᠦᠷ ᠲᠠᠷᠤᠯᠳᠠᠳᠤ ᠪᠠᠶ᠋ᠢᠳᠠᠯ᠎ᠢ ᠢᠮᠠᠭᠲᠠ ᠪᠠᠲᠤᠯᠠᠬᠤ ᠬᠡᠷᠡᠭᠲᠡᠢ᠃ ᠭᠤᠤᠯᠳᠠᠯᠭ᠎ᠠ᠎ᠶᠢ
ᠳᠣᠪᠣᠶ᠋ᠢᠯᠭᠠᠨ ᠬᠢᠨᠠᠯᠲᠠ ᠲᠠᠯᠪᠢᠵᠤ ᠪᠠᠶ᠋ᠢᠴᠠᠭᠠᠬᠤ ᠵᠢ ᠴᠢᠩᠭᠠᠳᠬᠠᠵᠤ᠂ ᠲᠣᠭᠣᠷᠢᠨ ᠪᠠᠶ᠋ᠢᠴᠠᠭᠠᠬᠤ ᠴᠠᠭᠳᠠᠨ
ᠪᠠᠶ᠋ᠢᠴᠠᠭᠠᠬᠤ᠂ ᠬᠥᠮᠦᠨ ᠰᠣᠩᠭᠣᠵᠤ ᠬᠥᠮᠦᠨ ᠬᠡᠷᠡᠭᠯᠡᠬᠦ᠌ ᠲᠤᠰᠬᠠᠶ ᠪᠠᠶ᠋ᠢᠴᠠᠭᠠᠯᠲᠠ ᠵᠡᠷᠭᠡ ᠦᠷ᠎ᠡ ᠪᠦᠲᠦᠭᠡᠯ᠎ᠢ
ᠰᠠᠶ᠋ᠢᠲᠤᠷ ᠬᠡᠷᠡᠭᠯᠡᠵᠦ᠍᠂ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠬᠤ᠎ᠶᠢ ᠴᠢᠬᠤᠯᠠᠴᠢᠯᠠᠨ ᠴᠢᠩᠭᠠᠳᠬᠠᠵᠤ᠂
ᠠᠶᠤᠯ ᠲᠦᠭᠰᠢᠭᠦᠷᠢ᠎ᠶᠢ ᠵᠢᠭᠰᠠᠭᠠᠨ ᠪᠠᠶ᠋ᠢᠴᠠᠭᠠᠬᠤ ᠠᠵᠢᠯ᠎ᠢ ᠪᠥᠬᠥ᠌ ᠲᠠᠯ᠎ᠠ᠎ᠪᠠᠷ ᠭᠦᠨᠵᠡᠭᠡᠶ ᠬᠢᠬᠦ᠌ ᠬᠡᠷᠡᠭᠲᠡᠶ᠃
ᠰᠠᠬᠢᠯᠭ᠎ᠠ ᠪᠠᠲᠤ᠎ᠶᠢ ᠵᠤᠷᠢᠭᠤᠳᠠ ᠵᠥᠷᠢᠴᠡᠵᠦ᠍᠂ ᠭᠡᠨᠡᠨ᠎ᠢᠶᠡᠷ ᠵᠠᠮᠨᠠᠵᠤ᠂ ᠬᠣᠷᠢᠭ᠎ᠠ ᠱᠤᠭᠤᠮ᠎ᠢ ᠲᠠᠪᠠᠬᠤ
ᠣᠨᠴᠠ ᠵᠠᠷᠢᠮ ᠴᠤᠬᠤᠶ᠋ᠢᠯᠲᠠ ᠪᠠ ᠬᠡᠯᠪᠡᠷᠢᠯ᠎ᠢ ᠡᠷᠲᠡᠬᠡᠨ ᠢᠯᠡᠷᠡᠭᠦᠯᠵᠦ᠍᠂ ᠴᠠᠭ ᠲᠤᠬᠠᠢᠳᠤᠨᠢ ᠰᠢ᠌ᠳᠪᠦᠷᠢᠯᠡᠬᠦ᠌
ᠬᠡᠷᠡᠭᠲᠡᠢ᠃ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠬᠤᠭᠤᠴᠠᠭ᠎ᠠ ᠰᠣᠯᠢᠬᠤ ᠬᠡᠪ
ᠰᠤᠷᠲᠠᠯ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠡᠯ᠎ᠡ ᠱᠠᠲᠤᠨ᠎ᠤ ᠵᠣᠬᠢᠶᠠᠨ ᠪᠠᠶ᠋ᠢᠭᠤᠯᠬᠤ ᠰᠠᠯᠠᠭ᠎ᠠ
ᠮᠥᠴᠢᠷ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ ᠵᠡᠷᠭᠡ᠎ᠲᠡᠶ ᠬᠠᠮᠲᠤᠷᠠᠨ
ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠲᠣᠭᠣᠷᠢᠨ ᠱᠠᠯᠠᠪᠳᠠᠭᠤᠯᠤᠨ ᠪᠠᠶ᠋ᠢᠴᠠᠭᠠᠯᠲᠠ ᠥᠷᠨᠢᠭᠦᠯᠬᠦ᠌ ᠬᠡᠷᠡᠭᠲᠡᠶ᠃
ᠶᠡᠬᠡ ᠬᠤᠷᠠᠯ᠎ᠤᠨ ᠰᠣᠩᠭᠣᠭᠤᠯᠢ᠎ᠶᠢᠨ ᠬᠤᠭᠤᠴᠠᠭᠠᠨ᠎ᠳᠤ᠂ ᠳᠡᠭᠡᠳᠦ ᠱᠠᠲᠤᠨ᠎ᠠᠴᠠ ᠱᠠᠯᠠᠪᠳᠠᠭᠤᠯᠤᠨ ᠵᠢᠯᠣᠭᠣᠳᠬᠤ
ᠳᠤᠭᠤᠶ᠋ᠢᠯᠠᠩ ᠲᠣᠮᠢᠯᠠᠨ ᠰᠠᠭᠤᠯᠭᠠᠵᠤ᠂ ᠬᠤᠭᠤᠴᠠᠭ᠎ᠠ ᠰᠣᠯᠢᠬᠤ ᠰᠣᠩᠭᠣᠭᠤᠯᠢ ᠪᠣᠯᠤᠨ ᠬᠤᠷᠠᠯ᠎ᠤᠨ ᠰᠤᠷᠲᠠᠯ ᠬᠤᠷᠠᠯ᠎ᠤᠨ
ᠰᠠᠬᠢᠯᠭ᠎ᠠ᠎ᠶᠢ ᠲᠤᠬᠠᠢ᠎ᠶᠢᠨ ᠲᠠᠯᠠᠪᠠᠢ᠎ᠳᠤ ᠱᠠᠯᠠᠪᠳᠠᠭᠤᠯᠤᠨ ᠵᠢᠯᠣᠭᠣᠳᠬᠤ ᠬᠡᠷᠡᠭᠲᠡᠢ᠃ ᠣᠯᠠᠨ ᠲᠦᠮᠡᠨ᠎ᠦ ᠬᠢᠨᠠᠯᠲᠠ
ᠲᠠᠯᠪᠢᠬᠤ ᠦᠢᠯᠡᠳᠦᠯ᠎ᠢ ᠪᠦᠲᠦᠮᠵᠢᠲᠡᠶ ᠪᠠᠳᠠᠷᠠᠭᠤᠯᠵᠤ᠂ 《12380》᠂ 《12388》 ᠵᠡᠷᠭᠡ ᠢᠯᠡᠴᠢᠯᠡᠨ ᠮᠡᠳᠡᠭᠦᠯᠬᠦ᠌ ᠲᠠᠪᠴᠠᠩ ᠪᠣᠯᠤᠨ ᠵᠠᠬᠢᠳᠠᠯ ᠰᠤᠷᠪᠤᠯᠵᠢᠯᠠᠯ᠂ ᠰᠦᠯᠵᠢᠶ᠎ᠡ
ᠵᠡᠷᠭᠡ ᠠᠷᠭ᠎ᠠ ᠵᠠᠮ᠎ᠢ ᠰᠠᠶ᠋ᠢᠲᠤᠷ ᠬᠡᠷᠡᠭᠯᠡᠵᠦ᠍᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠠᠴᠠ ᠵᠥᠷᠢᠴᠡᠭᠰᠡᠨ
ᠠᠰᠠᠭᠤᠳᠠᠯ᠎ᠢ ᠲᠤᠰᠬᠠᠭᠰᠠᠨ ᠢᠯᠡᠴᠢᠯᠡᠨ ᠮᠡᠳᠡᠭᠦᠯᠦᠯᠳᠡ ᠵᠢ ᠴᠠᠭ ᠲᠤᠬᠠᠶ᠎ᠳᠤᠨᠢ ᠬᠦᠯᠢᠶᠡᠨ ᠠᠪᠴᠤ᠌᠂ ᠡᠩ ᠲᠡᠷᠢᠭᠦᠨ᠎ᠳᠦ
ᠰᠢᠢᠳᠪᠦᠷᠢᠯᠡᠬᠦ ᠬᠡᠷᠡᠭᠳᠡᠢ᠃ ᠲᠦᠷᠢᠮ ᠲᠣᠭᠲᠠᠭᠠᠯ ᠰᠠᠬᠢᠯᠭ᠎ᠠ ᠪᠠᠲᠤ᠌ ᠬᠠᠤᠯᠢ ᠴᠠᠭᠠᠵᠠ᠎ᠠᠴᠠ ᠵᠥᠷᠢᠴᠡᠭᠰᠡᠨ
ᠠᠰᠠᠭᠤᠳᠠᠯ᠎ᠢ ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠤᠬᠳᠤ ᠠᠭᠤᠴᠢᠯᠠᠬᠤ ᠦᠭᠡᠢ ᠪᠠᠶ᠋ᠢᠬᠤ᠎ᠶᠢ ᠪᠠᠷᠢᠮᠲᠠᠯᠠᠵᠤ᠂
ᠬᠤᠭᠤᠴᠠᠭ᠎ᠠ ᠰᠣᠯᠢᠬᠤ ᠰᠠᠬᠢᠯᠭ᠎ᠠ ᠪᠠᠲᠤ᠎ᠡᠴᠡ ᠵᠥᠷᠢᠴᠡᠭᠰᠡᠨ᠂ ᠬᠤᠭᠤᠴᠠᠭ᠎ᠠ ᠰᠣᠯᠢᠬᠤ ᠬᠡᠪ ᠰᠤᠷᠲᠠᠯ᠎ᠢ ᠡᠪᠳᠡᠭᠰᠡᠨ
ᠠᠵᠢᠯᠯᠠᠭ᠎ᠠ ᠴᠤᠬᠤᠢᠮᠠᠬᠴᠠ ᠴᠣᠬᠢᠯᠲᠠ ᠥᠭᠴᠦ᠍᠂ ᠲᠦᠷᠢᠮ ᠲᠣᠭᠲᠠᠭᠠᠯ ᠰᠠᠬᠢᠯᠭ᠎ᠠ ᠪᠠᠲᠤ᠌ ᠬᠠᠤᠯᠢ ᠴᠠᠭᠠᠵᠠ ᠶᠣᠰᠣᠭᠠᠷ
ᠴᠢᠩᠭ᠎ᠠ ᠪᠠᠶ᠋ᠢᠴᠠᠭᠠᠨ ᠰᠢ᠌ᠳᠪᠦᠷᠢᠯᠡᠵᠦ᠍᠂ ᠲᠥᠪ ᠴᠢᠩᠭ᠎ᠠ᠎ᠪᠠᠷ ᠵᠠᠷᠯᠠᠨ ᠨᠡᠶ᠋ᠢᠲᠡᠯᠡᠵᠦ᠍ ᠬᠠᠷᠢᠭᠤᠴᠠᠯᠭ᠎ᠠ
ᠨᠡᠬᠡᠮᠵᠢᠯᠡᠬᠦ ᠬᠡᠷᠡᠭᠳᠡᠢ᠃ ᠭᠦᠳᠬᠡᠨ ᠵᠠᠭᠠᠯᠳᠤᠵᠤ ᠬᠤᠤᠷᠯᠠᠬᠤ᠂ ᠮᠠᠭᠤ ᠰᠠᠨᠠᠭ᠎ᠠ᠎ᠲᠠᠶ᠎ᠪᠠᠷ ᠢᠯᠡᠴᠢᠯᠡᠨ ᠮᠡᠳᠡᠭᠦᠯᠬᠦ᠌
ᠵᠡᠷᠭᠡ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠍᠂ ᠦᠨᠡᠨ ᠪᠤᠳᠠᠳᠠᠢ ᠪᠢᠰᠢ ᠢᠯᠡᠴᠢᠯᠡᠨ ᠮᠡᠳᠡᠭᠦᠯᠦᠯᠲᠡ᠎ᠡᠴᠡ
ᠪᠣᠯᠵᠣ ᠨᠢᠭᠡᠨᠲᠡ ᠮᠠᠭᠤ ᠨᠥᠯᠥᠭᠡ ᠪᠤᠯᠤᠭᠰᠠᠨ ᠪᠤᠶᠤ ᠮᠠᠭᠤ ᠨᠥᠯᠥᠭᠡ ᠦᠵᠡᠭᠦᠯᠵᠦ᠍ ᠮᠡᠳᠡᠬᠦ᠌ ᠪᠠᠢᠳᠠᠯ᠎ᠳᠦ᠂
ᠦᠨᠡᠨ ᠪᠠᠢᠳᠠᠯ᠎ᠢ ᠨᠢ ᠦᠨᠡᠨ ᠬᠦ᠌ ᠲᠣᠳᠣᠷᠬᠠᠶ᠋ᠢᠯᠠᠬᠤ ᠴᠢᠬᠤᠯᠠᠲᠠᠶ ᠪᠠᠶ᠋ᠢᠪᠠᠯ᠂ ᠵᠣᠬᠢᠰᠲᠠᠶ ᠠᠷᠭ᠎ᠠ ᠮᠠᠶᠢᠭ
ᠠᠪᠴᠤ᠌ ᠪᠠᠶ᠋ᠢᠭᠠᠳ ᠲᠣᠳᠣᠷᠬᠠᠶ᠋ᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃
《ᠮᠡᠳᠡᠭᠳᠡᠯ》᠎ᠳ᠋ᠤ᠂ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ᠎ᠳᠤ
ᠬᠢᠨᠠᠯᠲᠠ ᠲᠠᠯᠪᠢᠬᠤ ᠠᠵᠢᠯ᠎ᠤᠨ ᠬᠠᠷᠢᠭᠤᠴᠠᠯᠭ᠎ᠠ᠎ᠶᠢ ᠴᠢᠩᠭᠠᠳᠬᠠᠨ ᠪᠣᠳᠠᠲᠠᠶ᠋ᠢᠵᠢᠭᠤᠯᠬᠤ ᠬᠡᠷᠡᠭᠲᠡᠶ᠃ ᠣᠷᠣᠨ
ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠭᠦᠢᠴᠡᠳᠬᠡᠬᠦ᠌᠎ᠳᠦ᠂
ᠬᠤᠭᠤᠴᠠᠭ᠎ᠠ ᠰᠣᠯᠢᠬᠤ ᠬᠡᠪ ᠰᠤᠷᠲᠠᠯ᠎ᠳᠤ ᠬᠢᠨᠠᠯᠲᠠ ᠲᠠᠯᠪᠢᠬᠤ᠎ᠶᠢ ᠰᠠᠶ᠋ᠢᠲᠤᠷ ᠠᠳᠬᠤᠬᠤ᠎ᠶᠢ ᠪᠦᠬᠦ᠌ ᠲᠠᠯ᠎ᠠ᠎ᠪᠠᠷ
ᠨᠠᠮ᠎ᠢ ᠴᠢᠩᠭ᠎ᠠ ᠵᠠᠰᠠᠬᠤ᠎ᠶᠢ ᠠᠬᠢᠭᠤᠯᠬᠤ᠂ ᠤᠯᠤᠰ ᠲᠦᠷᠦ᠎ᠶᠢᠨ ᠠᠮᠢ ᠠᠬᠤᠢ᠎ᠶᠢ ᠴᠡᠪᠡᠷᠰᠢᠭᠦᠯᠬᠦ᠌᠎ᠶᠢᠨ ᠴᠢᠬᠤᠯᠠ
ᠠᠭᠤᠯᠭ᠎ᠠ ᠪᠣᠯᠭᠠᠵᠤ᠂ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠬᠦ᠌ ᠪᠠᠨ ᠦᠨᠡᠨ ᠬᠦ᠌ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ᠎ᠯᠤᠭ᠎ᠠ
ᠵᠡᠷᠭᠡ ᠪᠡᠷ ᠲᠥᠯᠥᠪᠵᠢᠭᠦᠯᠦᠨ᠂ ᠵᠡᠷᠭᠡ᠎ᠪᠡᠷ ᠪᠠᠶ᠋ᠢᠷᠢᠯᠠᠭᠤᠯᠦᠨ᠂ ᠵᠡᠷᠭᠡ᠎ᠪᠡᠷ ᠨᠠᠶ᠋ᠢᠳᠠᠪᠤᠷᠢᠵᠢᠭᠤᠯᠵᠤ᠂ ᠨᠢᠭᠡ ᠱᠠᠳᠤ ᠨᠢ ᠨᠢᠭᠡ
ᠱᠠᠳᠤ ᠪᠠᠨ ᠠᠳᠬᠤᠵᠤ᠂ ᠱᠠᠳᠤ ᠱᠠᠳᠤ᠎ᠪᠠᠷ ᠨᠠᠶ᠋ᠢᠳᠠᠪᠤᠷᠢᠵᠢᠭᠤᠯᠤᠯᠲᠠ᠎ᠶᠢ ᠠᠳᠬᠤᠬᠤ ᠠᠵᠢᠯ᠎ᠤᠨ ᠲᠣᠭᠲᠠᠴᠠ ᠪᠦᠷᠢᠯᠳᠦᠭᠦᠯᠬᠦ᠌
ᠵᠢ ᠠᠬᠢᠭᠤᠯᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠲᠤᠰ ᠲᠤᠰ᠎ᠤᠨ ᠬᠠᠷᠢᠭᠤᠴᠠᠯᠭ᠎ᠠ᠎ᠪᠠᠨ
ᠡᠭᠦᠷᠭᠡᠯᠡᠵᠦ᠍᠂ ᠨᠢᠭᠲᠠ ᠬᠠᠮᠵᠢᠯᠴᠠᠨ᠂ ᠬᠠᠮᠳᠤᠷᠠᠯ ᠬᠦᠴᠦᠨ᠎ᠢᠶᠡᠨ ᠴᠢᠩᠭᠠᠷᠠᠭᠤᠯᠬᠤ ᠬᠡᠷᠡᠭᠲᠡᠶ᠃ ᠬᠤᠭᠤᠴᠠᠭ᠎ᠠ
ᠰᠣᠯᠢᠬᠤ ᠬᠡᠪ ᠰᠤᠷᠲᠠᠯ᠎ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠤᠨ ᠨᠠᠮ᠎ᠢ ᠬᠠᠮᠢᠶᠠᠷᠴᠤ᠌ ᠨᠠᠮ᠎ᠢ
ᠵᠠᠰᠠᠬᠤ ᠬᠠᠷᠢᠭᠤᠴᠠᠯᠭ᠎ᠠ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠦᠨᠡᠯᠡᠬᠦ᠌ ᠴᠢᠬᠤᠯᠠ ᠠᠭᠤᠯᠭ᠎ᠠ ᠪᠣᠯᠭᠠᠵᠤ᠂
ᠲᠤᠰᠢᠶᠠᠯ ᠬᠠᠷᠢᠭᠤᠴᠠᠯᠭ᠎ᠠ ᠪᠠᠨ ᠰᠠᠶ᠋ᠢᠲᠤᠷ ᠭᠦᠢᠴᠡᠳᠬᠡᠭᠰᠡᠨ ᠦᠭᠡᠢ᠎ᠡᠴᠡ ᠪᠤᠯᠵᠤ ᠲᠤᠰ ᠭᠠᠵᠠᠷ ᠣᠷᠣᠨ᠎ᠤ ᠬᠤᠭᠤᠴᠠᠭ᠎ᠠ
ᠰᠣᠯᠢᠬᠤ ᠬᠡᠪ ᠰᠤᠷᠲᠠᠯ ᠲᠥᠪ ᠪᠤᠰᠤ᠂ ᠰᠠᠬᠢᠯᠭ᠎ᠠ ᠪᠠᠲᠤ᠌ ᠰᠤᠯᠠ ᠵᠠᠳᠠᠭᠠᠢ ᠪᠤᠯᠵᠤ᠂ ᠮᠠᠭᠤ ᠨᠥᠯᠥᠭᠡ ᠭᠠᠷᠭᠠᠭᠰᠠᠨ
ᠪᠠᠶ᠋ᠢᠪᠠᠯ᠂ ᠬᠣᠯᠪᠣᠭᠳᠠᠯ ᠪᠦᠬᠦᠢ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠬᠣᠯᠪᠣᠭᠳᠠᠯ ᠪᠦᠬᠦᠢ ᠬᠥᠮᠦᠰ᠎ᠦᠨ
ᠬᠠᠷᠢᠭᠤᠴᠠᠯᠭ᠎ᠠ᠎ᠶᠢ ᠴᠢᠩᠭ᠎ᠠ ᠨᠡᠬᠡᠮᠵᠢᠯᠡᠬᠦ᠌ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠣᠭᠤᠯᠢ ᠳᠤᠮᠳᠠᠬᠢ
ᠲᠦᠷᠢᠮ ᠲᠣᠭᠲᠠᠭᠠᠯ ᠰᠠᠬᠢᠯᠭ᠎ᠠ ᠪᠠᠲᠤ᠎ᠠᠴᠠ ᠵᠥᠷᠢᠴᠡᠭᠰᠡᠨ ᠠᠰᠠᠭᠤᠳᠠᠯ᠎ᠢ ᠢᠯᠡᠷᠡᠭᠦᠯᠬᠦ᠌ ᠶᠣᠰᠣᠲᠠᠢ ᠪᠠᠶ᠋ᠢᠲᠠᠯ᠎ᠠ
ᠢᠯᠡᠷᠡᠭᠦᠯᠦᠭᠰᠡᠨ ᠦᠭᠡᠢ᠂ ᠢᠯᠡᠷᠡᠭᠦᠯᠦᠭᠰᠡᠨ ᠪᠠᠶ᠋ᠢᠲᠠᠯ᠎ᠠ ᠮᠡᠳᠡᠭᠦᠯᠦᠭᠰᠡᠨ ᠦᠭᠡᠢ᠂ ᠰᠢ᠌ᠳᠪᠦᠷᠢᠯᠡᠭᠰᠡᠨ ᠦᠭᠡᠢ
ᠪᠠᠶ᠋ᠢᠪᠠᠯ᠂ ᠭᠤᠤᠯ ᠴᠣᠭᠴᠠ᠎ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠨᠡᠬᠡᠮᠵᠢᠯᠡᠬᠦ᠌
ᠮᠥᠷᠲᠡᠭᠡᠨ ᠪᠠᠰᠠ ᠳᠡᠭᠡᠳᠦ ᠨᠢᠭᠡ ᠱᠠᠲᠤᠨ᠎ᠤ ᠤᠳᠤᠷᠢᠳᠤᠯᠭ᠎ᠠ᠎ᠶᠢᠨ ᠬᠠᠷᠢᠭᠤᠴᠠᠯᠭ᠎ᠠ᠂ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ ᠭᠡᠵᠦ ᠴᠢᠬᠤᠯᠠᠴᠢᠯᠠᠪᠠ᠃
ᠢᠷᠡᠯᠲᠡ᠄ ᠰᠢᠨᠬᠤᠸᠠ ᠬᠣᠷᠢᠶ᠎ᠠ ᠡᠪ ᠬᠠᠮᠲᠤ᠌ ᠨᠠᠮ᠎ᠤᠨ ᠭᠡᠰᠢᠭᠦᠨ᠎ᠦ ᠵᠢᠷᠭᠢᠶ᠎ᠠ