ᠰᠢ ᠵᠢᠨ ᠫᠢᠩ 39 ᠳ᠋ᠤᠭᠡᠷ ᠬᠤᠭᠤᠴᠠᠭᠠᠨ᠎ᠤ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠲᠦᠷᠦᠭᠦᠴᠦᠳ᠎ᠦᠨ ᠬᠤᠷᠠᠯ᠎ᠳᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠪᠠ
2026-02-15 09:21:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 14 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠵᠢᠵᠢᠭᠦᠷ ᠲᠡᠷᠢᠭᠦᠯᠡᠭᠴᠢ᠂ ᠠᠩᠭᠤᠯᠠ᠎ᠶᠢᠨ ᠶᠡᠷᠦᠩᠬᠡᠢᠯᠡᠭᠴᠢ ᠯᠤᠷᠸ᠋ᠨᠰᠦ᠋ᠧᠧ ᠪᠣᠯᠣᠨ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠵᠥᠪᠯᠡᠯ᠎ᠦᠨ ᠲᠡᠷᠢᠭᠦᠯᠡᠭᠴᠢ ᠶᠢᠦᠰᠦᠹᠦ᠋᠎ᠳᠦ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ 39 ᠳ᠋ᠤᠭᠡᠷ ᠬᠤᠭᠤᠴᠠᠭᠠᠨ᠎ᠤ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠲᠦᠷᠦᠭᠦᠴᠦᠳ᠎ᠦᠨ ᠬᠤᠷᠠᠯ ᠬᠤᠷᠠᠯᠳᠤᠭᠰᠠᠨ᠎ᠳᠤ ᠠᠹᠷᠢᠺᠠ ᠲᠢᠪ᠎ᠦᠨ ᠤᠯᠤᠰ᠎ᠤᠳ ᠪᠣᠯᠣᠨ ᠠᠷᠠᠳ ᠲᠦᠮᠡᠨ᠎ᠳᠦ ᠬᠠᠯᠠᠭᠤᠨ ᠪᠠᠶᠠᠷ ᠬᠦᠷᠭᠡᠵᠦ ᠪᠠᠢᠬᠤ᠎ᠪᠠᠨ ᠢᠯᠡᠳᠬᠡᠪᠡ᠃

ᠰᠢ ᠵᠢᠨ ᠫᠢᠩ᠂ ᠣᠳᠣᠬᠠᠨ᠎ᠳᠤ ᠳᠡᠯᠡᠬᠡᠢ ᠳ᠋ᠠᠬᠢᠨ ᠳ᠋ᠤ ᠵᠠᠭᠤᠨ ᠵᠢᠯ ᠳᠤᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠤᠨ ᠤᠯᠠᠷᠢᠵᠤ᠂ ᠪᠦᠬᠦ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ ᠬᠦᠴᠦᠷᠬᠡᠭᠵᠢᠨ ᠪᠤᠵᠠᠭᠠᠢᠷᠠᠪᠠ᠃ ᠥᠩᠭᠡᠷᠡᠭᠰᠡᠨ ᠨᠢᠭᠡ ᠵᠢᠯ᠎ᠳᠦ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶᠢᠨ ᠬᠢᠨ ᠠᠹᠷᠢᠺᠠ ᠲᠢᠪ᠎ᠦᠨ ᠤᠯᠤᠰ᠎ᠤᠳ᠎ᠢ ᠪᠦᠯᠬᠦᠮᠳᠡᠭᠦᠯᠦᠨ ᠳᠠᠭᠠᠭᠤᠯᠵᠤ ᠨᠢᠭᠡ ᠴᠣᠭᠴᠠᠵᠢᠭᠤᠯᠬᠤ ᠠᠬᠢᠴᠠ᠎ᠶᠢ ᠢᠳᠡᠪᠬᠢᠲᠡᠢ ᠠᠬᠢᠭᠤᠯᠵᠤ᠂ ᠠᠹᠷᠢᠺᠠ ᠲᠢᠪ᠎ᠦᠨ ᠵᠦᠢ ᠶᠣᠰᠣᠨ᠎ᠤ ᠡᠷᠬᠡ ᠠᠰᠢᠭ᠋᠎ᠢ ᠡᠷᠡᠰ ᠬᠠᠮᠠᠭᠠᠯᠠᠵᠤ᠂ ᠳᠡᠯᠡᠬᠡᠢ ᠳᠡᠭᠡᠷᠡᠬᠢ ᠪᠠᠢᠷᠢ ᠰᠠᠭᠤᠷᠢ ᠪᠣᠯᠣᠨ ᠨᠥᠯᠥᠭᠡ ᠦᠷᠭᠦᠯᠵᠢᠯᠡᠨ ᠳᠡᠭᠡᠭᠰᠢᠯᠡᠵᠠᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠡᠭᠡᠳᠡᠷᠡᠬᠡᠨ ᠪᠤᠳᠤᠯᠢᠶᠠᠨᠲᠠᠢ ᠳᠡᠯᠡᠬᠡᠢ᠎ᠶᠢᠨ ᠪᠠᠢᠳᠠᠯ᠎ᠤᠨ ᠡᠮᠦᠨ᠎ᠡ ᠳᠤᠮᠳᠠᠳᠤ ᠤᠯᠤᠰ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ᠂ ᠬᠠᠮᠲᠤ᠎ᠶᠢᠨ ᠬᠥᠭᠵᠢᠯᠲᠡ᠎ᠶᠢ ᠠᠬᠢᠭᠤᠯᠬᠤ᠎ᠪᠠᠷ ᠡᠷᠡᠰ ᠴᠢᠷᠮᠠᠢᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠠᠬᠢᠭᠤᠯᠤᠨ᠎ᠠ᠃ ᠳᠤᠮᠳᠠᠳᠤ ᠤᠯᠤᠰ 2026 ᠣᠨ᠎ᠤ 5 ᠰᠠᠷ᠎ᠠ᠎ᠶᠢᠨ 1 ᠎ᠤ᠋ ᠡᠳᠦᠷ᠎ᠡᠴᠡ ᠡᠬᠢᠯᠡᠨ ᠠᠹᠷᠢᠺᠠ ᠲᠢᠪ᠎ᠦᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 53 ᠤᠯᠤᠰ᠎ᠲᠤ ᠪᠣᠭᠣᠮᠲᠠ᠎ᠶᠢᠨ ᠭᠠᠢᠯᠢ ᠦᠯᠦ ᠲᠠᠲᠠᠪᠤᠷᠢᠯᠠᠬᠤ ᠠᠷᠭ᠎ᠠ ᠬᠡᠮᠵᠢᠶ᠎ᠡ᠎ᠶᠢ ᠪᠥᠬᠥ ᠲᠠᠯ᠎ᠠ᠎ᠪᠠᠷ ᠬᠡᠷᠡᠭᠵᠢᠭᠦᠯᠵᠤ᠂ ᠬᠠᠮᠲᠤ᠎ᠪᠠᠷ ᠬᠥᠭᠵᠢᠬᠦ ᠠᠵᠤ ᠠᠬᠤᠢ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠬᠡᠯᠡᠯᠴᠡᠭᠡᠷ᠎ᠢ ᠵᠥᠪᠳᠡᠯᠴᠡᠨ ᠲᠣᠭᠲᠠᠬᠤ᠎ᠶᠢ ᠦᠷᠭᠦᠯᠵᠢᠯᠡᠨ ᠠᠬᠢᠭᠤᠯᠬᠤ᠎ᠶᠢᠨ ᠬᠠᠮᠲᠤ 《ᠰᠠᠭᠠᠳ ᠦᠭᠡᠢ ᠨᠡᠪᠲᠡᠷᠡᠬᠦ ᠵᠠᠮ》 ᠵᠡᠷᠭᠡ᠎ᠶᠢ ᠲᠠᠰ ᠳᠡᠪᠰᠢᠭᠦᠯᠬᠦ᠎ᠪᠡᠷ ᠳᠠᠮᠵᠢᠨ ᠠᠹᠷᠢᠺᠠ ᠲᠢᠪ᠎ᠡᠴᠡ ᠳᠤᠮᠳᠠᠳᠤ ᠤᠯᠤᠰ᠎ᠲᠤ ᠣᠷᠣᠭᠤᠯᠬᠤ ᠦᠢᠯᠡᠳᠬᠦᠨ᠎ᠦ ᠣᠷᠣᠬᠤ ᠵᠥᠪᠰᠢᠶᠡᠷᠡᠯ᠎ᠢ ᠤᠯᠠᠮ ᠴᠢᠨᠠᠭᠰᠢᠳᠠ ᠥᠷᠭᠡᠳᠬᠡᠨ᠎ᠡ᠃ ᠡᠨᠡ ᠪᠣᠯ ᠳᠤᠮᠳᠠᠳᠤ ᠤᠯᠤᠰ᠎ᠤᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠪᠡᠨ ᠥᠷᠭᠡᠳᠬᠡᠬᠦ ᠰᠢᠨ᠎ᠡ ᠠᠷᠭ᠎ᠠ ᠬᠡᠮᠵᠢᠶ᠎ᠡ ᠪᠣᠯᠣᠨ᠎ᠠ᠂ ᠯᠠᠪᠲᠠᠢ ᠠᠹᠷᠢᠺᠠ ᠲᠢᠪ᠎ᠦᠨ ᠬᠥᠭᠵᠢᠯᠲᠡ᠂ ᠳᠤᠮᠳᠠᠳᠤ ᠠᠹᠷᠢᠺᠠ᠎ᠶᠢᠨ ᠣᠳᠣᠬᠢᠴᠢᠯᠠᠯᠲᠠ᠎ᠶᠢᠨ ᠬᠦᠰᠡᠯ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠬᠦ᠎ᠳᠦ ᠰᠢᠨ᠎ᠡ ᠠᠵᠠ ᠲᠣᠬᠢᠶᠠᠯ ᠬᠠᠩᠭᠠᠬᠤ ᠪᠣᠯᠣᠨ᠎ᠠ ᠭᠡᠵᠦ ᠴᠢᠬᠤᠯᠠᠴᠢᠯᠠᠪᠠ᠃

ᠰᠢ ᠵᠢᠨ ᠫᠢᠩ᠂ ᠳᠤᠮᠳᠠᠳᠤ ᠠᠹᠷᠢᠺᠠ ᠭᠠᠳᠠᠭᠠᠳᠤ ᠬᠠᠷᠢᠯᠴᠠᠭ᠎ᠠ᠎ᠪᠠᠨ ᠡᠬᠢᠯᠡᠭᠦᠯᠦᠭᠰᠡᠨ 70 ᠵᠢᠯ᠎ᠦᠨ ᠲᠤᠷᠰᠢ᠂ ᠬᠣᠶᠠᠷ ᠲᠠᠯ᠎ᠠ᠎ᠪᠠᠷ᠎ᠢᠶᠠᠨ ᠢᠮᠠᠭᠲᠠ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠮᠥᠷᠥ ᠵᠡᠷᠭᠡᠴᠡᠨ ᠤᠷᠤᠭᠰᠢᠯᠠᠪᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ᠎ᠦᠨ ᠬᠢᠨ᠎ᠲᠠᠢ ᠬᠠᠮᠲᠤ᠎ᠪᠠᠷ ᠲᠡᠦᠬᠡ᠎ᠶᠢᠨ ᠨᠥᠬᠥᠷᠯᠡᠯ᠎ᠢ ᠵᠠᠯᠭᠠᠮᠵᠢᠯᠠᠵᠤ᠂ ᠬᠠᠷᠢᠯᠴᠠᠨ ᠠᠰᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠬᠤ᠎ᠪᠠᠨ ᠨᠡᠮᠡᠭᠳᠡᠭᠦᠯᠵᠦ᠂ ᠰᠢᠨ᠎ᠡ ᠴᠠᠭ ᠦᠶ᠎ᠡ᠎ᠶᠢᠨ ᠪᠦᠬᠦ ᠲᠠᠯ᠎ᠠ ᠵᠢᠨ ᠳᠤᠮᠳᠠᠳᠤ ᠠᠹᠷᠢᠺᠠ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠨ᠎ᠡ ᠭᠡᠵᠦ ᠴᠢᠬᠤᠯᠠᠴᠢᠯᠠᠪᠠ᠃

(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 2 ᠰᠠᠷ᠎ᠠ᠎ᠶᠢᠨ 14 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号